ᠲᠣᠭᠳᠠᠯᠴᠠᠭ᠎ᠠ ᠶᠢᠨ ᠬᠤᠪᠢᠰᠣᠯ
ᠨᠡᠶᠢᠲᠡᠯᠡᠭᠰᠡᠨ ᠴᠠᠭ᠄
2019/7/15
     ᠡᠷᠳᠡ ᠣᠵᠣᠭᠤᠷ ᠤᠨ ᠴᠠᠭ ᠠᠴᠠ ᠠᠳᠡ ᠬᠦᠮᠦᠨ ᠲᠦᠷᠦᠯᠬᠢᠳᠡᠨ ᠣᠷᠣᠩᠨᠠᠵᠦ ᠪᠠᠶᠢᠪᠠ᠃ ᠬᠢᠯᠢ ᠶᠢᠨ ᠲᠣᠳᠣᠷᠠᠬᠢ ᠬᠡᠰᠡᠭ ᠠᠭᠤᠯᠠ ᠠᠴᠠ ᠮᠠᠯᠳᠠᠵᠦ ᠢᠯᠡᠷᠡᠬᠦᠯᠦᠭᠰᠡᠨ ᠨᠠᠷᠢᠯᠢᠭ ᠴᠢᠯᠠᠭᠤᠨ ᠵᠡᠪᠰᠡᠭ ᠤᠨ ᠰᠣᠶᠣᠯ ᠤᠨ ᠪᠠᠭᠤᠷᠢ ᠪᠣᠯᠣᠨ ᠣᠯᠠᠭᠠᠨᠴᠠᠪ ᠭᠠᠴᠠᠭ᠎ᠠ ᠵᠡᠷᠬᠡ ᠭᠠᠵᠠᠷ ᠤᠨ ᠠᠭᠤᠯᠠ ᠬᠦᠨᠳᠡᠢ ᠠᠴᠠ ᠮᠠᠯᠳᠠᠵᠦ ᠢᠯᠡᠷᠡᠬᠦᠯᠦᠭᠰᠡᠨ ᠠᠮᠢᠳᠣᠷᠠᠯ ᠳᠤ ᠬᠡᠷᠡᠭᠯᠡᠬᠦ ᠸᠠᠭᠠᠷ ᠬᠡᠷᠡᠭᠰᠡᠯ ᠤᠨ ᠬᠡᠷᠴᠢᠯᠡᠭᠰᠡᠨ ᠢᠶᠠᠷ᠂ ᠲᠡᠷᠡ ᠬᠤᠯᠠ ᠶᠢᠨ ᠬᠠᠭᠤᠴᠢᠨ ᠴᠢᠯᠠᠭᠤᠨ ᠵᠡᠪᠰᠡᠭ ᠤᠨ ᠴᠠᠭ ᠦᠶ᠎ᠡ ᠳᠤ᠂ ᠠᠳᠡ ᠬᠦᠮᠦᠨ ᠲᠦᠷᠦᠯᠬᠢᠳᠡᠨ ᠣᠷᠣᠰᠢᠨ ᠰᠠᠭᠤᠭᠰᠠᠨ ᠢᠶᠠᠷ ᠪᠡᠷᠡᠬᠤ ᠦᠬᠡᠢ᠂ ᠠᠩ ᠠᠩᠨᠠᠯ᠂ ᠮᠠᠯᠵᠢᠯ᠂ ᠵᠢᠭᠠᠰᠣ ᠠᠩᠨᠠᠬᠤ ᠪᠠᠷ ᠲᠠᠮᠵᠢᠵᠦ ᠣᠷᠣᠰᠢᠨ ᠲᠣᠭᠳᠠᠨᠢᠯ ᠢᠶᠠᠨ ᠣᠯᠵᠦ ᠪᠠᠶᠢᠪᠠ᠃      ᠴᠦᠨ ᠴᠢᠦ ᠪᠠᠶᠢᠯᠳᠣᠭᠠᠨᠳᠣ ᠣᠯᠣᠰ ᠤᠨ ᠦᠶ᠎ᠡ ᠳᠤ᠂  ᠦᠯᠡᠬᠦᠢ ᠭᠤᠣᠯ ︵ᠣᠳᠣ ᠶᠢᠨ ᠣᠯᠠᠭᠠᠢ ᠭᠤᠣᠯ︶᠎ ᠤᠨ ᠰᠠᠪᠠ ᠭᠠᠵᠠᠷ ᠢᠶᠠᠷ ᠳ᠋ᠦᠩ ᠬᠤ᠋᠂ ᠳ᠋ᠠᠨ ᠯᠠᠨ ᠤ ᠨᠡᠬᠦᠳᠡᠯ ᠠᠶᠢᠮᠠᠭ ᠨᠣᠳᠣᠭᠰᠢᠵᠦ ᠪᠠᠶᠢᠪᠠ᠃      ᠴᠢᠨ ᠣᠯᠣᠰ ᠤᠨ ᠱᠢ ᠬᠤᠸᠠᠩ ᠤᠨ ᠴᠠᠭ ᠦᠶ᠎ᠡ ᠳᠤ᠂ ᠦᠬᠤᠸᠠᠨ᠂ ᠰᠢᠶᠠᠨᠪᠸᠢ ᠬᠤᠶᠠᠷ ᠠᠶᠢᠮᠠᠭ ᠤᠨ ᠬᠠᠷᠢᠶ᠎ᠠ ᠭᠠᠵᠠᠷ ᠪᠠᠶᠢᠪᠠ᠃      ᠵᠡᠬᠦᠨ ᠶᠢᠨ ᠠᠷᠪᠠᠨ ᠵᠢᠷᠭᠤᠭᠠᠨ ᠣᠯᠣᠰ ᠤᠨ ᠦᠶ᠎ᠡ ᠳᠤ᠂ ᠦᠯᠡᠬᠦᠢ ᠭᠤᠣᠯ ︵ᠣᠳᠣ ᠶᠢᠨ ᠣᠯᠠᠭᠠᠢ ᠭᠤᠣᠯ︶᠎ ᠤᠨ ᠰᠠᠪᠠ ᠭᠠᠵᠠᠷ ᠨᠢ ᠦ ᠯᠥᠸᠧ ᠬᠤ᠋᠂ ᠬᠢᠳᠠᠨ ᠬᠤᠶᠠᠷ ᠠᠶᠢᠮᠠᠭ ᠡᠵᠡᠯᠡᠵᠦ ᠪᠠᠶᠢᠪᠠ᠃      ᠰᠦᠢ ᠲᠠᠩ ᠶᠢᠨ ᠦᠶ᠎ᠡ ᠳᠤ᠂ ᠵᠡᠬᠦᠨ ᠲᠦᠷᠺ ᠡᠬᠦᠪᠡᠷ ᠨᠣᠳᠣᠭᠰᠢᠨ᠂ ᠪᠣᠭᠤᠮᠳᠠ ᠶᠢᠨ ᠲᠣᠳᠣᠷᠠᠬᠢ ᠲᠦᠷᠺ ᠎ ᠤᠨ ᠴᠠᠨ ᠢᠦᠢ ᠶᠢᠨ ᠳ᠋ᠦᠹᠦ᠋ ᠶᠠᠮᠣᠨ ᠤ ᠬᠠᠷᠢᠶ᠎ᠠ ᠭᠠᠵᠠᠷ ᠪᠠᠶᠢᠪᠠ᠃      ᠯᠢᠶᠣᠣ ᠣᠯᠣᠰ ᠤᠨ ᠦᠶ᠎ᠡ ᠳᠤ᠂ ᠲᠡᠭᠡᠳᠣ ᠨᠡᠶᠢᠰᠯᠡᠯ ᠤᠨ ᠦ᠋ ᠭᠦ᠋ ᠳ᠋ᠢ ᠯᠢᠶᠧ ᠶᠢᠨ ᠴᠡᠷᠢᠭ ᠤᠨ ᠬᠠᠷᠢᠶ᠎ᠠ ᠪᠠᠶᠢᠪᠠ᠃      ᠎ ᠶᠢᠨ ᠣᠯᠣᠰ ᠤᠨ ᠦᠶ᠎ᠡ ᠳᠤ᠂ ᠬᠤᠩᠵᠢᠯᠡ ᠠᠶᠢᠮᠠᠭ ᠨᠣᠳᠣᠭᠰᠢᠵᠦ ᠪᠠᠶᠢᠪᠠ᠃ ᠲᠠᠢ ᠾᠧ ᠶᠢᠨ ᠬᠤᠶᠠᠳᠣᠭᠠᠷ ᠵᠢᠯ ︵ᠨᠡᠶᠢᠳᠡ ᠶᠢᠨ ᠣᠨ ᠲᠣᠭᠠᠯᠠᠯ ᠤᠨ 1202 ᠣᠨ︶ ᠴᠢᠩᠬᠢᠰ ᠬᠠᠭᠠᠨ ᠦᠯᠡᠬᠦᠢ᠂ ᠱᠢ ᠯᠦ᠋ ᠭᠧ ᠯᠧ ᡁᠢ ᠲᠢ ᠭᠤᠣᠯ ︵ᠣᠳᠣ ᠶᠢᠨ ᠣᠯᠠᠭᠠᠢ ᠭᠤᠣᠯ ᠵᠢᠴᠢ ᠰᠡᠷᠡᠯᠵᠢ ᠶᠢᠨ ᠭᠤᠣᠯ︶᠎ ᠳᠤ ᠴᠡᠷᠢᠭ ᠬᠦᠳᠡᠯᠬᠡᠵᠦ᠂ ᠲᠠᠲ᠋ᠠᠷ ᠠᠶᠢᠮᠠᠭ ᠢ ᠲᠠᠭᠠᠷᠢᠵᠦ᠂ ᠭᠤᠷᠪᠠᠨ ᠠᠶᠢᠮᠠᠭ ᠢ ᠢᠯᠠᠪᠠ᠃      ᠶᠣᠸᠠᠨ ᠣᠯᠣᠰ ᠤᠨ ᠦᠶ᠎ᠡ ᠳᠤ᠂ ᠲᠠᠪᠠᠭᠠᠨ ᠠᠷᠣ ᠶᠢᠨ ᠮᠣᠵᠢ ᠶᠢᠨ ᠵᠠᠬᠢᠷᠭ᠎ᠠ ᠵᠢᠢ ᠨᠠᠨ ᠸᠠᠩ ᠤᠨ ᠠᠶᠢᠮᠠᠭ ᠎ ᠤᠨ ᠬᠠᠷᠢᠶ᠎ᠠ ᠭᠠᠵᠠᠷ ᠪᠠᠶᠢᠪᠠ᠃ ᠣᠮᠠᠷᠠᠳᠣ ᠶᠣᠸᠠᠨ ᠤ ᠦᠶ᠎ᠡ ᠳᠤ ᠸᠠ ᠼᠢ᠂ ᠳ᠋ᠠ ᠳ᠋ᠠᠨ ᠠᠶᠢᠮᠠᠭ ᠤᠨ ᠬᠠᠷᠢᠶ᠎ᠠ ᠭᠠᠵᠠᠷ ᠪᠠᠶᠢᠪᠠ᠃     ᠮᠢᠩ ᠣᠯᠣᠰ ᠤᠨ ᠦᠶ᠎ᠡ ᠳᠤ᠂ ᠦᠵᠦᠮᠦᠴᠢᠨ ᠠᠶᠢᠮᠠᠭ ᠤᠨ ᠬᠠᠷᠢᠶ᠎ᠠ ᠪᠠᠶᠢᠪᠠ᠃ ᠮᠢᠩ ᠤᠨ ᠰᠡᠬᠦᠯᠴᠢ᠂ ᠦᠵᠦᠮᠦᠴᠢᠨ ᠤ ᠲᠦᠷᠦᠬᠦᠦ ᠲᠣᠷᠵᠢ ᠯᠢᠭᠳᠡᠨ ᠬᠠᠭᠠᠨ ᠯᠤᠭ᠎ᠠ ᠡᠪᠳᠡᠷᠡᠯᠴᠡᠬᠡᠳ᠂ ᠠᠶᠢᠮᠠᠭ ᠢᠶᠠᠨ ᠠᠪᠴᠣ ᠬᠡᠷᠯᠦᠨ ᠭᠤᠣᠯ ᠤᠨ ᠣᠷᠣᠰᠬᠠᠯ ᠳᠤ ᠨᠡᠬᠦᠨ ᠣᠴᠢᠪᠠ᠃ ᠲᠣᠷᠵᠢ 1636 ᠣᠨ ᠳᠤ ᠪᠣᠴᠠᠨ ᠢᠷᠡᠵᠦ᠂ 1637 ᠣᠨ ᠤ 11 ᠰᠠᠷ᠎ᠠ ᠦᠵᠦᠮᠦᠴᠢᠨ ᠠᠶᠢᠮᠠᠭ ᠴᠢᠩ ᠣᠯᠣᠰ ᠢ ᠲᠠᠭᠠᠵᠦ᠂ ᠢ ᠰᠧ ᠯᠢᠩ ᠵᠡᠬᠦᠨ ᠭᠠᠷᠣᠨ ᠦᠵᠦᠮᠦᠴᠢᠨ ᠢ ᠵᠠᠬᠢᠷᠴᠣ᠂ 1646 ᠣᠨ ᠤ 3 ᠰᠠᠷ᠎ᠠ ᠲᠡᠬᠦᠨ ᠢ ᠪᠡᠶᠢᠯᠡ ᠡᠷᠬᠦᠮᠵᠢᠯᠡᠪᠡ᠃ ᠵᠡᠬᠦᠨ ᠭᠠᠷᠣᠨ ᠦᠵᠦᠮᠦᠴᠢᠨ ᠤ ᠵᠠᠰᠠᠭ ᠳ᠋ᠥᠸᠧ ᠯᠥᠸᠧ ᠡᠷᠳᠡᠨᠢ ᠪᠡᠶᠢᠯᠡ ᠡᠷᠬᠡ ᠭᠤᠣᠯ ︵ᠣᠳᠣ ᠶᠢᠨ ᠣᠯᠠᠭᠠᠢ ᠭᠤᠣᠯ︶᠎ ᠤᠨ ᠡᠷᠬᠢ ᠬᠦᠢᠰᠦ ᠲᠦᠸᠧ ᠯᠥᠸᠧ ᠬᠠᠢ ᠳᠤ ᠪᠠᠭᠤᠴᠠᠯᠠᠵᠦ᠂ ᠶᠢᠰᠦᠨ ᠽᠦᠸᠧ ᠯᠢᠩ ᠪᠠᠶᠢᠭᠤᠯᠣᠨ᠂ ᠠᠷᠪᠠᠨ ᠲᠠᠪᠣᠨ ᠦᠶ᠎ᠡ ᠵᠠᠯᠭᠠᠮᠵᠢᠯᠠᠪᠠ᠃ ᠸᠠᠩ ᠤᠨ ᠣᠷᠳᠣᠨ ᠢᠶᠠᠨ ᠣᠯᠠᠭᠠᠢ ᠮᠠᠯᠵᠢᠯ ᠤᠨ ᠲᠠᠯᠠᠪᠠᠢ ᠶᠢᠨ ᠴᠠᠭᠠᠨ ᠬᠤᠰᠢᠭᠤ ᠠᠴᠠ ᠵᠡᠬᠦᠨᠰᠢ ᠪᠠᠷᠤᠭ 1 ᠺᠢᠯᠦ᠋ᠮᠧᠲᠷ ᠲᠤ ᠪᠠᠶᠢᠭᠤᠯᠣᠭᠰᠠᠨ ᠪᠠᠶᠢᠪᠠ᠃     ᠢᠷᠬᠡᠨ ᠣᠯᠣᠰ ᠤᠨ ᠦᠶ᠎ᠡ ᠳᠤ᠂ 1912 —1928 ᠣᠨ ᠪᠣᠯᠳᠠᠯ᠎ᠠ᠂ ᠴᠠᠬᠠᠷ ᠤᠨ ᠣᠨᠴᠣᠭᠠᠢ ᠵᠠᠰᠠᠭ ᠵᠠᠬᠢᠷᠭᠠᠨ ᠤ ᠣᠷᠣᠨ ᠳᠤ ᠬᠠᠷᠢᠶᠠᠯᠠᠭᠳᠠᠵᠦ᠂ 1929 — 1934 ᠣᠨ ᠪᠣᠯᠳᠠᠯ᠎ᠠ᠂ ᠴᠠᠬᠠᠷ ᠮᠣᠵᠢ ᠶᠢᠨ ᠬᠠᠷᠢᠶᠠᠨ ᠎ ᠳᠤ ᠪᠣᠴᠠᠭᠠᠨ ᠦᠭᠬᠦᠪᠡ᠃ 1934 ᠣᠨ ᠳᠤ ᠰᠢᠯᠢ ᠶᠢᠨ ᠭᠤᠣᠯ ᠠᠶᠢᠮᠠᠭ ᠲᠤ ᠬᠠᠷᠢᠶᠠᠯᠠᠭᠳᠠᠪᠠ᠃ 1935 ᠣᠨ ᠳᠤ ᠶᠠᠫᠣᠨ ᠰᠢᠯᠢ ᠶᠢᠨ ᠭᠤᠣᠯ᠂ ᠴᠠᠬᠠᠷ ᠬᠤᠶᠠᠷ ᠮᠣᠵᠢ ᠶᠢ ᠲᠦᠷᠢᠮᠡᠬᠡᠶᠢᠯᠡᠨ ᠡᠵᠡᠯᠡᠪᠡ᠃ ᠲᠠᠷᠠᠭ᠎ᠠ ᠵᠢᠯ ᠨᠢ᠂ ᠲᠣᠰ ᠭᠠᠵᠠᠷ ︽ᠬᠠᠭᠤᠷᠮᠠᠭ ᠮᠣᠩᠭᠤᠯ ᠴᠡᠷᠢᠭ ᠤᠨ ᠵᠠᠰᠠᠭ ᠤᠨ ᠣᠷᠳᠣᠨ︾᠎ ᠳᠤ ᠬᠠᠷᠢᠶᠠᠯᠠᠭᠳᠠᠪᠠ᠃ 1945 ᠣᠨ ᠳᠤ ᠣᠷᠣᠰ ᠮᠣᠩᠭᠤᠯ ᠤᠨ ᠬᠤᠯᠪᠣᠭᠠᠳᠣ ᠴᠡᠷᠢᠭ ᠶᠠᠫᠣᠨ ᠢ ᠲᠠᠶᠢᠯᠠᠵᠦ᠂ ᠲᠦᠷ ᠴᠠᠭ ᠴᠠᠬᠠᠷ ᠠᠶᠢᠮᠠᠭ ᠤᠨ ᠲᠦᠷ ᠴᠠᠭ ᠤᠨ ᠵᠠᠰᠠᠭ ᠤᠨ ᠣᠷᠳᠣᠨ ᠳᠤ ᠬᠠᠷᠢᠶᠠᠯᠠᠭᠳᠠᠪᠠ᠃ 1946 ᠣᠨ ᠤ 8 ᠰᠠᠷ᠎ᠠ ᠳᠤ᠂ ᠲᠣᠰ ᠭᠠᠵᠠᠷ ᠣᠷᠣᠨ ᠳᠤ ᠵᠡᠬᠦᠨ ᠭᠠᠷᠣᠨ ᠦᠵᠦᠮᠦᠴᠢᠨ ᠬᠤᠰᠢᠭᠤᠨ ᠤ ᠠᠷᠠᠳᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠪᠠ᠃      1949 — 1956 ᠣᠨ ᠤ 5 ᠰᠠᠷ᠎ᠠ ᠶᠢᠨ ᠬᠤᠭᠤᠷᠣᠨᠳᠣ᠂ ᠣᠯᠠᠭᠠᠢ ᠭᠤᠣᠯ ᠤᠨ ᠰᠠᠪᠠ ᠭᠠᠵᠠᠷ ᠰᠢᠯᠢ ᠎ ᠶᠢᠨ ᠭᠤᠣᠯ ᠠᠶᠢᠮᠠᠭ ᠤᠨ ᠵᠡᠬᠦᠨ ᠬᠡᠰᠡᠭ ᠤᠨ ᠬᠤᠯᠪᠣᠭᠠᠯᠠᠭᠰᠠᠨ ᠬᠤᠰᠢᠭᠤᠨ ᠳᠤ ᠬᠠᠷᠢᠶᠠᠯᠠᠭᠳᠠᠪᠠ᠃     1956 ᠣᠨ ᠤ 6 ᠰᠠᠷ᠎ᠠ ᠳᠤ᠂ ᠰᠢᠯᠢ ᠶᠢᠨ ᠭᠤᠣᠯ ᠠᠶᠢᠮᠠᠭ ᠵᠡᠬᠦᠨ ᠬᠡᠰᠡᠭ ᠤᠨ ᠬᠤᠯᠪᠣᠭᠠᠯᠠᠭᠰᠠᠨ ᠬᠤᠰᠢᠭᠤ ᠶᠢ ᠦᠬᠡᠶᠢᠰᠬᠡᠵᠦ᠂ ᠵᠡᠬᠦᠨ ᠦᠵᠦᠮᠦᠴᠢᠨ ᠬᠤᠰᠢᠭᠤ ᠶᠢ ᠪᠠᠶᠢᠭᠤᠯᠣᠨ᠂ ᠣᠯᠠᠭᠠᠢ ᠶᠢᠨ ᠬᠢᠯᠢ ᠬᠢᠵᠠᠭᠠᠷ ᠵᠡᠬᠦᠨ ᠦᠵᠦᠮᠦᠴᠢᠨ ᠬᠤᠰᠢᠭᠤᠨ ᠳᠤ ᠬᠠᠷᠢᠶᠠᠯᠠᠭᠳᠠᠪᠠ᠃      1957 ᠣᠨ ᠳᠤ ᠰᠢᠯᠢ ᠶᠢᠨ ᠭᠤᠣᠯ ᠠᠶᠢᠮᠠᠭ ᠤᠨ ᠢᠳᠡᠬᠡᠨ ᠤ ᠺᠣᠮᠫᠠᠨᠢ ᠬᠤᠰᠢᠭᠤᠨ ᠰᠦᠮ᠎ᠡ ᠶᠢᠨ ᠪᠠᠭᠤᠷᠢ ᠲᠡᠭᠡᠷ᠎ᠡ ᠬᠤᠰᠢᠭᠤᠨ ᠰᠦᠮ᠎ᠡ ᠶᠢᠨ ᠦᠷᠡᠵᠢᠬᠦᠯᠦᠯᠳᠡ ᠶᠢᠨ ᠮᠠᠯᠵᠢᠯ ᠤᠨ ᠲᠠᠯᠠᠪᠠᠢ ᠶᠢ ᠪᠡᠯᠡᠳᠭᠡᠨ ᠪᠠᠶᠢᠭᠤᠯᠪᠠ᠃      1958 ᠣᠨ ᠤ 3 ᠰᠠᠷ᠎ᠠ ᠳᠤ᠂ ᠡᠪ ᠬᠠᠮᠳᠣ ᠨᠠᠮ ᠤᠨ ᠰᠢᠯᠢ ᠶᠢᠨ ᠭᠤᠣᠯ ᠠᠶᠢᠮᠠᠭ ᠤᠨ ᠵᠦᠪᠯᠡᠯ ᠤᠨ ᠵᠦᠪᠰᠢᠶᠡᠷᠡᠯ ᠢᠶᠠᠷ᠂ ᠣᠯᠠᠭᠠᠢ ᠶᠢᠨ ᠪᠦᠯᠢᠶᠡᠨ ᠪᠣᠯᠠᠭ ᠲᠠᠷᠢᠶᠠᠯᠠᠩ ᠤᠨ ᠲᠠᠯᠠᠪᠠᠢ ᠶᠢ ᠪᠠᠶᠢᠭᠤᠯᠪᠠ᠃ ᠡᠪ ᠬᠠᠮᠳᠣ ᠨᠠᠮ ᠤᠨ ᠵᠡᠬᠦᠨ ᠦᠵᠦᠮᠦᠴᠢᠨ ᠬᠤᠰᠢᠭᠤᠨ ᠤ ᠵᠦᠪᠯᠡᠯ ᠤᠨ ᠵᠦᠪᠰᠢᠶᠡᠷᠡᠯ ᠢᠶᠠᠷ᠂ ᠣᠯᠠᠭᠠᠢ ᠭᠤᠣᠯ ᠤᠨ ᠰᠠᠪᠠ ᠭᠠᠵᠠᠷ ᠲᠤ ᠵᠢᠭᠠᠰᠣᠳᠠᠢ᠂ ᠮᠠᠨᠳᠣᠬᠤ ᠪᠣᠯᠠᠭ ᠬᠤᠶᠠᠷ ᠬᠤᠪᠢ ᠨᠡᠶᠢᠳᠡ ᠬᠤᠷᠰᠢᠨ ᠡᠵᠡᠩᠨᠡᠬᠦ ᠮᠠᠯᠵᠢᠯ ᠤᠨ ᠲᠠᠯᠠᠪᠠᠢ ᠶᠢ ᠪᠠᠶᠢᠭᠤᠯᠪᠠ᠃      1960 ᠣᠨ ᠳᠤ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠲᠦᠪ ᠬᠤᠷᠢᠶ᠎ᠠ ᠶᠢᠨ ︽ᠪᠦᠬᠦ ᠨᠠᠮ ᠎ ᠢᠶᠠᠷ ᠢᠶᠠᠨ ᠬᠦᠳᠡᠯᠦᠯᠴᠡᠨ᠂ ᠪᠦᠬᠦ ᠠᠷᠠᠳ ᠢᠶᠠᠷ ᠢᠶᠠᠨ ᠲᠠᠶᠢᠴᠢᠯᠠᠨ᠂ ᠲᠠᠷᠢᠶᠠᠯᠠᠩ ᠢ ᠶᠡᠭᠡ ᠪᠠᠷ ᠬᠦᠭᠵᠢᠬᠦᠯᠵᠦ᠂ ᠠᠮᠣ ᠪᠣᠳᠠᠭ᠎ᠠ ᠶᠢ ᠶᠡᠭᠡ ᠪᠠᠷ ᠬᠤᠷᠢᠶᠠᠬᠤ ᠲᠣᠬᠠᠢ︾ ᠬᠡᠳᠡᠭ ᠣᠷᠢᠶᠠᠯᠠᠭ᠎ᠠ ᠲᠣᠣᠷ᠎ᠠ  ᠂ ᠪᠦᠬᠦ ᠣᠯᠣᠰ ᠤᠨ ᠶᠡᠭᠡ ᠦᠰᠦᠷᠦᠩᠭᠦᠢ ᠲᠠᠪᠰᠢᠯᠳᠠ ᠶᠢᠨ ᠲᠠᠪᠠᠯᠭᠠᠨ ᠤ ᠲᠦᠯᠬᠢᠴᠡ ᠲᠣᠣᠷ᠎ᠠ᠂ ᠰᠢᠯᠢ ᠶᠢᠨ ᠭᠤᠣᠯ ᠠᠶᠢᠮᠠᠭ ᠤᠨ ᠲᠠᠯ᠎ᠠ ᠨᠣᠳᠤᠭ ᠲᠡᠭᠡᠷ᠎ᠡ ᠲᠦᠷᠪᠡᠨ ᠬᠦᠷᠢᠶ᠎ᠡ ᠬᠡᠪᠴᠢᠶ᠎ᠡ ᠪᠠᠷ ᠨᠡᠯᠢᠶᠡᠳ ᠶᠡᠭᠡ ᠣᠯᠣᠰ ᠠᠴᠠ ᠡᠵᠡᠩᠨᠡᠭᠰᠡᠨ ᠮᠧᠬᠠᠨᠢᠭᠵᠢᠭᠰᠠᠨ ᠲᠠᠷᠢᠶᠠᠯᠠᠩ ᠤᠨ ᠲᠠᠯᠠᠪᠠᠢ ᠪᠠᠶᠢᠭᠤᠯᠪᠠ᠂ ᠲᠡᠬᠦᠨ ᠤ ᠨᠢᠬᠡ ᠨᠢ ᠲᠠᠷᠣᠢ ᠣᠯᠠᠭᠠᠢ ᠭᠤᠣᠯ ᠢᠶᠠᠷ ᠨᠡᠷᠡᠶᠢᠳᠦᠭᠰᠡᠨ ᠰᠢᠯᠢ ᠎ ᠶᠢᠨ ᠭᠤᠣᠯ ᠠᠶᠢᠮᠠᠭ ᠤᠨ ᠭᠠᠵᠠᠷ ᠣᠷᠣᠨ ᠤ ᠣᠯᠣᠰ ᠠᠴᠠ ᠡᠵᠡᠩᠨᠡᠭᠰᠡᠨ ᠣᠯᠠᠭᠠᠢ ᠭᠤᠣᠯ ᠮᠠᠰᠢᠨ ᠢᠶᠠᠷ ᠲᠠᠷᠢᠶᠠᠯᠠᠬᠤ ᠲᠠᠷᠢᠶᠠᠯᠠᠩ ᠤᠨ ᠲᠠᠯᠠᠪᠠᠢ ᠪᠣᠯᠣᠨ᠎ᠠ᠂ ᠡᠬᠦᠨ ᠤ ᠬᠠᠮᠳᠣ᠂ ᠵᠡᠬᠦᠨ ᠦᠵᠦᠮᠦᠴᠢᠨ ᠬᠤᠰᠢᠭᠤᠨ ᠤ ᠵᠢᠭᠠᠰᠣᠳᠠᠢ᠂ ᠮᠠᠨᠳᠣᠬᠤ ᠪᠣᠯᠠᠭ ᠬᠤᠶᠠᠷ ᠬᠤᠪᠢ ᠨᠡᠶᠢᠳᠡ ᠬᠤᠷᠰᠢᠨ ᠡᠵᠡᠩᠨᠡᠭᠰᠡᠨ ᠮᠠᠯᠵᠢᠯ ᠤᠨ ᠲᠠᠯᠠᠪᠠᠢ ᠶᠢ ᠭᠠᠵᠠᠷ ᠣᠷᠣᠨ ᠤ ᠣᠯᠣᠰ ᠠᠴᠠ ᠡᠵᠡᠩᠨᠡᠭᠰᠡᠨ ᠣᠯᠠᠭᠠᠢ ᠭᠤᠣᠯ ᠮᠠᠰᠢᠨ ᠢᠶᠠᠷ ᠲᠠᠷᠢᠶᠠᠯᠠᠬᠤ ᠲᠠᠷᠢᠶᠠᠯᠠᠩ ᠤᠨ ᠲᠠᠯᠠᠪᠠᠢ ᠳᠤ ᠬᠠᠷᠢᠶᠠᠯᠠᠭᠤᠯᠪᠠ᠃      1963 ᠣᠨ ᠳᠤ᠂ ᠣᠯᠣᠰ ᠤᠨ ︽ᠲᠣᠬᠢᠷᠠᠭᠤᠯᠬᠤ᠂ ᠪᠠᠬᠢᠵᠢᠬᠦᠯᠬᠦ᠂ ᠲᠡᠬᠦᠯᠳᠡᠷᠵᠢᠬᠦᠯᠬᠦ᠂ ᠲᠡᠭᠡᠭᠰᠢᠯᠡᠬᠦᠯᠬᠦ ︾ ᠨᠠᠢᠮᠠᠨ ᠦᠰᠦᠭ ᠤᠨ ᠴᠢᠭᠯᠡᠯᠳᠡ ᠶᠢ ᠦᠨᠳᠦᠰᠦᠯᠡᠵᠦ᠂ ᠲᠠᠷᠢᠶᠠᠯᠠᠩ ᠤᠨ ᠲᠠᠯᠠᠪᠠᠢ ᠶᠢᠨ ᠲᠠᠷᠢᠶᠠᠯᠠᠬᠤ ᠲᠠᠯᠠᠪᠠᠢ ᠶᠢ ᠪᠠᠭᠠᠰᠬᠠᠵᠦ᠂ ᠮᠧᠬᠠᠨᠢᠭᠵᠢᠭᠰᠠᠨ ᠬᠡᠮᠵᠢᠶ᠎ᠡ ᠶᠢ ᠲᠣᠷᠣᠭᠰᠢᠯᠠᠭᠤᠯᠵᠦ᠂ ᠮᠠᠨᠳᠣᠬᠤ ᠪᠣᠯᠠᠭ ᠤᠨ ᠬᠤᠪᠢ ᠨᠡᠶᠢᠳᠡ ᠬᠤᠷᠰᠢᠨ ᠡᠵᠡᠩᠨᠡᠭᠰᠡᠨ ᠮᠠᠯᠵᠢᠯ ᠤᠨ ᠲᠠᠯᠠᠪᠠᠢ ᠶᠢ ᠵᠡᠬᠦᠨ ᠦᠵᠦᠮᠦᠴᠢᠨ ᠬᠤᠰᠢᠭᠤᠨ ᠳᠤ ᠰᠢᠯᠵᠢᠬᠦᠯᠦᠨ ᠲᠣᠰᠢᠶᠠᠪᠠ᠃ ᠭᠠᠵᠠᠷ ᠣᠷᠣᠨ ᠤ ᠣᠯᠣᠰ ᠠᠴᠠ ᠡᠵᠡᠩᠨᠡᠭᠰᠡᠨ ᠣᠯᠠᠭᠠᠢ ᠭᠤᠣᠯ ᠮᠠᠰᠢᠨ ᠢᠶᠠᠷ ᠲᠠᠷᠢᠶᠠᠯᠠᠬᠤ ᠲᠠᠷᠢᠶᠠᠯᠠᠩ ᠤᠨ ᠲᠠᠯᠠᠪᠠᠢ ᠶᠢ ᠰᠢᠯᠢ ᠶᠢᠨ ᠭᠤᠣᠯ ᠠᠶᠢᠮᠠᠭ ᠤᠨ ᠣᠯᠠᠭᠠᠢ ᠮᠠᠯᠵᠢᠯ ᠤᠨ ᠲᠠᠯᠠᠪᠠᠢ ᠬᠡᠮᠡᠨ ᠦᠬᠡᠷᠡᠴᠢᠯᠡᠪᠡ᠃       1965 ᠣᠨ ᠳᠤ᠂ ᠵᠡᠬᠦᠨ ᠦᠵᠦᠮᠦᠴᠢᠨ ᠬᠤᠰᠢᠭᠤ ᠠᠴᠠ ᠦᠷᠨᠢᠯᠳᠣ ᠬᠤᠪᠢ ᠨᠡᠶᠢᠳᠡ ᠬᠤᠷᠰᠢᠨ ᠡᠵᠡᠩᠨᠡᠭᠰᠡᠨ ᠮᠠᠯᠵᠢᠯ ᠤᠨ ᠲᠠᠯᠠᠪᠠᠢ ᠶᠢ ᠬᠡᠰᠡᠭ ᠠᠭᠤᠯᠠ ᠳᠤ ᠨᠡᠬᠦᠯᠬᠡᠵᠦ᠂ ᠬᠡᠰᠡᠭ ᠠᠭᠤᠯᠠ ᠬᠤᠪᠢ ᠨᠡᠶᠢᠳᠡ ᠬᠤᠷᠰᠢᠨ ᠡᠵᠡᠩᠨᠡᠭᠰᠡᠨ ᠮᠠᠯᠵᠢᠯ ᠤᠨ ᠲᠠᠯᠠᠪᠠᠢ ᠶᠢ ᠪᠠᠶᠢᠭᠤᠯᠪᠠ᠃ ᠬᠤᠰᠢᠭᠤᠨ ᠰᠦᠮ᠎ᠡ ᠶᠢᠨ ᠬᠠᠳᠠᠭᠠᠯᠠᠵᠦ ᠪᠡᠯᠡᠳᠭᠡᠬᠦ ᠦᠷᠡᠵᠢᠬᠦᠯᠦᠯᠳᠡ ᠶᠢᠨ ᠮᠠᠯᠵᠢᠯ ᠤᠨ ᠲᠠᠯᠠᠪᠠᠢ ᠶᠢ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ ᠬᠡᠮᠡᠨ ᠦᠬᠡᠷᠡᠴᠢᠯᠡᠪᠡ᠃      1969 ᠣᠨ ᠤ 1 ᠰᠠᠷ᠎ᠠ ᠳᠤ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠲᠦᠪ ᠬᠤᠷᠢᠶ᠎ᠠ᠂ ᠣᠯᠣᠰ ᠎ ᠤᠨ ᠶᠠᠪᠣᠳᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠣᠳᠠᠯ ᠤᠨ ᠬᠤᠷᠢᠶ᠎ᠠ ᠠᠴᠠ ᠦᠪᠦᠷ ᠮᠣᠩᠭᠤᠯ ᠤᠨ ᠦᠢᠯᠡᠳᠪᠦᠷᠢᠯᠡᠨ ᠪᠦᠳᠦᠬᠡᠨ ᠪᠠᠶᠢᠭᠤᠯᠬᠤ ᠠᠷᠮᠠᠢ ᠶᠢ ᠪᠠᠶᠢᠭᠤᠯᠪᠠ᠃ ᠦᠪᠦᠷ ᠮᠣᠩᠭᠤᠯ ᠤᠨ ᠬᠤᠪᠢᠰᠬᠠᠯ ᠤᠨ ᠵᠦᠪᠯᠡᠯ᠂ ᠦᠪᠦᠷ ᠮᠣᠩᠭᠤᠯ ᠤᠨ ᠴᠡᠷᠢᠭ ᠤᠨ ᠲᠣᠭᠤᠷᠢᠭ ᠠᠴᠠ ᠦᠪᠦᠷ ᠮᠣᠩᠭᠤᠯ ᠤᠨ ᠦᠢᠯᠡᠳᠪᠦᠷᠢᠯᠡᠨ ᠪᠦᠳᠦᠬᠡᠨ ᠪᠠᠶᠢᠭᠤᠯᠬᠤ ᠠᠷᠮᠠᠢ ᠶᠢᠨ ᠲᠦᠷᠪᠡᠳᠣᠬᠡᠷ᠂ ᠲᠠᠪᠣᠳᠣᠭᠠᠷ᠂ ᠵᠢᠷᠭᠤᠳᠣᠭᠠᠷ ᠳ᠋ᠢᠸᠢᠽ᠂ ᠣᠯᠠᠭᠠᠢ ᠶᠢᠨ ᠠᠳᠠᠷ ᠬᠠᠭᠠᠯᠪᠣᠷᠢᠯᠠᠬᠤ ᠪᠦᠰᠡ ᠶᠢ ᠪᠡᠬᠡᠵᠢᠩ ᠤᠨ ᠴᠡᠷᠢᠭ ᠤᠨ ᠲᠣᠭᠤᠷᠢᠭ ᠤᠨ ᠦᠪᠦᠷ ᠮᠣᠩᠭᠤᠯ ᠤᠨ ᠦᠢᠯᠡᠳᠪᠦᠷᠢᠯᠡᠨ ᠪᠦᠳᠦᠬᠡᠨ ᠪᠠᠶᠢᠭᠤᠯᠬᠤ ᠵᠢᠷᠭᠤᠳᠣᠭᠠᠷ ᠳ᠋ᠢᠸᠢᠽ ᠪᠣᠯᠭᠠᠨ ᠦᠬᠡᠷᠡᠴᠢᠯᠡᠨ ᠪᠠᠶᠢᠭᠤᠯᠪᠠ᠃ ᠡᠬᠦᠨ ᠤ ᠬᠠᠮᠳᠣ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ ᠶᠢ ᠵᠢᠷᠭᠤᠳᠣᠭᠠᠷ ᠳ᠋ᠢᠸᠢᠽ ᠤᠨ 51 ᠬᠤᠷᠢᠶ᠎ᠠ᠂ ᠣᠯᠠᠭᠠᠢ ᠮᠠᠯᠵᠢᠯ ᠎ ᠤᠨ ᠲᠠᠯᠠᠪᠠᠢ ᠶᠢ ᠵᠢᠷᠭᠤᠳᠣᠭᠠᠷ ᠳ᠋ᠢᠸᠢᠽ ᠶᠢᠨ 52 ᠬᠤᠷᠢᠶ᠎ᠠ᠂ ᠬᠡᠰᠡᠭ ᠠᠭᠤᠯᠠ ᠬᠤᠪᠢ ᠨᠡᠶᠢᠳᠡ ᠬᠤᠷᠰᠢᠨ ᠡᠵᠡᠩᠨᠡᠭᠰᠡᠨ ᠮᠠᠯᠵᠢᠯ ᠤᠨ ᠲᠠᠯᠠᠪᠠᠢ ᠶᠢ 53 ᠬᠤᠷᠢᠶ᠎ᠠ ᠪᠣᠯᠭᠠᠪᠠ᠃      1970 ᠣᠨ ᠳᠤ᠂ ᠵᠢᠷᠭᠤᠳᠣᠭᠠᠷ ᠳ᠋ᠢᠸᠢᠽ ᠠᠴᠠ ᠬᠠᠣᠯᠢᠨ ᠭᠤᠣᠯ ᠨᠡᠬᠦᠷᠡᠰᠦᠨ ᠴᠠᠬᠢᠯᠭᠠᠨ ᠦᠢᠯᠡᠳᠪᠦᠷᠢ᠂ ᠮᠠᠰᠢᠨ ᠰᠡᠯᠪᠢᠬᠦ ᠦᠢᠯᠡᠳᠪᠦᠷᠢ ᠶᠢ ᠵᠢᠷᠭᠤᠳᠣᠭᠠᠷ ᠳ᠋ᠢᠸᠢᠽ ᠶᠢᠨ 57 ᠬᠤᠷᠢᠶ᠎ᠠ ᠪᠣᠯᠭᠠᠨ ᠦᠬᠡᠷᠡᠴᠢᠯᠡᠪᠡ᠃ 5 ᠰᠠᠷ᠎ᠠ ᠳᠤ᠂ ᠵᠡᠬᠦᠨ ᠦᠵᠦᠮᠦᠴᠢᠨ ᠬᠤᠰᠢᠭᠤ ᠶᠢᠨ ᠪᠣᠭᠳᠠ ᠠᠭᠤᠯᠠ ᠶᠢᠨ ᠣᠢ ᠶᠢᠨ ᠲᠠᠯᠠᠪᠠᠢ ᠶᠢ 55 ᠬᠤᠷᠢᠶ᠎ᠠ ᠪᠣᠯᠭᠠᠪᠠ᠃ 6 ᠰᠠᠷ᠎ᠠ ᠳᠤ᠂ ᠮᠠᠨᠳᠣᠬᠤ ᠪᠣᠯᠠᠭ ᠤᠨ  ᠬᠤᠪᠢ ᠨᠡᠶᠢᠳᠡ ᠬᠤᠷᠰᠢᠨ ᠡᠵᠡᠩᠨᠡᠭᠰᠡᠨ ᠮᠠᠯᠵᠢᠯ ᠤᠨ ᠲᠠᠯᠠᠪᠠᠢ ᠎ ᠶᠢ 54 ᠬᠤᠷᠢᠶ᠎ᠠ ᠪᠣᠯᠭᠠᠵᠦ᠂ ᠲᠣᠰ ᠵᠢᠯ ᠳᠤ᠂ ᠵᠡᠬᠦᠨ ᠦᠵᠦᠮᠦᠴᠢᠨ ᠬᠤᠰᠢᠭᠤᠨ ᠤ ᠣᠯᠠᠭᠠᠢ᠂ ᠬᠦᠷᠢᠶᠡᠳᠣ ᠬᠤᠶᠠᠷ ᠠᠷᠠᠳ ᠤᠨ ᠨᠢᠬᠡᠳᠣᠯ ᠢ ᠬᠦᠯᠢᠶᠡᠨ ᠠᠪᠣᠪᠠ᠃      1975 ᠣᠨ ᠤ 12 ᠰᠠᠷ᠎ᠠ ᠳᠤ᠂ ᠣᠯᠣᠰ ᠤᠨ ᠶᠠᠪᠣᠳᠠᠯ ᠤᠨ ᠬᠤᠷᠢᠶ᠎ᠠ᠂ ᠲᠦᠪ ᠤᠨ ᠴᠡᠷᠢᠭ ᠤᠨ ᠬᠤᠷᠢᠶ᠎ᠠ ᠶᠢᠨ ᠦᠪᠦᠷ ᠮᠣᠩᠭᠤᠯ ᠤᠨ ᠦᠢᠯᠡᠳᠪᠦᠷᠢᠯᠡᠨ ᠪᠦᠳᠦᠬᠡᠨ ᠪᠠᠶᠢᠭᠤᠯᠬᠤ ᠠᠷᠮᠠᠢ ᠶᠢᠨ ᠲᠣᠭᠳᠠᠯᠴᠠᠭ᠎ᠠ ᠶᠢ ᠬᠤᠪᠢᠷᠭᠠᠬᠤ ᠲᠣᠬᠠᠢ ᠵᠦᠪᠰᠢᠶᠡᠷᠡᠯ ᠢ ᠦᠨᠳᠦᠰᠦᠯᠡᠵᠦ᠂ ᠬᠤᠷᠢᠶ᠎ᠠ᠂ ᠳ᠋ᠢᠸᠢᠽ ᠬᠤᠶᠠᠷ ᠲᠡᠰ ᠤᠨ ᠪᠠᠶᠢᠭᠤᠯᠭ᠎ᠠ ᠶᠢ ᠦᠬᠡᠶᠢᠰᠬᠡᠵᠦ᠂ ᠲᠠᠷᠢᠶᠠᠯᠠᠩ ᠮᠠᠯᠵᠢᠯ ᠤᠨ ᠬᠤᠷᠢᠶ᠎ᠠ ᠶᠢ ᠣᠯᠣᠰ ᠠᠴᠠ ᠡᠵᠡᠩᠨᠡᠬᠦ ᠲᠠᠷᠢᠶᠠᠯᠠᠩ ᠮᠠᠯᠵᠢᠯ ᠲᠠᠯᠠᠪᠠᠢ ᠪᠣᠯᠭᠠᠬᠤ ᠵᠣᠷᠢᠭ ᠰᠠᠨᠠᠭ᠎ᠠ ᠪᠠᠷ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠵᠦᠪᠯᠡᠯ ᠦᠪᠡᠷᠳᠡᠬᠡᠨ ᠵᠠᠰᠠᠬᠤ ᠣᠷᠣᠨ ᠤ ᠬᠤᠪᠢᠰᠬᠠᠯ ᠤᠨ ᠵᠦᠪᠯᠡᠯ ᠠᠴᠠ ᠦᠪᠦᠷ ᠮᠣᠩᠭᠤᠯ ᠎ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠣᠯᠳᠠ ᠶᠢᠨ ᠲᠣᠪᠴᠢᠶ᠎ᠠ ᠦᠪᠦᠷ ᠮᠣᠩᠭᠤᠯ ᠤᠨ ᠦᠢᠯᠡᠳᠪᠦᠷᠢᠯᠡᠨ ᠪᠦᠳᠦᠬᠡᠨ ᠪᠠᠶᠢᠭᠤᠯᠬᠤ ᠵᠢᠷᠭᠤᠳᠣᠭᠠᠷ ᠳ᠋ᠢᠸᠢᠽ ᠢ ᠬᠦᠯᠢᠶᠡᠨ ᠬᠠᠮᠢᠶᠠᠷᠬᠤ ᠪᠠᠷ ᠲᠣᠭᠳᠠᠭᠠᠵᠦ᠂ ᠦᠪᠦᠷ ᠮᠣᠩᠭᠤᠯ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠣᠯᠳᠠ ᠶᠢᠨ ᠲᠣᠪᠴᠢᠶ᠎ᠠ ᠶᠢᠨ ᠣᠯᠠᠭᠠᠢ ᠶᠢᠨ ᠬᠤᠪᠢᠶᠠᠷᠢ ᠲᠣᠪᠴᠢᠶ᠎ᠠ ᠬᠡᠮᠡᠨ ᠦᠬᠡᠷᠡᠴᠢᠯᠡᠨ ᠲᠠᠭᠤᠳᠠᠵᠦ᠂ ᠡᠯ᠎ᠡ ᠲᠠᠷᠢᠶᠠᠯᠠᠩ ᠮᠠᠯᠵᠢᠯ ᠤᠨ ᠬᠤᠷᠢᠶ᠎ᠠ ᠶᠢ ᠣᠯᠣᠰ ᠎ ᠠᠴᠠ ᠡᠵᠡᠩᠨᠡᠭᠰᠡᠨ ᠲᠠᠷᠢᠶᠠᠯᠠᠩ ᠮᠠᠯᠵᠢᠯ ᠤᠨ ᠲᠠᠯᠠᠪᠠᠢ ᠬᠡᠮᠡᠨ ᠦᠬᠡᠷᠡᠴᠢᠯᠡᠨ ᠲᠠᠭᠤᠳᠠᠪᠠ᠃ ᠲᠣᠰ ᠵᠢᠯ ᠤᠨ ᠡᠴᠦᠰ᠂ ᠣᠯᠠᠭᠠᠢ᠂ ᠬᠦᠷᠢᠶᠡᠳᠣ ᠬᠤᠶᠠᠷ ᠨᠢᠬᠡᠳᠣᠯ ᠶᠢ ᠵᠡᠬᠦᠨ ᠦᠵᠦᠮᠦᠴᠢᠨ ᠳᠤ ᠰᠢᠯᠵᠢᠬᠦᠯᠦᠨ ᠬᠠᠮᠢᠶᠠᠷᠠᠭᠤᠯᠪᠠ᠃     1978 ᠣᠨ ᠤ 10 ᠰᠠᠷ᠎ᠠ ᠳᠤ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠵᠦᠪᠯᠡᠯ᠂ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠬᠤᠪᠢᠰᠬᠠᠯ ᠎ ᠤᠨ ᠵᠦᠪᠯᠡᠯ ᠤᠨ ᠵᠦᠪᠰᠢᠶᠡᠷᠡᠯ ᠢ ᠦᠨᠳᠦᠰᠦᠯᠡᠵᠦ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠣᠯᠠᠭᠠᠢ ᠬᠤᠪᠢᠶᠠᠷᠢ ᠲᠣᠪᠴᠢᠶᠠᠨ ᠳᠤ ᠠᠵᠢᠯᠯᠠᠬᠤ ᠭᠠᠵᠠᠷ ᠪᠠᠶᠢᠭᠤᠯᠵᠦ᠂ ᠣᠯᠠᠭᠠᠢ ᠬᠤᠪᠢᠶᠠᠷᠢ ᠲᠣᠪᠴᠢᠶ᠎ᠠ ᠠᠳᠠᠯᠢ ᠬᠤᠭᠤᠴᠠᠭᠠᠨ ᠳᠤ ᠬᠠᠮᠳᠣ ᠣᠷᠣᠰᠢᠵᠦ᠂ ᠨᠢᠬᠡ ᠪᠠᠶᠢᠭᠤᠯᠭ᠎ᠠ᠂ ᠨᠢᠬᠡ ᠪᠠᠭ ᠬᠦᠮᠦᠨ᠂ ᠬᠤᠶᠠᠷ ᠱᠣᠰᠢᠭ᠎ᠠ᠃ ᠲᠣᠰ ᠵᠢᠯ᠂ ᠬᠤᠣᠯᠢᠨ ᠭᠤᠣᠯ ᠨᠡᠬᠦᠷᠡᠰᠣᠨ ᠴᠠᠬᠢᠯᠭᠠᠨ ᠤ ᠦᠢᠯᠡᠳᠪᠦᠷᠢ ᠶᠢ ᠪᠦᠬᠦᠯᠢ ᠪᠠᠷ ᠨᠢ ᠬᠤᠣᠯᠢᠨ ᠭᠤᠣᠯ ᠠᠭᠤᠷᠬᠠᠢ ᠶᠢᠨ ᠲᠣᠭᠤᠷᠢᠭ ᠤᠨ ᠪᠦᠳᠦᠬᠡᠨ ᠪᠠᠶᠢᠭᠤᠯᠣᠯᠳᠠ ᠶᠢ ᠵᠢᠯᠣᠭᠤᠳᠬᠤ ᠭᠠᠵᠠᠷ ᠲᠤ ᠵᠠᠬᠢᠷᠣᠭᠤᠯᠪᠠ᠃     1978 ᠣᠨ ᠳᠤ᠂ ᠪᠠᠶᠠᠨᠬᠤᠰᠢᠭᠤ ᠪᠠᠯᠭᠠᠰᠣ ᠶᠢ ᠣᠯᠠᠭᠠᠢ ᠬᠤᠪᠢᠶᠠᠷᠢ ᠲᠣᠪᠴᠢᠶᠠᠨ ᠤ ᠪᠠᠶᠢᠭ᠎ᠠ ᠭᠠᠵᠠᠷ ᠪᠠᠶᠢᠭᠤᠯᠪᠠ᠃     