ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠶ ᠣᠯᠠᠨ | ᠲᠦᠮᠡᠨ ᠤ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ 2018 ᠣᠨ ᠤ ᠴᠥᠭᠡᠨ ᠲᠣᠭᠠᠲᠤ ᠦᠨᠳᠦᠰᠦᠲᠡᠨ ᠤ | ᠬᠥᠭᠵᠢᠯᠲᠡ ᠶᠢᠨ ᠲᠥᠷᠥᠯ ᠵᠦᠢᠯ ᠤᠨ ᠪᠠᠯᠠ ᠮᠥᠩᠭᠦ ᠶᠢ 50 ᠲᠦᠮᠡᠨ ᠲᠥᠭᠦᠷᠢᠭ ᠵᠠᠷᠤᠴᠠᠭᠤᠯᠵᠤ᠂ ᠤᠯᠠᠭᠠᠶ ᠶᠢᠨ | ᠪᠠᠶᠠᠨᠬᠤᠰᠢᠭᠤ ᠪᠠᠯᠭᠠᠰᠤ ᠶᠢᠨ ᠬᠦᠷᠡᠩ ᠲᠣᠯᠣᠭᠠᠶ ᠲᠣᠰᠬᠤᠨ ᠤ ᠮᠠᠯᠵᠢᠬᠤ ᠲᠠᠷᠢᠶᠠᠯᠠᠬᠤ ᠣᠷᠣᠨ ᠤ ᠲᠡᠵᠢᠭᠡᠨ | ᠦᠷᠡᠵᠢᠭᠦᠯᠬᠦ ᠲᠤᠰᠬᠠᠶ ᠬᠤᠷᠰᠢᠶ᠎ᠠ ᠶᠢ ᠲᠡᠳᠬᠦᠨ ᠳᠡᠮᠵᠢᠬᠦ ᠳᠤ ᠬᠡᠷᠡᠭᠯᠡᠪᠡ᠃ ᠣᠳᠣᠬᠠᠨ ᠳᠤ᠂ ᠲᠣᠰ ᠲᠥᠷᠥᠯ | ᠵᠦᠢᠯ ᠢ ᠨᠢᠭᠡᠨᠲᠡ ᠠᠵᠢᠯ ᠳᠠᠭᠤᠰᠬᠠᠨ ᠰᠢᠯᠭᠠᠨ ᠠᠪᠴᠤ᠂ ᠡᠳᠦᠭᠡ 5 ᠲᠦᠮᠡᠨ ᠲᠥᠭᠦᠷᠢᠭ ᠤᠨ ᠪᠡᠯᠡ ᠮᠥᠩᠭᠦ | ᠪᠠᠭᠤᠯᠭᠠᠪᠠ᠂ ᠪᠣᠳᠠᠲᠠᠶ ᠨᠡᠶᠢᠳᠡ ᠳᠤ ᠵᠠᠷᠯᠠᠬᠤ ᠨᠢ ᠳᠣᠤᠷᠠᠬᠢ ᠮᠡᠲᠦ᠄ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠡᠷᠡᠶᠢᠳᠦᠯ᠄ ᠤᠯᠠᠭᠠᠶ ᠬᠠᠮᠢᠶᠠᠷᠣᠯᠳᠠ ᠶᠢᠨ ᠣᠷᠣᠨ ᠤ ᠮᠦ | ᠶᠧ ᠰᠢᠶᠠᠩ ᠼᠦᠨ ᠮᠠᠯᠵᠢᠯ ᠤᠨ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠠᠯᠠᠰᠢᠨ ᠭᠠᠭ᠋ᠠᠶ ᠲᠡᠵᠢᠭᠡᠨ | ᠦᠷᠡᠵᠢᠭᠦᠯᠬᠦ ᠲᠥᠷᠥᠯ ᠵᠦᠢᠯ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠤᠯᠠᠭᠠᠶ ᠬᠠᠮᠢᠶᠠᠷᠣᠯᠳᠠ ᠶᠢᠨ ᠣᠷᠣᠨ ᠤ | ᠪᠠᠶᠠᠨᠬᠤᠰᠢᠭᠤ ᠪᠠᠯᠭᠠᠰᠣᠨ ᠤ ᠬᠦᠷᠡᠩ ᠲᠣᠯᠣᠭᠠᠶ ᠲᠣᠰᠬᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠤᠯᠠᠭᠠᠶ ᠬᠠᠮᠢᠶᠠᠷᠣᠯᠳᠠ ᠶᠢᠨ ᠣᠷᠣᠨ ᠤ ᠮᠦ | ᠶᠧ ᠰᠢᠶᠠᠩ ᠼᠦᠨ ᠮᠠᠯᠵᠢᠯ ᠤᠨ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ | ᠲᠥᠷᠥᠯ ᠵᠦᠢᠯ ᠤᠨ ᠪᠠᠯᠠ ᠮᠥᠩᠭᠦ ᠶᠢᠨ ᠢᠷᠡᠯᠲᠡ᠄ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ | ᠲᠥᠷᠥᠯ ᠵᠦᠢᠯ ᠤᠨ ᠪᠠᠯᠠ ᠮᠥᠩᠭᠦ 50 ᠲᠦᠮᠡᠨ ᠲᠥᠭᠦᠷᠢᠭ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠄ 470 ᠲᠡᠭᠰᠢ ᠳᠥᠷᠪᠡᠯᠵᠢᠨ ᠮᠧᠲᠷ ᠤᠨ | ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠶᠢ ᠥᠭᠡᠷᠡᠴᠢᠯᠡᠵᠦ᠂ 200 ᠲᠣᠯᠣᠭᠠᠢ 5 ᠰᠠᠷ᠎ᠠ ᠲᠠᠢ ᠦᠷ᠎ᠡ ᠶᠢᠨ | ᠭᠠᠭ᠋ᠠᠶ ᠬᠤᠳᠠᠯᠳᠤᠨ ᠠᠪᠬᠤ | ᠢᠯᠡ ᠨᠡᠶᠢᠲᠡᠯᠡᠬᠦ ᠴᠠᠭ ᠨᠢ 2019 ᠣᠨ ᠤ 8 ᠳ᠋ᠤᠭᠠᠷ ᠰᠠᠷ᠎ᠠ ᠶᠢᠨ 26 ᠤ ᠡᠳᠦᠷ ᠠᠴᠠ 2019 ᠤᠨ 9 | ᠳ᠋ᠤᠭᠡᠷ ᠰᠠᠷ᠎ᠠ ᠶᠢᠨ 5 ᠤ ᠡᠳᠦᠷ ᠪᠣᠯᠲᠠᠯ᠎ᠠ᠂ ᠬᠡᠷᠪᠡ ᠢᠯᠡ ᠨᠡᠶᠢᠲᠡᠯᠡᠬᠦᠢ ᠳᠤ ᠣᠨᠳᠣᠤ ᠰᠠᠨᠠᠯ ᠬᠠᠳᠠᠭᠠᠯᠠᠭᠰᠠᠳ᠂ | ᠢᠯᠡ ᠨᠡᠶᠢᠲᠡᠯᠡᠬᠦ ᠬᠤᠭᠤᠴᠠᠭᠠᠨ ᠳᠤ ᠤᠯᠠᠭᠠᠶ ᠬᠠᠮᠢᠶᠠᠷᠣᠯᠳᠠ ᠶᠢᠨ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠠᠵᠢᠯᠲᠠᠳ ᠲᠠᠢ ᠬᠠᠷᠢᠯᠴᠠᠭᠠᠷᠠᠶ᠂ ᠬᠠᠷᠢᠯᠴᠠᠬᠤ ᠤᠲᠠᠰᠤ᠄ 3353270᠃ | ᠤᠯᠠᠭᠠᠢ ᠬᠠᠮᠢᠶᠠᠷᠣᠯᠳᠠ ᠶᠢᠨ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | 2019 ᠤᠨ 8 ᠰᠠᠷ᠎ᠠ ᠶᠢᠨ 26 ᠤ ᠡᠳᠦᠷ |