ᠣᠯᠠᠭᠠᠢ ᠬᠠᠮᠢᠶᠠᠷᠣᠯᠳᠠ ᠶᠢᠨ ᠣᠷᠣᠨ ᠠᠮᠣᠷ ᠲᠦᠪᠰᠢᠨ ᠤ ᠵᠦᠪᠯᠡᠯ ᠤᠨ 2019 ᠣᠨ ᠤ ᠵᠢᠷᠭᠤᠳᠣᠭᠠᠷ ᠣᠳᠠᠭᠠᠨ ᠤ ᠠᠶᠣᠯᠬᠦᠢ ᠦᠢᠯᠡᠳᠪᠦᠷᠢᠯᠡᠯ ᠤᠨ ᠠᠵᠢᠯ ᠤᠨ ᠡᠬᠡᠯᠵᠢᠳᠣ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019/7/31
   7 ᠰᠠᠷ᠎ᠠ ᠶᠢᠨ 24 ᠤ ᠡᠳᠣᠷ᠂ ᠬᠠᠮᠢᠶᠠᠷᠣᠯᠳᠠ ᠶᠢᠨ ᠣᠷᠣᠨ ᠠᠮᠣᠷ ᠲᠦᠪᠰᠢᠨ ᠤ ᠵᠦᠪᠯᠡᠯ ᠤᠨ 2019 ᠣᠨ ᠤ ᠵᠢᠷᠭᠤᠳᠣᠭᠠᠷ ᠣᠳᠠᠭᠠᠨ ᠤ ᠠᠶᠣᠯᠬᠦᠢ ᠦᠢᠯᠡᠳᠪᠦᠷᠢᠯᠡᠯ ᠤᠨ ᠠᠵᠢᠯ ᠤᠨ ᠡᠬᠡᠯᠵᠢᠳᠣ ᠬᠤᠷᠠᠯ ᠬᠤᠷᠠᠯᠳᠣᠪᠠ᠂ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠰᠦᠨ ᠵᠧᠨ ᠵᠢᠶᠠᠩ ᠬᠤᠷᠠᠯ ᠢ ᠡᠷᠬᠢᠯᠡᠨ ᠂ ᠨᠠᠮ ᠤᠨ ᠠᠵᠢᠯ ᠤᠨ ᠬᠤᠷᠢᠶᠠᠨ ᠤ ᠲᠡᠳ᠋ ᠱᠦᠵᠢ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠯᠢᠩ ᠵᠦ᠂ ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠷᠧᠨ ᠰᠢ ᠵᠢᠶᠦ᠋ᠨ᠂ ᠶᠠᠨ ᠯᠢ ᠵᠢᠶᠦ᠋ᠨ᠂ ᠪᠠᠢ ᠴᠢᠩ ᠱᠠᠨ᠂ ᠸᠧᠨ ᠪᠣᠣ ᠯᠦᠩ ᠬᠤᠷᠠᠯ ᠳᠤ ᠰᠠᠭᠠᠳᠠᠵᠦ᠂ ᠠᠮᠣᠷ ᠲᠦᠪᠰᠢᠨ ᠤ ᠵᠦᠪᠯᠡᠯ ᠤᠨ ᠡᠯ᠎ᠡ ᠬᠡᠰᠢᠬᠦᠨ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ ᠬᠤᠷᠠᠯ ᠤᠨ ᠭᠤᠣᠯ ᠡᠬᠦᠷᠬᠡ ᠪᠣᠯ ︽ᠠᠶᠢᠮᠠᠭ ᠤᠨ ᠬᠤᠷᠢᠶ᠎ᠠ ᠵᠠᠰᠠᠭ ᠵᠠᠬᠢᠷᠭᠠᠨ ᠤ ᠠᠶᠣᠯᠬᠦᠢ ᠦᠢᠯᠡᠳᠪᠦᠷᠢᠯᠡᠯ ᠤᠨ ᠠᠵᠢᠯ ᠢ ᠣᠯᠠᠮ ᠨᠢᠬᠡ ᠠᠯᠬᠤᠮ ᠴᠢᠩᠭᠠᠳᠬᠠᠬᠤ ᠪᠠ ᠰᠠᠶᠢᠵᠢᠷᠠᠭᠤᠯᠬᠤ ᠰᠢᠢᠳᠪᠦᠷᠢ︾ ᠶᠢ ᠲᠣᠣᠱᠯᠠᠭᠤᠯᠣᠨ᠂ ︽ᠠᠶᠢᠮᠠᠭ ᠤᠨ ᠬᠤᠷᠢᠶ᠎ᠠ ᠶᠢᠨ ᠱᠦᠵᠢ ᠯᠥᠸᠧ ᠬᠤ᠋ ᠽᠠᠢ ᠶᠢᠨ ᠣᠳᠣᠬᠠᠨ ᠤ ᠠᠶᠣᠯᠬᠦᠢ ᠦᠢᠯᠡᠳᠪᠦᠷᠢᠯᠡᠯ ᠤᠨ ᠠᠵᠢᠯ  ᠳᠤ ᠬᠢᠭᠰᠡᠨ ᠴᠢᠬᠤᠯᠠ ᠴᠣᠬᠤᠯᠳᠠ︾ ᠶᠢᠨ ᠵᠣᠷᠢᠭ ᠰᠠᠨᠠᠭ᠎ᠠ ᠶᠢ ᠲᠠᠮᠵᠢᠭᠤᠯᠣᠨ ᠰᠣᠷᠣᠯᠴᠠᠵᠦ  ᠂ ︽ᠦᠪᠡᠷᠳᠡᠬᠡᠨ ᠵᠠᠰᠠᠬᠤ ᠣᠷᠣᠨ ᠤ ᠠᠮᠣᠷ ᠲᠦᠪᠰᠢᠨ ᠤ ᠵᠦᠪᠯᠡᠯ ᠤᠨ ᠠᠯᠪᠠᠨ ᠭᠡᠷ ᠤᠨ ᠣᠶᠢᠷ᠎ᠠ ᠶᠢᠨ ᠬᠤᠭᠤᠴᠠᠭᠠᠨ ᠤ ᠨᠡᠯᠢᠶᠡᠳ ᠲᠣᠮᠣ ᠠᠶᠣᠯᠬᠦᠢ ᠦᠢᠯᠡᠳᠪᠦᠷᠢᠯᠡᠯ ᠤᠨ ᠠᠳᠡᠯ ᠤᠨ ᠲᠣᠬᠠᠢ ᠮᠡᠳᠡᠭᠳᠡᠯ︾ ︽ᠰᠢᠯᠢ ᠶᠢᠨ ᠭᠤᠣᠯ ᠠᠶᠢᠮᠠᠭ ᠤᠨ ᠠᠶᠣᠯᠬᠦᠢ ᠦᠢᠯᠡᠳᠪᠦᠷᠢᠯᠡᠯ ᠤᠨ ᠰᠠᠷ᠎ᠠ ᠶᠢᠨ ᠮᠡᠳᠡᠬᠦᠯᠦᠯᠳᠡ︾ ᠶᠢ ᠣᠯᠠᠮᠵᠢᠯᠠᠵᠦ᠂ ᠪᠦᠬᠦ ᠣᠷᠣᠨ ᠤ ᠨᠢᠭᠤᠭᠳᠠᠮᠠᠯ ᠠᠶᠣᠯ ᠢ ᠶᠡᠭᠡ ᠪᠠᠷ ᠪᠠᠶᠢᠴᠠᠭᠠᠬᠤ ᠶᠡᠭᠡ ᠪᠠᠷ ᠵᠠᠰᠠᠨ ᠰᠠᠶᠢᠵᠢᠷᠠᠭᠤᠯᠬᠤ ᠬᠦᠳᠡᠯᠬᠡᠬᠡᠨ ᠪᠠ ᠭᠤᠣᠯᠳᠠᠯᠭ᠎ᠠ ᠲᠠᠢ ᠬᠦᠷᠢᠶ᠎ᠡ ᠬᠡᠪᠴᠢᠶᠠᠨ ᠳᠠᠬᠢ ᠪᠣᠳᠠᠳᠠᠢ ᠠᠵᠢᠯ ᠢ ᠦᠷᠨᠢᠬᠦᠯᠦᠭᠰᠡᠨ ᠪᠠᠶᠢᠳᠠᠯ ᠢ ᠬᠤᠷᠢᠶᠠᠩᠭᠤᠶᠢᠯᠠᠨ᠂ ᠭᠤᠣᠯ ᠰᠠᠯᠠᠭ᠎ᠠ ᠮᠦᠴᠢᠷ  ᠤᠨ ᠠᠶᠣᠯᠬᠦᠢ ᠦᠢᠯᠡᠳᠪᠦᠷᠢᠯᠡᠯ ᠤᠨ ᠠᠵᠢᠯ ᠢ ᠨᠠᠶᠢᠳᠠᠪᠣᠷᠢᠵᠢᠭᠤᠯᠣᠭᠰᠠᠨ ᠪᠠᠶᠢᠳᠠᠯ ᠵᠢᠴᠢ ᠰᠢᠨ᠎ᠡ ᠰᠡᠳᠬᠢᠮᠵᠢ ᠰᠢᠨ᠎ᠡ ᠠᠷᠭ᠎ᠠ ᠬᠡᠮᠵᠢᠶ᠎ᠡ ᠶᠢ ᠴᠢᠩᠭᠠᠳᠬᠠᠭᠰᠠᠨ ᠪᠠ ᠰᠠᠶᠢᠵᠢᠷᠠᠭᠤᠯᠣᠭᠰᠠᠨ ᠪᠠᠶᠢᠳᠠᠯ ᠤᠨ ᠮᠡᠳᠡᠬᠦᠯᠦᠯᠳᠡ ᠶᠢ ᠰᠣᠨᠣᠰᠴᠣ᠂ ᠠᠶᠣᠯᠬᠦᠢ ᠦᠢᠯᠡᠳᠪᠦᠷᠢᠯᠡᠯ ᠤᠨ ᠬᠦᠷᠢᠶᠡᠨ ᠳᠠᠬᠢ ᠱᠠᠩᠨᠠᠬᠤ ᠠᠷᠭ᠎ᠠ ᠶᠢᠨ ᠬᠠᠮᠢᠶ᠎ᠠ ᠪᠦᠬᠦᠢ ᠵᠦᠢᠯᠡᠰ ᠢ ᠲᠡᠪᠰᠢᠬᠦᠯᠦᠨ ᠂ ᠬᠠᠮᠢᠶᠠᠷᠣᠯᠳᠠ ᠶᠢᠨ ᠣᠷᠣᠨ ᠤ 2019 ᠣᠨ ᠤ ᠠᠶᠣᠯᠬᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠵᠦᠢᠯ ᠢ ᠲᠣᠬᠢᠷᠠᠭᠤᠯᠣᠨ ᠨᠠᠶᠢᠳᠠᠪᠣᠷᠢᠵᠢᠭᠤᠯᠪᠠ᠃    ᠬᠤᠷᠠᠯ ᠠᠴᠠ᠂ ᠬᠠᠮᠢᠶᠠᠷᠣᠯᠳᠠ ᠶᠢᠨ ᠣᠷᠣᠨ ᠤ ᠣᠳᠣᠷᠢᠳᠣᠯᠭ᠎ᠠ ᠪᠠ ᠡᠯ᠎ᠡ ᠲᠠᠯᠠᠪᠠᠢ ᠪᠠᠯᠭᠠᠰᠣ᠂ ᠡᠯ᠎ᠡ ᠰᠠᠯᠠᠭ᠎ᠠ ᠮᠦᠴᠢᠷ  ︽ᠠᠶᠢᠮᠠᠭ ᠤᠨ ᠬᠤᠷᠢᠶ᠎ᠠ ᠵᠠᠰᠠᠭ ᠵᠠᠬᠢᠷᠭᠠᠨ ᠤ ᠠᠶᠣᠯᠬᠦᠢ ᠦᠢᠯᠡᠳᠪᠦᠷᠢᠯᠡᠯ ᠤᠨ ᠠᠵᠢᠯ ᠢ ᠣᠯᠠᠮ ᠨᠢᠬᠡ ᠠᠯᠬᠤᠮ ᠴᠢᠩᠭᠠᠳᠬᠠᠬᠤ ᠪᠠ ᠰᠠᠶᠢᠵᠢᠷᠠᠭᠤᠯᠬᠤ ᠰᠢᠢᠳᠪᠦᠷᠢ︾ ᠶᠢ ᠴᠢᠩᠭ᠎ᠠ ᠬᠢᠨᠠᠮᠠᠭᠠᠢ ᠨᠠᠶᠢᠳᠠᠪᠣᠷᠢᠵᠢᠭᠤᠯᠵᠦ᠂ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠵᠦ ᠬᠠᠮᠢᠶᠠᠷᠬᠤ ᠬᠠᠷᠢᠭᠤᠴᠠᠯᠭ᠎ᠠ ᠪᠠ ᠠᠵᠦ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠳᠣᠷ ᠭᠡᠷᠡᠭᠵᠢᠬᠦᠯᠬᠦ ᠶᠢ ᠬᠢᠨᠠᠨ ᠱᠠᠭᠠᠷᠳᠠᠵᠦ᠂ ᠠᠶᠣᠯᠬᠦᠢ ᠦᠢᠯᠡᠳᠪᠦᠷᠢᠯᠡᠯ ᠲᠣᠮᠳᠠ ᠬᠡᠷᠡᠭᠰᠡᠬᠦ ᠬᠦᠮᠦᠨ ᠤ ᠬᠦᠴᠦ᠂ ᠡᠳ᠋ ᠪᠣᠳᠠᠰ ᠢ ᠣᠯᠠᠮ ᠨᠢᠬᠡ ᠠᠯᠬᠤᠮ ᠪᠠᠳᠣᠯᠠᠭ᠎ᠠ ᠲᠠᠢ ᠪᠠᠶᠢᠯᠭᠠᠵᠦ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠣᠨ ᠠᠪᠬᠤ ᠶᠢ ᠰᠠᠶᠢᠳᠣᠷ ᠠᠰᠢᠭᠯᠠᠨ᠂ ᠡᠯ᠎ᠡ ᠬᠦᠷᠢᠶ᠎ᠡ ᠬᠡᠪᠴᠢᠶᠠᠨ ᠤ ᠬᠡᠪ ᠴᠢᠨᠠᠷ ᠴᠢᠳᠠᠪᠣᠷᠢ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠦ᠂ ᠬᠠᠷᠢᠭᠤᠴᠠᠯᠭ᠎ᠠ ᠬᠦᠢᠴᠡᠳ᠂ ᠬᠦᠮᠦᠨ ᠪᠦᠷᠢ ᠳᠤ ᠲᠣᠰᠬᠠᠬᠤ᠂ ᠡᠮᠬᠢ ᠵᠢᠷᠣᠮ ᠲᠠᠢ ᠪᠠᠶᠢᠬᠤ ᠶᠢ ᠪᠠᠳᠣᠯᠠᠬᠤ ᠬᠡᠷᠡᠭᠳᠡᠢ ᠬᠡᠪᠡ᠃    ᠬᠤᠷᠠᠯ ᠠᠴᠠ᠂ ᠡᠯ᠎ᠡ ᠲᠠᠯᠠᠪᠠᠢ ᠪᠠᠯᠭᠠᠰᠣ᠂ ᠡᠯ᠎ᠡ ᠰᠠᠯᠠᠭ᠎ᠠ ᠮᠦᠴᠢᠷ ᠨᠡᠬᠦᠷᠡᠰᠣᠨ ᠠᠭᠤᠷᠬᠠᠢ᠂ ᠨᠡᠬᠦᠷᠡᠰᠣᠨ ᠤ ᠪᠣᠰᠣ ᠠᠭᠤᠷᠬᠠᠢ ᠶᠢᠨ ᠠᠭᠤᠯᠠ᠂ ᠵᠢᠭᠤᠯᠴᠢᠯᠠᠯ᠂ ᠠᠶᠣᠯᠳᠣ ᠬᠢᠮᠢ ᠶᠢᠨ ᠪᠣᠳᠠᠰ᠂ ᠣᠨᠴᠠᠭᠠᠢ ᠲᠦᠷᠦᠯ ᠤᠨ ᠲᠣᠨᠤᠭ ᠲᠦᠬᠦᠬᠡᠷᠦᠮᠵᠢ᠂ ᠵᠠᠮ ᠬᠠᠷᠢᠯᠴᠠᠭ᠎ᠠ ᠵᠦᠬᠡᠬᠡᠪᠦᠷᠢ᠂ ᠪᠠᠷᠢᠯᠭ᠎ᠠ ᠶᠢᠨ ᠠᠵᠢᠯ᠂ ᠬᠦᠮᠦᠨ ᠣᠯᠠᠨ ᠲᠠᠯᠠᠪᠣᠷ ᠵᠡᠷᠬᠡ ᠭᠤᠣᠯ ᠪᠣᠯᠬᠤ ᠬᠦᠷᠢᠶ᠎ᠡ ᠬᠡᠪᠴᠢᠶ᠎ᠡ ᠶᠢ ᠴᠢᠩᠭ᠎ᠠ ᠠᠩᠬᠠᠷᠴᠣ᠂ ᠨᠢᠭᠤᠭᠳᠠᠮᠠᠯ ᠠᠶᠣᠯ ᠤᠨ ᠪᠠᠶᠢᠴᠠᠭᠠᠯᠳᠠ ᠲᠡᠬᠦᠰ᠂ ᠵᠠᠰᠠᠨ ᠴᠡᠭᠴᠡᠯᠡᠬᠦ ᠲᠡᠬᠦᠰ ᠪᠠᠶᠢᠬᠤ ᠶᠢ ᠪᠠᠳᠣᠯᠠᠨ᠎ᠠ᠃ ᠬᠠᠮᠢᠶᠠᠷᠣᠯᠳᠠ ᠶᠢᠨ ᠣᠷᠣᠨ ᠤ ᠨᠢᠭᠤᠭᠳᠠᠮᠠᠯ ᠠᠶᠣᠯ ᠢ ᠶᠡᠭᠡ ᠪᠠᠷ ᠪᠠᠶᠢᠴᠠᠭᠠᠬᠤ ᠶᠡᠭᠡ ᠪᠠᠷ ᠵᠠᠰᠠᠨ ᠰᠠᠶᠢᠵᠢᠷᠠᠭᠤᠯᠬᠤ ᠪᠠ ᠵᠦᠬᠡᠬᠡᠪᠦᠷᠢ ᠶᠢᠨ ᠠᠮᠣᠷ ᠲᠦᠪᠰᠢᠨ ᠳᠤ ᠬᠤᠯᠪᠣᠭᠳᠠᠬᠤ ᠶᠠᠭ ᠵᠠᠰᠠᠨ ᠰᠠᠶᠢᠵᠢᠷᠠᠭᠤᠯᠵᠦ ᠪᠠᠶᠢᠭ᠎ᠠ ᠨᠢᠭᠤᠭᠳᠠᠮᠠᠯ ᠠᠶᠣᠯ ᠳᠤ ᠴᠢᠭᠯᠡᠬᠦᠯᠦᠨ᠂ ᠵᠠᠰᠠᠨ ᠰᠠᠶᠢᠵᠢᠷᠠᠭᠤᠯᠬᠤ ᠰᠡᠳᠬᠢᠯ ᠰᠠᠨᠠᠭ᠎ᠠ ᠬᠤᠶᠢᠷᠭᠤᠰᠢᠬᠤ᠂ ᠨᠠᠵᠠᠭᠠᠢ ᠣᠪᠣᠷ ᠭᠠᠷᠬᠤ᠂ ᠬᠠᠷᠢᠭᠤᠴᠠᠬᠤ ᠦᠬᠡᠢ ᠪᠠᠶᠢᠳᠠᠯ ᠳᠤ ᠪᠦᠳᠦᠮᠵᠢᠳᠡᠢ ᠠᠷᠭ᠎ᠠ ᠬᠡᠮᠵᠢᠶ᠎ᠡ ᠠᠪᠴᠣ᠂ ᠠᠵᠦ ᠠᠬᠤᠶᠢᠯᠠᠯ ᠢ ᠰᠢᠬᠠᠮᠳᠣᠭᠤᠯᠣᠨ ᠵᠠᠰᠠᠨ ᠰᠠᠶᠢᠵᠢᠷᠠᠭᠤᠯᠬᠤ ᠠᠵᠢᠯ ᠢ ᠨᠢ ᠲᠦᠷᠭᠡᠳᠬᠡᠬᠦ ᠭᠡᠷᠡᠭᠳᠡᠢ ᠭᠡᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号