ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠠᠴᠠ ᠲᠣᠮᠳᠠᠳᠣ ᠣᠯᠣᠰ ᠤᠨ ᠡᠪ ᠬᠠᠮᠳᠣ ᠨᠠᠮ ᠪᠠᠶᠢᠭᠤᠯᠣᠭᠳᠠᠭᠰᠠᠨ 98 ᠵᠢᠯ ᠤᠨ ᠣᠢ ᠶᠢ ᠪᠡᠯᠬᠡᠯᠡᠬᠦ ᠵᠢᠴᠢ ︽ᠬᠤᠶᠠᠷ ᠰᠢᠯᠢᠳᠡᠭ ᠨᠢᠬᠡ ᠲᠡᠷᠢᠬᠦᠨ︾ ᠢ ᠰᠠᠶᠢᠰᠢᠶᠠᠬᠤ ᠶᠡᠭᠡ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019/7/12
   ᠲᠣᠮᠳᠠᠳᠣ ᠣᠯᠣᠰ ᠤᠨ ᠡᠪ ᠬᠠᠮᠳᠣ ᠨᠠᠮ ᠪᠠᠶᠢᠭᠤᠯᠣᠭᠳᠠᠭᠰᠠᠨ 98 ᠵᠢᠯ ᠤᠨ ᠣᠢ ᠶᠢ ᠪᠡᠯᠬᠡᠯᠡᠬᠦ᠂ ᠪᠦᠬᠦᠳᠡ ᠨᠠᠶᠢᠷᠠᠮᠳᠠᠬᠤ ᠲᠣᠮᠳᠠᠳᠣ ᠠᠷᠠᠳ ᠣᠯᠣᠰ ᠪᠡᠶᠢᠭᠤᠯᠣᠭᠳᠠᠭᠰᠠᠨ 70 ᠵᠢᠯ ᠤᠨ ᠣᠢ ᠶᠢ ᠣᠭᠳᠣᠬᠤ ᠶᠢᠨ ᠲᠦᠯᠦᠬᠡ᠂ ᠲᠡᠷᠢᠬᠦᠨ ᠤ ᠬᠢ ᠶᠢ ᠰᠠᠶᠢᠰᠢᠶᠠᠵᠦ ᠬᠦᠴᠦ ᠰᠡᠳᠬᠢᠯ ᠢᠶᠠᠨ ᠬᠠᠮᠳᠣᠳᠬᠠᠵᠦ᠂ ᠡᠯ᠎ᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠪᠣᠯᠣᠨ ᠦᠷᠬᠡᠨ ᠣᠯᠠᠨ ᠨᠠᠮ ᠤᠨ ᠬᠡᠰᠢᠬᠦᠨ ᠺᠠᠳ᠋ᠷᠴᠣᠳ ᠤᠨ ᠲᠣᠰᠢᠶᠠᠯ ᠢᠶᠠᠨ ᠬᠡᠷᠡᠭᠵᠢᠬᠦᠯᠦᠨ ᠬᠠᠷᠢᠭᠤᠴᠠᠯᠭ᠎ᠠ ᠪᠠᠨ ᠬᠦᠢᠴᠡᠳᠬᠡᠵᠦ᠂ ᠰᠢᠯᠢᠳᠡᠭ ᠢ ᠡᠬᠦᠳᠬᠦ ᠶᠢ ᠵᠣᠷᠢᠭᠵᠢᠭᠤᠯᠪᠠ᠃ 6 ᠰᠠᠷ᠎ᠠ ᠶᠢᠨ 30 ᠤ ᠡᠳᠣᠷ ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠠᠴᠠ ᠲᠣᠮᠳᠠᠳᠣ ᠣᠯᠣᠰ ᠤᠨ ᠡᠪ ᠬᠠᠮᠳᠣ ᠨᠠᠮ ᠪᠠᠶᠢᠭᠤᠯᠣᠭᠳᠠᠭᠰᠠᠨ 98 ᠵᠢᠯ ᠤᠨ ᠣᠢ ᠶᠢ ᠪᠡᠯᠬᠡᠯᠡᠬᠦ ᠵᠢᠴᠢ ︽ᠬᠤᠶᠠᠷ ᠰᠢᠯᠢᠳᠡᠭ ᠨᠢᠬᠡ ᠲᠡᠷᠢᠬᠦᠨ︾ ᠢ ᠰᠠᠶᠢᠰᠢᠶᠠᠬᠤ ᠶᠡᠭᠡ ᠬᠤᠷᠠᠯ ᠬᠤᠷᠠᠯᠳᠣᠪᠠ᠃     ᠬᠤᠷᠠᠯ ᠲᠡᠭᠡᠷ᠎ᠡ᠂ ᠨᠠᠮ ᠤᠨ ᠠᠵᠢᠯ ᠤᠨ ᠬᠤᠷᠢᠶᠠᠨ ᠤ ᠬᠡᠰᠢᠬᠦᠨ᠂ ᠵᠣᠬᠢᠶᠠᠨ ᠪᠠᠶᠢᠭᠤᠯᠣᠯᠳᠠ ᠶᠢᠨ ᠬᠡᠯᠳᠡᠰ  ᠤᠨ ᠲᠠᠷᠤᠭ᠎ᠠ ᠴᠠᠩ ᠰᠢᠤᠸᠠᠢ ᠯᠢᠨ ᠨᠦᠬᠦᠷ ︽ᠰᠢᠯᠢᠳᠡᠭ ᠡᠪ ᠬᠠᠮᠳᠣ ᠨᠠᠮ ᠤᠨ ᠬᠡᠰᠢᠬᠦᠨ᠂ ᠰᠢᠯᠢᠳᠡᠭ ᠨᠠᠮ ᠤᠨ ᠠᠵᠢᠯ ᠤᠨ ᠠᠵᠢᠯᠳᠠᠨ ᠪᠠ ᠲᠡᠷᠢᠬᠦᠨ ᠤ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢ ᠰᠠᠶᠢᠰᠢᠶᠠᠬᠤ ᠰᠢᠢᠳᠪᠦᠷᠢ︾ ᠶᠢ ᠣᠩᠰᠢᠨ ᠨᠡᠶᠢᠳᠡᠯᠡᠵᠦ᠂ ᠣᠶᠢᠷ᠎ᠠ ᠶᠢᠨ ᠬᠡᠳᠣᠨ ᠵᠢᠯ ᠤᠨ ᠬᠠᠮᠢᠶᠠᠷᠣᠯᠳᠠ ᠶᠢᠨ ᠣᠷᠣᠨ ᠤ ᠬᠦᠭᠵᠢᠬᠦᠯᠦᠯᠳᠡ ᠦᠬᠡᠷᠡᠴᠢᠯᠠᠯᠳᠠ ᠶᠢᠨ ᠲᠣᠮᠳᠠᠬᠢ ᠡᠯ᠎ᠡ ᠬᠦᠷᠢᠶ᠎ᠡ ᠬᠡᠪᠴᠢᠶᠡᠨ ᠠᠴᠠ ᠢᠯᠡᠷᠡᠨ ᠭᠠᠷᠣᠭᠰᠠᠨ ᠰᠢᠯᠢᠳᠡᠭ ᠡᠪ ᠬᠠᠮᠳᠣ ᠨᠠᠮ ᠤᠨ ᠬᠡᠰᠢᠬᠦᠨ᠂ ᠰᠢᠯᠢᠳᠡᠭ ᠨᠠᠮ ᠤᠨ ᠠᠵᠢᠯ ᠤᠨ ᠠᠵᠢᠯᠳᠠᠨ ᠪᠠ ᠲᠡᠷᠢᠬᠦᠨ  ᠤ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢ ᠰᠠᠶᠢᠰᠢᠶᠠᠨ ᠱᠠᠩᠨᠠᠯ ᠬᠦᠷᠳᠡᠬᠡᠪᠡ᠃    6 ᠲᠡᠷᠢᠬᠦᠨ ᠤ ᠬᠠᠮᠳᠣ ᠨᠡᠶᠢᠳᠡ ᠪᠠ ᠰᠢᠯᠢᠳᠡᠭ ᠬᠤᠪᠢ ᠬᠦᠮᠦᠨ ᠤ ᠲᠦᠯᠦᠭᠡᠯᠡᠭᠴᠢ ᠦᠪᠡᠷ ᠤᠨ ᠠᠵᠢᠯ ᠤᠨ ᠪᠣᠳᠠᠳᠠᠢ ᠯᠤᠭ᠎ᠠ ᠣᠶᠠᠯᠳᠣᠭᠤᠯᠣᠨ ᠶᠠᠷᠢᠶ᠎ᠠ ᠲᠠᠯᠪᠢᠭᠰᠠᠨ ᠪᠠᠶᠢᠨ᠎ᠠ᠃    ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ᠂ ᠨᠢᠬᠡᠳᠦᠮᠡᠯ ᠹᠷᠣᠨᠲ ᠤᠨ ᠬᠡᠯᠳᠡᠰ ᠤᠨ ᠲᠠᠷᠤᠭ᠎ᠠ᠂ ᠰᠣᠳᠣᠯᠣᠭᠴᠢ ᠸᠠᠩ ᠯᠢ ᠵᠢᠶᠦ᠋ᠨ ᠨᠦᠬᠦᠷ ᠴᠢᠬᠤᠯᠠ ᠶᠠᠷᠢᠶ᠎ᠠ ᠲᠠᠯᠪᠢᠬᠤ ᠶᠢᠨ ᠬᠠᠮᠳᠣ ᠴᠢᠩᠭᠠᠳᠬᠠᠭᠰᠠᠨ ᠨᠢ᠂ ᠡᠯ᠎ᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠪᠠ ᠦᠷᠬᠡᠨ ᠣᠯᠠᠨ ᠨᠠᠮ ᠤᠨ ᠬᠡᠰᠢᠬᠦᠨ ᠺᠠᠳ᠋ᠷᠴᠣᠳ ᠲᠡᠭᠡᠳᠣ ᠱᠠᠳᠣᠨ ᠤ ᠱᠠᠭᠠᠷᠳᠠᠯᠭ᠎ᠠ ᠪᠠᠷ ︽ᠣᠭ ᠰᠠᠨᠠᠭ᠎ᠠ ᠪᠠᠨ ᠦᠯᠦ ᠣᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠬᠦ︾ ᠭᠤᠣᠯ ᠰᠡᠳᠣᠪᠳᠣ ᠰᠣᠷᠭᠠᠨ ᠬᠦᠮᠦᠵᠢᠯ ᠤᠨ ᠠᠵᠢᠯ ᠤᠨ ᠠᠷᠠᠭ᠎ᠠ ᠬᠡᠮᠵᠢᠶ᠎ᠡ ᠶᠢ ᠣᠷᠢᠳᠡᠪᠡᠷ ᠲᠦᠰᠦᠪᠯᠡᠨ ᠦᠷᠨᠢᠬᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠬᠦᠨᠵᠡᠬᠡᠢ ᠰᠣᠷᠣᠯᠴᠠᠨ ᠲᠣᠣᠱᠯᠠᠭᠤᠯᠵᠦ᠂ ᠬᠤᠪᠢᠰᠬᠠᠯ ᠤᠨ ᠠᠬᠠᠮᠠᠳ  ᠤᠨ ᠨᠠᠮ ᠳᠠᠭᠠᠨ ᠦᠨᠡᠨᠴᠢ᠂ ᠬᠠᠷᠠᠮ ᠦᠬᠡᠢ ᠵᠣᠷᠢᠭᠤᠯᠬᠤ ᠡᠷᠬᠢᠮ ᠨᠠᠨᠳᠢᠨ ᠵᠣᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠵᠦ᠂ ︽ᠲᠦᠷᠪᠡᠨ ᠣᠬᠠᠮᠰᠠᠷ︾ ᠶᠢ ᠲᠠᠰᠣᠷᠠᠯᠳᠠ ᠦᠬᠡᠢ ᠡᠷᠴᠢᠮᠵᠢᠬᠦᠯᠦᠨ᠂ ︽ᠲᠦᠷᠪᠡᠨ ᠢᠳᠡᠬᠡᠯ︾ ᠢ ᠪᠠᠳᠣᠳᠬᠠᠨ᠎ᠠ᠃ ᠭᠤᠣᠯᠳᠠᠭᠤ ᠨᠠᠮ ᠤᠨ ᠣᠯᠣᠰ ᠲᠦᠷᠦ ᠶᠢᠨ ᠪᠦᠳᠦᠬᠡᠨ ᠪᠠᠶᠢᠭᠤᠯᠣᠯᠳᠠ ᠪᠠᠷ ᠣᠳᠣᠷᠢᠳᠣᠮᠵᠢ ᠪᠣᠯᠭᠠᠵᠦ᠂ ︽ᠬᠤᠶᠠᠷ ᠬᠠᠷᠢᠭᠤᠴᠠᠯᠭ᠎ᠠ︾ ᠶᠢ ᠪᠣᠳᠠᠳᠠᠶᠢᠵᠢᠭᠤᠯᠬᠤ ᠠᠵᠢᠯ ᠢ ᠰᠠᠶᠢᠳᠣᠷ ᠠᠳᠬᠤᠵᠦ᠂ ᠦᠨᠳᠦᠰᠣᠨ ᠱᠠᠳᠣᠨ ᠤ ᠬᠢ ᠶᠢ ᠠᠳᠬᠤᠵᠦ᠂ ᠰᠠᠭᠤᠷᠢ ᠴᠣᠭᠴᠠᠯᠠᠬᠤ ᠠᠵᠢᠯ ᠢ ᠪᠦᠬᠦ ᠲᠠᠯ᠎ᠠ ᠰᠠᠶᠢᠳᠣᠷ ᠬᠢᠵᠦ᠂ ᠡᠯ᠎ᠡ ᠬᠦᠷᠢᠶ᠎ᠡ ᠬᠡᠪᠴᠢᠶᠠᠨ ᠤ ᠨᠠᠮ ᠤᠨ ᠪᠦᠳᠦᠬᠡᠨ ᠪᠠᠶᠢᠭᠤᠯᠣᠯᠳᠠ ᠶᠢᠨ ᠴᠢᠨᠠᠷ ᠢ ᠲᠡᠭᠡᠭᠰᠢᠯᠡᠬᠦᠯᠦᠨ ᠪᠦᠳᠦᠮᠵᠢ ᠶᠢ ᠨᠡᠮᠡᠭᠳᠡᠬᠦᠯᠬᠦ ᠠᠵᠢᠯ ᠢ ᠰᠠᠭᠤᠷᠢᠯᠢᠭ ᠠᠬᠢᠭᠤᠯᠣᠨ᠎ᠠ᠃ ᠨᠠᠮ ᠤᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠬᠤ ᠪᠣᠯᠣᠨ ︽ᠭᠤᠷᠪᠠᠨ ᠶᠡᠭᠡ ᠰᠢᠪᠳᠣᠯᠣᠯᠳᠠ ᠶᠢᠨ ᠲᠠᠶᠢᠨ︾ ᠢ ᠰᠠᠶᠢᠳᠣᠷ ᠪᠠᠶᠢᠯᠳᠣᠬᠤ᠂ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ᠠᠮᠢ ᠠᠬᠤᠢ ᠶᠢᠨ ᠪᠣᠯᠪᠠᠰᠣᠨ ᠤ ᠪᠦᠳᠦᠬᠡᠨ ᠪᠠᠶᠢᠭᠤᠯᠣᠯᠳᠠ ᠵᠡᠷᠬᠡ ᠶᠢ ᠭᠤᠣᠯᠳᠠᠯᠭᠠᠳᠣ ᠡᠬᠦᠷᠬᠡ ᠯᠦᠭᠡ ᠣᠶᠠᠯᠳᠣᠭᠤᠯᠣᠨ᠂ ᠵᠣᠷᠢᠭᠳᠠᠢ ᠡᠬᠦᠷᠬᠡᠯᠡᠨ᠂ ᠴᠢᠩᠭ᠎ᠠ ᠠᠳᠬᠤᠵᠦ ᠰᠢᠷᠭᠠᠭᠤ ᠠᠵᠢᠯᠯᠠᠵᠦ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠪᠡᠶᠡᠯᠡᠬᠦᠯᠬᠦ ᠠᠬᠢᠴᠠ ᠲᠣᠮᠳᠠ ᠰᠢᠨ᠎ᠡ ᠠᠮᠵᠢᠯᠳᠠ ᠪᠠᠨ ᠢᠯᠡᠷᠡᠬᠦᠯᠦᠨ᠎ᠡ ᠬᠡᠪᠡ᠃    ᠴᠠᠩ ᠰᠢᠤᠸᠠᠢ ᠯᠢᠨ ᠬᠡᠯᠳᠡᠰ ᠤᠨ ᠲᠠᠷᠤᠭ᠎ᠠ ᠬᠤᠷᠢᠶᠠᠩᠭᠤᠶᠢᠯᠠᠬᠤ ᠶᠠᠷᠢᠶᠠᠨ ᠳᠠᠭᠠᠨ ᠴᠢᠩᠭᠠᠳᠬᠠᠭᠰᠠᠨ ᠨᠢ᠂ ᠡᠯ᠎ᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠪᠠ ᠦᠷᠬᠡᠨ ᠣᠯᠠᠨ ᠨᠠᠮ ᠤᠨ ᠬᠡᠰᠢᠬᠦᠨ ᠺᠠᠳ᠋ᠷᠴᠣᠳ ᠣᠭ ᠰᠠᠨᠠᠭ᠎ᠠ ᠡᠬᠦᠷᠬᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠵᠦ᠂ ᠣᠯᠣᠰ ᠲᠦᠷᠦ ᠶᠢᠨ ᠵᠣᠭᠰᠣᠯᠳᠠ ᠪᠠᠨ ᠲᠡᠭᠡᠭᠰᠢᠯᠡᠬᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠦᠪ ᠬᠤᠷᠢᠶ᠎ᠠ ᠪᠠ ᠪᠦᠬᠦ ᠨᠠᠮ ᠤᠨ ᠲᠣᠳᠣᠷᠠᠬᠢ ᠭᠤᠣᠯ ᠪᠠᠶᠢᠷᠢ ᠰᠠᠭᠤᠷᠢ ᠶᠢ ᠡᠷᠡᠰ ᠬᠠᠮᠠᠭᠠᠯᠠᠨ᠂ ᠬᠦᠰᠡᠯ ᠢᠳᠡᠬᠡᠯ ᠪᠠᠨ ᠡᠷᠡᠰ ᠴᠢᠩᠭ᠎ᠠ ᠪᠣᠯᠭᠠᠵᠦ᠂ ᠨᠠᠮ ᠤᠨ ᠵᠣᠷᠢᠯᠳᠠ ᠶᠢ ᠦᠢᠯᠡᠳᠦᠯᠬᠡᠵᠢᠬᠦᠯᠦᠨ᠂ ᠬᠠᠮᠢᠶᠠᠷᠣᠯᠳᠠ ᠶᠢᠨ ᠣᠷᠣᠨ ᠤ ᠠᠵᠦ ᠠᠬᠤᠢ ᠨᠡᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠳᠡ ᠳᠤ ᠬᠠᠳᠠᠨ ᠪᠠᠳᠣ ᠣᠯᠣᠰ ᠲᠦᠷᠦ ᠶᠢᠨ ᠪᠠᠳᠣᠯᠠᠭ᠎ᠠ ᠬᠠᠩᠭᠠᠨ᠎ᠠ᠃ ᠲᠡᠷᠢᠬᠦᠨ ᠤ ᠬᠢ ᠯᠤᠭ᠎ᠠ ᠬᠢᠨᠠᠮᠠᠭᠠᠢ ᠬᠠᠷᠢᠴᠠᠭᠤᠯᠣᠨ᠂ ᠲᠡᠷᠢᠬᠦᠨ ᠤ ᠬᠢ ᠠᠴᠠ ᠬᠢᠴᠢᠶᠡᠩᠬᠦᠢ ᠰᠣᠷᠣᠯᠴᠠᠨ᠂ ᠲᠡᠷᠢᠬᠦᠨ  ᠤ ᠬᠢ ᠪᠣᠯᠬᠤ ᠪᠣᠯᠬᠤ ᠪᠠᠷ ᠢᠳᠡᠪᠬᠢᠳᠡᠢ ᠲᠡᠮᠡᠴᠡᠵᠦ᠂ ᠲᠡᠷᠢᠬᠦᠨ ᠤ ᠬᠢ ᠶᠢ ᠬᠦᠢᠴᠡᠨ ᠲᠠᠪᠠᠭ᠋ᠣ ᠪᠠᠷ ᠴᠢᠷᠮᠠᠶᠢᠵᠦ᠂ ᠪᠣᠳᠠᠳᠣ ᠦᠢᠯᠡ ᠠᠵᠢᠯᠯᠠᠭ᠎ᠠ ᠪᠠᠷ ᠢᠶᠠᠨ ᠨᠠᠮ ᠤᠨ ᠲᠤᠭ ᠲᠠᠭᠠᠨ ᠦᠩᠬᠡ ᠭᠡᠷᠡᠯ ᠨᠡᠮᠡᠵᠦ ᠠᠵᠢᠯ ᠦᠢᠯᠡᠰ ᠢᠶᠠᠨ ᠬᠢᠯᠪᠠᠭ᠎ᠠ ᠲᠠᠢ ᠪᠣᠯᠭᠠᠨ᠎ᠠ᠃ ᠪᠦᠬᠦ ᠵᠢᠯ ᠤᠨ ᠬᠠᠷᠯᠠᠳᠠ ᠡᠬᠦᠷᠬᠡ ᠲᠠᠢ ᠬᠠᠷᠭᠠᠯᠵᠠᠭᠤᠯᠣᠨ᠂ ᠠᠵᠢᠯ ᠤᠨ ᠠᠬᠢᠴᠠ ᠪᠠᠨ ᠲᠦᠷᠭᠡᠳᠬᠡᠵᠦ᠂ ᠴᠢᠩᠭ᠎ᠠ ᠠᠳᠬᠤᠵᠦ ᠰᠠᠶᠢᠳᠣᠷ ᠠᠵᠢᠯᠯᠠᠵᠦ᠂ ᠡᠯ᠎ᠡ ᠲᠦᠷᠦᠯ ᠤᠨ ᠭᠤᠣᠯᠳᠠᠯᠭᠠᠳᠣ ᠠᠵᠢᠯ ᠤᠨ ᠣᠷᠣᠭᠰᠢ ᠲᠠᠢ ᠪᠡᠶᠡᠯᠡᠭᠳᠡᠬᠦ ᠶᠢ ᠪᠠᠳᠣᠯᠠᠨ᠎ᠠ ᠬᠡᠪᠡ᠃    ᠬᠠᠮᠢᠶᠠᠷᠣᠯᠳᠠ ᠶᠢᠨ ᠣᠷᠣᠨ ᠳᠤ ᠣᠳᠣ ᠪᠠᠶᠢᠭ᠎ᠠ ᠨᠠᠮ ᠵᠠᠰᠠᠭ ᠤᠨ ᠣᠳᠣᠷᠢᠳᠣᠯᠭ᠎ᠠ᠂ ᠰᠢᠬᠦᠬᠦ ᠬᠤᠷᠢᠶᠠᠨ ᠤ ᠲᠠᠷᠤᠭ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠯᠪᠣᠭᠠᠨ ᠤ ᠠᠯᠪᠠᠨ ᠭᠡᠷ᠂ ᠣᠯᠣᠰ ᠲᠦᠷᠦ  ᠶᠢᠨ ᠵᠦᠪᠯᠡᠯᠬᠡᠨ ᠤ ᠬᠤᠯᠪᠣᠭᠠᠨ ᠤ ᠠᠯᠪᠠᠨ ᠭᠡᠷ ᠤᠨ ᠣᠳᠣᠷᠢᠳᠣᠯᠭ᠎ᠠ ᠨᠠᠷ ᠬᠤᠷᠠᠯ ᠳᠤ ᠰᠠᠭᠠᠳᠠᠪᠠ᠃ ᠡᠯ᠎ᠡ ᠲᠠᠯᠠᠪᠠᠢ ᠪᠠᠯᠭᠠᠰᠣ᠂ ᠰᠠᠯᠠᠭ᠎ᠠ ᠮᠦᠴᠢᠷ ᠤᠨ ᠣᠳᠣᠷᠢᠳᠣᠯᠭ᠎ᠠ ᠺᠠᠳ᠋ᠷ᠂ ᠣᠯᠠᠭᠠᠢ ᠳᠤ ᠰᠠᠭᠤᠭ᠎ᠠ ᠪᠠᠶᠢᠭᠤᠯᠭ᠎ᠠ᠂ ᠴᠡᠷᠢᠭ ᠠᠩᠬᠢ ᠶᠢᠨ ᠬᠠᠷᠢᠭᠤᠴᠠᠯᠭᠠᠳᠠᠨ᠂ ᠡᠯ᠎ᠡ ᠦᠨᠳᠦᠰᠣᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠬᠠᠷᠢᠭᠤᠴᠠᠯᠭᠠᠳᠠᠨ᠂ ᠠᠵᠢᠯ ᠠᠴᠠ ᠰᠠᠯᠵᠦ ᠠᠮᠠᠷᠠᠭᠰᠠᠨ ᠺᠠᠳ᠋ᠷ᠂ ᠪᠠᠭᠰᠢ᠂ ᠰᠠᠭᠤᠭᠠᠯᠢ ᠠᠷᠠᠳ ᠤᠨ ᠲᠦᠯᠦᠭᠡᠯᠡᠭᠴᠢᠳ ᠨᠡᠶᠢᠳᠡ 540 ᠭᠠᠷᠣᠢ ᠬᠦᠮᠦᠰ ᠬᠤᠷᠠᠯ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号