ᠣᠯᠠᠭᠠᠢ ᠬᠠᠮᠢᠶᠠᠷᠣᠯᠳᠠ ᠶᠢᠨ ᠣᠷᠣᠨ ᠤ ᠢᠳᠡᠬᠡᠨ ᠡᠮ ᠤᠨ ᠠᠮᠣᠷ ᠲᠦᠪᠰᠢᠨ ᠤ ᠵᠦᠪᠯᠡᠯ ᠤᠨ 2019 ᠣᠨ ᠤ ᠬᠤᠶᠠᠳᠣᠭᠠᠷ ᠣᠳᠠᠭᠠᠨ ᠤ ᠪᠦᠬᠦᠳᠡ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019/7/24
   7 ᠰᠠᠷ᠎ᠠ ᠶᠢᠨ 22 ᠤᠨ ᠡᠳᠣᠷ᠂ ᠣᠯᠠᠭᠠᠢ ᠬᠠᠮᠢᠶᠠᠷᠣᠯᠳᠠ ᠶᠢᠨ ᠣᠷᠣᠨ ᠤ ᠢᠳᠡᠬᠡᠨ ᠡᠮ ᠤᠨ ᠠᠮᠣᠷ ᠲᠦᠪᠰᠢᠨ ᠤ ᠵᠦᠪᠯᠡᠯ ᠤᠨ 2019 ᠣᠨ ᠤ ᠬᠤᠶᠠᠳᠣᠭᠠᠷ ᠣᠳᠠᠭᠠᠨ ᠤ ᠪᠦᠬᠦᠳᠡ ᠬᠤᠷᠠᠯ ᠬᠤᠷᠠᠯᠳᠣᠪᠠ᠃ ᠨᠠᠮ  ᠤᠨ ᠠᠵᠢᠯ ᠤᠨ ᠬᠤᠷᠢᠶᠠᠨ ᠤ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠯᠢᠩ ᠵᠦ ᠬᠤᠷᠠᠯ ᠢ ᠡᠷᠬᠢᠯᠡᠨ ᠶᠡᠷᠢᠶ᠎ᠠ ᠲᠠᠯᠪᠢᠵᠦ᠂ ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠷᠧᠨ ᠰᠢ ᠵᠢᠶᠦ᠋ᠨ ᠬᠤᠷᠠᠯ ᠳᠤ ᠰᠠᠭᠠᠳᠠᠵᠦ ᠲᠠᠷᠠᠭᠠᠴᠢ ᠶᠢᠨ ᠭᠡᠰᠡᠭ ᠬᠤᠭᠤᠴᠠᠭᠠᠨ ᠤ ᠢᠳᠡᠬᠡᠨ ᠡᠮ ᠤᠨ ᠠᠮᠣᠷ ᠲᠦᠪᠰᠢᠨ ᠤ ᠠᠵᠢᠯ ᠳᠤ ᠲᠣᠬᠢᠷᠠᠭᠤᠯᠣᠯᠳᠠ ᠬᠢᠪᠡ᠃ ᠬᠠᠮᠢᠶᠠᠷᠣᠯᠳᠠ ᠶᠢᠨ ᠣᠷᠣᠨ ᠤ ᠢᠳᠡᠬᠡᠨ ᠡᠮ ᠤᠨ ᠠᠮᠣᠷ ᠲᠦᠪᠰᠢᠨ ᠤ ᠵᠦᠪᠯᠡᠯ ᠤᠨ ᠡᠯ᠎ᠡ ᠬᠡᠰᠢᠬᠦᠨ ᠪᠠᠶᠢᠭᠤᠯᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃    ᠲᠣᠰ ᠣᠳᠠᠭᠠᠨ ᠤ ᠬᠤᠷᠠᠯ ᠲᠡᠭᠡᠷ᠎ᠡ ︽ᠲᠣᠮᠳᠠᠳᠣ ᠣᠯᠣᠰ ᠤᠨ ᠡᠪ ᠬᠠᠮᠳᠣ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠬᠤᠷᠢᠶ᠎ᠠ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ ᠢᠳᠡᠬᠡᠨ ᠤ ᠠᠮᠣᠷ ᠲᠦᠪᠰᠢᠨ ᠤ ᠠᠵᠢᠯ ᠢ ᠴᠢᠩᠭᠠᠳᠬᠠᠬᠤ ᠲᠣᠬᠠᠢ ᠰᠠᠨᠠᠯ︾ ︽ᠭᠠᠵᠠᠷ ᠣᠷᠣᠨ ᠤ ᠨᠠᠮ ᠵᠠᠰᠠᠭ ᠤᠨ ᠣᠳᠣᠷᠢᠳᠣᠯᠭ᠎ᠠ ᠺᠠᠳ᠋ᠷ ᠤᠨ ᠢᠳᠡᠬᠡᠨ ᠤ ᠠᠮᠣᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠲᠣᠭᠳᠠᠭᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ︽ᠣᠯᠠᠭᠠᠢ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠬᠡᠰᠢᠬᠦᠨ ᠤ ᠢᠳᠡᠬᠡᠨ ᠤ ᠠᠮᠣᠷ ᠲᠦᠪᠰᠢᠨ ᠤ ᠬᠠᠷᠢᠭᠤᠴᠠᠯᠭ᠎ᠠ ᠶᠢᠨ ᠵᠦᠢᠯᠡᠰ ︵ᠰᠠᠨᠠᠯ ᠬᠤᠷᠢᠶᠠᠬᠤ ᠨᠣᠣᠷᠠᠭ︶︾ ︽ᠣᠯᠠᠭᠠᠢ ᠬᠠᠮᠢᠶᠠᠷᠣᠯᠳᠠ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ ᠤᠨ ᠣᠳᠣᠷᠢᠳᠣᠯᠭ᠎ᠠ ᠶᠢᠨ ᠪᠠᠭ ᠤᠨ ᠬᠡᠰᠢᠬᠦᠨ ᠤ ᠢᠳᠡᠬᠡᠨ ᠤ ᠠᠮᠣᠷ ᠲᠦᠪᠰᠢᠨ ᠤ ᠬᠠᠷᠢᠭᠤᠴᠠᠯᠭ᠎ᠠ ᠶᠢᠨ ᠵᠦᠢᠯᠡᠰ ︵ᠰᠠᠨᠠᠯ ᠬᠤᠷᠢᠶᠠᠬᠤ ᠨᠣᠣᠷᠠᠭ︶︾ ︽ᠣᠯᠠᠭᠠᠢ ᠬᠠᠮᠢᠶᠠᠷᠣᠯᠳᠠ ᠶᠢᠨ ᠣᠷᠣᠨ ᠤ ᠢᠳᠡᠬᠡᠨ ᠡᠮ ᠤᠨ ᠠᠮᠣᠷ ᠲᠦᠪᠰᠢᠨ ᠤ ᠵᠦᠪᠯᠡᠯ ᠤᠨ ᠠᠵᠢᠯ ᠤᠨ ᠲᠦᠷᠢᠮ ᠲᠣᠭᠳᠠᠭᠠᠯ ︵ᠰᠠᠨᠠᠯ ᠬᠤᠷᠢᠶᠠᠬᠤ ᠨᠣᠣᠷᠠᠭ︶︾ ︽ᠣᠯᠠᠭᠠᠢ ᠬᠠᠮᠢᠶᠠᠷᠣᠯᠳᠠ ᠶᠢᠨ ᠣᠷᠣᠨ ᠤ ᠢᠳᠡᠬᠡᠨ ᠡᠮ ᠤᠨ ᠠᠮᠣᠷ ᠲᠦᠪᠰᠢᠨ ᠤ ᠵᠦᠪᠯᠡᠯ ᠤᠨ ᠬᠡᠰᠢᠬᠦᠨ ᠪᠠᠶᠢᠭᠤᠯᠭ᠎ᠠ ᠶᠢᠨ ᠠᠵᠢᠯ ᠤᠨ ᠬᠠᠷᠢᠭᠤᠴᠠᠯᠭ᠎ᠠ ︵ᠰᠠᠨᠠᠯ ᠬᠤᠷᠢᠶᠠᠬᠤ ᠨᠣᠣᠷᠠᠭ︶︾ ᠶᠢᠨ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠲᠠᠶᠢᠯᠪᠣᠷᠢᠯᠠᠨ᠂ ᠣᠳᠣ ᠶᠢᠨ ᠪᠠ ᠡᠬᠦᠨ ᠠᠴᠠ ᠬᠤᠶᠢᠰᠢᠬᠢ ᠬᠡᠰᠡᠭ ᠬᠤᠭᠤᠴᠠᠭᠠᠨ ᠤ ᠬᠠᠮᠢᠶᠠᠷᠣᠯᠳᠠ ᠶᠢᠨ ᠣᠷᠣᠨ ᠤ ᠢᠳᠡᠬᠡᠨ ᠡᠮ ᠤᠨ ᠠᠮᠣᠷ ᠲᠦᠪᠰᠢᠨ ᠤ ᠠᠵᠢᠯ ᠳᠤ ᠲᠣᠬᠢᠷᠠᠭᠤᠯᠣᠯᠳᠠ ᠬᠢᠬᠦ ᠶᠢᠨ ᠬᠠᠮᠳᠣ ᠪᠣᠳᠠᠳᠠᠢ ᠱᠠᠭᠠᠷᠳᠠᠯᠭ᠎ᠠ ᠲᠠᠯᠪᠢᠪᠠ᠃    ᠬᠤᠷᠠᠯ ᠠᠴᠠ᠂ 2019 ᠣᠨ ᠪᠣᠯ ᠢᠳᠡᠬᠡᠨ ᠡᠮ ᠤᠨ ᠬᠢᠨᠠᠯᠳᠠ ᠬᠠᠮᠢᠶᠠᠷᠣᠯᠳᠠ ᠶᠢᠨ ᠰᠢᠰᠲ᠋ᠧᠮ ᠤᠨ ᠰᠢᠨ᠎ᠡ ᠨᠢᠬᠡᠨ ᠡᠬᠡᠯᠵᠢ ᠶᠢᠨ ᠲᠣᠭᠳᠠᠯᠴᠠᠭ᠎ᠠ ᠶᠢᠨ ᠦᠬᠡᠷᠡᠴᠢᠯᠠᠯᠳᠠ ᠶᠢᠨ ᠰᠢᠯᠵᠢᠯᠳᠡ ᠶᠢᠨ ᠵᠢᠯ᠂ ᠵᠢᠯ ᠤᠨ ᠲᠣᠳᠣᠷ᠎ᠠ ᠢᠳᠡᠬᠡᠨ ᠡᠮ ᠤᠨ ᠠᠮᠣᠷ ᠲᠦᠪᠰᠢᠨ ᠤ ᠵᠦᠪᠯᠡᠯ ᠪᠠ ᠡᠯ᠎ᠡ ᠬᠠᠮᠢᠶ᠎ᠠ ᠪᠦᠬᠦᠢ ᠬᠡᠰᠢᠬᠦᠨ ᠪᠠᠶᠢᠭᠤᠯᠭ᠎ᠠ ᠦᠪᠡᠷ ᠤᠨ ᠠᠵᠢᠯ ᠢᠶᠠᠷ ᠵᠣᠭᠰᠣᠯᠳᠠ ᠪᠣᠯᠭᠠᠵᠦ ᠰᠠᠨᠠᠭᠠᠴᠢᠯᠠᠭ᠎ᠠ ᠲᠠᠢ ᠦᠢᠯᠡᠴᠢᠯᠡᠨ᠂ ᠢᠳᠡᠬᠡᠨ ᠡᠮ ᠤᠨ ᠠᠮᠣᠷ ᠲᠦᠪᠰᠢᠨ ᠢ ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ ᠤᠨ ᠬᠦᠰᠡᠯ ᠡᠷᠡᠮᠠᠯᠵᠠᠯᠡᠯ ᠤᠨ ᠡᠬᠢᠯᠯᠡᠳᠡ ᠲᠡᠬᠦᠰᠬᠡᠯ ᠪᠣᠯᠭᠠᠵᠦ᠂ ᠶᠡᠷᠦᠩᠬᠡᠶᠢᠯᠡᠨ ᠬᠢᠨᠠᠨ ᠬᠠᠮᠢᠶᠠᠷᠬᠤ ᠴᠢᠳᠠᠪᠣᠷᠢ ᠶᠢᠨ ᠪᠦᠳᠦᠬᠡᠨ ᠪᠠᠶᠢᠭᠤᠯᠣᠯᠳᠠ ᠶᠢ ᠪᠦᠬᠦ ᠴᠢᠳᠠᠯ ᠢᠶᠠᠷ ᠴᠢᠩᠭᠠᠳᠬᠠᠵᠦ᠂ ᠬᠡᠨᠡᠳᠳᠡ ᠶᠢᠨ ᠬᠤᠷᠴᠠ ᠰᠡᠷᠭᠡᠭ ᠬᠡᠷᠡᠭ ᠣᠴᠢᠷ ᠢ ᠵᠣᠬᠢᠰᠳᠠᠢ ᠰᠢᠢᠳᠪᠦᠷᠢᠯᠡᠵᠦ᠂ ᠵᠠᠬ᠎ᠠ ᠲᠡᠯᠬᠡᠬᠦᠷ ᠤᠨ ᠴᠡᠭᠴᠡᠯᠡᠯᠳᠡ ᠶᠢ ᠬᠦᠨᠵᠡᠬᠡᠢ ᠦᠷᠨᠢᠬᠦᠯᠵᠦ᠂ ᠡᠯ᠎ᠡ ᠵᠦᠢᠯ ᠤᠨ  ᠬᠠᠣᠯᠢ ᠲᠣᠭᠳᠠᠭᠠᠯ ᠢ ᠵᠦᠷᠢᠴᠡᠵᠦ ᠢᠳᠡᠬᠡᠨ ᠡᠮ ᠢ ᠦᠢᠯᠡᠳᠪᠦᠷᠢᠯᠡᠨ ᠡᠵᠡᠩᠨᠡᠬᠦ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠵᠦ᠂ ᠢᠳᠡᠬᠡᠨ ᠡᠮ ᠤᠨ ᠵᠠᠬ᠎ᠠ ᠲᠡᠯᠬᠡᠬᠦᠷ ᠤᠨ ᠬᠠᠷᠢᠴᠠᠩᠭᠤᠢ ᠠᠮᠣᠷ ᠲᠦᠪᠰᠢᠨ᠂ ᠡᠮᠬᠢ ᠵᠢᠷᠣᠮ ᠲᠠᠢ᠂ ᠡᠵᠳᠡᠮᠳᠡᠯ ᠲᠠᠢ ᠪᠠᠶᠢᠬᠤ ᠶᠢ ᠪᠠᠳᠣᠯᠠᠬᠤ ᠭᠡᠷᠡᠭᠳᠡᠢ ᠬᠡᠵᠦ ᠴᠢᠩᠭᠠᠳᠬᠠᠪᠠ᠃    ᠬᠤᠷᠠᠯ ᠠᠴᠠ᠂ ᠢᠳᠡᠬᠡᠨ ᠡᠮ ᠤᠨ ᠠᠮᠣᠷ ᠲᠦᠪᠰᠢᠨ ᠤ ᠵᠦᠪᠯᠡᠯ ᠤᠨ ᠬᠡᠰᠢᠬᠦᠨ ᠪᠠᠶᠢᠭᠤᠯᠭ᠎ᠠ ᠣᠯᠣᠰ ᠲᠦᠷᠦ  ᠶᠢᠨ ᠵᠣᠭᠰᠣᠯᠳᠠ ᠪᠠᠨ ᠦᠨᠡᠨᠬᠦ ᠲᠡᠭᠡᠭᠰᠢᠯᠡᠬᠦᠯᠵᠦ᠂ ᠬᠠᠷᠢᠭᠤᠴᠠᠯᠭ᠎ᠠ ᠶᠢ ᠴᠢᠩᠭᠠᠷᠠᠭᠤᠯᠵᠦ᠂ ︽ᠲᠦᠷᠪᠡᠨ ᠬᠠᠮᠤᠭ ᠴᠢᠩᠭ᠎ᠠ︾ ᠱᠠᠭᠠᠷᠳᠠᠯᠭ᠎ᠠ ᠶᠢ ᠣᠬᠠᠮᠰᠠᠷ ᠠᠴᠠ ᠪᠠᠨ ᠰᠠᠬᠢᠵᠦ᠂ ᠢᠳᠡᠬᠡᠨ ᠡᠮ ᠤᠨ ᠠᠮᠣᠷ ᠲᠦᠪᠰᠢᠨ ᠤ ᠬᠦᠷᠢᠶᠡᠨ  ᠳᠠᠬᠢ ᠲᠣᠪᠣᠶᠢᠮ᠎ᠠ ᠠᠰᠠᠭᠤᠳᠠᠯ ᠢ ᠡᠷᠴᠢᠮ ᠲᠠᠢ ᠰᠢᠢᠳᠪᠦᠷᠢᠯᠡᠨ᠂ ᠬᠠᠷᠢᠭᠤᠴᠠᠯᠭ᠎ᠠ ᠪᠠ ᠲᠠᠷᠣᠯᠳᠠ ᠶᠢ ᠲᠡᠰ ᠲᠡᠰ  ᠢᠶᠠᠷ ᠲᠠᠮᠵᠢᠭᠤᠯᠣᠨ ᠪᠠᠭᠤᠯᠭᠠᠵᠦ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠡᠬᠦᠷᠬᠡᠯᠡᠨ᠂ ᠲᠦᠭᠰᠢᠬᠦᠷᠢ ᠨᠢᠭᠤᠭᠳᠠᠮᠠᠯ ᠠᠶᠣᠯ ᠢ ᠰᠡᠷᠬᠡᠶᠢᠯᠡᠨ ᠠᠷᠢᠯᠭᠠᠵᠦ᠂ ᠬᠦᠨᠳᠡᠯᠡᠨ ᠢᠶᠠᠷ ᠬᠦᠪᠡᠬᠡᠨ ᠳᠤ ᠬᠦᠷᠬᠦ ᠭᠤᠯᠳᠣ ᠪᠠᠷ ᠢᠷᠣᠭᠠᠷ  ᠲᠤ ᠬᠦᠷᠬᠦ ᠢᠳᠡᠬᠡᠨ ᠡᠮ ᠤᠨ ᠠᠮᠣᠷ ᠲᠦᠪᠰᠢᠨ ᠤ ᠰᠢᠰᠲ᠋ᠧᠮ ᠤᠨ ᠪᠠᠶᠢᠭᠤᠯᠣᠯᠳᠠ ᠶᠢ ᠲᠦᠷᠭᠡᠳᠬᠡᠨ᠎ᠡ᠃ ᠡᠯ᠎ᠡ ᠰᠠᠯᠠᠭ᠎ᠠ ᠮᠦᠴᠢᠷ ᠤᠨ ᠣᠳᠣᠷᠢᠳᠣᠯᠭ᠎ᠠ ᠺᠠᠳ᠋ᠷ ᠮᠡᠳᠡᠯᠬᠡ ᠶᠢᠨ ᠰᠢᠨᠡᠳᠣᠯ ᠬᠤᠷᠠᠮᠳᠣᠯ ᠢ ᠴᠢᠩᠭᠠᠳᠬᠠᠵᠦ ᠴᠢᠳᠠᠪᠣᠷᠢ ᠬᠡᠪ ᠴᠢᠨᠠᠷ ᠢᠶᠠᠨ ᠲᠡᠭᠡᠭᠰᠢᠯᠡᠬᠦᠯᠵᠦ᠂ ᠬᠢᠨᠠᠨ ᠬᠠᠮᠢᠶᠠᠷᠬᠤ ᠣᠶᠢᠯᠠᠭᠠᠯᠳᠠ ᠪᠠ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠬᠦᠳᠴᠦ᠂ ᠢᠳᠡᠬᠡᠨ ᠡᠮ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠠᠵᠢᠯ ᠤᠨ ᠴᠢᠳᠠᠪᠣᠷᠢ ᠪᠠ ᠲᠦᠪᠰᠢᠨ ᠢ ᠲᠡᠭᠡᠭᠰᠢᠯᠡᠬᠦᠯᠬᠦ ᠭᠡᠷᠡᠭᠳᠡᠢ ᠬᠡᠮᠡᠨ ᠱᠠᠭᠠᠷᠳᠠᠭᠰᠠᠨ ᠪᠠᠶᠢᠨ᠎ᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号