ᠬᠠᠮᠢᠶᠠᠷᠣᠯᠳᠠ ᠶᠢᠨ ᠣᠷᠣᠨ ᠨᠠᠮ ᠤᠨ ᠠᠵᠢᠯ ᠤᠨ ᠬᠤᠷᠢᠶᠠᠨ ᠤ ᠠᠷᠪᠠᠨ ᠲᠣᠯᠣᠳᠣᠭᠠᠷ ᠣᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019/7/19
   7 ᠰᠠᠷ᠎ᠠ ᠶᠢᠨ 15 ᠤ ᠡᠳᠣᠷ᠂ ᠬᠠᠮᠢᠶᠠᠷᠣᠯᠳᠠ ᠶᠢᠨ ᠣᠷᠣᠨ ᠨᠠᠮ ᠤᠨ ᠠᠵᠢᠯ ᠤᠨ ᠬᠤᠷᠢᠶᠠᠨ ᠤ ᠠᠷᠪᠠᠨ ᠲᠣᠯᠣᠳᠣᠭᠠᠷ ᠣᠳᠠᠭᠠᠨ ᠤ ᠬᠤᠷᠠᠯ ᠬᠤᠷᠠᠯᠳᠣᠪᠠ᠂ ᠬᠤᠷᠠᠯ ᠠᠴᠠ ᠡᠯ᠎ᠡ ᠰᠠᠯᠠᠭ᠎ᠠ ᠮᠦᠴᠢᠷ ᠤᠨ ᠲᠡᠭᠡᠷ᠎ᠡ ᠬᠠᠭᠠᠰ ᠵᠢᠯ  ᠤᠨ ᠠᠵᠦ ᠠᠬᠤᠢ ᠶᠢᠨ ᠡᠷᠬᠢᠯᠳᠡ ᠶᠢᠨ ᠠᠵᠢᠯ ᠤᠨ ᠪᠠᠶᠢᠳᠠᠯ ᠤᠨ ᠮᠡᠳᠡᠬᠦᠯᠦᠯᠳᠡ ᠶᠢ ᠰᠣᠨᠣᠰᠴᠣ᠂ ᠭᠤᠣᠯᠳᠠᠯᠭᠠᠳᠣ ᠠᠵᠦ ᠠᠬᠤᠢ ᠶᠢᠨ ᠵᠢᠭᠠᠯᠳᠠ ᠲᠤᠭ᠎ᠠ ᠶᠢ ᠪᠡᠶᠡᠯᠡᠬᠦᠯᠦᠭᠰᠡᠨ ᠪᠠᠶᠢᠳᠠᠯ ᠵᠢᠴᠢ ᠭᠤᠣᠯᠳᠠᠯᠭᠠᠳᠣ ᠲᠦᠷᠦᠯ ᠵᠦᠢᠯ ᠤᠨ ᠪᠦᠳᠦᠬᠡᠨ ᠪᠠᠶᠢᠭᠤᠯᠣᠯᠳᠠ ᠶᠢ ᠲᠦᠯᠬᠢᠨ ᠠᠬᠢᠭᠤᠯᠣᠭᠰᠠᠨ ᠪᠠᠶᠢᠳᠠᠯ ᠳᠤ ᠵᠠᠳᠠᠯᠣᠯᠳᠠ ᠬᠢᠵᠦ ᠰᠣᠳᠣᠯᠣᠨ ᠳ᠋ᠦᠩᠨᠡᠵᠦ᠂ ᠬᠠᠮᠢᠶᠠᠷᠣᠯᠳᠠ ᠶᠢᠨ ᠣᠷᠣᠨ ᠤ ᠲᠣᠣᠷ᠎ᠠ ᠬᠠᠭᠠᠰ ᠵᠢᠯ ᠤᠨ ᠠᠵᠦ ᠠᠬᠤᠢ ᠶᠢᠨ ᠡᠷᠬᠢᠯᠳᠡ ᠵᠢᠴᠢ ᠭᠤᠣᠯᠳᠠᠯᠭᠠᠳᠣ ᠲᠦᠷᠦᠯ ᠵᠦᠢᠯ ᠤᠨ ᠪᠦᠳᠦᠬᠡᠨ ᠪᠠᠶᠢᠭᠤᠯᠣᠯᠳᠠ ᠶᠢᠨ ᠠᠵᠢᠯ ᠳᠤ ᠪᠠᠶᠢᠷᠢᠰᠢᠯᠠᠭᠤᠯᠣᠯᠳᠠ ᠬᠢᠪᠡ᠃ ᠨᠠᠮ ᠤᠨ ᠠᠵᠢᠯ  ᠤᠨ ᠬᠤᠷᠢᠶᠠᠨ ᠤ ᠱᠦᠵᠢ ᠰᠦᠨ ᠵᠧᠨ ᠵᠢᠶᠠᠩ ᠬᠤᠷᠠᠯ ᠡᠷᠬᠢᠯᠡᠵᠦ ᠶᠠᠷᠢᠶ᠎ᠠ ᠲᠠᠯᠪᠢᠪᠠ᠃   ᠰᠦᠨ ᠵᠧᠨ ᠵᠢᠶᠠᠩ ᠠᠴᠠ ᠭᠤᠣᠯᠳᠠᠯᠭᠠᠳᠣ ᠠᠵᠢᠯ ᠢ ᠨᠠᠶᠢᠳᠠᠪᠣᠷᠢᠵᠢᠭᠤᠯᠬᠤ ᠠᠵᠢᠯ ᠢ ᠴᠢᠩᠭᠠᠳᠬᠠᠵᠦ᠂ ᠣᠯᠠᠭᠠᠢ  ᠶᠢᠨ ᠣᠶᠣᠨᠴᠢ ᠵᠢᠭᠤᠯᠴᠢᠯᠠᠯ ᠤᠨ ᠪᠦᠳᠦᠬᠡᠨ ᠪᠠᠶᠢᠭᠤᠯᠣᠯᠳᠠ ᠶᠢᠨ ᠠᠵᠢᠯ ᠢ ᠣᠯᠠᠮ ᠨᠢᠬᠡ ᠠᠯᠬᠤᠮ ᠲᠡᠬᠦᠯᠳᠡᠷᠵᠢᠬᠦᠯᠦᠨ᠎ᠡ᠃ ᠬᠤᠳᠠ ᠶᠢᠨ ᠶᠠᠪᠣᠳᠠᠯ ᠤᠨ ᠢᠨᠵᠧᠨᠧᠷᠢᠩ ᠤᠨ ᠪᠦᠳᠦᠬᠡᠨ ᠪᠠᠶᠢᠭᠤᠯᠣᠯᠳᠠ ᠶᠢᠨ ᠠᠵᠢᠯ ᠢ ᠰᠠᠶᠢᠳᠣᠷ ᠠᠳᠬᠤᠵᠦ᠂ ᠲᠦᠷᠦᠯ ᠵᠦᠢᠯ ᠤᠨ ᠪᠦᠳᠦᠬᠡᠨ ᠪᠠᠶᠢᠭᠤᠯᠣᠯᠳᠠ ᠶᠢᠨ ᠠᠬᠢᠴᠠ ᠪᠠ ᠴᠢᠨᠠᠷ ᠢ ᠴᠢᠩᠭ᠎ᠠ ᠠᠳᠬᠤᠬᠤ ᠶᠢᠨ ᠬᠠᠮᠳᠣ ᠬᠤᠳᠠ ᠪᠠᠯᠭᠠᠰᠣ ᠶᠢᠨ ᠨᠣᠭᠤᠭᠠᠷᠠᠭᠤᠯᠣᠯᠳᠠ ᠶᠢᠨ ᠠᠵᠢᠯ ᠤᠨ ᠰᠡᠬᠦᠯᠴᠢ ᠶᠢᠨ ᠬᠤᠭᠤᠴᠠᠭᠠᠨ ᠤ ᠬᠠᠮᠢᠶᠠᠷᠣᠯᠳᠠ ᠠᠷᠴᠢᠯᠠᠯ ᠤᠨ ᠠᠵᠢᠯ ᠢ ᠰᠠᠶᠢᠳᠣᠷ ᠬᠢᠵᠦ᠂ ᠲᠦᠷᠦᠯ ᠵᠦᠢᠯ ᠤᠨ ᠪᠦᠳᠦᠬᠡᠨ ᠪᠠᠶᠢᠭᠤᠯᠣᠯᠳᠠ ᠶᠢ ᠦᠨᠳᠦᠷ ᠪᠠᠷᠢᠮᠵᠢᠶ᠎ᠠ ᠪᠠᠷ ᠴᠢᠨᠠᠷ ᠰᠠᠶᠢᠳᠠᠢ ᠪᠡᠶᠡᠯᠡᠬᠦᠯᠵᠦ᠂ ᠬᠠᠮᠢᠶᠠᠷᠣᠯᠳᠠ ᠶᠢᠨ ᠣᠷᠣᠨ ᠤ ᠡᠯ᠎ᠡ ᠲᠦᠷᠦᠯ ᠤᠨ ᠭᠤᠣᠯᠳᠠᠯᠭᠠᠳᠣ ᠠᠵᠢᠯ ᠤᠨ ᠡᠮᠬᠢ ᠵᠢᠷᠣᠮ ᠲᠠᠢ ᠠᠬᠢᠯᠳᠠ ᠶᠢ ᠲᠦᠯᠬᠢᠨ ᠬᠦᠳᠡᠯᠬᠡᠬᠦ ᠬᠡᠷᠡᠭᠳᠡᠢ ᠬᠡᠮᠡᠨ ᠴᠢᠩᠭᠠᠳᠬᠠᠭᠰᠠᠨ ᠪᠠᠶᠢᠨ᠎ᠠ᠃    ᠯᠢᠩ ᠵᠦ ᠠᠴᠠ ᠭᠤᠣᠯᠳᠠᠯᠭᠠᠳᠣ ᠲᠦᠷᠦᠯ ᠵᠦᠢᠯ ᠤᠨ ᠪᠦᠳᠦᠬᠡᠨ ᠪᠠᠶᠢᠭᠤᠯᠣᠯᠳᠠ ᠶᠢᠨ ᠠᠬᠢᠴᠠ ᠶᠢ ᠲᠦᠯᠬᠢᠨ ᠠᠬᠢᠭᠤᠯᠬᠤ ᠶᠢ ᠬᠤᠷᠳᠣᠳᠬᠠᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠲᠣᠬᠢᠷᠠᠭᠤᠯᠣᠯᠳᠠ ᠪᠠᠨ ᠴᠢᠩᠭᠠᠳᠬᠠᠵᠦ᠂ ᠡᠯ᠎ᠡ ᠰᠠᠯᠠᠭ᠎ᠠ ᠮᠦᠴᠢᠷ ᠬᠤᠭᠤᠷᠣᠨᠳᠣ ᠪᠠᠨ ᠬᠠᠷᠢᠯᠴᠠᠭ᠎ᠠ ᠪᠠᠨ ᠴᠢᠩᠭᠠᠳᠬᠠᠵᠦ᠂ ᠭᠤᠣᠯᠳᠠᠯᠭᠠᠳᠣ ᠲᠦᠷᠦᠯ ᠵᠦᠢᠯ  ᠤᠨ ᠬᠠᠮᠢᠶ᠎ᠠ ᠪᠦᠬᠦᠢ ᠭᠠᠷ ᠬᠦᠢᠴᠡᠳᠬᠡᠯ ᠢ ᠬᠦᠢᠴᠡᠳᠬᠡᠬᠦ ᠶᠢ ᠲᠦᠷᠭᠡᠳᠬᠡᠨ᠎ᠡ᠃ ᠠᠶᠣᠯᠬᠦᠢ ᠦᠢᠯᠡᠳᠪᠦᠷᠢᠯᠡᠯ ᠤᠨ ᠦᠵᠡᠯ ᠣᠬᠠᠮᠰᠠᠷ ᠢ ᠴᠢᠩᠭᠠᠷᠠᠭᠤᠯᠵᠦ᠂ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠣᠷᠢᠵᠢᠭᠤᠯᠵᠦ᠂ ᠠᠶᠣᠯᠬᠦᠢ ᠦᠢᠯᠡᠳᠪᠦᠷᠢᠯᠡᠯ ᠤᠨ ᠨᠢᠭᠤᠭᠳᠠᠮᠠᠯ ᠠᠶᠣᠯ ᠢ ᠬᠦᠨᠵᠡᠬᠡᠢ ᠪᠠᠶᠢᠴᠠᠭᠠᠵᠦ᠂ ᠠᠷᠠᠳ ᠲᠦᠮᠡᠨ ᠤ ᠠᠮᠢ ᠨᠠᠰᠣ ᠡᠳ᠋ ᠬᠦᠷᠦᠩᠭᠡ ᠶᠢᠨ ᠠᠮᠣᠷ ᠲᠦᠪᠰᠢᠨ ᠢ ᠬᠠᠮᠠᠭᠠᠯᠠᠬᠤ ᠬᠡᠷᠡᠭᠳᠡᠢ ᠬᠡᠵᠦ ᠴᠢᠩᠭᠠᠳᠬᠠᠪᠠ᠃    ᠬᠤᠷᠠᠯ ᠲᠡᠭᠡᠷ᠎ᠡ᠂ ᠬᠤᠷᠠᠯ ᠳᠤ ᠣᠷᠣᠯᠴᠠᠭᠰᠠᠨ ᠨᠠᠮ ᠵᠠᠰᠠᠭ ᠤᠨ ᠣᠳᠣᠷᠢᠳᠣᠯᠭ᠎ᠠ ᠦᠪᠡᠷ ᠦᠪᠡᠷ ᠤᠨ ᠬᠤᠪᠢᠳᠠᠨ ᠬᠠᠮᠢᠶᠠᠷᠬᠤ ᠠᠵᠢᠯ ᠤᠨ ᠲᠠᠯ᠎ᠠ ᠪᠠᠷ ᠰᠠᠨᠠᠯ ᠵᠦᠪᠯᠡᠯᠬᠡ ᠲᠣᠷᠠᠳᠣᠭᠰᠠᠨ ᠪᠠᠶᠢᠨ᠎ᠠ᠃    ᠬᠠᠮᠢᠶᠠᠷᠣᠯᠳᠠ ᠶᠢᠨ ᠣᠷᠣᠨ ᠤ ᠨᠠᠮ ᠵᠠᠰᠠᠭ ᠤᠨ ᠣᠳᠣᠷᠢᠳᠣᠯᠭ᠎ᠠ ᠸᠠᠩ ᠯᠢ ᠵᠢᠶᠦ᠋ᠨ᠂ ᠱᠢ ᠰᠢᠦ ᠮᠠᠥ᠂ ᠭᠤᠣ ᠸᠧᠨ ᠪᠢᠩ᠂ ᠬᠦᠬᠡ᠂ ᠴᠠᠩ ᠰᠢᠤᠸᠠᠢ ᠯᠢᠨ᠂ ᠷᠧᠨ ᠰᠢ ᠵᠢᠶᠦ᠋ᠨ᠂ ᠪᠠᠢ ᠴᠢᠩ ᠱᠠᠨ᠂ ᠭᠤᠣ ᠴᠧᠩ᠂ ᠸᠧᠨ ᠪᠣᠣ ᠯᠥᠩ ᠵᠢᠴᠢ ᠡᠯ᠎ᠡ ᠲᠠᠯᠠᠪᠠᠢ ᠪᠠᠯᠭᠠᠰᠣ᠂ ᠨᠠᠮ ᠵᠠᠰᠠᠭ ᠤᠨ ᠠᠯᠪᠠᠨ ᠭᠡᠷ᠂ ᠣᠷᠣᠨ ᠰᠠᠭᠤᠴᠠ ᠶᠢᠨ ᠪᠦᠳᠦᠬᠡᠨ ᠪᠠᠶᠢᠭᠤᠯᠣᠯᠳᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠪᠠᠶᠢᠭᠤᠯᠭ᠎ᠠ ᠶᠢᠨ ᠬᠠᠷᠢᠭᠤᠴᠠᠯᠭᠠᠳᠠᠨ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号