ᠬᠠᠮᠢᠶᠠᠷᠣᠯᠳᠠ ᠶᠢᠨ ᠣᠷᠣᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠥᠪᠡᠷ ᠢ ᠪᠠᠨ ᠪᠠᠶᠢᠴᠠᠭᠠᠵᠤ ᠦᠨᠡᠯᠡᠨ ᠵᠢᠱᠢᠬᠦ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/8/23
   2019 ᠤᠨ 8 ᠰᠠᠷ᠎ᠠ ᠶᠢᠨ 12 ᠤᠨ ᠡᠳᠦᠷ᠂ ᠬᠠᠮᠢᠶᠠᠷᠣᠯᠳᠠ ᠶᠢᠨ ᠣᠷᠣᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠥᠪᠡᠷ ᠢ ᠪᠠᠨ ᠪᠠᠶᠢᠴᠠᠭᠠᠵᠤ ᠦᠨᠡᠯᠡᠨ ᠵᠢᠱᠢᠬᠦ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠠᠨ ᠯᠢ ᠵᠢᠶᠦ᠋ᠨ ᠬᠤᠷᠠᠯ ᠢ ᠡᠷᠬᠢᠯᠡᠨ ᠬᠤᠷᠠᠯᠳᠤᠭᠤᠯᠵᠤ᠂ ᠭᠤᠷᠪᠠᠨ ᠲᠠᠯᠠᠪᠠᠢ ᠪᠠᠯᠭᠠᠰᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠲᠣᠭᠤᠷᠢᠭ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠷᠠᠯ ᠳᠤ ᠣᠷᠣᠯᠴᠠᠪᠠ᠃    ᠬᠤᠷᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ︽ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠦᠨᠡᠯᠡᠨ ᠵᠢᠱᠢᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ︽ᠣᠯᠠᠨ ᠲᠥᠯᠥᠪᠵᠢᠭᠦᠯᠭᠡ ᠶᠢ ᠨᠢᠭᠡ ᠪᠣᠯᠭᠠᠬᠤ︾᠂ ︽ᠬᠤᠪᠢᠶᠠᠷᠢᠯᠠᠨ ᠬᠠᠮᠢᠶᠠᠷᠬᠤ ᠶᠢ ᠤᠶᠠᠯᠳᠤᠭᠤᠯᠬᠤ︾ ᠶᠡᠷᠦᠩᠬᠡᠶ ᠰᠡᠳᠬᠢᠮᠵᠢ ᠶᠣᠰᠣᠭᠠᠷ᠂ ᠬᠤᠷᠠᠯ ᠳᠤ ᠣᠷᠣᠯᠴᠠᠭᠰᠠᠨ ᠡᠯ᠎ᠡ ᠰᠠᠯᠠᠭ᠎ᠠ ᠮᠥᠴᠢᠷ ᠤᠨ ᠬᠢᠨ ᠭᠤᠷᠪᠠᠨ ᠲᠣᠬᠢᠷᠠᠭᠤᠯᠤᠯᠲᠠ ᠶᠢᠨ ᠠᠩᠬ᠎ᠠ ᠠᠯᠬᠤᠮ ᠤᠨ ᠲᠤᠭ᠎ᠠ ᠪᠠᠷᠢᠮᠲᠠ ᠲᠠᠢ ᠤᠶᠠᠯᠳᠤᠭᠤᠯᠤᠨ ᠵᠠᠭᠠᠭᠯᠠᠨ ᠲᠣᠭᠲᠠᠭᠠᠬᠤ ᠪᠠᠷ ᠪᠠᠶᠢᠭ᠎ᠠ ᠠᠮᠢ ᠠᠬᠤᠢ ᠶᠢᠨ ᠤᠯᠠᠭᠠᠨ ᠱᠤᠭᠤᠮ ᠳᠤ ᠣᠷᠣᠰᠢᠵᠤ ᠪᠠᠶᠢᠭ᠎ᠠ ᠵᠥᠷᠢᠴᠡᠯ ᠮᠥᠷᠭᠦᠯᠳᠦᠭᠡᠨ ᠢ ᠵᠦᠢᠯ ᠳᠠᠷᠠᠭᠠᠯᠠᠨ ᠨᠠᠷᠢᠨ ᠬᠢᠨᠠᠮᠠᠭᠠᠶ ᠶᠠᠷᠢᠯᠴᠠᠨ ᠰᠤᠳᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠶᠣᠰᠣᠭᠠᠷ᠂ ᠡᠯ᠎ᠡ ᠨᠢᠭᠡᠴᠡ ᠶᠢᠨ ᠬᠢᠨ ᠰᠢᠯᠢᠳᠡᠭᠵᠢᠭᠦᠯᠦᠨ ᠲᠣᠬᠢᠷᠠᠭᠤᠯᠬᠤ ᠲᠥᠰᠦᠯ ᠳᠤ ᠵᠣᠬᠢᠴᠠᠩᠭᠤᠶ ᠰᠠᠨᠠᠯ ᠪᠠ ᠰᠠᠨᠠᠭᠤᠯᠭ᠎ᠠ ᠳᠤᠷᠠᠳᠴᠤ᠂ ᠬᠤᠷᠠᠯ ᠢᠶᠠᠷ ᠳᠠᠮᠵᠢᠨ ᠤᠯᠠᠭᠠᠨ ᠱᠤᠭᠤᠮ ᠳᠤ ᠲᠣᠬᠢᠷᠠᠭᠤᠯᠤᠯᠲᠠ ᠬᠢᠬᠦ ᠡᠴᠦᠰ ᠤᠨ ᠲᠥᠰᠦᠯ ᠢ ᠶᠠᠷᠢᠯᠴᠠᠨ ᠲᠣᠭᠲᠠᠭᠠᠪᠠ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号