ᠣᠯᠠᠭᠠᠢ ᠬᠠᠮᠢᠶᠠᠷᠣᠯᠳᠠ ᠶᠢᠨ ᠣᠷᠣᠨ ᠤ ᠣᠢ ᠰᠢᠭᠤᠢ ᠶᠢᠨ ᠦᠢᠯᠡᠰ ᠪᠠ ᠲᠠᠯ᠎ᠠ ᠨᠣᠳᠤᠭ ᠤᠨ ᠲᠣᠪᠴᠢᠶ᠎ᠠ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠬᠡᠪᠴᠢᠶᠠᠨ ᠤ ᠬᠠᠷ᠎ᠠ ᠪᠦᠯᠦᠭ ᠬᠠᠷᠬᠢᠰ ᠬᠦᠴᠦᠨ ᠳᠤ ᠬᠤᠯᠪᠣᠭᠳᠠᠬᠤ ᠬᠠᠣᠯᠢ ᠶᠢ ᠵᠦᠷᠢᠴᠡᠨ ᠶᠠᠯ᠎ᠠ ᠬᠢᠬᠦ ᠳᠤ ᠬᠠᠣᠯᠢ ᠶᠣᠰᠣᠭᠠᠷ ᠴᠣᠬᠢᠯᠳᠠ ᠦᠭᠬᠦ ᠬᠠᠮᠢᠶ᠎ᠠ ᠪᠦᠬᠦᠢ ᠬᠠᠣᠯᠢ ᠴᠠᠭᠠᠵᠠ ᠶᠢᠨ ᠮᠡᠳᠡᠯᠬᠡ ᠶᠢᠨ ᠣᠬᠠᠭᠤᠯᠭ᠎ᠠ ᠶᠢᠨ ᠮ᠊
ᠨᠡᠶᠢᠲᠡᠯᠡᠭᠰᠡᠨ ᠴᠠᠭ᠄
2019-07-31
   ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠬᠡᠪᠴᠢᠶᠠᠨ ᠤ ᠬᠠᠷ᠎ᠠ ᠪᠦᠯᠦᠭ ᠬᠠᠷᠬᠢᠰ ᠬᠦᠴᠦᠨ ᠳᠤ ᠬᠤᠯᠪᠣᠭᠳᠠᠬᠤ ᠬᠠᠣᠯᠢ ᠶᠢ ᠵᠦᠷᠢᠴᠡᠨ ᠶᠠᠯ᠎ᠠ ᠬᠢᠬᠦ ᠳᠤ ᠬᠠᠣᠯᠢ ᠶᠣᠰᠣᠭᠠᠷ ᠬᠠᠳᠠᠭᠤ ᠴᠣᠬᠢᠯᠳᠠ ᠦᠭᠬᠦ ᠶᠢᠨ ᠲᠦᠯᠦᠬᠡ᠂ ︽ᠪᠦᠬᠦᠳᠡ ᠨᠠᠶᠢᠷᠠᠮᠳᠠᠬᠤ ᠲᠣᠮᠳᠠᠳᠣ ᠠᠷᠠᠳ ᠤᠨ ᠡᠷᠡᠬᠦᠦ ᠶᠢᠨ ᠬᠠᠣᠯᠢ︾᠎ ᠶᠢᠨ ᠬᠠᠮᠢᠶ᠎ᠠ ᠪᠦᠬᠦᠢ ᠲᠣᠭᠳᠠᠭᠠᠯ ᠢ ᠦᠨᠳᠦᠰᠦᠯᠡᠵᠦ᠂ ︽ᠡᠷᠡᠬᠦᠦ ᠶᠢᠨ ᠬᠠᠣᠯᠢ︾᠎ ᠶᠢᠨ ᠣᠷᠴᠢᠨ ᠲᠣᠭᠤᠷᠢᠨ ᠤ ᠡᠬᠢ ᠪᠠᠶᠠᠯᠢᠭ ᠤᠨ ᠬᠠᠮᠠᠭᠠᠯᠠᠯᠳᠠ ᠶᠢ ᠡᠪᠳᠡᠬᠦ ᠶᠠᠯ᠎ᠠ ᠲᠣᠳᠣᠷᠠᠬᠢ ᠣᠢ ᠰᠢᠭᠤᠢ ᠵᠢᠴᠢ ᠬᠡᠬᠡᠷ᠎ᠡ ᠶᠢᠨ ᠠᠮᠢᠳᠠᠨ ᠣᠷᠭᠤᠮᠠᠯ ᠤᠨ ᠡᠬᠢ ᠪᠠᠶᠠᠯᠢᠭ ᠢ ᠡᠪᠳᠡᠬᠦ ᠬᠠᠮᠢᠶ᠎ᠠ ᠪᠦᠬᠦᠢ ᠶᠠᠯ᠎ᠠ ᠵᠢᠮᠠᠯᠠᠯ ᠵᠢᠴᠢ ᠬᠠᠣᠯᠢ ᠶᠢᠨ ᠵᠣᠷᠪᠣᠰ ᠤᠨ ᠬᠤᠷᠢᠶᠠᠩᠭᠤᠶᠢᠯᠠᠯ ᠨᠢ ᠲᠣᠣᠷᠠᠬᠢ ᠮᠡᠳᠣ᠄    ᠭᠤᠷᠪᠠᠨ ᠵᠠᠭᠤ ᠲᠦᠴᠢᠨ ᠨᠢᠬᠡᠳᠦᠭᠡᠷ ᠵᠣᠷᠪᠣᠰ   ︽ᠬᠠᠣᠯᠢ ᠪᠣᠰᠣ ᠪᠠᠷ ᠬᠤᠪᠣᠷ ᠨᠠᠨᠳᠢᠨ ᠣᠰᠠᠳᠬᠤ ᠰᠢᠬᠠᠭᠰᠠᠨ ᠬᠡᠭᠡᠷ᠎ᠡ ᠶᠢᠨ ᠠᠮᠢᠳᠠᠨ ᠢ ᠠᠩᠨᠠᠬᠤ ᠠᠯᠠᠬᠤ ᠶᠠᠯ᠎ᠠ᠃ ᠬᠠᠣᠯᠢ ᠪᠣᠰᠣ ᠪᠠᠷ ᠬᠤᠪᠣᠷ ᠨᠠᠨᠳᠢᠨ ᠣᠰᠠᠳᠬᠤ ᠰᠢᠬᠠᠭᠰᠠᠨ ᠬᠡᠭᠡᠷ᠎ᠡ ᠶᠢᠨ ᠠᠮᠢᠳᠠᠨ ᠵᠢᠴᠢ ᠬᠤᠪᠣᠷ ᠨᠠᠨᠳᠢᠨ ᠣᠰᠠᠳᠬᠤ ᠰᠢᠬᠠᠭᠰᠠᠨ ᠬᠡᠭᠡᠷ᠎ᠡ ᠶᠢᠨ ᠠᠮᠢᠳᠠᠨ ᠤ ᠪᠦᠳᠦᠬᠡᠭᠳᠡᠬᠦᠨ ᠢ ᠬᠤᠳᠠᠯᠳᠣᠨ ᠠᠪᠬᠤ᠂ ᠵᠦᠬᠡᠬᠡᠪᠦᠷᠢᠯᠡᠬᠦ᠂ ᠬᠤᠳᠠᠯᠳᠣᠬᠤ ᠶᠠᠯ᠎ᠠ︾ ᠬᠠᠣᠯᠢ ᠪᠣᠰᠣ ᠪᠠᠷ ᠣᠯᠣᠰ ᠎ ᠠᠴᠠ ᠭᠤᠣᠯᠳᠠᠯᠭ᠎ᠠ ᠲᠠᠢ ᠬᠠᠮᠠᠭᠠᠯᠠᠵᠦ ᠪᠠᠶᠢᠭ᠎ᠠ ᠬᠤᠪᠣᠷ ᠨᠠᠨᠳᠢᠨ ᠣᠰᠠᠳᠬᠤ ᠰᠢᠬᠠᠭᠰᠠᠨ ᠬᠡᠭᠡᠷ᠎ᠡ ᠶᠢᠨ ᠠᠮᠢᠳᠠᠨ ᠢ ᠠᠩᠨᠠᠨ ᠠᠯᠠᠭᠰᠠᠨ ᠪᠣᠶᠣ ᠬᠠᠣᠯᠢ ᠪᠣᠰᠣ ᠪᠠᠷ ᠣᠯᠣᠰ ᠠᠴᠠ ᠭᠤᠣᠯᠳᠠᠯᠭ᠎ᠠ ᠲᠠᠢ ᠬᠠᠮᠠᠭᠠᠯᠠᠵᠦ ᠪᠠᠶᠢᠭ᠎ᠠ ᠬᠤᠪᠣᠷ ᠨᠠᠨᠳᠢᠨ ᠣᠰᠠᠳᠬᠤ ᠰᠢᠬᠠᠭᠰᠠᠨ ᠬᠡᠭᠡᠷ᠎ᠡ ᠶᠢᠨ ᠠᠮᠢᠳᠠᠨ ᠵᠢᠴᠢ ᠬᠤᠪᠣᠷ ᠨᠠᠨᠳᠢᠨ ᠣᠰᠠᠳᠬᠤ ᠰᠢᠬᠠᠭᠰᠠᠨ ᠬᠡᠭᠡᠷ᠎ᠡ ᠶᠢᠨ ᠠᠮᠢᠳᠠᠨ ᠤ ᠪᠦᠳᠦᠬᠡᠭᠳᠡᠬᠦᠨ ᠢ ᠬᠤᠳᠠᠯᠳᠣᠨ ᠠᠪᠬᠤ᠂ ᠵᠦᠬᠡᠬᠡᠪᠦᠷᠢᠯᠡᠬᠦ᠂ ᠬᠤᠳᠠᠯᠳᠣᠭᠰᠠᠨ ᠢ ᠲᠠᠪᠣᠨ ᠵᠢᠯ ᠠᠴᠠ ᠲᠣᠷᠣᠭᠰᠢ ᠬᠤᠭᠤᠴᠠᠭ᠎ᠠ ᠲᠠᠢ ᠬᠤᠷᠢᠬᠤ ᠪᠣᠶᠣ ᠬᠤᠷᠢᠵᠦ ᠬᠦᠳᠡᠯᠮᠦᠷᠢᠯᠡᠬᠦᠯᠬᠦ ᠶᠢᠨ ᠬᠠᠮᠳᠣ ᠵᠣᠭᠤᠰ ᠢᠶᠠᠷ ᠲᠣᠷᠭᠠᠨ᠎ᠠ ᠃ ᠦᠢᠯᠡ ᠠᠵᠢᠯᠯᠠᠭ᠎ᠠ ᠨᠢ ᠬᠦᠨᠳᠣ ᠨᠣᠴᠢᠳᠠᠢ ᠪᠣᠯ ᠲᠠᠪᠣᠨ ᠵᠢᠯ ᠠᠴᠠ ᠲᠡᠭᠡᠭᠰᠢ ᠠᠷᠪᠠᠨ ᠵᠢᠯ ᠠᠴᠠ ᠲᠣᠷᠣᠭᠰᠢ ᠬᠤᠭᠤᠴᠠᠭ᠎ᠠ ᠲᠠᠢ ᠬᠤᠷᠢᠬᠤ ᠶᠢᠨ ᠬᠠᠮᠳᠣ ᠵᠣᠭᠤᠰ ᠢᠶᠠᠷ ᠲᠣᠷᠭᠠᠨ᠎ᠠ᠃ ᠦᠢᠯᠡ ᠠᠵᠢᠯᠯᠠᠭ᠎ᠠ ᠨᠢ ᠣᠨᠴᠠᠭᠠᠢ ᠬᠦᠨᠳᠣ ᠨᠣᠴᠢᠳᠠᠢ ᠪᠣᠯ ᠠᠷᠪᠠᠨ ᠵᠢᠯ ᠠᠴᠠ ᠲᠡᠭᠡᠭᠰᠢ ᠬᠤᠭᠤᠴᠠᠭ᠎ᠠ ᠲᠠᠢ ᠬᠤᠷᠢᠬᠤ ᠶᠢᠨ ᠬᠠᠮᠳᠣ ᠵᠣᠭᠤᠰ ᠢᠶᠠᠷ ᠲᠣᠷᠭᠠᠬᠤ ᠪᠣᠶᠣ ᠡᠳ᠋ ᠬᠦᠷᠦᠩᠭᠡ ᠶᠢ ᠨᠢ ᠬᠤᠷᠢᠶᠠᠨ ᠠᠪᠣᠨ᠎ᠠ᠃    ᠠᠩᠨᠠᠬᠤ ᠬᠠᠣᠯᠢ ᠲᠣᠭᠳᠠᠭᠠᠯ ᠢ ᠵᠦᠷᠢᠴᠡᠵᠦ᠂ ᠠᠩᠨᠠᠵᠦ ᠪᠣᠯᠬᠤ ᠦᠬᠡᠢ ᠣᠷᠣᠨ᠂ ᠠᠩᠨᠠᠵᠦ ᠪᠣᠯᠬᠤ ᠦᠬᠡᠢ ᠬᠤᠭᠤᠴᠠᠭ᠎ᠠ ᠪᠣᠶᠣ ᠬᠡᠷᠡᠭᠯᠡᠵᠦ ᠪᠣᠯᠬᠤ ᠦᠬᠡᠢ ᠪᠠᠭᠠᠵᠢ᠂ ᠠᠷᠭ᠎ᠠ ᠬᠡᠮᠵᠢᠶ᠎ᠡ ᠶᠢ ᠬᠡᠷᠡᠭᠯᠡᠨ ᠠᠩᠨᠠᠵᠦ᠂ ᠬᠡᠬᠡᠷ᠎ᠡ ᠶᠢᠨ ᠠᠮᠢᠳᠠᠨ ᠤ ᠡᠬᠢ ᠪᠠᠶᠠᠯᠢᠭ ᠢ ᠡᠪᠳᠡᠭᠰᠡᠨ ᠦᠢᠯᠡ ᠠᠵᠢᠯᠯᠠᠭ᠎ᠠ ᠨᠢ ᠬᠦᠨᠳᠣ ᠨᠣᠴᠢᠳᠠᠢ ᠪᠣᠯ ᠭᠤᠷᠪᠠᠨ ᠵᠢᠯ ᠠᠴᠠ ᠲᠣᠷᠣᠭᠰᠢ ᠬᠤᠭᠤᠴᠠᠭ᠎ᠠ ᠲᠠᠢ ᠬᠤᠷᠢᠬᠤ᠂ ᠬᠤᠷᠢᠵᠦ ᠬᠦᠳᠡᠯᠮᠦᠷᠢᠯᠡᠬᠦᠯᠬᠦ᠂ ᠵᠠᠬᠢᠷᠣᠨ ᠬᠢᠵᠠᠭᠠᠷᠯᠠᠬᠤ ᠪᠣᠶᠣ ᠵᠣᠭᠤᠰ ᠎ ᠢᠶᠠᠷ ᠲᠣᠷᠭᠠᠨ᠎ᠠ᠃    ᠭᠤᠷᠪᠠᠨ ᠵᠠᠭᠤ ᠲᠦᠴᠢᠨ ᠬᠤᠶᠠᠳᠣᠭᠠᠷ ᠵᠣᠷᠪᠣᠰ   ︽ᠬᠠᠣᠯᠢ ᠪᠣᠰᠣ ᠪᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠠᠯ᠎ᠠ︾ ᠭᠠᠵᠠᠷ ᠰᠢᠷᠣᠢ ᠶᠢᠨ ᠬᠠᠮᠢᠶᠠᠷᠣᠯᠳᠠ ᠶᠢᠨ ᠬᠠᠣᠯᠢ ᠲᠣᠭᠳᠠᠭᠠᠯ ᠢ ᠵᠦᠷᠢᠴᠡᠵᠦ᠂ ᠬᠠᠣᠯᠢ ᠪᠣᠰᠣ ᠎ ᠪᠠᠷ ᠲᠠᠷᠢᠶᠠᠨ ᠭᠠᠵᠠᠷ᠂ ᠣᠢ ᠰᠢᠭᠤᠢ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ᠂ ᠡᠵᠡᠯᠡᠨ ᠬᠡᠷᠡᠭᠯᠡᠭᠰᠡᠨ ᠭᠠᠵᠠᠷ ᠰᠢᠷᠣᠢ ᠶᠢᠨ ᠬᠡᠷᠡᠭᠴᠡᠭᠡ ᠶᠢ ᠦᠬᠡᠷᠡᠴᠢᠯᠡᠭᠰᠡᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ᠂ ᠲᠠᠷᠢᠶᠠᠨ ᠭᠠᠵᠠᠷ ᠣᠢ ᠰᠢᠭᠤᠢ ᠵᠡᠷᠬᠡ ᠲᠠᠷᠢᠶᠠᠯᠠᠩ ᠳᠤ ᠬᠡᠷᠡᠭᠯᠡᠬᠦ ᠭᠠᠵᠠᠷ ᠢ ᠶᠡᠭᠡ ᠬᠡᠮᠵᠢᠶ᠎ᠡ ᠪᠠᠷ ᠰᠦᠢᠳᠬᠡᠭᠰᠡᠨ ᠪᠣᠯ ᠂ ᠲᠠᠪᠣᠨ ᠵᠢᠯ ᠠᠴᠠ ᠲᠣᠷᠣᠭᠰᠢ ᠬᠤᠭᠤᠴᠠᠭ᠎ᠠ ᠲᠠᠢ ᠬᠤᠷᠢᠬᠤ ᠪᠣᠶᠣ ᠬᠤᠷᠢᠵᠦ ᠬᠦᠳᠡᠯᠮᠦᠷᠢᠯᠡᠬᠦᠯᠬᠦ ᠶᠢᠨ ᠬᠠᠮᠳᠣ ᠵᠣᠭᠤᠰ ᠢᠶᠠᠷ ᠲᠣᠷᠭᠠᠬᠤ ᠪᠣᠶᠣ ᠲᠣᠰ ᠲᠤᠨᠢ ᠵᠣᠭᠤᠰ ᠢᠶᠠᠷ ᠲᠣᠷᠭᠠᠨ᠎ᠠ᠃    ᠭᠤᠷᠪᠠᠨ ᠵᠠᠭᠤ ᠲᠦᠴᠢᠨ ᠲᠦᠷᠪᠡᠳᠦᠭᠡᠷ ᠵᠣᠷᠪᠣᠰ   ︽ᠬᠠᠣᠯᠢ ᠪᠣᠰᠣ ᠪᠠᠷ ᠣᠯᠣᠰ ᠤᠨ ᠭᠤᠣᠯᠳᠠᠯᠭ᠎ᠠ ᠲᠠᠢ ᠬᠠᠮᠠᠭᠠᠯᠠᠬᠤ ᠣᠷᠭᠤᠮᠠᠯ ᠢ ᠣᠭᠳᠣᠯᠬᠤ᠂ ᠡᠪᠳᠡᠨ ᠰᠦᠢᠳᠬᠡᠬᠦ ᠶᠠᠯ᠎ᠠ᠃ ᠬᠠᠣᠯᠢ ᠪᠣᠰᠣ ᠪᠠᠷ ᠣᠯᠣᠰ ᠤᠨ ᠭᠤᠣᠯᠳᠠᠯᠭ᠎ᠠ ᠲᠠᠢ ᠬᠠᠮᠠᠭᠠᠯᠠᠬᠤ ᠣᠷᠭᠤᠮᠠᠯ ᠵᠢᠴᠢ ᠣᠯᠣᠰ ᠤᠨ ᠭᠤᠣᠯᠳᠠᠯᠭ᠎ᠠ ᠲᠠᠢ ᠬᠠᠮᠠᠭᠠᠯᠠᠬᠤ ᠣᠷᠭᠤᠮᠠᠯ ᠤᠨ ᠪᠦᠳᠦᠬᠡᠭᠳᠡᠬᠦᠨ ᠢ ᠬᠤᠳᠠᠯᠳᠣᠨ ᠠᠪᠬᠤ᠂ ᠵᠦᠬᠡᠬᠡᠪᠦᠷᠢᠯᠡᠬᠦ᠂ ᠦᠢᠯᠡᠳᠪᠦᠷᠢᠯᠡᠬᠦ᠂ ᠬᠤᠳᠠᠯᠳᠣᠬᠤ ᠶᠠᠯ᠎ᠠ︾ ᠣᠯᠣᠰ ᠎ ᠤᠨ ᠲᠣᠭᠳᠠᠭᠠᠯ ᠢ ᠵᠦᠷᠢᠴᠡᠵᠦ᠂ ᠬᠤᠪᠣᠷ ᠨᠠᠨᠳᠢᠨ ᠮᠣᠳᠣ ᠪᠣᠶᠣ ᠣᠯᠣᠰ ᠤᠨ ᠭᠤᠣᠯᠳᠠᠯᠭ᠎ᠠ ᠲᠠᠢ ᠬᠠᠮᠠᠭᠠᠯᠠᠬᠤ ᠪᠣᠰᠣᠳ ᠣᠷᠭᠤᠮᠠᠯ ᠢ ᠬᠠᠣᠯᠢ ᠪᠣᠰᠣ ᠪᠠᠷ ᠣᠭᠳᠣᠯᠬᠤ᠂ ᠡᠪᠳᠡᠨ ᠰᠦᠢᠳᠬᠡᠬᠦ ᠪᠣᠶᠣ ᠬᠤᠪᠣᠷ ᠨᠠᠨᠳᠢᠨ ᠮᠣᠳᠣ ᠪᠣᠶᠣ ᠣᠯᠣᠰ ᠤᠨ ᠭᠤᠣᠯᠳᠠᠯᠭ᠎ᠠ ᠲᠠᠢ ᠬᠠᠮᠠᠭᠠᠯᠠᠬᠤ ᠪᠣᠰᠣᠳ ᠣᠷᠭᠤᠮᠠᠯ ᠵᠢᠴᠢ ᠲᠡᠬᠦᠨ ᠤ ᠪᠦᠳᠦᠬᠡᠭᠳᠡᠬᠦᠨ ᠢ ᠬᠤᠳᠠᠯᠳᠣᠨ ᠠᠪᠬᠤ᠂ ᠵᠦᠬᠡᠬᠡᠪᠦᠷᠢᠯᠡᠬᠦ᠂ ᠦᠢᠯᠡᠳᠪᠦᠷᠢᠯᠡᠬᠦ᠂ ᠬᠤᠳᠠᠯᠳᠣᠭᠰᠠᠨ ᠢ ᠭᠤᠷᠪᠠᠨ ᠵᠢᠯ ᠠᠴᠠ ᠲᠣᠷᠣᠭᠰᠠᠢ ᠬᠤᠭᠤᠴᠠᠭ᠎ᠠ ᠎ ᠲᠠᠢ ᠬᠤᠷᠢᠬᠤ᠂ ᠬᠤᠷᠢᠵᠦ ᠬᠦᠳᠡᠯᠮᠦᠷᠢᠯᠡᠬᠦᠯᠬᠦ ᠪᠣᠶᠣ ᠵᠠᠬᠢᠷᠣᠨ ᠬᠢᠵᠠᠭᠠᠷᠯᠠᠬᠤ ᠶᠢᠨ ᠬᠠᠮᠳᠣ ᠵᠣᠭᠤᠰ ᠢᠶᠠᠷ ᠲᠣᠷᠭᠠᠨ᠎ᠠ᠃ ᠦᠢᠯᠡ ᠠᠵᠢᠯᠯᠠᠭ᠎ᠠ ᠨᠢ ᠬᠦᠨᠳᠣ ᠨᠣᠴᠢᠳᠠᠢ ᠪᠣᠯ ᠭᠤᠷᠪᠠᠨ ᠵᠢᠯ ᠠᠴᠠ ᠲᠡᠭᠡᠭᠰᠢ ᠲᠣᠯᠣᠭᠠᠨ ᠵᠢᠯ ᠠᠴᠠ ᠲᠣᠷᠣᠭᠰᠢ ᠬᠤᠭᠤᠴᠠᠭ᠎ᠠ ᠲᠠᠢ ᠬᠤᠷᠢᠬᠤ ᠶᠢᠨ ᠬᠠᠮᠳᠣ ᠵᠣᠭᠤᠰ ᠢᠶᠠᠷ ᠲᠣᠷᠭᠠᠨ᠎ᠠ᠃    ᠭᠤᠷᠪᠠᠨ ᠵᠠᠭᠤ ᠲᠦᠴᠢᠨ ᠲᠠᠪᠣᠳᠣᠭᠠᠷ ᠵᠣᠷᠪᠣᠰ   ︽ᠣᠢ ᠶᠢᠨ ᠮᠣᠳᠣ ᠶᠢ ᠬᠤᠯᠠᠭᠠᠶᠢᠯᠠᠨ ᠣᠭᠳᠣᠯᠣᠭᠰᠠᠨ ᠶᠠᠯ᠎ᠠ᠃ ᠣᠢ ᠶᠢᠨ ᠮᠣᠳᠣ ᠶᠢ ᠲᠣᠷ᠎ᠠ ᠪᠠᠷ ᠣᠭᠳᠣᠯᠣᠭᠰᠠᠨ ᠶᠠᠯ᠎ᠠ᠃ ᠬᠠᠣᠯᠢ ᠪᠣᠰᠣ ᠪᠠᠷ ᠬᠤᠯᠠᠭᠠᠶᠢᠯᠠᠨ ᠣᠭᠳᠣᠯᠣᠭᠰᠠᠨ᠂ ᠲᠣᠷ᠎ᠠ ᠪᠠᠷ ᠣᠭᠳᠣᠯᠣᠭᠰᠠᠨ ᠣᠢ ᠶᠢᠨ ᠮᠣᠳᠣ ᠶᠢ ᠬᠤᠳᠠᠯᠳᠣᠨ ᠠᠪᠬᠤ᠂ ᠵᠦᠬᠡᠬᠡᠪᠦᠷᠢᠯᠡᠬᠦ ᠶᠠᠯ᠎ᠠ ︾ ᠣᠢ ᠰᠢᠭᠤᠢ ᠪᠣᠶᠣ ᠪᠣᠰᠣᠳ ᠣᠢ ᠶᠢᠨ ᠮᠣᠳᠣ ᠶᠢ ᠬᠤᠯᠠᠭᠠᠶᠢᠯᠠᠨ ᠣᠭᠳᠣᠯᠣᠭᠰᠠᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠣᠯ ᠭᠤᠷᠪᠠᠨ ᠵᠢᠯ ᠠᠴᠠ ᠲᠣᠷᠣᠭᠰᠢ ᠬᠤᠭᠤᠴᠠᠭ᠎ᠠ ᠲᠠᠢ ᠬᠤᠷᠢᠬᠤ᠂ ᠬᠤᠷᠢᠵᠦ ᠬᠦᠳᠡᠯᠮᠦᠷᠢᠯᠡᠬᠦᠯᠬᠦ ᠪᠣᠶᠣ ᠵᠠᠬᠢᠷᠣᠨ ᠬᠢᠵᠠᠭᠠᠷᠯᠠᠬᠤ ᠶᠢᠨ ᠬᠠᠮᠳᠣ ᠵᠣᠭᠤᠰ ᠢᠶᠠᠷ ᠲᠣᠷᠭᠠᠬᠤ ᠪᠣᠶᠣ ᠲᠣᠰ ᠲᠤᠨᠢ ᠵᠣᠭᠤᠰ ᠢᠶᠠᠷ ᠲᠣᠷᠭᠠᠨ᠎ᠠ᠃ ᠲᠤᠭ᠎ᠠ ᠬᠡᠮᠵᠢᠶ᠎ᠡ ᠨᠢ ᠮᠠᠰᠢ ᠶᠡᠭᠡ ᠪᠣᠯ ᠭᠤᠷᠪᠠᠨ ᠵᠢᠯ ᠠᠴᠠ ᠲᠡᠭᠡᠭᠰᠢ ᠲᠣᠯᠣᠭᠠᠨ ᠵᠢᠯ ᠠᠴᠠ ᠲᠣᠷᠣᠭᠰᠢ ᠬᠤᠭᠤᠴᠠᠭ᠎ᠠ ᠲᠠᠢ ᠬᠤᠷᠢᠬᠤ ᠶᠢᠨ ᠬᠠᠮᠳᠣ ᠵᠣᠭᠤᠰ ᠢᠶᠠᠷ ᠲᠣᠷᠭᠠᠨ᠎ᠠ᠃ ᠲᠤᠭ᠎ᠠ ᠬᠡᠮᠵᠢᠶ᠎ᠡ ᠨᠢ ᠣᠨᠴᠠᠭᠠᠢ ᠶᠡᠭᠡ ᠪᠣᠯ ᠲᠣᠯᠣᠭᠠᠨ ᠵᠢᠯ ᠠᠴᠠ ᠲᠡᠭᠡᠭᠰᠢ ᠬᠤᠭᠤᠴᠠᠭ᠎ᠠ ᠲᠠᠢ ᠬᠤᠷᠢᠬᠤ ᠶᠢᠨ ᠬᠠᠮᠳᠣ ᠵᠣᠭᠤᠰ ᠢᠶᠠᠷ ᠲᠣᠷᠭᠠᠨ᠎ᠠ᠃    ᠣᠢ ᠰᠢᠭᠤᠢ ᠶᠢᠨ ᠬᠠᠣᠯᠢ ᠶᠢᠨ ᠲᠣᠭᠳᠠᠭᠠᠯ ᠢ ᠵᠦᠷᠢᠴᠡᠵᠦ᠂ ᠣᠢ ᠰᠢᠭᠤᠢ ᠪᠣᠶᠣ ᠪᠣᠰᠣᠳ ᠣᠢ ᠶᠢᠨ ᠮᠣᠳᠣ ᠎ ᠶᠢ ᠲᠣᠷ᠎ᠠ ᠪᠠᠷ ᠣᠭᠳᠣᠯᠣᠭᠰᠠᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠣᠯ ᠭᠤᠷᠪᠠᠨ ᠵᠢᠯ ᠠᠴᠠ ᠲᠣᠷᠣᠭᠰᠢ ᠬᠤᠭᠤᠴᠠᠭ᠎ᠠ ᠲᠠᠢ ᠬᠤᠷᠢᠬᠤ᠂ ᠬᠤᠷᠢᠵᠦ ᠬᠦᠳᠡᠯᠮᠦᠷᠢᠯᠡᠬᠦᠯᠬᠦ ᠪᠣᠶᠣ ᠵᠠᠬᠢᠷᠣᠨ ᠬᠢᠵᠠᠭᠠᠷᠯᠠᠬᠤ ᠶᠢᠨ ᠬᠠᠮᠳᠣ ᠵᠣᠭᠤᠰ ᠎ ᠢᠶᠠᠷ ᠲᠣᠷᠭᠠᠬᠤ ᠪᠣᠶᠣ ᠲᠣᠰ ᠲᠤᠨᠢ ᠵᠣᠭᠤᠰ ᠢᠶᠠᠷ ᠲᠣᠷᠭᠠᠨ᠎ᠠ᠃ ᠲᠤᠭ᠎ᠠ ᠬᠡᠮᠵᠢᠶ᠎ᠡ ᠨᠢ ᠮᠠᠰᠢ ᠶᠡᠭᠡ ᠪᠣᠯ ᠭᠤᠷᠪᠠᠨ ᠵᠢᠯ ᠠᠴᠠ ᠲᠡᠭᠡᠭᠰᠢ ᠲᠣᠯᠣᠭᠠᠨ ᠵᠢᠯ ᠠᠴᠠ ᠲᠣᠷᠣᠭᠰᠢ ᠬᠤᠭᠤᠴᠠᠭ᠎ᠠ ᠲᠠᠢ ᠬᠤᠷᠢᠬᠤ ᠶᠢᠨ ᠬᠠᠮᠳᠣ ᠵᠣᠭᠤᠰ ᠢᠶᠠᠷ ᠲᠣᠷᠭᠠᠨ᠎ᠠ᠃    ᠣᠢ ᠶᠢᠨ ᠮᠣᠳᠣ ᠶᠢ ᠬᠤᠯᠠᠭᠠᠶᠢᠯᠠᠨ ᠣᠭᠳᠣᠯᠣᠭᠰᠠᠨ ᠲᠣᠷ᠎ᠠ ᠪᠠᠷ ᠣᠭᠳᠣᠯᠣᠭᠰᠠᠨ ᠢ ᠮᠡᠳᠡᠵᠦ ᠪᠠᠶᠢᠭᠠᠳ ᠬᠠᠣᠯᠢ ᠪᠣᠰᠣ ᠪᠠᠷ ᠬᠤᠳᠠᠯᠳᠣᠨ ᠠᠪᠬᠤ᠂ ᠵᠦᠬᠡᠬᠡᠪᠦᠷᠢᠯᠡᠬᠦ ᠦᠢᠯᠡ ᠠᠵᠢᠯᠯᠠᠭ᠎ᠠ ᠨᠢ ᠬᠦᠨᠳᠣ ᠨᠣᠴᠢᠳᠠᠢ ᠪᠣᠯ ᠭᠤᠷᠪᠠᠨ ᠵᠢᠯ ᠠᠴᠠ ᠲᠣᠷᠣᠭᠰᠢ ᠬᠤᠭᠤᠴᠠᠭ᠎ᠠ ᠲᠠᠢ ᠬᠤᠷᠢᠬᠤ᠂ ᠬᠤᠷᠢᠵᠦ ᠬᠦᠳᠡᠯᠮᠦᠷᠢᠯᠡᠬᠦᠯᠬᠦ ᠪᠣᠶᠣ ᠵᠠᠬᠢᠷᠣᠨ ᠬᠢᠵᠠᠭᠠᠷᠯᠠᠬᠤ ᠶᠢᠨ ᠬᠠᠮᠳᠣ ᠵᠣᠭᠤᠰ ᠢᠶᠠᠷ ᠲᠣᠷᠭᠠᠬᠤ ᠪᠣᠶᠣ ᠲᠣᠰ ᠲᠤᠨᠢ ᠵᠣᠭᠤᠰ ᠢᠶᠠᠷ ᠲᠣᠷᠭᠠᠨ᠎ᠠ᠃ ᠦᠢᠯᠡ ᠠᠵᠢᠯᠯᠠᠭ᠎ᠠ ᠨᠢ ᠣᠨᠴᠠᠭᠠᠢ ᠬᠦᠨᠳᠣ ᠨᠣᠴᠢᠳᠠᠢ ᠪᠣᠯ ᠭᠤᠷᠪᠠᠨ ᠵᠢᠯ ᠠᠴᠠ ᠲᠡᠭᠡᠭᠰᠢ ᠲᠣᠯᠣᠭᠠᠨ ᠵᠢᠯ ᠠᠴᠠ ᠲᠣᠷᠣᠭᠰᠢ ᠬᠤᠭᠤᠴᠠᠭ᠎ᠠ ᠲᠠᠢ ᠬᠤᠷᠢᠬᠤ ᠶᠢᠨ ᠬᠠᠮᠳᠣ ᠵᠣᠭᠤᠰ ᠢᠶᠠᠷ ᠲᠣᠷᠭᠠᠨ᠎ᠠ᠃ ᠣᠯᠣᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠲᠣᠳᠣᠷᠠᠬᠢ ᠣᠢ ᠰᠢᠭᠤᠢ ᠪᠣᠶᠣ ᠪᠣᠰᠣᠳ ᠣᠢ ᠎ ᠶᠢᠨ ᠮᠣᠳᠣ ᠶᠢ ᠬᠤᠯᠠᠭᠠᠶᠢᠯᠠᠨ ᠣᠭᠳᠣᠯᠣᠭᠰᠠᠨ ᠲᠣᠷ᠎ᠠ ᠪᠠᠷ ᠣᠭᠳᠣᠯᠣᠭᠰᠠᠨ ᠪᠣᠯ ᠬᠦᠨᠳᠣ ᠪᠠᠷ ᠰᠢᠢᠳᠭᠡᠨ᠎ᠡ᠃    ᠭᠤᠷᠪᠠᠨ ᠵᠠᠭᠤ ᠲᠦᠴᠢᠨ ᠵᠢᠷᠭᠤᠳᠣᠭᠠᠷ ᠵᠣᠷᠪᠣᠰ   ︽ᠪᠠᠶᠢᠭᠤᠯᠭ᠎ᠠ ᠠᠴᠠ ᠣᠷᠴᠢᠨ ᠲᠣᠭᠤᠷᠢᠨ ᠤ ᠡᠬᠢ ᠪᠠᠶᠠᠯᠢᠭ ᠤᠨ ᠬᠠᠮᠠᠭᠠᠯᠠᠯᠳᠠ ᠶᠢ ᠡᠪᠳᠡᠬᠦ ᠶᠠᠯ᠎ᠠ ᠬᠢᠭᠰᠡᠨ ᠢ ᠰᠢᠢᠳᠭᠡᠨ ᠲᠣᠷᠭᠠᠬᠤ ᠲᠣᠭᠳᠠᠭᠠᠯ︾ ᠪᠠᠶᠢᠭᠤᠯᠭ᠎ᠠ ᠲᠣᠰ ᠬᠡᠰᠡᠭ ᠤᠨ ᠭᠤᠷᠪᠠᠨ ᠵᠠᠭᠤ ᠭᠤᠴᠢᠨ ᠨᠠᠶᠢᠮᠠᠳᠣᠭᠠᠷ ᠵᠣᠷᠪᠣᠰ ᠠᠴᠠ ᠭᠤᠷᠪᠠᠨ ᠵᠠᠭᠤ ᠲᠦᠴᠢᠨ ᠲᠠᠪᠣᠳᠣᠭᠠᠷ ᠵᠣᠷᠪᠣᠰ ᠬᠦᠷᠳᠡᠯ᠎ᠡ ᠶᠢᠨ ᠲᠣᠭᠳᠠᠭᠠᠯ ᠢ ᠵᠦᠷᠢᠴᠡᠭᠰᠡᠨ ᠶᠡᠯ᠎ᠠ ᠬᠢᠪᠡᠯ᠂ ᠪᠠᠶᠢᠭᠤᠯᠭ᠎ᠠ ᠶᠢ ᠵᠣᠭᠤᠰ ᠢᠶᠠᠷ ᠲᠣᠷᠭᠠᠬᠤ ᠶᠢᠨ ᠬᠠᠮᠳᠣ ᠰᠢᠭᠤᠳ ᠬᠠᠷᠢᠭᠤᠴᠠᠭᠴᠢ ᠭᠤᠣᠯ ᠬᠠᠷᠢᠭᠤᠴᠠᠯᠭᠠᠳᠠᠨ ᠪᠠ ᠪᠣᠰᠣᠳ ᠰᠢᠭᠤᠳ ᠬᠠᠷᠢᠭᠤᠴᠠᠭᠴᠢ ᠶᠢ ᠲᠣᠰ ᠬᠡᠰᠡᠭ ᠎ ᠤᠨ ᠡᠯ᠎ᠡ ᠲᠣᠰ ᠵᠣᠷᠪᠣᠰ ᠤᠨ ᠲᠣᠭᠳᠠᠭᠠᠯ ᠢᠶᠠᠷ ᠲᠣᠷᠭᠠᠨ᠎ᠠ᠃    ᠭᠤᠷᠪᠠᠨ ᠵᠠᠭᠤ ᠲᠦᠴᠢᠨ ᠬᠤᠶᠠᠳᠣᠭᠠᠷ ᠵᠣᠷᠪᠣᠰ    ᠲᠠᠯ᠎ᠠ ᠨᠣᠳᠤᠭ ᠤᠨ ᠬᠠᠣᠯᠢ ᠵᠡᠷᠬᠡ ᠭᠠᠵᠠᠷ ᠰᠢᠷᠣᠢ ᠶᠢᠨ ᠬᠠᠮᠢᠶᠠᠷᠣᠯᠳᠠ ᠶᠢᠨ ᠬᠠᠣᠯᠢ ᠲᠣᠭᠳᠠᠭᠠᠯ ᠢ ᠵᠦᠷᠢᠴᠡᠵᠦ᠂ ᠬᠠᠣᠯᠢ ᠪᠣᠰᠣ ᠪᠠᠷ ᠲᠠᠯ᠎ᠠ ᠨᠣᠳᠤᠭ ᠢ ᠡᠵᠡᠯᠡᠨ ᠬᠡᠷᠡᠭᠯᠡᠬᠦ᠂ ᠡᠵᠡᠯᠡᠨ ᠬᠡᠷᠡᠭᠯᠡᠭᠰᠡᠨ ᠲᠠᠯ᠎ᠠ ᠨᠣᠳᠤᠭ ᠤᠨ ᠬᠡᠷᠡᠭᠴᠡᠭᠡ ᠶᠢ ᠦᠬᠡᠷᠡᠴᠢᠯᠡᠭᠰᠡᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ᠂ ᠲᠠᠯ᠎ᠠ ᠨᠣᠳᠤᠭ ᠢ ᠶᠡᠭᠡ ᠬᠡᠮᠵᠢᠶ᠎ᠡ ᠪᠠᠷ ᠡᠪᠳᠡᠨ ᠰᠦᠢᠳᠭᠡᠭᠰᠡᠨ ᠪᠣᠯ᠂ ᠡᠷᠡᠬᠦᠦ ᠶᠢᠨ ᠬᠠᠣᠯᠢ ᠶᠢᠨ ᠭᠤᠷᠪᠠᠨ ᠵᠠᠭᠤ ᠲᠦᠴᠢᠨ ᠬᠤᠶᠠᠳᠣᠭᠠᠷ ᠵᠣᠷᠪᠣᠰ ᠤᠨ ᠲᠣᠭᠳᠠᠭᠠᠯ ᠢᠶᠠᠷ ᠲᠠᠷᠢᠶᠠᠯᠠᠩ ᠳᠤ ᠭᠡᠷᠡᠭᠯᠡᠬᠦ ᠭᠠᠵᠠᠷ ᠢ ᠬᠠᠣᠯᠢ ᠪᠣᠰᠣ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠲᠣᠭᠳᠠᠭᠠᠵᠦ ᠲᠣᠷᠭᠠᠨ᠎ᠠ᠃    ᠭᠤᠷᠪᠠᠨ ᠵᠠᠭᠤ ᠲᠦᠴᠢᠨ ᠬᠤᠶᠠᠳᠣᠭᠠᠷ ᠵᠣᠷᠪᠣᠰ   ᠬᠠᠣᠯᠢ ᠪᠣᠰᠣ ᠪᠠᠷ ᠲᠠᠯ᠎ᠠ ᠨᠣᠳᠤᠭ ᠢ ᠡᠵᠡᠯᠡᠨ ᠬᠡᠷᠡᠭᠯᠡᠬᠦ᠂ ᠡᠵᠡᠯᠡᠨ ᠬᠡᠷᠡᠭᠯᠡᠭᠰᠡᠨ ᠲᠠᠯ᠎ᠠ ᠨᠣᠳᠤᠭ ᠤᠨ ᠬᠡᠷᠡᠭᠴᠡᠭᠡ ᠶᠢ ᠦᠬᠡᠷᠡᠴᠢᠯᠡᠭᠰᠡᠨ ᠲᠤᠭ᠎ᠠ ᠬᠡᠮᠵᠢᠶ᠎ᠡ ᠨᠢ ᠬᠤᠷᠢᠨ ᠮᠦ ᠠᠴᠠ ᠲᠡᠭᠡᠭᠰᠢ ᠪᠠᠶᠢᠬᠤ ᠪᠣᠶᠣ ᠦᠩᠬᠡᠷᠡᠭᠰᠡᠨ ᠳᠤ ᠬᠠᠣᠯᠢ ᠪᠣᠰᠣ ᠪᠠᠷ ᠲᠠᠯ᠎ᠠ ᠨᠣᠳᠤᠭ ᠢ ᠡᠵᠡᠯᠡᠨ ᠬᠡᠷᠡᠭᠯᠡᠭᠰᠡᠨ ᠠᠴᠠ ᠪᠣᠯᠵᠦ ᠵᠠᠰᠠᠭ ᠵᠠᠬᠢᠷᠭᠠᠨ ᠤ ᠰᠢᠢᠳᠬᠡᠯ ᠣᠯᠵᠦ᠂ ᠭᠤᠷᠪᠠᠨ ᠵᠢᠯ ᠤᠨ ᠲᠣᠳᠣᠷ᠎ᠠ ᠲᠠᠬᠢᠨ ᠬᠠᠣᠯᠢ ᠪᠣᠰᠣ ᠪᠠᠷ ᠲᠠᠯ᠎ᠠ ᠨᠣᠳᠤᠭ ᠢ ᠡᠵᠡᠯᠡᠨ ᠬᠡᠷᠡᠭᠯᠡᠬᠦ᠂ ᠡᠵᠡᠯᠡᠨ ᠬᠡᠷᠡᠭᠯᠡᠭᠰᠡᠨ ᠲᠠᠯ᠎ᠠ ᠨᠣᠳᠤᠭ ᠤᠨ ᠬᠡᠷᠡᠭᠴᠡᠭᠡ ᠶᠢ ᠦᠬᠡᠷᠡᠴᠢᠯᠡᠭᠰᠡᠨ ᠲᠤᠭ᠎ᠠ ᠬᠡᠮᠵᠢᠶ᠎ᠡ ᠨᠢ ᠠᠷᠪᠠᠨ ᠮᠦ ᠠᠴᠠ ᠲᠡᠭᠡᠭᠰᠢ ᠪᠣᠯᠪᠠᠯ ᠡᠷᠡᠬᠦᠦ ᠶᠢᠨ ᠬᠠᠣᠯᠢ ᠶᠢᠨ ᠭᠤᠷᠪᠠᠨ ᠵᠠᠭᠤ ᠲᠦᠴᠢᠨ ᠬᠤᠶᠠᠳᠣᠭᠠᠷ ᠵᠣᠷᠪᠣᠰ ᠤᠨ ᠲᠣᠭᠳᠠᠭᠠᠯ ᠤᠨ ︽ᠲᠤᠭ᠎ᠠ ᠬᠡᠮᠵᠢᠶ᠎ᠡ ᠨᠢ ᠨᠡᠯᠢᠶᠡᠳ ᠶᠡᠭᠡ︾᠎ ᠪᠠᠷ ᠦᠨᠡᠯᠡᠨ ᠲᠣᠭᠳᠠᠭᠠᠨ᠎ᠠ᠃    ᠬᠠᠣᠯᠢ ᠪᠣᠰᠣ ᠪᠠᠷ ᠲᠠᠯ᠎ᠠ ᠨᠣᠳᠤᠭ ᠢ ᠡᠵᠡᠯᠡᠨ ᠬᠡᠷᠡᠭᠯᠡᠬᠦ᠂ ᠡᠵᠡᠯᠡᠨ ᠬᠡᠷᠡᠭᠯᠡᠭᠰᠡᠨ ᠲᠠᠯ᠎ᠠ ᠨᠣᠳᠤᠭ ᠤᠨ ᠬᠡᠷᠡᠭᠴᠡᠭᠡ ᠶᠢ ᠦᠬᠡᠷᠡᠴᠢᠯᠡᠭᠰᠡᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠵᠦ᠂ ᠲᠣᠣᠷᠠᠬᠢ ᠪᠠᠶᠢᠳᠠᠯ ᠤᠨ ᠨᠢᠬᠡ ᠨᠢ ᠪᠠᠶᠢᠪᠠᠯ᠂ ᠡᠷᠡᠬᠦᠦ ᠶᠢᠨ ᠬᠠᠣᠯᠢ ᠶᠢᠨ ᠭᠤᠷᠪᠠᠨ ᠵᠠᠭᠤ ᠲᠦᠴᠢᠨ ᠬᠤᠶᠠᠳᠣᠭᠠᠷ ᠵᠣᠷᠪᠣᠰ ᠤᠨ ᠲᠣᠭᠳᠠᠭᠠᠯ ᠤᠨ ︽ᠲᠠᠷᠢᠶᠠᠨ ᠭᠠᠵᠠᠷ ᠣᠢ ᠰᠢᠭᠤᠢ ᠶᠢᠨ ᠭᠠᠵᠠᠷ ᠵᠡᠷᠬᠡ ᠲᠠᠷᠢᠶᠠᠯᠠᠩ ᠳᠤ ᠬᠡᠷᠡᠭᠯᠡᠬᠦ ᠭᠠᠵᠠᠷ ᠢ ᠶᠡᠭᠡ ᠬᠡᠮᠵᠢᠶ᠎ᠡ ᠪᠠᠷ ᠡᠪᠳᠡᠨ ᠰᠦᠢᠳᠬᠡᠭᠰᠡᠨ︾᠎ ᠢᠶᠠᠷ ᠦᠨᠡᠯᠡᠨ ᠲᠣᠭᠳᠠᠭᠠᠨ᠎ᠠ᠃ ︵ᠨᠢᠬᠡ︶ ᠲᠠᠯ᠎ᠠ ᠨᠣᠳᠤᠭ ᠢ ᠬᠠᠭᠠᠯᠪᠣᠷᠢᠯᠠᠵᠦ ᠠᠮᠣ ᠪᠣᠳᠠᠭ᠎ᠠ ᠲᠠᠷᠢᠬᠤ᠂ ᠠᠵᠦ ᠠᠬᠤᠢ ᠶᠢᠨ ᠲᠠᠷᠢᠮᠠᠯ ᠲᠠᠷᠢᠬᠤ᠂ ᠣᠢ ᠮᠣᠳᠣ ᠲᠠᠷᠢᠬᠤ᠃ ︵ᠬᠤᠶᠠᠷ︶ ᠲᠠᠯ᠎ᠠ ᠨᠣᠳᠤᠭ ᠲᠡᠭᠡᠷ᠎ᠡ ᠵᠣᠭᠤᠷᠢ ᠪᠠᠶᠢᠭᠤᠯᠬᠤ᠂ ᠭᠡᠷ ᠪᠠᠷᠢᠬᠤ᠂ ᠵᠠᠮ ᠵᠠᠰᠠᠬᠤ᠂ ᠡᠯᠡᠰᠣ ᠮᠠᠯᠳᠠᠬᠤ᠂ ᠴᠢᠯᠠᠭᠤ ᠠᠪᠬᠤ᠂ ᠠᠭᠤᠷᠬᠠᠢ ᠮᠠᠯᠳᠠᠬᠤ᠂ ᠰᠢᠷᠣᠢ ᠠᠪᠬᠤ᠂ ᠬᠦᠷᠦᠰᠣ ᠠᠪᠬᠤ᠃ ︵ᠭᠤᠷᠪᠠ︶ ᠲᠠᠯ᠎ᠠ ᠨᠣᠳᠤᠭ ᠲᠡᠭᠡᠷ᠎ᠡ ᠬᠠᠶᠠᠭᠳᠠᠮᠠᠯ ᠪᠣᠳᠠᠰ ᠣᠪᠣᠭᠠᠯᠠᠬᠤ ᠭᠠᠳᠠᠭᠰᠢᠯᠠᠭᠤᠯᠬᠤ ᠠᠴᠠ ᠪᠣᠯᠵᠦ ᠲᠠᠯ᠎ᠠ ᠨᠣᠳᠤᠭ ᠤᠨ ᠣᠣᠯ ᠤᠨ ᠣᠷᠭᠤᠮᠠᠯ ᠬᠤᠴᠢᠯᠭ᠎ᠠ ᠶᠢ ᠬᠦᠨᠳᠣ ᠨᠣᠴᠢᠳᠠᠢ ᠡᠪᠳᠡᠬᠦ ᠪᠣᠶᠣ ᠬᠦᠨᠳᠣ ᠨᠣᠴᠢᠳᠠᠢ ᠪᠣᠬᠢᠷᠳᠣᠭᠤᠯᠬᠤ᠃ ︵ᠲᠦᠷᠪᠡ︶ ᠲᠠᠯ᠎ᠠ ᠨᠣᠳᠤᠭ ᠤᠨ ᠬᠠᠮᠠᠭᠠᠯᠠᠯᠳᠠ ᠪᠠᠶᠢᠭᠤᠯᠣᠯᠳᠠ ᠠᠰᠢᠭᠯᠠᠯᠳᠠ ᠶᠢᠨ ᠲᠣᠭᠳᠠᠭᠠᠯ ᠢ ᠵᠦᠷᠢᠴᠡᠵᠦ ᠲᠡᠵᠢᠬᠡᠯ ᠡᠪᠡᠰᠣ ᠪᠣᠶᠣ ᠪᠣᠷᠳᠣᠭᠠᠨ ᠡᠪᠡᠰᠣ ᠲᠠᠷᠢᠭᠠᠳ ᠲᠠᠯ᠎ᠠ ᠨᠣᠳᠤᠭ ᠢ ᠡᠯᠡᠰᠦᠵᠢᠬᠦᠯᠬᠦ ᠪᠣᠶᠣ ᠬᠦᠨᠳᠣ ᠨᠣᠴᠢᠳᠠᠢ ᠬᠦᠷᠦᠰᠣᠨ ᠤ ᠢᠳᠡᠭᠳᠡᠯ ᠡᠬᠦᠰᠬᠡᠬᠦ᠃ ︵ᠲᠠᠪᠤ︶ ᠪᠣᠰᠣᠳ ᠲᠠᠯ᠎ᠠ ᠨᠣᠳᠤᠭ ᠢ ᠬᠦᠨᠳᠣ ᠨᠣᠴᠢᠳᠠᠢ ᠡᠪᠳᠡᠬᠦ ᠪᠠᠶᠢᠳᠠᠯ᠃    ᠬᠤᠶᠠᠷ ᠵᠠᠭᠤ ᠲᠠᠯᠠᠨ ᠨᠠᠢᠮᠠᠳᠣᠭᠠᠷ ᠵᠣᠷᠪᠣᠰ   ᠬᠦᠴᠦᠷᠭᠡᠭᠯᠡᠯ ᠰᠦᠷᠳᠡᠬᠦᠯᠦᠯ ᠤᠨ ᠠᠷᠭ᠎ᠠ ᠬᠡᠮᠵᠢᠶ᠎ᠡ ᠪᠠᠷ ᠲᠠᠯ᠎ᠠ ᠨᠣᠳᠤᠭ ᠤᠨ ᠬᠢᠨᠠᠯᠳᠠ ᠪᠠᠶᠢᠴᠠᠭᠠᠯᠳᠠ ᠶᠢᠨ ᠠᠵᠢᠯᠳᠠᠨ ᠤ ᠬᠠᠣᠯᠢ ᠶᠣᠰᠣᠭᠠᠷ ᠲᠣᠰᠢᠶᠠᠯ ᠢᠶᠠᠨ ᠬᠡᠷᠡᠭᠵᠢᠬᠦᠯᠬᠦ ᠶᠢ ᠬᠠᠷᠰᠢᠯᠠᠵᠦ᠂ ᠶᠠᠯ᠎ᠠ ᠬᠢᠬᠦ ᠳᠤ ᠬᠦᠷᠪᠡᠯ᠂ ᠡᠷᠡᠬᠦᠦ ᠶᠢᠨ ᠬᠠᠣᠯᠢ ᠶᠢᠨ ᠬᠤᠶᠠᠷ ᠵᠠᠭᠤ ᠲᠠᠯᠠᠨ ᠲᠣᠯᠣᠳᠣᠭᠠᠷ ᠵᠣᠷᠪᠣᠰ ᠎ ᠤᠨ ᠲᠣᠭᠳᠠᠭᠠᠯ ᠢᠶᠠᠷ ᠠᠯᠪᠠᠨ ᠶᠠᠪᠣᠳᠠᠯ ᠢ ᠬᠠᠷᠰᠢᠯᠠᠭᠰᠠᠨ ᠶᠠᠯ᠎ᠠ ᠪᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ ᠣᠯᠠᠨ ᠲᠦᠮᠡᠨ ᠢ ᠦᠳᠦᠬᠡᠵᠦ ᠬᠦᠴᠦᠷᠭᠡᠭᠯᠡᠯ ᠢᠶᠠᠷ ᠲᠠᠯ᠎ᠠ ᠨᠣᠳᠤᠭ ᠤᠨ ᠬᠠᠣᠯᠢ᠂ ᠵᠠᠰᠠᠭ ᠵᠠᠬᠢᠷᠭᠠᠨ ᠤ ᠬᠠᠣᠯᠢ ᠲᠣᠭᠳᠠᠭᠠᠯ ᠬᠡᠷᠡᠭᠵᠢᠬᠦᠯᠬᠦ ᠶᠢ ᠡᠰᠡᠷᠬᠦᠴᠡᠵᠦ ᠶᠠᠯᠠᠳᠣ ᠠᠵᠢᠯᠯᠠᠭ᠎ᠠ ᠪᠣᠯᠬᠤ ᠳᠤ ᠬᠦᠷᠪᠠᠯ᠂ ᠡᠷᠡᠬᠦᠦ ᠶᠢᠨ ᠬᠠᠣᠯᠢ ᠶᠢᠨ ᠲᠣᠭᠳᠠᠭᠠᠯ ᠢᠶᠠᠷ ᠦᠳᠦᠬᠡᠵᠦ ᠬᠦᠴᠦᠷᠭᠡᠭᠯᠡᠯ ᠢᠶᠠᠷ ᠬᠠᠣᠯᠢ ᠴᠠᠭᠠᠵᠠ ᠶᠢᠨ ᠬᠡᠷᠡᠭᠵᠢᠬᠦᠯᠦᠯᠳᠡ ᠶᠢ ᠡᠰᠡᠷᠬᠦᠴᠡᠬᠦ ᠶᠠᠯ᠎ᠠ ᠪᠠᠷ ᠡᠷᠡᠬᠦᠦ ᠶᠢᠨ ᠭᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃    ᠭᠤᠷᠪᠠᠨ ᠵᠠᠭᠤ ᠲᠦᠴᠢᠨ ᠬᠤᠶᠠᠳᠣᠭᠠᠷ ᠵᠣᠷᠪᠣᠰ ᠤᠨ ᠲᠣᠭᠳᠠᠭᠠᠯ   ᠪᠠᠶᠢᠭᠤᠯᠭ᠎ᠠ ᠠᠴᠠ ᠡᠷᠡᠬᠦᠦ ᠶᠢᠨ ᠬᠠᠣᠯᠢ ᠎ ᠶᠢᠨ ᠭᠤᠷᠪᠠᠨ ᠵᠠᠭᠤ ᠲᠦᠴᠢᠨ ᠬᠤᠶᠠᠳᠣᠭᠠᠷ ᠵᠣᠷᠪᠣᠰ ᠤᠨ ᠲᠣᠭᠳᠠᠭᠠᠯ ᠤᠨ ᠦᠢᠯᠡ ᠠᠵᠢᠯᠯᠠᠭ᠎ᠠ ᠡᠬᠦᠰᠬᠦ ᠦᠶᠡᠰ᠂ ᠪᠠᠶᠢᠭᠤᠯᠭ᠎ᠠ ᠶᠢ ᠵᠣᠭᠤᠰ ᠢᠶᠠᠷ ᠲᠣᠷᠭᠠᠬᠤ ᠶᠢᠨ ᠬᠠᠮᠳᠣ ᠲᠡᠬᠦᠨ ᠤ ᠰᠢᠭᠤᠳ ᠬᠠᠷᠢᠭᠤᠴᠠᠭᠴᠢ ᠭᠤᠣᠯ ᠬᠠᠷᠢᠭᠤᠴᠠᠯᠭᠠᠳᠠᠨ ᠪᠠ ᠪᠣᠰᠣᠳ ᠰᠢᠭᠤᠳ ᠬᠠᠷᠢᠭᠤᠴᠠᠭᠴᠢ ᠶᠢ ᠲᠣᠰ ᠲᠠᠶᠢᠯᠪᠣᠷᠢᠯᠠᠯ ᠤᠨ ᠲᠣᠭᠳᠠᠭᠠᠯ ᠤᠨ ᠶᠠᠯ᠎ᠠ ᠶᠢ ᠲᠣᠭᠳᠠᠭᠠᠵᠦ ᠡᠷᠡᠬᠦᠦ ᠰᠢᠢᠳᠬᠡᠯ ᠣᠨᠣᠭᠳᠠᠭᠤᠯᠬᠤ ᠪᠠᠷᠢᠮᠵᠢᠶ᠎ᠠ ᠪᠠᠷ ᠶᠠᠯ᠎ᠠ ᠶᠢ ᠲᠣᠭᠳᠠᠭᠠᠵᠦ ᠲᠣᠷᠭᠠᠨ᠎ᠠ᠃    ᠣᠯᠠᠨ ᠣᠳᠠᠭ᠎ᠠ ᠲᠠᠯ᠎ᠠ ᠨᠣᠳᠤᠭ ᠤᠨ ᠡᠬᠢ ᠪᠠᠶᠠᠯᠢᠭ ᠢ ᠡᠪᠳᠡᠭᠰᠡᠨ ︵ᠪᠠᠶᠢᠭᠠᠯᠢ ᠶᠢᠨ ᠲᠠᠯ᠎ᠠ ᠨᠣᠳᠤᠭ ᠪᠠ ᠵᠣᠬᠢᠶᠠᠮᠠᠯ ᠡᠪᠡᠰᠣᠳᠣ ᠲᠠᠯ᠎ᠠ᠂ ᠪᠠᠶᠢᠭᠠᠯᠢ ᠶᠢᠨ ᠲᠠᠯ᠎ᠠ ᠨᠣᠳᠤᠭ ᠨᠢ ᠵᠦᠯᠬᠡ᠂ ᠡᠪᠡᠰᠣᠳᠣ ᠠᠭᠤᠯᠠ᠂ ᠡᠪᠡᠰᠣᠳᠣ ᠪᠡᠯ ᠎ ᠢ ᠪᠠᠭᠳᠠᠭᠠᠨ᠎ᠠ᠂ ᠵᠣᠬᠢᠶᠠᠮᠠᠯ ᠡᠪᠡᠰᠣᠳᠣ ᠲᠠᠯ᠎ᠠ ᠨᠢ ᠰᠠᠶᠢᠵᠢᠷᠠᠭᠤᠯᠣᠭᠰᠠᠨ ᠡᠪᠡᠰᠣᠳᠣ ᠲᠠᠯ᠎ᠠ ᠪᠠ ᠲᠠᠷᠢᠶᠠᠯᠠᠬᠤ ᠪᠠᠨ ᠵᠣᠭᠰᠣᠵᠦ ᠡᠪᠡᠰᠣ ᠲᠠᠷᠢᠭᠰᠠᠨ ᠭᠠᠵᠠᠷ ᠢ ᠪᠠᠭᠳᠠᠭᠠᠨ᠎ᠠ᠂ ᠬᠤᠳᠠ ᠪᠠᠯᠭᠠᠰᠣᠨ ᠤ ᠡᠪᠡᠰᠣᠳᠣ ᠲᠠᠯ᠎ᠠ ᠶᠢ ᠪᠠᠭᠳᠠᠭᠠᠬᠤ ᠦᠬᠡᠢ᠃︶ ᠬᠠᠣᠯᠢ ᠶᠢ ᠵᠦᠷᠢᠴᠡᠵᠦ ᠶᠠᠯ᠎ᠠ ᠬᠢᠬᠦ ᠦᠢᠯᠡ ᠠᠵᠢᠯᠯᠠᠭ᠎ᠠ ᠶᠢ ᠰᠢᠢᠳᠪᠦᠷᠢᠯᠡᠭᠰᠡᠨ ᠦᠬᠡᠢ ᠦᠶᠡᠰ᠂ ᠬᠠᠣᠯᠢ ᠶᠣᠰᠣᠭᠠᠷ ᠡᠷᠡᠬᠦᠦ ᠶᠢᠨ ᠭᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠳᠤ ᠬᠦᠷᠪᠡᠯ᠂ ᠨᠠᠶᠢᠯᠠᠪᠦᠷᠢ ᠲᠤᠭ᠎ᠠ ᠬᠡᠮᠵᠢᠶ᠎ᠡ ᠪᠠᠷ ᠨᠢ ᠶᠠᠯ᠎ᠠ ᠶᠢ ᠲᠣᠭᠳᠠᠭᠠᠵᠦ ᠲᠣᠷᠭᠠᠨ᠎ᠠ᠃    ᠲᠡᠭᠡᠷᠡᠬᠢ ᠬᠠᠣᠯᠢ ᠶᠢ ᠵᠦᠷᠢᠴᠡᠵᠦ ᠶᠠᠯ᠎ᠠ ᠬᠢᠬᠦ ᠦᠢᠯᠡ ᠠᠵᠢᠯᠯᠠᠭ᠎ᠠ ᠶᠢᠨ ᠰᠦᠪᠡᠭᠴᠢ ᠶᠢ ᠮᠡᠳᠡᠪᠡᠯ᠂ ᠲᠠ ᠴᠠᠭ ᠎ ᠢ ᠠᠮᠵᠢᠨ ᠢᠯᠡᠴᠢᠯᠡᠨ ᠮᠡᠳᠡᠬᠦᠯᠦᠬᠡᠷᠡᠢ᠂ ᠢᠯᠡᠴᠢᠯᠠᠨ ᠮᠡᠳᠡᠬᠦᠯᠬᠦ ᠣᠳᠠᠰᠣ᠄ ᠣᠢ ᠰᠢᠭᠤᠢ ᠶᠢᠨ ᠲᠣᠳᠣᠭᠠᠳᠣ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ 0479-3352810 ᠲᠠᠯ᠎ᠠ ᠨᠣᠳᠤᠭ ᠤᠨ ᠠᠮᠢ ᠠᠬᠤᠢ ᠶᠢᠨ ᠶᠡᠷᠦᠩᠬᠡᠶᠢᠯᠡᠭᠰᠡᠨ ᠬᠠᠣᠯᠢ ᠬᠡᠷᠡᠭᠵᠢᠬᠦᠯᠬᠦ ᠶᠡᠭᠡ ᠠᠩᠬᠢ᠄ 0479-3351033 ᠲᠣᠳᠣᠭᠠᠳᠣ ᠶᠢ ᠬᠠᠮᠠᠭᠠᠯᠠᠬᠤ ᠲᠣᠪᠴᠢᠶ᠎ᠠ᠄ 110 ᠣᠯᠠᠭᠠᠢ ᠬᠠᠮᠢᠶᠠᠷᠣᠯᠳᠠ ᠶᠢᠨ ᠣᠷᠣᠨ ᠤ ᠣᠢ ᠰᠢᠭᠤᠢ ᠶᠢᠨ ᠦᠢᠯᠡᠰ ᠪᠠ ᠲᠠᠯ᠎ᠠ ᠨᠣᠳᠤᠭ ᠤᠨ ᠲᠣᠪᠴᠢᠶ᠎ᠠ ᠠᠴᠠ ᠵᠠᠷᠯᠠᠪᠠ
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号