1981 ᠣᠨ ᠤ 3 ᠰᠠᠷ᠎ᠠ ᠳᠤ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠵᠦᠪᠯᠡᠯ ᠤᠨ ᠰᠢᠢᠳᠪᠦᠷᠢ ᠪᠠᠷ᠂ ᠣᠯᠠᠭᠠᠢ ᠬᠤᠪᠢᠶᠠᠷᠢ ᠲᠣᠪᠴᠢᠶ᠎ᠠ ᠶᠢ ᠦᠪᠦᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠣᠯᠠᠭᠠᠢ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠣᠯᠳᠠ ᠎ ᠶᠢᠨ ᠲᠣᠪᠴᠢᠶ᠎ᠠ ᠬᠡᠮᠡᠨ ᠦᠬᠡᠷᠡᠴᠢᠯᠡᠨ ᠲᠠᠭᠤᠳᠠᠵᠦ᠂ ᠰᠢᠭᠤᠳ ᠬᠠᠷᠢᠶᠠᠨ ᠳᠠᠬᠢ ᠡᠯ᠎ᠡ ᠲᠠᠯᠠᠪᠠᠢ ᠶᠢ ᠦᠪᠡᠷᠳᠡᠬᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠦ ᠠᠬᠤᠶᠢᠯᠠᠯ ᠪᠣᠯᠭᠠᠵᠦ᠂ ︽ᠪᠦᠰᠡ ᠬᠡᠰᠡᠭ ᠢ ᠣᠶᠠᠯᠳᠣᠭᠤᠯᠬᠤ᠂ ᠪᠦᠰᠡ ᠪᠠᠷ ᠭᠤᠣᠯ ᠪᠣᠯᠭᠠᠬᠤ︾ ᠬᠠᠮᠢᠶᠠᠷᠣᠯᠳᠠ ᠶᠢ ᠬᠡᠷᠡᠭᠵᠢᠬᠦᠯᠪᠡ᠃     1984 ᠣᠨ ᠤ 3 ᠰᠠᠷ᠎ᠠ ᠳᠤ᠂ ᠠᠵᠦ ᠠᠬᠤᠢ ᠶᠢᠨ ᠲᠣᠭᠳᠠᠯᠴᠠᠭ᠎ᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠰᠢᠯᠢ ᠶᠢᠨ ᠭᠤᠣᠯ ᠠᠶᠢᠮᠠᠭ ᠤᠨ ᠵᠦᠪᠯᠡᠯ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠰᠢᠢᠳᠪᠦᠷᠢ ᠪᠠᠷ ᠵᠠᠰᠠᠭ ᠠᠬᠤᠶᠢᠯᠠᠯ ᠢ ᠨᠢᠬᠡᠳᠬᠡᠭᠰᠡᠨ ᠰᠢᠯᠢ ᠶᠢᠨ ᠭᠤᠣᠯ ᠠᠶᠢᠮᠠᠭ ᠤᠨ ᠣᠯᠠᠭᠠᠢ ᠶᠢᠨ ᠮᠠᠯᠵᠢᠯ ᠦᠢᠯᠡᠳᠪᠦᠷᠢ ᠬᠤᠳᠠᠯᠳᠤᠭ᠎ᠠ ᠬᠤᠯᠪᠣᠭᠠᠯᠠᠭᠰᠠᠨ ᠬᠤᠪᠢᠶᠠᠷᠢ ᠺᠣᠮᠫᠠᠨᠢ ᠶᠢ ᠪᠠᠶᠢᠭᠤᠯᠪᠠ᠃ ᠡᠬᠦᠨ ᠤ ᠬᠠᠮᠳᠣ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠰᠢᠯᠢ ᠶᠢᠨ ᠭᠤᠣᠯ ᠠᠶᠢᠮᠠᠭ ᠤᠨ ᠵᠦᠪᠯᠡᠯ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠰᠢᠢᠳᠪᠦᠷᠢ ᠪᠠᠷ ᠲᠣᠮᠳᠠᠳᠣ ᠣᠯᠣᠰ ᠤᠨ ᠡᠪ ᠬᠠᠮᠳᠣ ᠨᠠᠮ ᠤᠨ ᠣᠯᠠᠭᠠᠢ ᠶᠢᠨ ᠠᠵᠢᠯ ᠤᠨ ᠵᠦᠪᠯᠡᠯ᠂ ᠣᠯᠠᠭᠠᠢ ᠶᠢᠨ ᠬᠡᠷᠡᠭ ᠡᠷᠬᠢᠯᠡᠬᠦ ᠭᠠᠵᠠᠷ ᠢ ᠪᠠᠶᠢᠭᠤᠯᠪᠠ᠃ 7 ᠰᠠᠷ᠎ᠠ ᠎ ᠳᠤ᠂ ᠮᠠᠨᠳᠣᠬᠤ ᠪᠣᠯᠠᠭ ᠤᠨ ᠣᠯᠣᠰ ᠠᠴᠠ ᠡᠵᠡᠩᠨᠡᠭᠰᠡᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠪᠦᠳᠦᠴᠡ ᠶᠢ ᠬᠤᠪᠢᠷᠭᠠᠵᠦ ᠵᠡᠬᠦᠨ ᠦᠵᠦᠮᠦᠴᠢᠨ ᠬᠤᠰᠢᠭᠤᠨ ᠤ ᠮᠠᠨᠳᠣᠬᠤ ᠪᠣᠯᠠᠭ ᠰᠣᠮᠣ ᠬᠡᠪᠡ᠃       1985 ᠣᠨ ᠤ 9 ᠰᠠᠷ᠎ᠠ ᠳᠤ᠂ ᠲᠦᠷᠦ ᠶᠢᠨ ᠶᠠᠪᠣᠳᠠᠯ ᠤᠨ ᠬᠤᠷᠢᠶᠠᠨ ᠤ ᠺᠣᠮᠫᠠᠨᠢ ᠶᠢ ᠣᠯᠠᠮ ᠨᠢᠬᠡ ᠠᠯᠬᠤᠮ ᠴᠡᠭᠴᠡᠯᠡᠬᠦ ᠵᠢᠭᠠᠪᠣᠷᠢ ᠶᠢᠨ ᠵᠣᠷᠢᠭ ᠰᠠᠨᠠᠭ᠎ᠠ ᠶᠢ ᠦᠨᠳᠦᠰᠦᠯᠡᠵᠦ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠰᠢᠯᠢ ᠶᠢᠨ ᠭᠤᠣᠯ ᠠᠶᠢᠮᠠᠭ ᠤᠨ ᠵᠦᠪᠯᠡᠯ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠰᠢᠢᠳᠪᠦᠷᠢ ᠎ ᠪᠠᠷ᠂ ᠰᠢᠯᠢ ᠶᠢᠨ ᠭᠤᠣᠯ ᠠᠶᠢᠮᠠᠭ ᠤᠨ ᠣᠯᠠᠭᠠᠢ ᠶᠢᠨ  ᠮᠠᠯᠵᠢᠯ ᠦᠢᠯᠡᠳᠪᠦᠷᠢ ᠬᠤᠳᠠᠯᠳᠤᠭ᠎ᠠ ᠬᠤᠯᠪᠣᠭᠠᠯᠠᠭᠰᠠᠨ ᠬᠤᠪᠢᠶᠠᠷᠢ ᠺᠣᠮᠫᠠᠨᠢ ᠶᠢ ᠦᠬᠡᠶᠢᠰᠬᠡᠵᠦ᠂ ᠣᠯᠠᠭᠠᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠣᠯᠳᠠ ᠶᠢᠨ ᠲᠣᠪᠴᠢᠶ᠎ᠠ ᠢ ᠪᠦᠳᠦᠴᠡ ᠶᠢ ᠰᠡᠷᠬᠦᠬᠡᠪᠡ᠃       1987 ᠣᠨ ᠤ 4 ᠰᠠᠷ᠎ᠠ ᠳᠤ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠰᠢᠯᠢ ᠶᠢᠨ ᠭᠤᠣᠯ ᠠᠶᠢᠮᠠᠭ ᠤᠨ ᠵᠦᠪᠯᠡᠯ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠰᠢᠢᠳᠪᠦᠷᠢ ᠪᠠᠷ ᠲᠣᠮᠳᠠᠳᠣ ᠣᠯᠣᠰ ᠤᠨ ᠡᠪ ᠬᠠᠮᠳᠣ ᠨᠠᠮ ᠤᠨ ᠣᠯᠠᠭᠠᠢ ᠶᠢᠨ ᠠᠵᠢᠯ ᠤᠨ ᠵᠦᠪᠯᠡᠯ᠂ ᠣᠯᠠᠭᠠᠢ ᠶᠢᠨ ᠬᠡᠷᠡᠭ ᠡᠷᠬᠢᠯᠡᠬᠦ ᠭᠠᠵᠠᠷ ᠢ ᠦᠬᠡᠶᠢᠰᠬᠡᠪᠡ       1988 ᠣᠨ ᠤ 12 ᠰᠠᠷ᠎ᠠ ᠳᠤ᠂ ᠣᠯᠠᠭᠠᠢ ᠮᠠᠯᠵᠢᠯ ᠤᠨ ᠲᠠᠯᠠᠪᠠᠢ ᠶᠢᠨ ᠵᠢᠭᠠᠰᠣᠳᠠᠢ ᠬᠤᠪᠢᠶᠠᠷᠢ ᠲᠠᠯᠠᠪᠠᠢ ᠪᠣᠯᠣᠨ ᠨᠠᠭᠤᠷ ᠤᠨ ᠪᠦᠳᠦᠨ᠎ᠡ ᠬᠤᠪᠢᠶᠠᠷᠢ ᠲᠠᠯᠠᠪᠠᠢ᠂ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ ᠪᠠᠶᠠᠨ ᠡᠷᠬᠡᠳᠣ ᠬᠤᠪᠢᠶᠠᠷᠢ ᠲᠠᠯᠠᠪᠠᠢ ᠶᠢᠨ ᠬᠡᠰᠡᠭ ᠬᠤᠪᠢ ᠨᠡᠶᠢᠳᠡ ᠬᠤᠷᠰᠢᠨ ᠡᠵᠡᠩᠨᠡᠭᠰᠡᠨ ᠡᠷᠦᠬᠡ ᠶᠢ ᠵᠡᠬᠦᠨ ᠦᠵᠦᠮᠦᠴᠢᠨ ᠬᠤᠰᠢᠭᠤᠨ ᠤ ᠬᠦᠷᠢᠶᠡᠳᠣ ᠰᠣᠮᠣ ︵ᠵᠢᠭᠠᠰᠣᠳᠠᠢ ᠭᠠᠴᠠᠭ᠎ᠠ ᠬᠡᠮᠡᠨ ᠲᠠᠭᠤᠳᠠᠪᠠ︶᠎ ᠳᠤ ᠰᠢᠯᠵᠢᠬᠦᠯᠦᠨ ᠲᠣᠰᠢᠶᠠᠪᠠ᠃      1993 ᠣᠨ ᠤ 2  ᠰᠠᠷ᠎ᠠ ᠳᠤ᠂ ᠦᠪᠡᠷᠳᠡᠬᠡᠨ ᠵᠠᠰᠠᠬᠤ ᠣᠷᠣᠨ ᠤ ᠵᠦᠪᠰᠢᠶᠡᠷᠡᠯ ᠢᠶᠠᠷ᠂ ᠲᠣᠮᠳᠠᠳᠣ ᠣᠯᠣᠰ ᠤᠨ ᠡᠪ ᠬᠠᠮᠳᠣ ᠨᠠᠮ ᠤᠨ ᠰᠢᠯᠢ ᠶᠢᠨ ᠭᠤᠣᠯ ᠠᠶᠢᠮᠠᠭ ᠤᠨ ᠵᠦᠪᠯᠡᠯ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠰᠢᠢᠳᠪᠦᠷᠢ ᠪᠠᠷ ᠣᠯᠠᠭᠠᠢ ᠶᠡᠷᠦᠩᠬᠡᠶᠢᠯᠡᠭᠰᠡᠨ ᠨᠡᠬᠡᠬᠡᠯᠳᠡ ᠶᠢᠨ ᠣᠷᠣᠨ ᠢ ᠪᠠᠶᠢᠭᠤᠯᠬᠤ ᠶᠢᠨ ᠬᠠᠮᠳᠣ ᠣᠯᠠᠭᠠᠢ ᠲᠠᠷᠢᠶᠠᠯᠠᠩ ᠮᠠᠯᠵᠢᠯ ᠤᠨ ᠲᠠᠯᠠᠪᠠᠢ ᠶᠢᠨ ᠶᠢᠨ ᠬᠠᠮᠢᠶᠠᠷᠣᠯᠳᠠ ᠶᠢᠨ ᠲᠣᠪᠴᠢᠶ᠎ᠠ ᠢ ᠪᠦᠳᠦᠴᠡ ᠶᠢ ᠦᠯᠡᠳᠡᠭᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号