ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ2018 ᠣᠨ ᠤ ᠠᠩᠬᠠᠳᠤᠭᠠᠷ ᠤᠳᠠᠭ᠎ᠠ ᠶᠢᠨ ︵ | ᠥᠷᠭᠡᠳᠬᠡᠭᠰᠡᠨ︶ ᠬᠤᠷᠠᠯ | ᠵᠢᠴᠢ ᠠᠵᠤ ᠠᠬᠤᠢ ᠶᠢᠨ ᠠᠵᠢᠯ ᠤᠨ ᠬᠤᠷᠠᠯᠳᠤᠭᠠᠨ ᠲᠡᠭᠡᠷᠡᠬᠢ ᠶᠠᠷᠢᠶ᠎ᠠ | ︵2018 ᠤᠨ 2 ᠰᠠᠷ᠎ᠠ ᠶᠢᠨ 8 ᠤ ᠡᠳᠦᠷ︶ | ᠢᠦᠶ ᠬᠠᠢ ᠴᠧᠩ | ᠨᠥᠬᠦᠳ ᠡ᠄ | ᠰᠠᠶ᠋ᠢᠬᠠᠨ᠂ ᠰᠦᠨ ᠱᠦᠵᠢ ᠴᠢᠬᠤᠯᠠ ᠶᠠᠷᠢᠶ᠎ᠠ ᠲᠠᠯᠪᠢᠵᠤ᠂ ᠪᠦᠬᠦ ᠲᠠᠯ᠎ᠠ ᠪᠣᠯᠤᠨ ᠪᠠᠶᠢᠯᠳᠤᠬᠤ ᠪᠣᠳᠣᠯᠭ᠎ᠠ ᠶᠢᠨ | ᠦᠨᠳᠦᠷᠴᠡ ᠠᠴᠠ ᠣᠳᠣᠬᠠᠨ ᠤ ᠬᠥᠭᠵᠢᠯᠲᠡ ᠶᠢᠨ ᠪᠠᠶᠢᠳᠠᠯ ᠢ ᠭᠦᠨᠵᠡᠭᠡᠶ ᠵᠠᠳᠠᠯᠵᠤ᠂ 2018 ᠣᠨ ᠤ ᠠᠵᠢᠯ ᠢ | ᠪᠦᠬᠦ ᠲᠠᠯ᠎ᠠ ᠪᠠᠷ ᠪᠠᠶᠢᠷᠢᠯᠠᠭᠤᠯᠪᠠ᠂ ᠪᠢᠳᠡ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ᠃ ᠳᠣᠤᠷ᠎ᠠ ᠪᠢ ᠥᠩᠭᠡᠷᠡᠭᠰᠡᠨ ᠨᠢᠭᠡ | ᠵᠢᠯ ᠤᠨ ᠠᠵᠢᠯ ᠪᠠ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠤᠨ ᠲᠣᠬᠢᠷᠠᠭᠤᠯᠤᠯᠲᠠ ᠶᠢᠨ | ᠲᠤᠬᠠᠶ ᠬᠡᠳᠦᠨ ᠰᠠᠨᠠᠯ ᠶᠠᠷᠢᠶ᠎ᠠ᠃ | ᠨᠢᠭᠡ᠂ 2017 ᠤᠨ ᠠᠵᠢᠯ ᠶᠢᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ | ᠡᠨᠡᠬᠦ ᠭᠤᠤᠯᠳᠠᠯᠭ᠎ᠠ ᠶᠢ ᠪᠠᠲᠤ ᠡᠵᠡᠮᠳᠡᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠢᠳᠠᠯ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠶ᠋ᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠶ | ᠨᠡᠢᠭᠡᠮ ᠤᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠪᠡᠶᠡᠯᠡᠭᠦᠯᠪᠡ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠳᠡᠭ 8.8 % ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ 101.1 % ᠪᠠᠷ ᠨᠡᠮᠡᠭᠳᠡᠪᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 37977 ᠲᠥᠭᠦᠷᠢᠭ ᠪᠠ 24374 | ᠲᠥᠭᠦᠷᠢᠭ ᠲᠤ ᠬᠦᠷᠴᠦ᠂ ᠳᠤᠮᠳᠠᠴᠢ ᠪᠠᠷ 8.3 % ᠨᠡᠮᠡᠭᠳᠡᠪᠡ᠃ | ︵ᠨᠢᠭᠡ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠪᠠ᠃ | ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ︽ᠠᠮᠤ ᠪᠤᠳᠠᠭ᠎ᠠ ᠶᠢ | ᠪᠣᠷᠳᠤᠭ᠎ᠠ ᠪᠣᠯᠭᠠᠨ ᠥᠭᠡᠷᠡᠴᠢᠯᠡᠬᠦ︾ ᠲᠠᠯᠠᠪᠠᠢ ᠶᠢ 11.5 ᠲᠦᠮᠡᠨ ᠮᠤ᠋ ᠬᠡᠷᠡᠭᠵᠢᠭᠦᠯᠵᠦ᠂ ᠲᠠᠷᠢᠮᠠᠯ ᠤᠨ ᠶᠡᠷᠦᠩᠬᠡᠢ | ᠲᠠᠷᠢᠬᠤ ᠲᠠᠯᠠᠪᠠᠢ ᠶᠢᠨ ᠡᠵᠡᠯᠡᠬᠦ ᠬᠠᠷᠢᠴᠠᠯ ᠢ 30 % ᠳᠤ ᠬᠦᠷᠭᠡᠨ᠎ᠡ᠃ ︽ᠬᠤᠨᠢ ᠶᠢ ᠴᠥᠭᠡᠳᠬᠡᠵᠦ᠂ ᠦᠬᠡᠷ ᠢ | ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠵᠤ᠂ ᠴᠠᠭ ᠤᠯᠠᠷᠢᠯ ᠤᠨ ᠵᠢᠯ ᠤᠨ ᠮᠢᠬᠠᠨ ᠤ | ᠦᠬᠡᠷ ᠤᠨ ᠲᠤᠭ᠎ᠠ 2 ᠲᠦᠮᠡ ᠶᠢ ᠳᠠᠪᠠᠵᠤ᠂ ᠮᠢᠬᠠᠨ ᠤ ᠬᠤᠨᠢᠨ ᠤ ᠲᠤᠭ᠎ᠠ 32.5 % ᠪᠠᠷ ᠪᠠᠭᠠᠰᠪᠠ᠃ | ᠨᠡᠭᠦᠷᠡᠰᠦ ᠴᠠᠬᠢᠯᠭᠠᠨ ᠴᠡᠪᠡᠷ ᠡᠨᠧᠷᠭᠢ ᠶᠢᠨ ᠦᠢᠯᠡᠰ ᠨᠡᠯᠢᠶᠡᠳ ᠶᠡᠭᠡ ᠰᠢᠪᠲᠤᠯᠤᠯᠲᠠ ᠲᠠᠢ ᠪᠣᠯᠵᠤ᠂ ᠬᠡᠰᠡᠭ ᠠᠭᠤᠯᠠ | ᠶᠢᠨ ᠠᠭᠤᠷᠬᠠᠢ ᠪᠠ ᠨᠦᠩᠨᠠᠢ ᠰᠦᠮ᠎ᠡ ᠶᠢᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠰᠣᠯᠢᠬᠤ ᠲᠥᠰᠦᠯ ᠢ ᠤᠯᠤᠰ ᠤᠨ ᠡᠨᠧᠷᠭᠢ ᠶᠢᠨ ᠲᠣᠪᠴᠢᠶᠠᠨ ᠤ ᠬᠢᠨᠠᠨ ᠵᠥᠪᠰᠢᠶᠡᠷᠡᠯ ᠢ ᠳᠠᠮᠵᠢᠨ᠂ 2000 | ᠲᠦᠮᠡᠨ ᠲᠣᠨ ᠦᠢᠯᠡᠳᠪᠦᠷᠢᠯᠡᠯ ᠤᠨ ᠴᠢᠳᠠᠪᠤᠷᠢ ᠶᠢᠨ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠪᠠ᠃ ᠬᠡᠰᠡᠭ | ᠠᠭᠤᠯᠠ ᠶᠢᠨ ᠠᠭᠤᠷᠬᠠᠢ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠪᠠ ᠣᠷᠴᠢᠨ ᠲᠣᠭᠤᠷᠢᠨ ᠤ | ᠦᠨᠡᠯᠡᠯᠲᠡ ᠶᠢᠨ ᠴᠣᠬᠤᠯᠠᠪᠤᠷᠢ ᠶᠢ ᠣᠯᠵᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠠ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠦᠢᠯᠡᠳᠪᠦᠷᠢᠯᠡᠯ ᠢᠶᠠᠨ | ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ ᠶᠢ ᠬᠡᠷᠡᠭᠵᠢᠭᠦᠯᠦᠨ᠂ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠨᠡᠭᠦᠷᠡᠰᠦᠨ ᠤ ᠭᠠᠷᠤᠯᠲᠠ 1200 ᠲᠦᠮᠡᠨ ᠲᠣᠨ ᠳᠤ ᠬᠦᠷᠪᠡ᠃ ᠤᠯᠤᠰ ᠤᠨ | ᠴᠠᠬᠢᠯᠭᠠᠨ ᠬᠦᠴᠦᠨ ᠤ ᠤᠯᠠᠭᠠᠶ ᠶᠢᠨ 2 × 100 ᠲᠦᠮᠡᠨ ᠺᠢᠯᠣᠸᠠᠲ ᠤᠨ ᠴᠠᠬᠢᠯᠭᠠᠨ ᠭᠠᠷᠭᠠᠬᠤ | ᠦᠢᠯᠡᠳᠪᠦᠷᠢ ᠶᠢᠨ ᠲᠥᠷᠥᠯ ᠵᠦᠢᠯ ᠢ ᠰᠢᠯᠢ ᠶᠢᠨ ᠭᠤᠣᠯ ᠠᠶᠢᠮᠠᠭ ᠠᠴᠠ ᠵᠢᠶᠠᠩᠰᠦ ᠬᠦᠷᠬᠦ ᠲᠣᠭᠲᠠᠮᠠᠯ ᠭᠥᠶᠥᠳᠡᠯᠳᠦ | ᠪᠦᠲᠦᠭᠡᠨ ᠪᠠᠶᠢᠭᠤᠯᠤᠯᠲᠠ ᠶᠢᠨ ᠲᠥᠰᠦᠯ ᠳᠤ ᠣᠷᠣᠭᠤᠯᠬᠤ ᠶᠢᠨ ᠬᠠᠮᠲᠤ ᠳᠡᠭᠡᠭᠰᠢ ᠤᠯᠤᠰ ᠤᠨ ᠡᠨᠧᠷᠭᠢ ᠶᠢᠨ | ᠲᠣᠪᠴᠢᠶ᠎ᠠ ᠶᠢᠨ ᠵᠥᠪᠰᠢᠶᠡᠷᠡᠯ ᠢ ᠬᠦᠯᠢᠶᠡᠵᠦ᠂ ᠵᠢᠶᠠᠩᠰᠦ ᠶᠢᠨ ᠡᠨᠧᠷᠭᠢ ᠶᠢᠨ 2 × 100 ᠲᠦᠮᠡᠨ ᠺᠢᠯᠣᠸᠠᠲ ᠤᠨ | ᠴᠠᠬᠢᠯᠭᠠᠨ ᠭᠠᠷᠭᠠᠬᠤ ᠦᠢᠯᠡᠳᠪᠦᠷᠢ ᠶᠢᠨ ᠲᠥᠷᠥᠯ ᠵᠦᠢᠯ ᠤᠨ ᠭᠠᠵᠠᠷ ᠰᠣᠩᠭᠤᠨ ᠤᠯᠠᠭᠠᠶ ᠳᠤ ᠰᠢᠯᠵᠢᠭᠦᠯᠦᠨ᠂ ᠳ᠋ᠠ | ᠳᠠᠩ ᠤᠨ ᠪᠠ ᠵᠢᠶᠠᠨ ᠹᠠᠩ 3 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠢ ᠲᠣᠤᠷ ᠲᠤ | ᠨᠡᠶᠢᠯᠡᠭᠦᠯᠦᠨ ᠴᠠᠬᠢᠯᠭᠠᠨ ᠭᠠᠷᠭᠠᠪᠠ᠃ ᠪᠦᠬᠦ ᠴᠠᠷᠠᠭᠠᠨ ᠤ ᠵᠤᠭᠠᠴᠠᠯ ᠦᠳᠲᠡᠷ ᠲᠦᠷᠭᠡᠨ ᠬᠥᠭᠵᠢᠵᠦ᠂ ᠪᠦᠬᠦ | ᠠᠶᠢᠮᠠᠭ ᠤᠨ ᠵᠤᠭᠠᠴᠠᠯ ᠤᠨ ᠬᠥᠭᠵᠢᠯᠲᠡ ᠶᠢᠨ ᠶᠡᠭᠡ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠬᠢᠯᠡᠵᠦ᠂ 1.46 | ᠳ᠋ᠦᠩᠰᠢᠭᠤᠷ ᠲᠥᠭᠦᠷᠢᠭ ᠤᠨ ᠪᠦᠬᠦ ᠴᠠᠷᠠᠭᠠᠨ ᠤ ᠵᠤᠭᠠᠴᠠᠯ ᠤᠨ ᠲᠥᠷᠦᠯ ᠵᠦᠢᠯ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠣᠯᠠᠨ ᠲᠣᠬᠤᠢ ᠤᠯᠤᠰ ᠤᠨ 4 A ᠲᠡᠰ ᠤᠨ ᠦᠵᠡᠮᠵᠢ ᠶᠢᠨ ᠣᠷᠣᠨ ᠢᠶᠠᠷ ᠵᠥᠪᠰᠢᠶᠡᠷᠡᠭᠳᠡᠵᠦ᠂ | ᠵᠤᠭᠠᠴᠠᠯ ᠤᠨ ᠬᠦᠯᠢᠶᠡᠨ ᠠᠪᠬᠤ ᠴᠢᠨᠠᠷ ᠴᠢᠨᠰᠠᠭ᠎ᠠ ᠪᠠ ᠴᠢᠳᠠᠪᠤᠷᠢ ᠪᠦᠲᠦᠮᠵᠢᠲᠡᠢ ᠳᠡᠭᠡᠭᠰᠢᠯᠡᠵᠦ᠂ | ᠵᠤᠭᠠᠴᠠᠭᠰᠠᠳ ᠤᠨ ᠲᠤᠭ᠎ᠠ ᠬᠡᠮᠵᠢᠶ᠎ᠡ ᠪᠠ ᠵᠤᠭᠠᠴᠠᠯ ᠤᠨ ᠣᠷᠣᠯᠭ᠎ᠠ ᠲᠣᠰᠪᠣᠷᠢ 8.9 % ᠪᠠ 15.9 % ᠪᠠᠷ | ᠨᠡᠮᠡᠭᠳᠡᠵᠡᠢ᠃ | ︵ᠬᠤᠶᠠᠷ︶ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠪᠦᠲᠦᠭᠡᠯ ᠲᠠᠰᠤᠷᠠᠯᠲᠠ | ᠦᠭᠡᠢ ᠪᠠᠬᠢᠵᠢᠪᠡ᠃ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ | ᠱᠠᠩᠨᠠᠯ ᠤᠨ ᠲᠥᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ᠂ ᠴᠠᠭ ᠤᠯᠠᠷᠢᠯ ᠤᠨ ᠵᠢᠯ ᠤᠨ | ᠮᠠᠯ ᠤᠨ ᠲᠤᠭ᠎ᠠ ᠶᠢ 21 ᠲᠦᠮᠡᠨ ᠲᠣᠯᠣᠭᠠᠢ ᠳᠤ ᠬᠢᠵᠠᠭᠠᠷᠯᠠᠨ᠎ᠠ᠃ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠢ ᠨᠠᠢᠳᠠᠪᠤᠷᠢᠵᠢᠭᠤᠯᠬᠤ᠂ 500 ᠮᠤ᠋ ᠭᠤᠣᠯᠳᠠᠯᠭ᠎ᠠ ᠲᠠᠢ ᠣᠷᠣᠨ ᠲᠣᠭᠤᠷᠢᠭ ᠢ ᠨᠣᠭᠤᠭᠠᠷᠠᠭᠤᠯᠬᠤ᠂ | 5 ᠲᠦᠮᠡᠨ ᠮᠤ᠋ ᠨᠤᠲᠤᠭ ᠪᠡᠯᠴᠢᠭᠡᠷ ᠢ ᠪᠢᠲᠡᠭᠦᠮᠵᠢᠯᠡᠨ ᠪᠤᠶᠢᠵᠢᠭᠤᠯᠬᠤ᠂ ᠨᠢᠭᠡᠨᠲᠡ ᠬᠠᠭᠠᠯᠪᠤᠷᠢᠯᠠᠭᠰᠠᠨ ᠨᠤᠲᠤᠭ | ᠪᠡᠯᠴᠢᠭᠡᠷ ᠢ 2 ᠲᠦᠮᠡᠨ ᠮᠤ᠋ ᠵᠠᠰᠠᠬᠤ᠂ ᠡᠯᠡᠰᠦᠷᠬᠡᠭᠵᠢᠨ ᠮᠠᠭᠤᠵᠢᠷᠠᠭᠰᠠᠨ ᠬᠤᠵᠢᠷᠰᠢᠭᠰᠠᠨ ᠪᠡᠯᠴᠢᠭᠡᠷ ᠢ 3000 ᠮᠤ᠋ | ᠵᠠᠰᠠᠬᠤ᠂ 9.3 ᠲᠦᠮᠡᠨ ᠮᠤ᠋ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠬᠥᠨᠥᠭᠡᠯ ᠢ ᠰᠡᠷᠭᠡᠶᠢᠯᠡᠨ | ᠵᠠᠰᠠᠬᠤ ᠶᠢ ᠪᠡᠶᠡᠯᠡᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ | ᠬᠡᠷᠡᠭᠯᠡᠬᠦ ᠲᠥᠷᠥᠯ ᠵᠦᠢᠯ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠵᠢᠷᠤᠮᠵᠢᠭᠤᠯᠤᠨ᠂ | ᠪᠠᠶᠢᠭᠠᠯᠢ ᠶᠢᠨ ᠬᠠᠳᠤᠯᠠᠩ ᠪᠡᠯᠴᠢᠭᠡᠷ ᠪᠠ ᠥᠨᠳᠥᠷ ᠤᠨᠠᠯᠲᠠ ᠲᠠᠢ ᠪᠣᠷᠳᠣᠭᠠᠨ ᠭᠠᠵᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠨᠡᠭᠦᠳᠡᠯ ᠤᠨ ᠰᠢᠪᠠᠭᠤ ᠪᠠ ᠬᠡᠭᠡᠷ᠎ᠡ ᠶᠢᠨ ᠡᠮ ᠳᠤ ᠬᠡᠷᠡᠭᠯᠡᠬᠦ ᠤᠷᠭᠤᠮᠠᠯ ᠢ | ᠬᠠᠮᠠᠭᠠᠯᠠᠬᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠠᠭᠠᠷ ᠮᠠᠨᠳᠠᠯ᠂ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠯᠡᠭᠡ ᠶᠢ ᠡᠮᠬᠢ ᠵᠢᠷᠤᠮ ᠲᠠᠢ ᠬᠡᠷᠡᠭᠵᠢᠭᠦᠯᠵᠦ᠂ ᠪᠣᠬᠢᠷ ᠤᠰᠤ ᠶᠢ | ᠰᠢᠢᠳᠪᠦᠷᠢᠯᠡᠬᠦ ᠦᠢᠯᠡᠳᠪᠦᠷᠢ ᠶᠢ ᠲᠤᠷᠰᠢᠨ ᠠᠵᠢᠯᠯᠠᠭᠤᠯᠬᠤ ᠳᠤ ᠣᠷᠣᠭᠤᠯᠵᠤ᠂ ᠭᠤᠤᠯ ᠤᠨ ᠳᠠᠷᠤᠭ᠎ᠠ ᠶᠢᠨ ᠳᠦᠷᠢᠮ | ᠢ ᠪᠦᠲᠦᠮᠵᠢᠲᠡᠶ ᠨᠠᠶᠢᠳᠠᠪᠤᠷᠢᠵᠢᠭᠤᠯᠪᠠ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ | ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠢᠯᠡᠳᠲᠡ ᠰᠠᠶᠢᠵᠢᠷᠠᠭᠤᠯᠪᠠ᠃ | ︵ᠭᠤᠷᠪᠠ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ | ᠪᠠᠯᠭᠠᠰᠤᠨ ᠤ ᠳᠦᠷᠢ ᠲᠥᠷᠬᠦ ᠲᠠᠰᠤᠷᠠᠯᠲᠠ ᠦᠭᠡᠢ ᠰᠠᠶᠢᠵᠢᠷᠠᠵᠤ᠂ PPP ᠬᠡᠯᠪᠡᠷᠢ ᠪᠠᠷ 2.3 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ 21 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠪᠠ᠂ 20.75 | ᠲᠦᠮᠡᠨ ᠲᠡᠭᠰᠢ ᠳᠥᠷᠪᠡᠯᠵᠢᠨ ᠮᠧᠲᠷ ᠤᠨ ᠵᠡᠭᠡᠯᠢ ᠭᠤᠳᠤᠮᠵᠢ ᠶᠢ ᠪᠦᠷᠬᠦᠵᠦ᠂ 10 ᠲᠦᠮᠡᠨ ᠲᠡᠭᠰᠢ ᠳᠥᠷᠪᠡᠯᠵᠢᠨ | ᠮᠧᠲᠷ ᠤᠨ ᠵᠡᠭᠡᠯᠢ ᠭᠤᠳᠤᠮᠵᠢ ᠶᠢ ᠬᠠᠲᠠᠭᠤᠷᠠᠭᠤᠯᠤᠨ᠂ 13 ᠰᠠᠭᠤᠷᠢ ᠠᠰᠠᠷ ᠪᠠᠷᠢᠯᠭ᠎ᠠ᠂ ᠪᠠᠶᠠᠨᠨᠠᠭᠤᠷ ᠤᠨ | ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠪᠡ᠃ ᠰᠠᠭᠤᠷᠢ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ | ᠦᠭᠡᠢ ᠳᠡᠭᠡᠭᠰᠢᠯᠡᠵᠦ᠂ ᠨᠢᠰᠬᠡᠯ ᠤᠨ ᠲᠠᠯᠠᠪᠤᠷ ᠤᠨ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠵᠦ᠂ | ᠬᠥᠳᠡᠭᠡ ᠲᠣᠰᠬᠤᠨ ᠤ 34.2 ᠺᠢᠯᠣᠮᠧᠲᠷ ᠵᠠᠰᠠᠮᠠᠯ ᠵᠠᠮ ᠢ ᠦᠷᠭᠦᠯᠵᠢᠯᠡᠨ ᠪᠠᠶᠢᠭᠤᠯᠵᠤ᠂ ᠬᠥᠳᠡᠭᠡ ᠲᠣᠰᠬᠤᠨ ᠤ | ᠵᠠᠰᠠᠮᠠᠯ ᠵᠠᠮ ᠢ ᠰᠠᠭᠠᠳ ᠦᠭᠡᠢ ᠨᠡᠪᠲᠡᠷᠡᠭᠦᠯᠪᠡ᠃ ᠤᠯᠠᠭᠠᠶ ᠤᠰᠤᠨ ᠴᠥᠭᠦᠷᠥᠮ ᠤᠨ ᠠᠶᠤᠯ ᠢ ᠠᠷᠢᠯᠭᠠᠨ | ᠪᠠᠬᠢᠵᠢᠭᠦᠯᠬᠦ ᠢᠨᠵᠧᠨᠧᠷᠢᠩ᠂ ᠭᠤᠷᠪᠠᠳᠤᠭᠠᠷ ᠬᠡᠰᠡᠭ ᠤᠨ ᠡᠷᠭᠢ ᠶᠢ ᠬᠠᠮᠠᠭᠠᠯᠠᠬᠤ ᠰᠠᠭᠤᠷᠢ ᠢᠨᠵᠧᠨᠧᠷᠢᠩ ᠪᠠ | ᠪᠠᠶᠠᠨᠬᠤᠰᠢᠭᠤ ᠪᠠᠯᠭᠠᠰᠤᠨ ᠤ ᠦᠶᠡᠷ ᠢ ᠰᠡᠷᠭᠡᠶᠢᠯᠡᠬᠦ ᠬᠠᠰᠢᠯᠭ᠎ᠠ ᠶᠢ ᠪᠠᠬᠢᠵᠢᠭᠦᠯᠬᠦ ᠢᠨᠵᠧᠨᠧᠷᠢᠩ ᠢ ᠪᠦᠬᠦᠨ ᠢ | ᠳᠠᠭᠤᠰᠬᠠᠪᠠ᠃ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ | 110 ᠺᠢᠯᠣᠮᠧᠲᠷ ᠭᠡᠷᠡᠯᠯᠢᠭ ᠳᠡᠭᠡᠰᠦ ᠶᠢ ᠳᠡᠪᠢᠰᠴᠦ᠂ 9 ᠭᠠᠴᠠᠭ᠎ᠠ ᠲᠣᠰᠬᠤᠨ ᠳᠤ ᠥᠷᠭᠡᠨ ᠪᠦᠰᠡᠲᠦ | ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠪᠡᠶᠡᠯᠡᠬᠦᠯᠪᠡ᠃ ᠬᠤᠶᠠᠷ 35 K V ᠶᠢᠨ ᠭᠤᠣᠯ ᠬᠤᠪᠢᠷᠠᠯᠲᠠ ᠵᠢᠴᠢ ᠵᠠᠮ | ᠱᠤᠭᠤᠮ ᠵᠡᠷᠭᠡ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠪᠠᠷᠢᠯᠭ᠎ᠠ ᠶᠢ | ᠳᠠᠭᠤᠰᠬᠠᠪᠠ᠃ ᠥᠯᠵᠡᠢ ᠣᠪᠣᠭ᠎ᠠ ᠬᠤᠪᠢᠶᠠᠷᠢ ᠲᠠᠯᠠᠪᠠᠢ ᠶᠢ ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠯᠵᠢᠬᠤ | ᠲᠠᠷᠢᠶᠠᠯᠠᠬᠤ ᠣᠷᠣᠨ ᠤ ᠵᠢᠱᠢᠶ᠎ᠡ ᠦᠵᠡᠭᠦᠯᠬᠦ ᠴᠢᠭ ᠢᠶᠠᠷ ᠵᠢᠭᠰᠠᠭᠠᠪᠠ᠃ | ︵ᠳᠥᠷᠪᠡᠨ︶ ᠬᠥᠭᠵᠢᠯᠲᠡ ᠶᠢᠨ ᠠᠮᠢᠵᠢᠷᠠᠯ ᠤᠨ ᠬᠦᠴᠦᠨ ᠤᠯᠠᠮ ᠨᠢᠭᠡ ᠠᠯᠬᠤᠮ ᠴᠢᠩᠭᠠᠷᠠᠪᠠ᠃ ᠴᠢᠬᠤᠯᠠ | ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ | ᠪᠦᠬᠦ ᠵᠢᠯ ᠳᠤ 40 ᠵᠦᠢᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠤᠢ ᠪᠣᠯᠭᠠᠵᠤ᠂ 139 ᠵᠦᠢᠯ ᠤᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠲᠣᠰ ᠱᠠᠲᠤᠨ ᠤ | ᠥᠭᠡᠷᠡᠴᠢᠯᠡᠯᠲᠡ ᠶᠢᠨ ᠡᠭᠦᠷᠭᠡ ᠶᠢ ᠪᠦᠬᠦᠨ ᠢ ᠪᠡᠶᠡᠯᠡᠭᠦᠯᠪᠡ᠃ ︽ᠨᠠᠢᠮᠠᠨ ᠨᠠᠷᠢᠨ ᠳᠠᠩᠰᠠ︾ ᠶᠢ ᠪᠦᠬᠦ ᠲᠠᠯ᠎ᠠ ᠪᠠᠷ | ᠡᠮᠬᠢᠯᠡᠨ ᠲᠢᠭᠯᠡᠵᠦ᠂ 2533 ᠵᠦᠢᠯ ᠤᠨ ᠡᠷᠬᠡ ᠬᠠᠷᠢᠭᠤᠴᠠᠯᠭ᠎ᠠ ᠶᠢᠨ ᠵᠦᠢᠯᠡᠰ ᠢ ᠢᠯᠡ ᠪᠣᠯᠭᠠᠵᠤ᠂ 358 | ᠲᠥᠷᠦᠯ ᠵᠦᠢᠯ ᠤᠨ ᠴᠤᠪᠤᠷᠠᠯ ᠢ ᠡᠮᠬᠢᠯᠡᠨ ᠲᠢᠭᠯᠡᠪᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ | ᠠᠵᠤ ᠠᠬᠤᠶᠢᠯᠠᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ 1588 ᠬᠡᠪ ᠤᠨ ᠪᠤᠰᠤ ᠡᠷᠦᠬᠡ ᠶᠢ ᠬᠠᠤᠯᠢ ᠶᠣᠰᠣᠭᠠᠷ | ᠴᠡᠪᠡᠷᠯᠡᠨ᠂ 311 ᠡᠷᠦᠬᠡ ᠶᠢ ᠬᠤᠷᠢᠶᠠᠨ ᠠᠪᠴᠤ ᠬᠦᠴᠦᠨ ᠦᠭᠡᠢ ᠪᠣᠯᠭᠠᠪᠠ᠃ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠪᠠ ᠤᠯᠤᠰ ᠤᠨ ᠥᠮᠴᠢᠯᠡᠯᠲᠡ | ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢᠨ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠨᠤᠲᠤᠭ ᠪᠡᠯᠴᠢᠭᠡᠷ ᠤᠨ ᠡᠷᠬᠡ ᠶᠢ ᠲᠣᠳᠣᠯᠠᠨ | ᠳᠠᠭᠠᠭᠠᠴᠢᠯᠠᠭᠤᠯᠬᠤ ᠳᠠᠩᠰᠠᠯᠠᠨ ᠲᠡᠮᠳᠡᠭᠯᠡᠬᠦ ᠳᠣᠲᠣᠭᠠᠳᠤ ᠭᠠᠳᠠᠭᠠᠳᠤ ᠶᠢᠨ ᠠᠵᠢᠯ ᠢ ᠦᠨᠳᠦᠰᠦᠨ ᠳᠡᠭᠡᠨ | ᠪᠡᠶᠡᠯᠡᠭᠦᠯᠪᠡ᠃ | ︵ᠲᠠᠪᠤ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠶᠠᠳᠠᠭᠤ | ᠬᠦᠴᠢᠷᠳᠡᠯᠲᠡᠶ ᠡᠷᠦᠬᠡ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠭ᠎ᠠ ᠪᠣᠳᠠᠲᠠᠶ ᠰᠠᠶᠢᠲᠤᠷ ᠠᠳᠬᠤᠵᠤ᠂ | ᠶᠠᠳᠠᠭᠤ ᠶᠢ ᠲᠡᠳᠬᠦᠵᠦ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ᠂ | ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠢᠨᠵᠧᠨᠧᠷᠢᠩ ᠤᠨ ︽ᠭᠤᠷᠪᠠᠨ ᠨᠢᠭᠡ ᠪᠦᠯᠦᠭ︾ ᠤᠨ ᠠᠵᠢᠯᠯᠠᠭᠠᠨ ᠤ | ᠲᠥᠯᠥᠪᠯᠡᠭᠡ ᠵᠡᠷᠭᠡ ᠰᠢᠷᠢᠰ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠲᠦᠷᠦᠯ ᠵᠦᠢᠯ ᠤᠨ | ᠣᠨᠣᠪᠴᠢᠲᠠᠶ ᠪᠠᠷ ᠶᠠᠳᠠᠭᠤ ᠶᠢ ᠲᠡᠳᠬᠦᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ | ᠦᠢᠯᠡᠰ ᠪᠣᠰᠬᠠᠵᠤ ᠠᠵᠢᠯ ᠣᠯᠭᠤᠬᠤ ᠡᠯ᠎ᠡ ᠵᠦᠢᠯ ᠤᠨ ᠲᠥᠷᠦ ᠶᠢᠨ ᠪᠣᠳᠣᠯᠭ᠎ᠠ ᠶᠢ ᠨᠠᠢᠳᠠᠪᠤᠷᠢᠵᠢᠭᠤᠯᠵᠤ᠂ ᠬᠤᠲᠠ | ᠪᠠᠯᠭᠠᠰᠤᠨ ᠤ ᠡᠯ᠎ᠡ ᠲᠥᠷᠥᠯ ᠤᠨ ᠬᠥᠮᠦᠰ ᠪᠠ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ 1116 | ᠬᠥᠮᠦᠨ ᠢ ᠲᠥᠪᠬᠢᠨᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ ᠶᠢ 2.9 | % ᠶᠢᠨ ᠳᠣᠲᠣᠷ᠎ᠠ ᠬᠢᠵᠠᠭᠠᠷᠯᠠᠪᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ | ᠲᠥᠯᠥᠪᠯᠡᠭᠡ ᠶᠢ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠢ ᠮᠣᠵᠢ ᠠᠯᠤᠰᠯᠠᠨ ᠣᠨᠳᠣᠤ ᠭᠠᠵᠠᠷ ᠲᠤ | ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠣᠳᠣᠬᠤ ᠶᠢ ᠪᠡᠶᠡᠯᠡᠬᠦᠯᠪᠡ᠃ ᠰᠤᠷᠭᠠᠨ ᠬᠥᠮᠦᠵᠢᠯ ᠤᠨ ᠶᠠᠰᠤ | ᠴᠢᠨᠠᠷ ᠤᠯᠠᠮ ᠨᠢᠭᠡ ᠠᠯᠬᠤᠮ ᠳᠡᠭᠡᠭᠰᠢᠯᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ | ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠪᠢᠶᠠᠨ ᠡᠯᠰᠡᠬᠦ ᠨᠣᠷᠮ᠎ᠠ ᠪᠠ ᠶᠡᠭᠡ ᠲᠡᠭᠡᠳᠣ ᠰᠤᠷᠭᠠᠭᠤᠯᠢ ᠶᠢᠨ ᠰᠤᠷᠤᠭᠴᠢ | ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠳᠤ ᠣᠷᠣᠬᠤ ᠨᠣᠷᠮ᠎ᠠ ᠲᠣᠰ ᠲᠣᠰ 5.5 ᠪᠠ 9.6 ᠵᠠᠭᠤᠨ ᠤ ᠴᠡᠭ | ᠳᠡᠭᠡᠭᠰᠢᠯᠡᠵᠦ᠂ ᠡᠯ᠎ᠡ ᠰᠤᠷᠭᠠᠭᠤᠯᠢ ᠡᠷᠬᠢᠯᠡᠬᠦ ᠨᠥᠬᠦᠴᠡᠯ ᠦᠷᠭᠦᠯᠵᠢᠯᠡᠨ ᠰᠠᠶᠢᠵᠢᠷᠠᠵᠤ᠂ ᠴᠦᠨ ᠬᠤᠢ ᠪᠠᠭ᠎ᠠ | ᠰᠤᠷᠭᠠᠭᠤᠯᠢ ᠶᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠳᠤᠮᠳᠠᠳᠤ ᠰᠤᠷᠭᠠᠭᠤᠯᠢ᠂ ᠮᠣᠩᠭᠤᠯ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠷᠳᠣᠨ ᠵᠡᠷᠭᠡ ᠶᠢ ᠵᠠᠯᠭᠠᠭ᠎ᠠ ᠪᠠᠷ ᠠᠰᠢᠭᠯᠠᠯᠲᠠ ᠳᠤ | ᠣᠷᠣᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠡᠯ᠎ᠡ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ | ᠬᠦᠷᠦᠭᠰᠡᠨ ᠨᠣᠷᠮ᠎ᠠ 100 % ᠳᠤ ᠬᠦᠷᠴᠦ᠂ ᠡᠬᠡ ᠨᠢᠯᠬᠠᠰ ᠤᠨ ᠡᠷᠡᠭᠡᠯᠵᠡᠯ ᠤᠨ ᠬᠤᠷᠢᠶ᠎ᠠ ᠪᠠ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠥᠷᠥᠯ ᠵᠦᠢᠯ ᠠᠵᠢᠯ ᠡᠬᠢᠯᠡᠪᠡ᠃ 400 ᠡᠷᠦᠬᠡ ᠳᠥᠭᠦᠮ | ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠡᠬᠢᠯᠡᠭᠦᠯᠵᠦ᠂ | ᠨᠠᠰᠤᠲᠠᠶᠢᠴᠤᠳ ᠢ ᠠᠰᠠᠷᠠᠨ ᠰᠤᠪᠢᠯᠠᠬᠤ ᠬᠦᠷᠢᠶᠡᠯᠡᠩ ᠢ ᠵᠢᠩᠬᠢᠨᠢ ᠪᠠᠷ ᠡᠵᠡᠩᠨᠡᠯᠲᠡ ᠳᠤ ᠣᠷᠣᠭᠤᠯᠪᠠ᠃ | ︵ᠵᠢᠷᠭᠤᠭ᠎ᠠ︶ ᠨᠡᠶᠢᠭᠡᠮ ᠤᠨ ᠪᠠᠶᠢᠳᠠᠯ ᠡᠶ᠎ᠡ ᠵᠣᠬᠢᠴᠠᠯ ᠲᠠᠢ ᠲᠣᠭᠲᠠᠭᠤᠨ ᠪᠠᠶᠢᠨ᠎ᠠ᠃ ᠵᠠᠬᠢᠳᠠᠯ ᠰᠤᠷᠪᠤᠯᠵᠢᠯᠠᠭ᠎ᠠ | ᠪᠠ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠵᠥᠷᠢᠴᠡᠯ | ᠵᠢᠭᠤᠷᠠᠭᠠᠨ ᠢ ᠰᠢᠢᠳᠪᠦᠷᠢᠯᠡᠬᠦ ᠨᠣᠷᠮ᠎ᠠ 99.7 % ᠳᠤ ᠬᠦᠷᠴᠦ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ | ᠬᠥᠮᠦᠨ ᠤ ᠲᠤᠭ᠎ᠠ 11 % ᠪᠠᠷ ᠪᠠᠭᠤᠷᠠᠵᠤ᠂ ᠴᠢᠬᠤᠯᠠ ᠰᠡᠷᠭᠡᠭ ᠵᠠᠩᠭᠢᠯᠠᠭ᠎ᠠ ᠶᠢᠨ ᠴᠡᠭ ᠪᠠ ᠴᠢᠬᠤᠯᠠ ᠶᠡᠭᠡ | ᠠᠵᠢᠯᠯᠠᠭ᠎ᠠ ᠶᠢᠨ ᠬᠤᠭᠤᠴᠠᠭᠠᠨ ᠳᠤ ︽ᠵᠠᠬᠢᠳᠠᠯ ᠰᠤᠷᠪᠤᠯᠵᠢᠯᠠᠭ᠎ᠠ ᠬᠢᠬᠦ ᠦᠭᠡᠢ︾ ᠬᠠᠷᠠᠯᠲᠠ ᠶᠢ ᠪᠡᠶᠡᠯᠡᠭᠦᠯᠪᠡ᠃ | ᠨᠡᠶᠢᠭᠡᠮ ᠤᠨ ᠠᠮᠤᠷ ᠲᠦᠪᠰᠢᠨ ᠢ ᠲᠥᠪᠯᠡᠷᠡᠭᠦᠯᠦᠨ ᠪᠠᠶᠢᠴᠠᠭᠠᠵᠤ ᠴᠡᠭᠴᠡᠯᠡᠨ ᠵᠠᠰᠠᠬᠤ᠂ ᠫᠤᠤ ᠵᠡᠪᠰᠡᠭ | ᠳᠡᠯᠪᠡᠷᠡᠯᠲᠡ ᠳᠤ ᠬᠤᠯᠪᠣᠭᠳᠠᠬᠤ ᠪᠠ ︽ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷᠲᠤ ᠡᠳ᠋ ᠫᠠᠨᠽᠠᠯᠠᠬᠤ︾ | ᠠᠵᠢᠯᠯᠠᠭ᠎ᠠ ᠳᠤ ᠴᠣᠬᠢᠯᠲᠠ ᠥᠭᠬᠦ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ | ᠴᠡᠭᠴᠡᠯᠡᠨ ᠵᠠᠰᠠᠬᠤ᠂ ᠵᠠᠰᠠᠮᠠᠯ ᠵᠠᠮ ᠤᠨ ᠬᠢᠵᠠᠭᠠᠷᠯᠠᠯ ᠠᠴᠠ ᠬᠡᠳᠦᠷᠡᠬᠦᠯᠦᠭᠰᠡᠨ ᠢ ᠵᠠᠰᠠᠬᠤ ᠵᠠᠭᠤᠨ ᠡᠳᠦᠷ ᠤᠨ | ᠠᠵᠢᠯᠯᠠᠭ᠎ᠠ ᠵᠡᠷᠭᠡ ᠰᠢᠷᠢᠰ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠡᠶᠢᠭᠡᠮ ᠤᠨ ᠣᠷᠴᠢᠨ ᠤ | ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠪᠦᠬᠦ ᠬᠦᠴᠦᠨ ᠢᠶᠠᠷ ᠢᠶᠠᠨ ︽ᠠᠶᠤᠯ ᠲᠦᠭᠰᠢᠭᠦᠷᠢ ᠶᠢ ᠰᠡᠷᠭᠡᠶᠢᠯᠡᠬᠦ︾ | ᠪᠠᠷ ᠴᠢᠷᠮᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠡᠢ ᠠᠷᠢᠯᠭᠠᠨ᠂ ᠠᠷᠠᠳ ᠤᠨ ᠳᠤᠮᠳᠠᠬᠢ | ᠵᠢᠭᠡᠯᠡᠯᠭᠡ ᠶᠢᠨ ᠵᠣᠭᠤᠰ ᠪᠤᠴᠠᠭᠠᠬᠤ ᠨᠣᠷᠮ᠎ᠠ 82 % ᠳᠤ ᠬᠦᠷᠪᠡ᠃ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠣᠯᠠᠨ ᠤ ᠢᠳᠡᠭᠡᠨ ᠤᠮᠳᠠᠭᠠᠨ | ᠡᠮ ᠤᠨ ᠬᠡᠷᠡᠭᠯᠡᠯᠲᠡ ᠶᠢᠨ ᠠᠮᠤᠷ ᠲᠦᠪᠰᠢᠨ ᠢ ᠬᠦᠴᠦᠲᠡᠢ ᠪᠠᠲᠤᠯᠠᠪᠠ᠃ ᠠᠶᠤᠯᠭᠦᠶ ᠦᠢᠯᠡᠳᠪᠦᠷᠢᠯᠡᠯ ᠢ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ | ᠠᠭᠤᠷᠬᠠᠶ᠂ ᠠᠶᠤᠯᠲᠠᠶ ᠬᠢᠮᠢ ᠶᠢᠨ ᠪᠣᠳᠠᠰ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠲᠤᠰᠬᠠᠶ ᠴᠡᠭᠴᠡᠯᠡᠨ | ᠵᠠᠰᠠᠯᠲᠠ ᠶᠢ ᠴᠢᠩᠭᠠᠳᠬᠠᠵᠤ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 99.8 % ᠳᠤ ᠬᠦᠷᠴᠦ | ᠂ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠃ | ᠨᠢᠭᠡ ᠵᠢᠯ ᠤᠨ ᠲᠤᠷᠰᠢ᠂ ᠠᠵᠤ ᠠᠬᠤᠶ ᠨᠡᠶᠢᠭᠡᠮ ᠤᠨ ᠬᠥᠭᠵᠢᠯᠲᠡ ᠬᠠᠲᠠᠭᠤ ᠰᠢᠯᠭᠠᠯᠲᠠ ᠶᠢ ᠳᠠᠭᠠᠭᠠᠵᠤ᠂ | ᠠᠮᠵᠢᠯᠲᠠ ᠣᠯᠵᠠᠶ᠂ ᠭᠡᠪᠡᠴᠦ ᠪᠢᠳᠡ ᠪᠠᠰᠠ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠵᠠᠷᠢᠮ ᠳᠤᠲᠠᠭᠤᠳᠠᠯ | ᠪᠠ ᠠᠰᠠᠭᠤᠳᠠᠯ ᠢ ᠰᠡᠷᠭᠡᠭ ᠢᠶᠠᠷ ᠣᠯᠵᠤ ᠬᠠᠷᠠᠵᠤ᠂ ᠣᠷᠣᠨ ᠪᠦᠰᠡ ᠶᠢᠨ ᠠᠵᠤ ᠠᠬᠤᠢ ᠶᠢᠨ ᠶᠡᠷᠦᠩᠬᠡᠶ ᠬᠡᠮᠵᠢᠶ᠎ᠡ | ᠪᠠᠭ᠎ᠠ᠂ ᠬᠥᠭᠵᠢᠯᠲᠡ ᠲᠡᠩᠴᠡᠭᠦᠷᠢ ᠦᠭᠡᠢ᠂ ᠬᠦᠢᠴᠡᠳ ᠦᠭᠡᠢ ᠠᠰᠠᠭᠤᠳᠠᠯ ᠮᠥᠨ ᠯᠡ ᠣᠷᠣᠰᠢᠵᠤ᠂ | ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠪᠠᠰᠠ ᠥᠨᠳᠥᠷ ᠪᠢᠰᠢ ᠪᠠᠶᠢᠬᠤ ᠳᠡᠭᠡᠷ᠎ᠡ ᠲᠣᠪᠦ᠋ᠮ᠎ᠠ ᠢᠯᠡᠷᠡᠵᠦ | ᠪᠠᠶᠢᠨ᠎ᠠ᠃ ᠲᠤᠯᠭᠠᠭᠤᠷᠢ ᠠᠵᠤ ᠦᠢᠯᠡᠰ ᠪᠣᠯᠤᠭᠰᠠᠨ ᠨᠡᠭᠦᠷᠡᠰᠦ ᠴᠠᠬᠢᠯᠭᠠᠨ ᠤ ᠲᠥᠷᠥᠯ ᠵᠦᠢᠯ ᠤᠨ ᠪᠦᠲᠦᠭᠡᠨ | ᠪᠠᠢᠭᠤᠯᠤᠯᠲᠠ ᠬᠠᠷᠠᠬᠠᠨ ᠡᠬᠢᠯᠡᠯᠲᠡ ᠶᠢᠨ ᠱᠠᠲᠤᠨ ᠳᠠᠭᠠᠨ ᠪᠠᠶᠢᠵᠤ᠂ ᠲᠥᠷᠥᠯ ᠵᠦᠢᠯ ᠤᠨ ᠭᠠᠷᠳᠠᠮ ᠪᠦᠷᠢᠨ | ᠬᠦᠢᠴᠡᠳ ᠪᠠᠶᠢᠬᠤ ᠪᠠ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠨᠡᠯᠢᠶᠡᠳ ᠬᠦᠨᠳᠦ ᠪᠠᠶᠢᠵᠤ᠂ | ᠲᠣᠭᠲᠠᠭᠤᠨ ᠢᠶᠠᠷ ᠨᠡᠮᠡᠭᠳᠡᠭᠦᠯᠬᠦ ᠳᠠᠷᠤᠯᠲᠠ ᠨᠡᠯᠢᠶᠡᠳ ᠶᠡᠭᠡ ᠪᠠᠶᠢᠨ᠎ᠠ᠃ ᠴᠢᠨᠠᠷ ᠰᠠᠶᠢᠲᠠᠶ ᠣᠨᠴᠠᠯᠢᠭᠲᠤ ᠲᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰ ᠢ ᠬᠥᠭᠵᠢᠯᠲᠡ ᠶᠢᠨ ᠦᠷ᠎ᠡ ᠠᠰᠢᠭ ᠪᠣᠯᠭᠠᠨ ᠬᠤᠪᠢᠷᠠᠭᠤᠯᠬᠤ ᠲᠠᠯ᠎ᠠ ᠪᠠᠷ | ᠪᠠᠰᠠ ᠬᠦᠢᠴᠡᠳ ᠪᠤᠰᠤ ᠪᠠᠶᠢᠵᠤ᠂ ᠬᠥᠲᠥᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ | ᠲᠤᠰᠠ ᠶᠢ ᠬᠤᠯᠪᠣᠬᠤ ᠲᠣᠭᠲᠠᠴᠠ ᠪᠦᠷᠢᠨ ᠪᠤᠰᠤ ᠪᠠᠶᠢᠨ᠎ᠠ᠃ ᠵᠢᠭᠤᠯᠴᠢᠯᠠᠯ ᠤᠨ ᠪᠦᠲᠦᠭᠡᠭᠳᠡᠬᠦᠨ ᠤ ᠨᠡᠭᠡᠭᠡᠯᠲᠡ | ᠬᠦᠷᠦᠯᠴᠡᠬᠦ ᠥᠬᠡᠶ ᠪᠠᠶᠢᠵᠤ᠂ ᠵᠢᠭᠤᠯᠴᠢᠯᠠᠯ ᠤᠨ ᠬᠥᠭᠵᠢᠯᠲᠡ ᠶᠢᠨ ᠳᠠᠶᠢᠴᠢᠯᠠᠬᠤ ᠴᠢᠳᠠᠪᠤᠷᠢ ᠪᠠᠨ ᠳᠡᠭᠡᠭᠰᠢᠯᠡᠭᠦᠯᠬᠦ | ᠴᠢᠬᠤᠯᠠᠲᠠᠶ ᠪᠠᠶᠢᠨ᠎ᠠ᠃ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ | ᠠᠮᠢᠳᠤᠷᠠᠯ ᠤᠨ ᠬᠦᠷᠢᠶᠡᠨ ᠤ ᠰᠠᠭᠤᠷᠢ ᠲᠥᠬᠦᠭᠡᠷᠦᠮᠵᠢ᠂ ᠮᠡᠳᠡᠭᠡ ᠵᠠᠩᠭᠢᠵᠢᠯᠲᠠ ᠵᠢᠴᠢ ᠲᠤᠰᠬᠠᠶ ᠮᠡᠷᠭᠡᠵᠢᠯ ᠤᠨ | ᠡᠩᠨᠡᠭᠡ ᠶᠢᠨ ᠲᠠᠯ᠎ᠠ ᠪᠠᠷ ᠪᠠᠰᠠ ᠳᠤᠲᠠᠭᠤᠳᠠᠯ ᠣᠷᠣᠰᠢᠵᠤ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠢᠬᠠᠨ ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠬᠠᠩᠭᠠᠵᠤ ᠴᠢᠳᠠᠬᠤ ᠦᠭᠡᠢ ᠪᠠᠶᠢᠨ᠎ᠠ᠃ ᠡᠳᠡᠭᠡᠷ | ᠠᠰᠠᠭᠤᠳᠠᠯ ᠨᠢ ᠪᠤᠰᠤᠳᠴᠢ ᠲᠠᠯ᠎ᠠ ᠪᠠᠷ ᠬᠤᠷᠸ᠎ᠠ ᠠᠵᠤ ᠠᠬᠤᠢ ᠶᠢᠨ ᠨᠥᠯᠥᠭᠡ ᠶᠢ ᠬᠦᠷᠲᠡᠭᠰᠡᠨ ᠪᠠᠶᠢᠬᠤ ᠮᠥᠷᠲᠡᠭᠡᠨ | ᠪᠠᠰᠠ ᠪᠢᠳᠡᠨ ᠤ ᠪᠡᠶᠡᠴᠢ ᠲᠠᠯ᠎ᠠ ᠶᠢᠨ ᠠᠵᠢᠯ ᠤᠨ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠶᠢᠨ᠎ᠠ᠃ ᠪᠢᠳᠡ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠩ ᠶᠡᠭᠡ ᠡᠷᠡᠰ ᠵᠣᠷᠢᠭ᠂ ᠨᠠᠩ ᠪᠦᠲᠦᠮᠵᠢᠲᠡᠶ | ᠠᠷᠭ᠎ᠠ ᠬᠡᠮᠵᠢᠶ᠎ᠡ ᠪᠠᠷ ᠨᠠᠷᠢᠨ ᠬᠢᠨᠠᠮᠠᠭᠠᠶ ᠰᠢᠢᠳᠪᠦᠷᠢᠯᠡᠬᠦ ᠬᠡᠷᠡᠭᠲᠡᠶ︕ | ᠬᠤᠶᠠᠷ᠂ 2018 ᠣᠨ ᠤ ᠭᠤᠤᠯ ᠡᠭᠦᠷᠭᠡ | ᠨᠠᠮ ᠤᠨ ᠠᠵᠢᠯᠯᠠᠬᠤ ᠬᠤᠷᠢᠶ᠎ᠠ ᠶᠢᠨ ᠬᠥᠭᠵᠢᠯᠲᠡ ᠶᠢᠨ ᠰᠡᠳᠬᠢᠴᠡ ᠪᠠ ᠶᠡᠷᠦᠩᠬᠡᠶ ᠱᠠᠭᠠᠷᠳᠠᠯᠭ᠎ᠠ ᠶᠣᠰᠣᠭᠠᠷ᠂ ᠡᠨᠡ | ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠵᠢᠱᠢᠯᠲᠡ ᠪᠠᠷ 32.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 9.8 % ᠪᠠᠷ ᠨᠡᠮᠡᠭᠳᠡᠬᠦᠯᠦᠨ᠎ᠡ ︵ᠣᠳᠣ ᠶᠢᠨ ᠦᠨ᠎ᠡ ᠶᠢᠨ ᠨᠡᠮᠡᠭᠳᠡᠯ ᠤᠨ | ᠬᠤᠷᠳᠤᠴᠠ᠂ ᠲᠣᠷᠣᠭᠰᠢ ᠠᠳᠠᠯᠢ︶᠂ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠢ 6 | ᠳ᠋ᠦᠩᠰᠢᠭᠤᠷ ᠲᠥᠭᠦᠷᠢᠭ ᠲᠤ ᠬᠦᠷᠭᠡᠵᠦ᠂ 5.4 % ᠪᠠᠷ ᠨᠡᠮᠡᠭᠳᠡᠭᠦᠯᠦᠨ᠂ ᠬᠤᠶᠠᠳᠤᠭᠠᠷ ᠠᠵᠤ ᠦᠢᠯᠡᠰ ᠤᠨ | ᠨᠡᠮᠡᠭᠳᠡᠯ ᠥᠷᠲᠡᠭ ᠢ 14.8 ᠳ᠋ᠦᠩᠰᠢᠭᠤᠷ ᠲᠥᠭᠦᠷᠢᠭ ᠲᠤ ᠬᠦᠷᠭᠡᠵᠦ᠂ 11 % ᠪᠠᠷ ᠨᠡᠮᠡᠭᠳᠡᠭᠦᠯᠦᠨ᠂ | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 11.3 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ 10.7 | % ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ | ᠵᠢᠱᠢᠯᠲᠡ ᠪᠠᠷ 6.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ 13.4 % ᠪᠠᠷ ᠨᠡᠮᠡᠭᠳᠡᠪᠡ᠃ ᠣᠯᠠᠨ ᠨᠡᠶᠢᠲᠡ ᠶᠢᠨ | ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠵᠢᠱᠢᠯᠲᠡ ᠪᠠᠷ 3.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ | 14.2 % ᠢᠶᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠱᠢᠯᠲᠡ ᠪᠠᠷ 7.32 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 8 % ᠪᠠᠷ ᠨᠡᠮᠡᠭᠳᠡᠭᠦᠯᠦᠨ᠎ᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰᠪᠣᠷᠢ 40850 ᠲᠥᠭᠦᠷᠢᠭ ᠪᠠ | 26300 ᠲᠥᠭᠦᠷᠢᠭ ᠲᠤ ᠬᠦᠷᠴᠦ᠂ 7.6 % ᠪᠠ 7.9 % ᠪᠠᠷ ᠨᠡᠮᠡᠭᠳᠡᠪᠡ᠃ ᠡᠳᠡᠭᠡᠷ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ ᠳᠣᠯᠣᠭᠠᠨ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠬᠢᠬᠦ ᠬᠡᠷᠡᠭᠲᠡᠶ᠃ | ︵ᠨᠢᠭᠡ︶ ᠭᠤᠤᠯᠳᠠᠯᠭ᠎ᠠ ᠶᠢ ᠠᠳᠬᠤᠨ᠂ ᠪᠡᠷᠬᠡ ᠰᠡᠳᠦᠪ ᠢ ᠰᠢᠢᠳᠪᠦᠷᠢᠯᠡᠵᠦ᠂ ︽ᠭᠤᠷᠪᠠᠨ ᠶᠡᠭᠡ ᠪᠡᠷᠬᠡ | ᠰᠡᠳᠦᠪ ᠢ ᠰᠢᠢᠳᠪᠦᠷᠢᠯᠡᠬᠦ ᠳᠠᠶᠢᠨ︾ ᠢ ᠬᠦᠴᠦᠯᠡᠨ ᠰᠠᠶᠢᠲᠤᠷ ᠬᠢᠨ᠎ᠡ᠃ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ | ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠠᠭᠤᠷᠢ ᠶᠢ | ᠪᠠᠬᠢᠵᠢᠭᠦᠯᠬᠦ ᠬᠡᠷᠡᠭᠲᠡᠶ᠃ | ᠨᠢᠭᠡ ᠳᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠣᠳᠣᠬᠠᠨ ᠳᠤ᠂ ᠬᠠᠮᠢᠶᠠᠷᠤᠯᠲᠠ ᠶᠢᠨ | ᠣᠷᠣᠨ ᠤ ᠥᠷᠢ ᠥᠭᠴᠡᠭᠡ ᠶᠢᠨ ᠦᠯᠡᠳᠡᠪᠦᠷᠢ ᠲᠤᠭ᠎ᠠ ᠬᠡᠳᠦ᠋ᠢᠪᠡᠷ ᠪᠦᠬᠦ ᠠᠶᠢᠮᠠᠭ ᠤᠨ 12 ᠳ᠋ᠤᠭᠠᠷ ᠲᠤ | ᠵᠢᠭᠰᠠᠭᠠᠭᠳᠠᠭᠰᠠᠨ ᠪᠣᠯᠪᠠᠴᠤ᠂ ᠰᠡᠷᠡᠮᠵᠢ ᠶᠢᠨ ᠱᠤᠭᠤᠮ ᠠᠴᠠ ᠳᠡᠭᠡᠭᠰᠢ ᠪᠠᠶᠢᠵᠤ᠂ ᠵᠠᠰᠠᠭ ᠤᠨ ᠣᠷᠳᠣᠨ ᠤ ᠥᠷᠢ | ᠥᠭᠴᠡᠭᠡ ᠶᠢᠨ ᠦᠯᠡᠳᠡᠪᠦᠷᠢ ᠲᠤᠭ᠎ᠠ ᠶᠢᠨ ᠰᠠᠭᠤᠷᠢ ᠲᠤᠭ᠎ᠠ ᠨᠡᠯᠢᠶᠡᠳ ᠶᠡᠭᠡ ᠪᠠ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠤᠨ ᠲᠣᠪᠣᠶᠢᠮ᠎ᠠ ᠨᠥᠯᠥᠭᠡ ᠶᠢ ᠬᠦᠷᠲᠡᠵᠦ᠂ ᠥᠷᠢ ᠥᠭᠴᠡᠭᠡ ᠶᠢᠨ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠨ᠎ᠠ᠃ ᠠᠷᠪᠢᠯᠠᠨ ᠭᠠᠮᠨᠠᠵᠤ ᠠᠮᠢᠳᠤᠷᠠᠬᠤ | ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠠᠷᠠᠳ ᠤᠨ | ᠦᠨᠳᠦᠰᠦᠨ ᠠᠮᠢᠳᠤᠷᠠᠯ ᠢ ᠪᠠᠲᠤᠯᠠᠬᠤ ᠶᠢ ᠭᠠᠷᠭᠠᠪᠠᠯ᠂ ᠡᠩ ᠤᠨ ᠴᠢᠨᠠᠷᠲᠠᠶ ᠵᠠᠷᠤᠯᠭ᠎ᠠ ᠶᠢ ᠤᠯᠠᠮ ᠨᠢᠭᠡ ᠠᠯᠬᠤᠮ | ᠪᠠᠭᠠᠰᠬᠠᠬᠤ ᠬᠡᠷᠡᠭᠲᠡᠶ᠃ ᠡᠨᠡ ᠵᠢᠯ ᠠᠴᠠ ᠡᠬᠢᠯᠡᠨ᠂ ᠵᠢᠯ ᠤᠨ ᠲᠥᠰᠦᠪ ᠨᠢ ᠵᠢᠯ ᠪᠦᠷᠢ 15 % ᠠᠴᠠ ᠳᠣᠤᠷ᠎ᠠ | ᠦᠭᠡᠢ ᠶᠡᠷᠦᠩᠬᠡᠶᠢᠯᠡᠭᠰᠡᠨ ᠡᠳ᠋ ᠤᠨ ᠬᠦᠴᠦᠨ ᠭᠠᠷᠭᠠᠵᠤ ᠥᠷᠢ ᠥᠭᠴᠡᠭᠡ ᠶᠢ ᠠᠷᠢᠯᠭᠠᠬᠤ ᠳᠤ ᠬᠡᠷᠡᠭᠯᠡᠬᠦ ᠶᠢᠨ ᠬᠠᠮᠲᠤ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠰᠢᠢᠳᠪᠦᠷᠢᠯᠡᠬᠦ᠂ ᠬᠠᠳᠠᠭᠠᠯᠠᠯᠲᠠ ᠡᠳ᠋ ᠬᠥᠷᠥᠩᠭᠡ ᠶᠢ ᠠᠮᠢᠳᠤᠯᠢᠭ | ᠪᠣᠯᠭᠠᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠴᠢᠩᠭ᠎ᠠ ᠬᠢᠨᠠᠨ ᠪᠣᠳᠣᠵᠤ ᠬᠠᠷᠭᠤᠭᠤᠯᠤᠨ ᠬᠠᠰᠤᠬᠤ ᠵᠢᠴᠢ | P ᠵᠠᠭᠪᠤᠷ ᠪᠣᠯᠭᠠᠨ ᠬᠤᠪᠢᠷᠠᠭᠤᠯᠵᠤ ᠪᠣᠯᠬᠤ ᠥᠷᠢ ᠥᠭᠴᠡᠭᠡ ᠶᠢᠨ ᠲᠥᠷᠥᠯ ᠵᠦᠶ᠋ᠯ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠥᠷᠢ ᠥᠭᠴᠡᠭᠡ ᠶᠢ ᠠᠷᠢᠯᠭᠠᠬᠤ ᠠᠵᠢᠯ ᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ | ᠥᠷᠨᠢᠭᠦᠯᠵᠦ᠂ 2020 ᠣᠨ ᠪᠣᠯᠬᠤ ᠳᠤ ᠥᠷᠢ ᠥᠭᠴᠡᠭᠡ ᠶᠢᠨ ᠨᠣᠷᠮ᠎ᠠ ᠶᠢ ᠵᠦᠶ ᠵᠣᠬᠢᠰᠲᠠᠶ ᠲᠦᠪᠰᠢᠨ ᠳᠤ | ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠭᠤᠤᠯ ᠪᠣᠯᠬᠤ ᠨᠢᠭᠡᠴᠡ ᠶᠢᠨ ᠭᠤᠤᠯ ᠤᠳᠤᠷᠢᠳᠤᠯᠭ᠎ᠠ | ᠪᠡᠶ᠎ᠡ ᠪᠠᠷ ᠢᠶᠠᠨ ᠰᠤᠳᠤᠯᠵᠤ᠂ ᠲᠤᠰᠬᠠᠶ ᠰᠡᠳᠦᠪ ᠢᠶᠠᠷ ᠪᠠᠶᠢᠷᠢᠯᠠᠭᠤᠯᠵᠤ᠂ ᠵᠦᠢᠯ ᠵᠤᠷᠪᠤᠰ ᠳᠠᠷᠠᠭᠠᠯᠠᠨ ᠡᠮᠬᠢᠯᠡᠵᠦ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠳᠠᠷᠤᠶ ᠲᠦᠷᠭᠡᠨ ᠬᠠᠷᠭᠤᠭᠤᠯᠤᠨ ᠪᠠᠶᠢᠴᠠᠭᠠᠵᠤ᠂ ᠡᠯ᠎ᠡ | ᠲᠥᠷᠥᠯ ᠤᠨ ᠲᠥᠷᠥᠯ ᠵᠦᠢᠯ ᠤᠨ ᠭᠠᠷᠳᠠᠮ ᠢ ᠲᠡᠭᠦᠯᠳᠡᠷᠵᠢᠭᠦᠯᠵᠦ᠂ ᠰᠢᠯᠭᠠᠨ ᠠᠪᠬᠤ᠂ ᠬᠢᠨᠠᠨ ᠪᠣᠳᠣᠯᠲᠠ ᠬᠢᠵᠦ᠂ | ᠳᠠᠯᠳᠠ ᠥᠷᠢ ᠥᠭᠴᠡᠭᠡ ᠶᠢ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ | ᠰᠢᠰᠲ᠋ᠧᠮ ᠳᠤ ᠴᠠᠭ ᠲᠤᠬᠠᠶ ᠳᠤᠨᠢ ᠣᠷᠣᠭᠤᠯᠬᠤ ᠶᠢ ᠪᠠᠲᠤᠯᠠᠵᠤ᠂ ᠥᠷᠢ ᠥᠭᠴᠡᠭᠡ ᠶᠢ ᠠᠷᠢᠯᠭᠠᠬᠤ ᠲᠥᠰᠦᠯ ᠢ | ᠴᠢᠩᠭ᠎ᠠ ᠨᠠᠢᠳᠠᠪᠤᠷᠢᠵᠢᠭᠤᠯᠬᠤ᠂ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ | ᠬᠡᠷᠡᠭᠲᠡᠶ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠴᠢᠩᠭ᠎ᠠ ᠬᠢᠨᠠᠨ ᠬᠠᠷᠭᠤᠭᠤᠯᠵᠤ᠂ | ᠠᠵᠢᠯ ᠡᠬᠢᠯᠡᠭᠦᠯᠬᠦ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠳᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ | ᠰᠠᠶᠢᠲᠤᠷ ᠬᠢᠵᠦ᠂ ᠪᠦᠲᠦᠭᠡᠨ ᠪᠠᠶᠢᠭᠤᠯᠬᠤ ᠪᠠᠷᠢᠮᠵᠢᠶ᠎ᠠ ᠪᠣᠯᠤᠨ ᠴᠠᠭ ᠬᠤᠭᠤᠴᠠᠭᠠᠨ ᠤ ᠳᠡᠰ ᠳᠠᠷᠠᠭᠠᠯᠠᠯ ᠢ ᠵᠦᠶ | ᠵᠣᠬᠢᠰᠲᠠᠶ ᠲᠣᠭᠲᠠᠭᠠᠵᠤ᠂ ᠡᠳ᠋ ᠤᠨ ᠬᠦᠴᠦᠨ ᠶᠠᠪᠤᠭᠳᠠᠭᠤᠰᠢᠲᠠᠶ᠂ ᠠᠶᠤᠯ ᠲᠦᠭᠰᠢᠭᠦᠷᠢ ᠶᠢ ᠡᠵᠡᠮᠳᠡᠵᠦ ᠳᠡᠶᠢᠯᠬᠦ ᠶᠢ | ᠦᠨᠡᠨᠬᠦ ᠪᠠᠲᠤᠯᠠᠬᠤ ᠬᠡᠷᠡᠭᠲᠡᠶ᠃ ᠮᠥᠩᠭᠦᠨ ᠬᠦᠢᠯᠬᠡᠬᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠡᠵᠡᠮᠳᠡᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠢᠨᠲ᠋ᠧᠷ ᠰᠦᠯᠵᠢᠶᠡᠨ ᠤ ᠮᠥᠩᠭᠦᠨ ᠬᠦᠢᠯᠬᠡᠬᠡᠨ ᠤ ᠠᠶᠤᠯ | ᠲᠦᠭᠰᠢᠭᠦᠷᠢ ᠵᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠷᠠᠳ ᠤᠨ | ᠬᠤᠭᠤᠷᠣᠨᠳᠣᠬᠢ ᠵᠢᠭᠡᠯᠡᠯᠭᠡ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ | ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠬᠦᠢᠯᠬᠡᠬᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠠᠭᠠᠯᠠᠬᠤ | ᠬᠡᠷᠡᠭᠲᠡᠶ᠃ | ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠨ᠎ᠡ᠃ ᠶᠠᠳᠠᠭᠤ ᠬᠦᠴᠢᠷᠳᠡᠯᠲᠡᠶ ᠬᠥᠮᠦᠨ ᠠᠮᠠ ᠬᠡᠳᠦ᠋ᠢᠪᠡᠷ ᠤᠯᠤᠰ ᠠᠴᠠ | ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠪᠠᠶᠢᠬᠤ ᠦᠭᠡᠢ ᠪᠣᠯᠪᠠᠴᠤ ᠶᠠᠳᠠᠭᠤ ᠬᠦᠴᠢᠷᠳᠡᠯᠲᠡᠶ | ᠪᠠᠢᠳᠠᠯ ᠳᠤ ᠬᠥᠳᠡᠯᠦᠩᠭᠦᠶ ᠬᠤᠪᠢᠷᠠᠯᠲᠠ ᠭᠠᠷᠴᠠᠶ᠃ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ | ᠥᠩᠭᠡᠷᠡᠭᠰᠡᠨ ᠵᠢᠯ ᠤᠳ ᠤᠨ ᠶᠠᠳᠠᠭᠤ ᠶᠢ ᠲᠡᠳᠬᠦᠬᠦ ᠠᠵᠢᠯ ᠢ ᠪᠠᠬᠢᠵᠢᠭᠦᠯᠦᠨ ᠳᠡᠭᠡᠭᠰᠢᠯᠡᠭᠦᠯᠬᠦ ᠡᠷᠦᠬᠡ ᠪᠠ ᠣᠷᠣᠯᠭ᠎ᠠ | ᠪᠠᠭᠠᠲᠠᠶ ᠬᠠᠮᠲᠤᠯᠢᠭ ᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠶᠢ | ᠭᠤᠤᠯᠳᠠᠯᠭ᠎ᠠ ᠲᠠᠢ ᠴᠢᠩᠭᠠᠳᠬᠠᠵᠤ᠂ 165 ᠡᠷᠦᠬᠡ᠂ 411 ᠬᠥᠮᠦᠨ ᠤ ᠶᠠᠳᠠᠭᠤ ᠶᠢ ᠲᠡᠳᠬᠦᠬᠦ ᠦᠷ᠎ᠡ | ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠦᠨ᠎ᠡ᠃ ᠳᠠᠩᠰᠠᠯᠠᠵᠤ ᠺᠠᠷᠲᠯᠠᠬᠤ ᠠᠵᠢᠯ ᠢ ᠤᠯᠠᠮ | ᠨᠢᠭᠡ ᠠᠯᠬᠤᠮ ᠨᠠᠷᠢᠯᠢᠭ ᠬᠢᠵᠦ᠂ ᠶᠠᠳᠠᠭᠤ ᠶᠢ ᠲᠡᠳᠬᠦᠬᠦ ᠪᠠᠷᠢᠮᠵᠢᠶ᠎ᠠ ᠳᠤ ᠨᠡᠶᠢᠴᠡᠬᠦ ᠶᠠᠳᠠᠭᠤ ᠬᠦᠴᠢᠷᠳᠡᠯᠲᠡᠶ ᠬᠥᠮᠦᠨ | ᠠᠮᠠ ᠶᠢ ᠪᠦᠬᠦᠨ ᠢ ᠣᠷᠣᠭᠤᠯᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠢᠯᠭᠠᠨ ᠲᠠᠨᠢᠵᠤ | ᠲᠡᠶᠢᠯᠬᠦ ᠦᠭᠡᠢ ᠶᠢ ᠨᠢ ᠴᠠᠭ ᠲᠤᠬᠠᠶ ᠳᠤᠨᠢ ᠪᠤᠴᠠᠭᠠᠨ ᠭᠠᠷᠭᠠᠵᠤ᠂ ᠶᠠᠳᠠᠭᠤ ᠬᠦᠴᠢᠷᠳᠡᠯᠲᠡᠶ ᠲᠡᠳᠬᠦᠭᠦᠯᠬᠦ | ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠵᠦ᠂ ᠣᠨᠣᠪᠴᠢᠲᠠᠶ ᠰᠠᠭᠤᠷᠢ ᠶᠢ ᠪᠠᠲᠤ ᠲᠠᠯᠪᠢᠬᠤ | ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ | ᠠᠪᠤᠷᠠᠨ ᠲᠤᠰᠠᠯᠠᠯᠲᠠ ᠵᠡᠷᠭᠡ ᠦᠨᠳᠦᠰᠦᠨ ᠵᠦᠢᠯ ᠢ ᠪᠠᠲᠤᠯᠠᠬᠤ ᠪᠠ ᠣᠯᠠᠨ ᠨᠡᠶᠢᠲᠡ ᠶᠢᠨ ᠦᠢᠯᠡᠴᠢᠯᠡᠬᠡᠨ ᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠳ᠋ ᠬᠥᠷᠥᠩᠭᠡ ᠶᠢᠨ ᠠᠰᠢᠭ ᠣᠷᠣᠯᠭ᠎ᠠ ᠪᠠᠷ ᠶᠠᠳᠠᠭᠤ ᠶᠢ ᠲᠡᠳᠬᠦᠬᠦ᠂ | ᠲᠤᠰᠬᠠᠶ ᠵᠦᠢᠯ ᠢᠶᠠᠷ ᠶᠠᠳᠠᠭᠤ ᠶᠢ ᠲᠡᠳᠬᠦᠬᠦ᠂ ᠮᠥᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠬᠦᠬᠦ ᠵᠡᠷᠭᠡ | ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ | ᠬᠠᠮ ᠠᠷᠭ᠎ᠠ︾ ᠶᠢ ᠴᠢᠷᠮᠠᠶᠢᠨ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠢ ᠦᠨᠡᠨᠬᠦ ᠰᠠᠶᠢᠵᠢᠷᠠᠭᠤᠯᠬᠤ ᠬᠡᠷᠡᠭᠲᠡᠶ᠃ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠶᠠᠳᠠᠭᠤ ᠶᠢ | ᠲᠡᠳᠬᠦᠬᠦ ᠠᠪᠤᠷᠠᠨ ᠲᠤᠰᠠᠯᠠᠬᠤ ᠪᠠᠲᠤᠯᠠᠪᠤᠷᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠰᠠᠶᠢᠲᠤᠷ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠭᠡᠷ ᠪᠦᠯᠢ ᠶᠢ ᠦᠨᠡᠨᠬᠦ ᠬᠠᠪᠰᠤᠷᠤᠨ | ᠰᠤᠷᠭᠠᠨ ᠬᠥᠮᠦᠵᠢᠯ᠂ ᠡᠮ ᠡᠮᠨᠡᠯᠭᠡ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠬᠦᠴᠢᠷᠳᠡᠯ ᠢ ᠨᠢ | ᠰᠢᠢᠳᠪᠦᠷᠢᠯᠡᠵᠦ ᠥᠭᠬᠦ ᠬᠡᠷᠡᠭᠲᠡᠶ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠨ᠎ᠡ᠃ ᠬᠠᠮᠢᠶᠠᠷᠣᠯᠳᠠ ᠶᠢᠨ ᠣᠷᠣᠨ ᠤ ᠣᠷᠴᠢᠨ ᠲᠣᠭᠤᠷᠢᠨ ᠤ ᠶᠠᠰᠣ ᠴᠢᠨᠠᠷ ᠬᠡᠳᠦ᠋ᠢᠪᠡᠷ | ᠶᠡᠷᠦᠩᠬᠡᠶ ᠳᠡᠭᠡᠨ ᠨᠡᠯᠢᠶᠡᠳ ᠰᠠᠶᠢᠨ ᠪᠣᠯᠪᠠᠴᠤ ᠨᠡᠭᠦᠷᠡᠰᠦᠨ ᠠᠭᠤᠷᠬᠠᠢ ᠶᠢᠨ ᠲᠣᠭᠲᠠᠭᠤᠨ ᠢᠶᠠᠷ ᠠᠵᠢᠯᠯᠠᠬᠤ ᠪᠠ | ᠴᠠᠬᠢᠯᠭᠠᠨ ᠦᠢᠯᠡᠳᠪᠦᠷᠢ ᠶᠢᠨ ᠲᠥᠷᠥᠯ ᠵᠦᠢᠯ ᠤᠨ ᠠᠬᠢᠴᠠ ᠶᠢ ᠳᠠᠭᠠᠯᠳᠤᠨ᠂ ᠪᠣᠬᠢᠷᠲᠤᠯ ᠢ ᠰᠡᠷᠭᠡᠶᠢᠯᠡᠨ ᠵᠠᠰᠠᠬᠤ | ᠡᠭᠦᠷᠭᠡ ᠮᠥᠨ ᠯᠡ ᠨᠡᠯᠢᠶᠡᠳ ᠬᠦᠨᠳᠦ ᠪᠠᠶᠢᠭᠰᠠᠭᠠᠷ᠃ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠤ | ᠢᠯᠠᠯᠲᠠ ᠶᠢ ᠣᠯᠬᠤ ᠪᠠᠶᠢᠯᠳᠤᠭᠠᠨ ᠤ ᠲᠥᠯᠥᠪᠯᠡᠭᠡ ᠶᠢ ᠪᠦᠬᠦ ᠲᠠᠯ᠎ᠠ ᠪᠠᠷ ᠡᠬᠢᠯᠡᠭᠦᠯᠵᠦ᠂ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠵᠤ᠂ ᠵᠢᠵᠢᠭ ᠵᠣᠤᠬ᠎ᠠ ᠶᠢ ᠰᠢᠭᠰᠢᠭᠳᠡᠭᠦᠯᠬᠦ ᠪᠠ ᠣᠷᠴᠢᠨ ᠲᠣᠭᠤᠷᠢᠨ ᠢ | ᠬᠠᠮᠠᠭᠠᠯᠠᠬᠤ ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠲᠦᠷᠭᠡᠳᠬᠡᠬᠦ ᠬᠡᠷᠡᠭᠲᠡᠶ᠃ | ᠴᠡᠩᠭᠡᠭ ᠤᠰᠤᠨ ᠤ ᠠᠵᠢᠯᠯᠠᠭ᠎ᠠ ᠶᠢ ᠬᠦᠴᠦᠯᠡᠨ ᠥᠷᠨᠢᠭᠦᠯᠵᠦ᠂ ᠭᠤᠤᠯ ᠮᠥᠷᠡᠨ ᠤ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠨᠠᠭᠤᠷ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ ᠭᠤᠤᠯ ᠮᠥᠷᠡᠨ ᠨᠠᠭᠤᠷ | ᠲᠣᠭᠤᠷᠢᠮ ᠢ ᠲᠣᠭᠤᠷᠢᠨ ᠪᠠᠶᠢᠴᠠᠭᠠᠬᠤ ᠠᠵᠢᠯᠲᠠᠨ ᠤ ᠵᠠᠷᠤᠳᠠᠯ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠦᠨᠡᠨ ᠬᠦ | ᠨᠠᠶᠢᠳᠠᠪᠣᠷᠢᠵᠢᠭᠤᠯᠬᠤ᠂ ᠭᠤᠤᠯ ᠮᠥᠷᠡᠨ ᠨᠠᠭᠤᠷ ᠲᠣᠭᠤᠷᠢᠮ ᠢ ᠲᠣᠭᠤᠷᠢᠨ ᠪᠠᠢᠴᠠᠭᠠᠬᠤ ᠳᠦᠷᠢᠮ ᠢ ᠴᠢᠩᠭ᠎ᠠ | ᠬᠡᠷᠡᠭᠵᠢᠭᠦᠯᠬᠦ ᠬᠡᠷᠡᠭᠲᠡᠶ᠃ ᠪᠠᠶᠠᠨᠬᠤᠰᠢᠭᠤ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠠᠵᠢᠯᠯᠠᠭᠠᠨ ᠢ ᠳᠦᠷᠢᠮᠵᠢᠭᠦᠯᠵᠦ᠂ ᠪᠠᠶᠠᠨᠬᠤᠰᠢᠭᠤ ᠪᠠᠯᠭᠠᠰᠤᠨ ᠤ ᠳᠤᠮᠳᠠ ᠤᠰᠤᠨ ᠤ ᠦᠢᠯᠡᠳᠪᠦᠷᠢ ᠶᠢᠨ ᠡᠮᠦᠨᠡᠬᠢ | ᠬᠤᠭᠤᠴᠠᠭᠠᠨ ᠤ ᠠᠵᠢᠯ ᠢ ᠲᠦᠯᠬᠢᠨ ᠠᠬᠢᠭᠤᠯᠵᠤ᠂ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ ᠶᠢᠨ | ᠤᠤᠭᠤᠬᠤ ᠤᠰᠤᠨ ᠤ ᠰᠤᠷᠪᠤᠯᠵᠢ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ | ᠭᠤᠣᠯ ᠤᠨ ᠠᠭᠤᠷᠬᠠᠢ ᠶᠢᠨ ᠤᠰᠤ ᠰᠡᠶᠢᠷᠡᠭ ᠤᠰᠤ ᠶᠢ ᠠᠰᠢᠭᠯᠠᠬᠤ ᠪᠠ ᠪᠦᠷᠢᠳᠦ ᠨᠠᠭᠤᠷ ᠤᠨ ᠠᠮᠢ ᠠᠬᠤᠢ ᠶᠢ | ᠵᠠᠰᠠᠨ ᠰᠡᠷᠭᠦᠭᠡᠬᠦ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠨ᠎ᠠ᠃ ᠬᠥᠷᠥᠰᠥ ᠰᠢᠷᠣᠶ ᠶᠢ | ᠴᠡᠪᠡᠷᠰᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ | ᠬᠠᠮᠠᠭᠠᠯᠠᠬᠤ ᠠᠷᠭ᠎ᠠ ᠶᠢ ᠰᠤᠳᠤᠯᠤᠨ ᠲᠣᠭᠲᠠᠭᠠᠵᠤ᠂ ᠪᠣᠷᠳᠣᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ | ᠤᠰᠤ ᠶᠢ ᠬᠢᠵᠠᠭᠠᠷᠯᠠᠬᠤ᠂ ᠬᠠᠯᠢᠰᠤ ᠶᠢ ᠬᠢᠵᠠᠭᠠᠷᠯᠠᠬᠤ ︽ᠳᠥᠷᠪᠡᠨ ᠶᠡᠭᠡ ᠠᠵᠢᠯᠯᠠᠭ᠎ᠠ︾ ᠶᠢ ᠪᠦᠬᠦ ᠲᠠᠯ᠎ᠠ ᠪᠠᠷ | ᠥᠷᠨᠢᠭᠦᠯᠵᠦ᠂ ᠬᠢᠮᠢ ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢᠨ ︽ᠨᠡᠮᠡᠭᠳᠡᠯ ᠦᠭᠡᠢ︾ ᠪᠠᠶᠢᠬᠤ ᠶᠢ | ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠪᠣᠯᠤᠨ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ | ᠪᠠᠶᠢᠭᠠᠳ ᠣᠷᠭᠠᠨᠢᠭ ᠪᠣᠷᠳᠣᠭᠤᠷ ᠢ ᠨᠡᠮᠡᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ | ᠬᠡᠷᠡᠭᠲᠡᠶ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠢᠴᠠᠭᠠᠬᠤ ᠪᠠ ᠥᠪᠡᠷᠲᠡᠭᠡᠨ | ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠰᠠᠶᠢᠲᠤᠷ ᠠᠳᠬᠤᠵᠤ᠂ ᠠᠭᠤᠷᠬᠠᠢ ᠶᠢᠨ | ᠣᠷᠴᠢᠨ ᠲᠣᠭᠤᠷᠢᠨ ᠢ ᠵᠠᠰᠠᠬᠤ᠂ ᠬᠠᠤᠯᠢ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ | ᠬᠡᠷᠡᠭᠯᠡᠬᠦ ᠶᠢ ᠴᠡᠪᠡᠷᠯᠡᠬᠦ ᠪᠠ ᠬᠤᠲᠠ ᠶᠢᠨ ᠲᠠᠷᠠᠬᠠᠶ ᠨᠡᠭᠦᠷᠡᠰᠦ ᠶᠢ ᠵᠠᠰᠠᠬᠤ 3 ᠵᠦᠢᠯ ᠤᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠴᠢᠨᠠᠭᠰᠢᠳᠠ ᠰᠠᠶᠢᠲᠤᠷ ᠬᠢᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 3 | ᠠᠭᠤᠷᠬᠠᠶ ᠬᠠᠶᠢᠬᠤ ᠡᠷᠬᠡ ᠶᠢ ᠬᠠᠤᠯᠢ ᠶᠣᠰᠣᠭᠠᠷ ᠴᠡᠪᠡᠷᠯᠡᠨ ᠬᠦᠴᠦᠨ ᠦᠭᠡᠢ ᠪᠣᠯᠭᠠᠬᠤ ᠬᠡᠷᠡᠭᠲᠡᠶ᠃ ᠬᠤᠶᠠᠷ᠂ | ᠬᠤᠶᠠᠳᠤᠭᠠᠷ ᠤᠳᠠᠭᠠᠨ ᠤ ᠪᠦᠬᠦ ᠤᠯᠤᠰ ᠠᠴᠠ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ | ᠠᠵᠢᠯ ᠢ ᠬᠢᠨᠠᠮᠠᠭᠠᠶ ᠥᠷᠨᠢᠭᠦᠯᠬᠦ ᠬᠡᠷᠡᠭᠲᠡᠶ᠃ | ︵ᠬᠤᠶᠠᠷ︶ ᠠᠵᠤ ᠦᠢᠯᠡᠰ ᠢ ᠠᠳᠬᠤᠨ᠂ ᠪᠦᠲᠦᠴᠡ ᠶᠢ ᠲᠣᠬᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ | ᠪᠠ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠦᠨ᠎ᠡ᠃ ᠣᠳᠣᠬᠠᠨ ᠳᠤ᠂ ᠠᠵᠤ ᠠᠬᠤᠢ ᠶᠢᠨ ᠶᠡᠷᠦᠩᠬᠡᠶ ᠬᠡᠮᠵᠢᠶ᠎ᠡ | ᠬᠡᠳᠦ᠋ᠢᠪᠡᠷ ᠵᠣᠬᠢᠬᠤ ᠬᠡᠮᠵᠢᠶ᠎ᠡ ᠪᠠᠷ ᠳᠡᠭᠡᠭᠰᠢᠯᠡᠭᠰᠡᠨ ᠪᠣᠯᠪᠠᠴᠤ ᠠᠵᠤ ᠦᠢᠯᠡᠰ ᠤᠨ ᠪᠦᠲᠦᠴᠡ ᠳᠠᠩ ᠴᠤᠯᠭᠤᠶ᠂ ᠳᠡᠰ | ᠳᠠᠪᠬᠤᠷᠭ᠎ᠠ ᠥᠨᠳᠥᠷ ᠪᠤᠰᠤ ᠬᠦᠴᠦᠨ ᠵᠦᠢᠯ ᠤᠨ ᠬᠢᠵᠠᠭᠠᠷᠯᠠᠯ ᠠᠴᠠ ᠪᠣᠯᠵᠤ᠂ ᠠᠵᠤ ᠠᠬᠤᠢ ᠶᠢᠨ | ᠬᠥᠭᠵᠢᠯᠲᠡ ᠶᠢᠨ ᠶᠡᠷᠦᠩᠬᠡᠶ ᠶᠠᠰᠤ ᠴᠢᠨᠠᠷ ᠪᠠ ᠦᠷ᠎ᠡ ᠠᠰᠢᠭ ᠪᠠᠰᠠ ᠥᠨᠳᠥᠷ ᠪᠢᠰᠢ ᠪᠠᠶᠢᠨ᠎ᠠ᠃ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠤᠯᠠᠮᠵᠢᠯᠠᠯᠲᠤ ᠠᠵᠤ | ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠴᠢᠷᠮᠠᠶᠢᠨ ᠪᠠᠶᠢᠭᠤᠯᠬᠤ ᠬᠡᠷᠡᠭᠲᠡᠶ᠃ | ᠨᠢᠭᠡ ᠳᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ | ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ ᠪᠠ ᠦᠷ᠎ᠡ ᠠᠰᠢᠭ ᠢ ᠡᠩ ᠲᠡᠷᠢᠭᠦᠨ ᠳᠤ ᠪᠠᠶᠢᠯᠭᠠᠬᠤ ᠶᠢ | ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠤᠳᠤᠷᠢᠳᠤᠮᠵᠢ ᠶᠢ ᠭᠠᠷᠤᠯᠲᠠ ᠨᠡᠮᠡᠭᠳᠡᠬᠦ ᠠᠴᠠ | ᠶᠠᠰᠤ ᠴᠢᠨᠠᠷ ᠢ ᠳᠡᠭᠡᠭᠰᠢᠯᠡᠭᠦᠯᠬᠦ ᠲᠡᠰᠢ ᠬᠤᠪᠢᠷᠠᠭᠤᠯᠬᠤ ᠶᠢ ᠠᠬᠢᠭᠤᠯᠵᠤ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ ᠪᠠ ᠡᠵᠡᠩᠨᠡᠯᠲᠡ ᠶᠢᠨ | ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠬᠦᠴᠦᠨ᠂ | ᠥᠷᠢᠰᠦᠯᠳᠦᠬᠦ ᠬᠦᠴᠦᠨ ᠪᠠ ᠪᠥᠬᠦ ᠬᠦᠴᠦᠨ ᠵᠦᠢᠯ ᠤᠨ ᠦᠢᠯᠡᠳᠪᠦᠷᠢᠯᠡᠯ ᠤᠨ ᠨᠣᠷᠮ᠎ᠠ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠲᠤᠬᠢᠷᠠᠭᠤᠯᠤᠨ | ᠰᠢᠯᠢᠳᠡᠭᠵᠢᠭᠦᠯᠦᠨ᠎ᠡ᠃ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠵᠦ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ | ᠲᠦᠯᠦᠪᠵᠢᠬᠦᠯᠬᠡ ᠪᠠ ᠲᠡᠳᠬᠦᠨ ᠳᠡᠮᠵᠢᠬᠦ ᠠᠷᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠰᠠᠶᠢᠲᠤᠷ | ᠠᠳᠬᠤᠵᠤ᠂ ᠮᠢᠬᠠᠨ ᠤ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠶᠢ ᠬᠡᠪᠴᠢᠶᠡᠵᠢᠭᠦᠯᠬᠦ᠂ | ᠪᠠᠷᠢᠮᠵᠢᠶᠠᠵᠢᠭᠤᠯᠬᠤ᠂ ᠠᠵᠤ ᠦᠢᠯᠡᠰᠵᠢᠭᠦᠯᠬᠦ ᠶᠢ ᠠᠬᠢᠭᠤᠯᠵᠤ᠂ ᠮᠢᠬᠠᠨ ᠤ ᠦᠬᠡᠷ ᠤᠨ ᠠᠵᠤ ᠦᠢᠯᠡᠰ ᠤᠨ | ᠡᠵᠡᠩᠨᠡᠯᠲᠡ ᠶᠢᠨ ᠦᠷ᠎ᠡ ᠠᠰᠢᠭ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠡᠨᠡ ᠵᠢᠯ 1.6 ᠲᠦᠮᠡᠨ ᠲᠣᠯᠣᠭᠠᠢ | ᠦᠬᠡᠷ ᠤᠨ ᠡᠭᠦᠯᠳᠡᠷ ᠰᠠᠶᠢᠵᠢᠷᠠᠭᠤᠯᠬᠤ ᠢᠴᠡᠭᠡᠯ ᠦᠷ᠎ᠡ ᠶᠢᠨ ᠬᠡᠭᠡᠯᠲᠦᠭᠦᠯᠭᠡ ᠶᠢ ᠪᠡᠶᠡᠯᠡᠭᠦᠯᠵᠦ᠂ 6000 ᠲᠣᠯᠣᠭᠠᠢ | ᠰᠠᠶᠢᠨ ᠡᠭᠦᠯᠳᠡᠷ ᠤᠨ ᠮᠢᠬᠠᠨ ᠤ ᠦᠬᠡᠷ ᠣᠷᠣᠭᠤᠯᠤᠨ ᠦᠷᠡᠵᠢᠭᠦᠯᠵᠦ᠂ 100 ᠲᠣᠯᠣᠭᠠᠢ ᠠᠴᠠ ᠳᠡᠭᠡᠭᠰᠢ ᠮᠢᠬᠠᠨ ᠤ | ᠦᠬᠡᠷ ᠤᠨ ᠠᠵᠤ ᠠᠬᠤᠢ ᠶᠢᠨ ᠬᠡᠭᠡᠯᠲᠦᠭᠦᠯᠭᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠬᠡᠷᠡᠭᠵᠢᠭᠦᠯᠬᠦ ᠪᠠᠷ | ᠲᠥᠯᠥᠪᠯᠡᠵᠦ᠂ ᠡᠳᠦᠷ ᠤᠨ ᠲᠣᠭᠠᠯᠠᠯ ᠤᠨ ᠵᠢᠯ ᠤᠨ ᠮᠢᠬᠠᠨ ᠤ ᠦᠬᠡᠷ ᠤᠨ ᠲᠤᠭ᠎ᠠ ᠲᠣᠯᠣᠭᠠᠢ 3 ᠲᠦᠮᠡᠨ | ᠲᠣᠯᠣᠭᠠᠢ ᠶᠢ ᠳᠠᠪᠠᠵᠤ᠂ ᠡᠭᠦᠨ ᠳᠤ ᠴᠡᠪᠡᠷ ᠡᠭᠦᠯᠳᠡᠷ ᠤᠨ ᠦᠬᠡᠷ ᠲᠡᠵᠢᠭᠡᠨ ᠦᠷᠡᠵᠢᠭᠦᠯᠬᠦ ᠲᠤᠭ᠎ᠠ ᠲᠣᠯᠣᠭᠠᠢ 1 | ᠲᠦᠮᠡ ᠠᠴᠠ ᠳᠡᠭᠡᠭᠰᠢ ᠪᠣᠯᠪᠠ᠃ ᠪᠦᠬᠦ ᠤᠯᠤᠰ ᠤᠨ ᠮᠢᠬᠠᠨ ᠤ ᠡᠭᠦᠯᠳᠡᠷ ᠤᠨ ᠬᠡᠭᠡᠯᠲᠦᠭᠦᠯᠭᠡ ᠶᠢᠨ ᠴᠤᠭᠯᠠᠭᠠᠨ ᠢ | ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠳᠠᠭᠠᠭᠠᠨ ᠡᠷᠬᠢᠯᠡᠵᠦ᠂ ᠤᠯᠠᠭᠠᠶ ᠮᠢᠬᠠᠨ ᠤ ᠦᠬᠡᠷ ᠤᠨ ᠡᠭᠦᠯᠳᠡᠷ ᠤᠨ | ᠮᠠᠯ ᠤᠨ ᠨᠡᠷᠡᠲᠦ ᠲᠡᠮᠳᠡᠭ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠦᠨᠡᠨᠬᠦ ᠳᠡᠭᠡᠭᠰᠢᠯᠡᠭᠦᠯᠦᠨ᠎ᠡ᠃ ︽ᠠᠮᠤ | ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠶᠢ ᠶᠡᠬᠡᠪᠡᠷ ᠲᠦᠯᠬᠢᠨ ᠠᠬᠢᠭᠤᠯᠵᠤ᠂ ᠲᠥᠷᠥ ᠶᠢᠨ ᠪᠣᠳᠣᠯᠭ᠎ᠠ ᠪᠠᠷ | ᠬᠥᠲᠥᠯᠥᠨ ᠵᠢᠯᠣᠭᠤᠳᠬᠤ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ᠂ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ | ᠦᠢᠯᠡᠴᠢᠯᠡᠭᠡ ᠪᠠᠷ ᠳᠠᠮᠵᠢᠭᠤᠯᠤᠨ᠂ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠨᠣᠬᠠᠶ ᠶᠢᠨ ᠬᠤᠰᠢᠭᠤ | ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦᠨ ᠤ ᠲᠠᠷᠢᠮᠠᠯ ᠢ ᠬᠥᠭᠵᠢᠭᠦᠯᠵᠦ᠂ ᠴᠢᠨᠠᠷ ᠰᠠᠶᠢᠲᠠᠶ ᠲᠡᠵᠢᠭᠡᠯ ᠡᠪᠡᠰᠦ | ᠲᠠᠷᠢᠬᠤ ᠬᠤᠪᠢ ᠶᠢᠨ ᠵᠢᠩ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ | ᠥᠭᠡᠷᠡᠴᠢᠯᠡᠬᠦ︾ ᠲᠠᠯᠠᠪᠠᠢ ᠶᠢ 10 ᠲᠦᠮᠡᠨ ᠮᠤ᠋ ᠳᠤ ᠲᠣᠭᠲᠠᠪᠤᠷᠢᠵᠢᠭᠤᠯᠤᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠠᠮᠢ ᠠᠬᠤᠢ ᠶᠢᠨ | ᠭᠡᠷ ᠪᠦᠯᠢ ᠶᠢᠨ ᠮᠠᠯᠵᠢᠬᠤ ᠲᠠᠷᠢᠶᠠᠯᠠᠬᠤ ᠲᠠᠯᠠᠪᠠᠢ 70 ᠡᠷᠦᠬᠡ᠂ ᠲᠠᠷᠢᠵᠤ ᠲᠡᠵᠢᠭᠡᠬᠦ ᠲᠤᠰᠬᠠᠢ ᠡᠷᠦᠬᠡ 130 | ᠡᠷᠦᠬᠡ᠂ ᠮᠢᠬᠠᠨ ᠤ ᠦᠬᠡᠷ ᠲᠡᠵᠢᠭᠡᠬᠦ ᠲᠤᠰᠬᠠᠢ ᠬᠤᠷᠰᠢᠶᠠᠵᠢᠯ 1 ᠶᠢ ᠪᠤᠶᠢᠵᠢᠭᠤᠯᠤᠨ ᠳᠦᠷᠢᠮᠵᠢᠭᠦᠯᠵᠦ᠂ ᠤᠯᠤᠰ | ᠤᠨ ᠲᠡᠰ ᠤᠨ ᠮᠢᠬᠠᠨ ᠤ ᠦᠬᠡᠷ ᠲᠡᠵᠢᠭᠡᠬᠦ ᠭᠤᠣᠯᠯᠠᠭᠴᠢ ᠲᠠᠯᠠᠪᠠᠢ 1 ᠶᠢ ᠡᠷᠡᠮᠡᠯᠵᠡᠯᠡᠨ᠎ᠡ᠃ ᠮᠠᠯᠴᠢᠨ | ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠎ᠠ ᠶᠢ | ᠥᠷᠨᠢᠭᠦᠯᠵᠦ᠂ ᠨᠡᠷ᠎ᠡ ᠶᠢᠨ ᠲᠡᠳᠦᠶ ︽ᠬᠤᠭᠤᠰᠣᠨ ᠬᠤᠷᠰᠢᠶ᠎ᠠ︾ ᠶᠢ ᠬᠠᠤᠯᠢ ᠲᠣᠭᠲᠠᠭᠠᠯ ᠶᠣᠰᠣᠭᠠᠷ ᠴᠡᠪᠡᠷᠯᠡᠨ | ᠬᠦᠴᠦᠨ ᠥᠬᠡᠶ ᠪᠣᠯᠭᠠᠨ᠎ᠠ᠃ ᠠᠵᠤ ᠠᠬᠤᠶᠢᠯᠠᠯ ᠪᠣᠯᠤᠨ ᠲᠠᠷᠢᠶᠠᠯᠠᠬᠤ ᠮᠠᠯᠵᠢᠬᠤ ᠡᠷᠦᠬᠡ ︵ᠬᠤᠷᠰᠢᠶ᠎ᠠ︶ ᠶᠢ | ᠬᠥᠲᠥᠯᠥᠨ ᠵᠢᠯᠣᠭᠤᠳᠴᠤ ᠪᠠᠶᠢᠭᠠᠳ ︽ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠯᠠᠬᠤ ᠮᠠᠯᠵᠢᠬᠤ ᠡᠷᠦᠬᠡ | ︾᠂ ︽ᠠᠵᠤ ᠠᠬᠤᠶᠢᠯᠠᠯ + ᠵᠠᠬᠢᠶᠠᠯᠠᠭ᠎ᠠ ᠶᠢᠨ ᠲᠠᠷᠢᠶᠠᠯᠠᠬᠤ ᠮᠠᠯᠵᠢᠬᠤ ᠡᠷᠦᠬᠡ︾ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠨᠢᠭᠲᠠ ᠬᠡᠯᠪᠡᠷᠢ ᠶᠢᠨ ᠠᠰᠢᠭ ᠲᠤᠰᠠ ᠶᠢ ᠬᠤᠯᠪᠣᠬᠤ ᠵᠠᠭᠪᠤᠷ ᠢ ᠪᠤᠢ ᠪᠣᠯᠭᠠᠨ᠎ᠠ᠃ ᠲᠠᠷᠢᠶᠠᠯᠠᠩ ᠮᠠᠯ | ᠠᠵᠤ ᠠᠬᠤᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ︽ᠵᠢᠷᠤᠮᠵᠢᠭᠰᠠᠨ ᠬᠠᠮᠢᠶᠠᠷᠤᠯᠲᠠ ᠶᠢᠨ ᠣᠨ︾ ᠤ | ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠤᠨ᠂ ᠠᠵᠤ ᠠᠬᠤᠶᠢᠯᠠᠯ ᠤᠨ ᠡᠪᠡᠰᠦ ᠮᠠᠯ ᠢ ᠲᠡᠩᠴᠡᠭᠦᠷᠢᠰᠢᠭᠦᠯᠬᠦ᠂ ᠪᠦᠲᠦᠴᠡ ᠶᠢ ᠲᠣᠬᠢᠷᠠᠭᠤᠯᠬᠤ᠂ | ᠠᠰᠢᠭ ᠲᠤᠰᠠ ᠶᠢ ᠬᠤᠯᠪᠣᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠳᠤ ᠬᠢᠨᠠᠯᠲᠠ ᠲᠠᠯᠪᠢᠵᠤ᠂ | ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠣᠯ ᠢ ᠰᠠᠶᠢᠲᠤᠷ ᠪᠠᠳᠠᠷᠠᠭᠤᠯᠤᠨ᠎ᠠ᠃ ᠠᠵᠤ ᠠᠬᠤᠶᠢᠯᠠᠯ ᠳᠤ ᠲᠦᠰᠢᠭᠯᠡᠨ | ︽ᠦᠢᠯᠡᠳᠪᠦᠷᠢᠯᠡᠬᠦ + ᠪᠣᠯᠪᠠᠰᠤᠷᠠᠭᠤᠯᠬᠤ + ᠰᠢᠨᠵᠢᠯᠡᠬᠦ ᠤᠬᠠᠭᠠᠨ ᠮᠡᠷᠭᠡᠵᠢᠯ︾ ᠤᠨ ᠪᠣᠬᠢᠷᠲᠤᠯ ᠦᠭᠡᠢ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠠᠯᠠᠰᠢᠨ ᠬᠤᠨᠢᠨ ᠤ ᠨᠠᠷᠢᠯᠢᠭ ᠡᠳ᠋ᠰᠢᠭᠦᠯᠬᠦ᠂ ᠠᠯᠠᠰᠢᠨ | ᠦᠬᠡᠷ ᠪᠣᠷᠳᠣᠵᠤ ᠲᠠᠷᠭᠤᠯᠠᠭᠤᠯᠬᠤ ᠵᠢᠱᠢᠶ᠎ᠡ ᠦᠵᠡᠭᠦᠯᠬᠦ ᠲᠠᠯᠠᠪᠠᠢ ᠶᠢᠨ ᠲᠥᠷᠥᠯ ᠵᠦᠢᠯ ᠤᠨ ᠠᠵᠢᠯ ᠡᠬᠢᠯᠡᠭᠦᠯᠬᠦ ᠶᠢ | ᠪᠦᠬᠦ ᠬᠦᠴᠦᠨ ᠢᠶᠠᠷ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ︾ ᠶᠢᠨ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠣᠶᠤᠨᠴᠢ ᠲᠠᠷᠢᠶᠠᠯᠠᠩ ᠮᠠᠯ ᠠᠵᠤ ᠠᠬᠤᠢ ᠶᠢᠨ | ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ 5 ᠰᠠᠷ᠎ᠠ ᠶᠢᠨ ᠰᠡᠭᠦᠯᠴᠢ ᠪᠠᠷ | ᠰᠦᠯᠵᠢᠶᠡᠨ ᠳᠤ ᠭᠠᠷᠴᠤ ᠲᠤᠷᠰᠢᠨ ᠠᠵᠢᠯᠯᠠᠭᠤᠯᠬᠤ ᠪᠠᠷ ᠴᠢᠷᠮᠠᠶᠢᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯ ᠤᠨ ᠠᠬᠢᠴᠠ ᠶᠢ ᠲᠦᠷᠭᠡᠳᠬᠡᠨ᠎ᠡ᠃ ᠠᠵᠤ ᠦᠢᠯᠡᠳᠪᠦᠷᠢ | ᠪᠣᠯ ᠲᠣᠮᠣ ᠠᠵᠤ ᠦᠢᠯᠡᠰ ᠤᠨ ᠰᠢᠰᠲ᠋ᠧᠮᠵᠢ ᠶᠢᠨ ᠭᠤᠤᠯ ᠲᠤᠯᠭᠠᠭᠤᠷᠢ ᠪᠣᠯᠤᠨ᠎ᠠ᠂ ᠭᠠᠵᠠᠷ ᠣᠷᠣᠨ ᠳᠤ ᠰᠠᠭᠤᠷᠢᠯᠠᠨ | ᠂ ᠴᠡᠪᠡᠷ ᠡᠨᠧᠷᠭᠢ ᠶᠢᠨ ᠠᠵᠤ ᠦᠢᠯᠡᠰ ᠢ ᠲᠣᠪᠦ᠋ᠮ᠎ᠠ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠳᠡᠰ | ᠳᠡᠪᠰᠢᠬᠦ ᠶᠢ ᠶᠡᠬᠡᠪᠡᠷ ᠲᠦᠯᠬᠢᠨ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠬᠦᠴᠦᠯᠡᠨ | ᠳᠡᠭᠡᠭᠰᠢᠯᠡᠭᠦᠯᠬᠦ ᠬᠡᠷᠡᠭᠲᠡᠶ᠃ ︽ᠬᠤᠶᠠᠷ ᠠᠭᠤᠷᠬᠠᠢ ᠨᠢᠭᠡ ᠦᠢᠯᠡᠳᠪᠦᠷᠢ︾ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠵᠡᠭᠦᠨ ᠬᠤᠶᠢᠲᠤ ᠶᠢᠨ ᠣᠨᠴᠠ ᠪᠠᠴᠢᠮ | ᠪᠠᠲᠤᠯᠠᠭᠠᠲᠤ ᠬᠠᠩᠭᠠᠯᠭ᠎ᠠ ᠶᠢ ᠪᠠᠲᠤᠯᠠᠬᠤ ᠠᠵᠠ ᠲᠣᠬᠢᠶᠠᠯ ᠢ ᠡᠵᠡᠮᠳᠡᠨ᠂ ᠵᠣᠬᠢᠴᠠᠭᠤᠯᠬᠤ ᠦᠢᠯᠡᠴᠢᠯᠡᠭᠡ ᠪᠠᠨ | ᠴᠢᠩᠭᠠᠳᠬᠠᠵᠤ᠂ ᠬᠡᠰᠡᠭ ᠠᠭᠤᠯᠠ ᠶᠢᠨ ᠠᠭᠤᠷᠬᠠᠢ ᠶᠢᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ᠂ ᠠᠭᠤᠷᠬᠠᠶ | ᠮᠠᠯᠲᠠᠬᠤ᠂ ᠭᠠᠵᠠᠷ ᠬᠡᠷᠡᠭᠯᠡᠬᠦ ᠵᠡᠷᠭᠡ ᠭᠠᠷᠳᠠᠮ ᠢ ᠲᠦᠷᠭᠡᠳᠬᠡᠨ ᠭᠦᠶ᠋ᠴᠡᠳᠬᠡᠵᠦ ᠳᠠᠭᠤᠰᠬᠠᠨ᠂ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ᠂ ᠠᠵᠤ ᠠᠬᠤᠶᠢᠯᠠᠯ ᠤᠨ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠰᠢᠮᠳᠠᠭᠤᠯᠵᠤ᠂ ᠲᠥᠷᠥᠯ ᠵᠦᠢᠯ ᠢ ᠬᠠᠤᠯᠢ ᠲᠣᠭᠲᠠᠭᠠᠯ | ᠶᠣᠰᠣᠭᠠᠷ ᠦᠢᠯᠡᠳᠪᠦᠷᠢᠯᠡᠯ ᠢ ᠠᠬᠢᠭᠤᠯᠤᠨ᠎ᠠ᠃ ᠯᠦ ᠰᠢᠨ ᠠᠭᠤᠷᠬᠠᠶ ᠬᠢᠭᠡᠳ ᠾᠥᠸᠧ ᠮᠧᠶ ᠪᠦᠯᠦᠭᠯᠡᠯ ᠤᠨ ᠠᠵᠤ | ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ ᠵᠡᠷᠭᠡ ᠠᠵᠢᠯ ᠢ ᠲᠦᠷᠭᠡᠳᠬᠡᠨ ᠠᠬᠢᠭᠤᠯᠵᠤ᠂ ᠡᠮᠦᠨᠡᠬᠢ | ᠬᠤᠭᠤᠴᠠᠭᠠᠨ ᠤ ᠢᠬᠢᠷ ᠰᠢᠬᠢᠷ ᠪᠢᠴᠢᠭ ᠮᠠᠲ᠋ᠧᠷᠢᠶᠠᠯ ᠢ ᠲᠡᠭᠦᠯᠳᠡᠷᠵᠢᠭᠦᠯᠦᠨ᠂ ᠲᠥᠷᠥᠯ ᠵᠦᠢᠯ ᠢ ᠬᠢᠨᠠᠨ | ᠵᠥᠪᠰᠢᠶᠡᠷᠡᠬᠦ ᠠᠬᠢᠴᠠ ᠶᠢ ᠲᠦᠷᠭᠡᠳᠬᠡᠨ᠎ᠡ᠃ ᠤᠯᠤᠰ ᠤᠨ ᠴᠠᠬᠢᠯᠭᠠᠨ ᠤ ᠤᠯᠠᠭᠠᠶ ᠶᠢᠨ 2 × 100 ᠲᠦᠮᠡᠨ | ᠺᠢᠯᠣᠸᠠᠲ ᠤᠨ ᠠᠭᠤᠷᠬᠠᠢ ᠶᠢᠨ ᠠᠮᠠᠰᠠᠷ ᠤᠨ ᠴᠠᠬᠢᠯᠭᠠᠨ ᠤ ᠦᠢᠯᠡᠳᠪᠦᠷᠢ ᠶᠢᠨ ᠲᠥᠷᠥᠯ ᠵᠦᠢᠯ ᠢ ᠦᠷᠭᠦᠯᠵᠢᠯᠡᠨ | ᠳᠠᠭᠠᠵᠤ᠂ ᠵᠢᠶᠠᠩᠰᠦ ᠶᠢᠨ ᠡᠨᠧᠷᠭᠢ ᠶᠢᠨ ᠤᠯᠠᠭᠠᠶ ᠶᠢᠨ 2 × 100 ᠲᠦᠮᠡᠨ ᠺᠢᠯᠣᠸᠠᠲ ᠤᠨ ᠴᠠᠬᠢᠯᠭᠠᠨ ᠤ | ᠦᠢᠯᠡᠳᠪᠦᠷᠢ ᠶᠢᠨ ᠭᠠᠵᠠᠷ ᠨᠡᠭᠦᠯᠭᠡᠬᠦ ᠦᠢᠯᠡᠴᠢᠯᠡᠭᠡᠨ ᠤ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ | ᠲᠣᠭᠲᠠᠮᠠᠯ ᠴᠢᠨᠠᠷᠲᠠᠢ ᠪᠢᠴᠢᠭ ᠮᠠᠲ᠋ᠧᠷᠢᠶᠠᠯ ᠢ ᠲᠦᠷᠭᠡᠨ ᠲᠡᠭᠦᠯᠳᠡᠷᠵᠢᠭᠦᠯᠵᠦ᠂ ᠡᠷᠲᠡ ᠨᠢᠭᠡᠨ ᠡᠳᠦᠷ ᠬᠢᠨᠠᠨ | ᠵᠥᠪᠰᠢᠶᠡᠷᠡᠭᠦᠯᠬᠦ ᠶᠢᠨ ᠬᠠᠮᠲᠤ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠨ᠎ᠠ᠃ ᠳᠤᠮᠳᠠ ᠵᠢᠵᠢᠭ ᠪᠢᠴᠢᠯ ᠠᠵᠤ | ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ | ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠬᠦᠷᠢᠶᠡᠯᠡᠩ ᠳᠤ ᠣᠷᠣᠭᠤᠯᠬᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠣᠷᠣᠭᠤᠯᠵᠤ ᠢᠷᠡᠬᠦ ᠪᠠ ᠲᠦᠷᠭᠡᠳᠬᠡᠨ᠎ᠡ᠃ ᠵᠢᠵᠢᠭ | ᠪᠢᠴᠢᠯ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠦᠢᠯᠡᠴᠢᠯᠡᠬᠡᠨ ᠤ ᠬᠢᠷᠢ ᠬᠡᠮᠵᠢᠶ᠎ᠡ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠷᠣᠵᠤ ᠰᠠᠭᠤᠬᠤ ᠨᠣᠷᠮ᠎ᠠ ᠪᠠ ᠡᠵᠡᠩᠨᠡᠯᠲᠡ ᠶᠢᠨ | ᠦᠷ᠎ᠡ ᠠᠰᠢᠭ ᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢ ᠶᠢᠨ ᠯᠠᠷᠪᠠᠶᠢᠯᠭᠠ᠂ ᠦᠢᠯᠡᠴᠢᠯᠡᠬᠡᠨ ᠤ ᠬᠠᠮᠢᠶᠠᠷᠤᠯᠲᠠ᠂ | ᠪᠦᠷᠢᠳᠬᠡᠨ ᠵᠠᠳᠠᠯᠬᠤ ᠵᠡᠷᠭᠡ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠬᠡᠨ ᠤ ᠲᠠᠪᠴᠠᠩ ᠢ ᠪᠠᠶᠢᠭᠤᠯᠵᠤ᠂ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠠᠭᠤᠷᠢᠰᠢᠭᠤᠯᠬᠤ᠂ ᠣᠷᠣᠰᠢᠨ ᠲᠣᠭᠲᠠᠨᠢᠬᠤ᠂ ᠬᠥᠭᠵᠢᠭᠦᠯᠬᠦ | ᠬᠡᠷᠡᠭᠲᠡᠶ᠃ ︽ᠨᠡᠷᠡᠲᠦ ᠲᠡᠮᠳᠡᠭ ᠤᠨ ᠬᠥᠭᠵᠢᠯᠲᠡ︾ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ | ᠬᠠᠮᠲᠤ ᠶᠢᠨ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ᠲᠠᠸᠠᠷ ᠤᠨ ᠲᠡᠮᠳᠡᠭ ᠢ | ᠪᠤᠶᠢᠵᠢᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ | ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠯᠲᠡ ᠶᠢ ᠲᠦᠷᠭᠡᠳᠬᠡᠨ᠎ᠡ᠃ ︽ᠲᠩᠷᠢ ᠶᠢᠨ ᠬᠠᠶᠠᠭ᠎ᠠ ᠶᠢᠨ ᠲᠠᠯ᠎ᠠ | ᠨᠤᠲᠤᠭ · ᠦᠵᠡᠰᠬᠦᠯᠡᠩᠳᠣ ᠰᠠᠶᠢᠬᠠᠨ ᠤᠯᠠᠭᠠᠶ︾ ᠶᠢᠨ ᠳᠦᠷᠢ ᠲᠥᠷᠬᠦ ᠶᠢᠨ ᠪᠠᠶᠢᠷᠢ ᠲᠣᠭᠲᠠᠭᠠᠯᠲᠠ ᠪᠠ | ᠵᠤᠭᠠᠴᠠᠯ ᠤᠨ ᠲᠥᠷᠥᠯ ᠲᠡᠮᠳᠡᠭ ᠤᠨ ᠲᠣᠭᠤᠷᠢᠨ ᠳᠤ᠂ ︽ᠪᠦᠬᠦ ᠣᠷᠣᠨ ᠪᠦᠰᠡ ᠶᠢᠨ ᠵᠤᠭᠠᠴᠠᠯ︾ ᠤᠨ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠵᠤᠭᠠᠴᠠᠯ ᠤᠨ ᠦᠢᠯᠡᠴᠢᠯᠡᠭᠡ ᠶᠢᠨ ᠣᠯᠠᠨ ᠶᠠᠩᠵᠤᠴᠢᠯᠠᠬᠰᠠᠨ | ᠬᠥᠭᠵᠢᠯᠲᠡ ᠶᠢ ᠠᠬᠢᠭᠤᠯᠵᠤ᠂ ᠤᠯᠤᠰ ᠠᠴᠠ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ | ᠣᠷᠣᠨ ᠢ ᠢᠳᠡᠪᠬᠢᠲᠡᠢ ᠡᠭᠦᠳᠦᠨ ᠪᠠᠶᠢᠭᠤᠯᠬᠤ ᠬᠡᠷᠡᠭᠲᠡᠶ᠃ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ | ᠬᠦᠴᠦᠯᠡᠨ ᠲᠡᠭᠦᠯᠳᠡᠷᠵᠢᠭᠦᠯᠦᠨ᠎ᠡ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠲᠥᠯᠥᠪᠵᠢᠭᠦᠯᠭᠡ ᠶᠢ ᠤᠷᠢᠳ ᠢᠶᠠᠷ | ᠬᠢᠬᠦ ᠶᠢ ᠪᠠᠷᠢᠮᠲᠠᠯᠠᠵᠤ᠂ 11 ᠭᠤᠤᠯᠳᠠᠯᠭ᠎ᠠ ᠲᠠᠢ ᠣᠷᠣᠨ ᠪᠦᠰᠡ ᠶᠢᠨ ᠲᠤᠰᠬᠠᠶ ᠲᠥᠯᠥᠪᠵᠢᠭᠦᠯᠭᠡ ᠶᠢᠨ ᠵᠢᠷᠤᠭ | ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠲᠡᠭᠦᠯᠳᠡᠷᠵᠢᠭᠦᠯᠦᠨ᠂ ᠣᠯᠠᠨ ᠲᠣᠬᠤᠢ᠂ ᠨᠠᠭᠤᠷ ᠲᠣᠭᠤᠷᠢᠭᠰᠠᠨ | ᠵᠢᠭᠤᠯᠴᠢᠯᠠᠯ ᠤᠨ 5 A ᠲᠡᠰ ᠤᠨ ᠦᠵᠡᠮᠵᠢ ᠶᠢᠨ ᠣᠷᠣᠨ᠂ ᠪᠦᠯᠢᠶᠡᠨ ᠪᠣᠯᠠᠭ᠂ ᠴᠢᠨ᠋ᠸ᠎ᠠ ᠲᠣᠲ᠋ᠧᠮ ᠤᠨ ᠰᠣᠶᠣᠯ | ᠺᠢᠨᠣ᠋ ᠲᠧᠯᠸᠢᠰ ᠤᠨ ᠰᠠᠭᠤᠷᠢᠨ ᠭᠠᠵᠠᠷ᠂ ᠬᠡᠰᠡᠭ ᠨᠠᠭᠤᠷ ᠤᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠦᠷᠢᠶᠡᠯᠡᠩ᠂ | ᠥᠪᠡᠷᠲᠡᠭᠡᠨ ᠲᠡᠷᠭᠡ ᠵᠢᠯᠣᠭᠤᠳᠬᠤ ᠥᠷᠲᠡᠭᠡᠨ ᠤ ᠬᠤᠸᠠᠷᠠᠨ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠤ᠂ ᠴᠠᠭᠠᠨ ᠬᠤᠰᠤ ᠶᠢᠨ ᠤᠢ ᠶᠢᠨ ᠡᠬᠢ | ᠪᠠᠶᠠᠯᠢᠭ ᠢ ᠴᠢᠩᠭ᠎ᠠ ᠬᠠᠮᠠᠭᠠᠯᠠᠨ᠎ᠠ᠃ ᠣᠶᠤᠨᠴᠢ ᠵᠢᠭᠤᠯᠴᠢᠯᠠᠯ ᠤᠨ ᠰᠢᠰᠲ᠋ᠧᠮ ᠤᠨ ᠦᠢᠯᠡᠴᠢᠯᠡᠭᠡᠨ ᠤ ᠲᠠᠪᠴᠠᠩ ᠤᠨ | ᠴᠢᠳᠠᠮᠵᠢ ᠶᠢ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠤ ᠤᠲᠠᠰᠤ ᠦᠭᠡᠢ ᠰᠦᠯᠵᠢᠶ᠎ᠡ ᠵᠡᠷᠭᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ︽ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ | ᠵᠢᠭᠤᠯᠴᠢᠯᠠᠯ ᠤᠨ ᠦᠵᠡᠮᠵᠢ ᠶᠢᠨ ᠣᠷᠣᠨ︾ ᠤ ᠲᠥᠷᠥᠯ ᠵᠦᠢᠯ ᠲᠠᠢ ᠤᠶᠠᠯᠳᠤᠭᠤᠯᠤᠨ᠂ ᠵᠢᠭᠤᠯᠴᠢᠯᠠᠯ ᠤᠨ ᠵᠣᠷᠯᠣᠩ | ᠂ ᠲᠡᠮᠳᠡᠭ ᠫᠠᠶᠢᠰᠠ᠂ ᠬᠤᠭ ᠨᠣᠪᠰᠢ ᠲᠠᠯᠪᠢᠬᠤ ᠭᠠᠵᠠᠷ᠂ ᠥᠷᠲᠡᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢ ᠬᠦᠴᠦᠯᠡᠨ ᠰᠠᠶᠢᠵᠢᠷᠠᠭᠤᠯᠵᠤ᠂ ᠬᠤᠤᠯᠢᠨ ᠭᠤᠣᠯ — ᠰᠢᠯᠢ ᠶᠢᠨ ᠬᠤᠲᠠ ᠶᠢᠨ ᠠᠶᠠᠯᠠᠯ ᠤᠨ | ᠱᠤᠭᠤᠮ ᠢ ᠬᠠᠮᠵᠢᠨ ᠨᠡᠪᠲᠡᠷᠡᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ | ᠰᠢᠯᠢᠳᠡᠭᠵᠢᠭᠦᠯᠦᠨ᠎ᠡ᠃ ᠦᠵᠡᠮᠵᠢ ᠶᠢᠨ ᠣᠷᠣᠨ ᠤ ᠪᠠᠷᠢᠮᠵᠢᠶᠠᠵᠢᠭᠰᠠᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ | ᠂ ᠤᠯᠠᠭᠠᠶ ᠶᠢᠨ ᠪᠦᠬᠦ ᠴᠠᠷᠠᠭᠠᠨ ᠤ 5 A ᠳᠡᠰ᠂ ᠪᠦᠯᠢᠨ ᠪᠤᠯᠠᠭ ᠤᠨ 4 A ᠳᠡᠰ᠂ ᠴᠠᠨ᠎ᠠ ᠴᠡᠴᠡᠭ ᠤᠨ ᠬᠦᠨᠳᠡᠢ | ᠶᠢᠨ 3 A ᠲᠡᠰ ᠤᠨ ᠦᠵᠡᠮᠵᠢ ᠶᠢᠨ ᠣᠷᠣᠨ ᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠵᠢᠭᠤᠯᠴᠢᠯᠠᠯ ᠤᠨ | ᠵᠣᠴᠢᠯᠠᠬᠤ ᠪᠠᠭᠤᠳᠠᠯ ᠤᠨ ᠳᠡᠰ ᠳᠡᠪᠰᠢᠬᠦ ᠶᠢ ᠠᠬᠢᠭᠤᠯᠤᠨ᠎ᠠ᠃ ᠵᠢᠭᠤᠯᠴᠢᠯᠠᠯ ᠬᠢᠭᠡᠳ ᠣᠯᠠᠨ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠤᠨ᠎ᠠ᠃ ︽ᠵᠢᠭᠤᠯᠴᠢᠯᠠᠯ + ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ︾᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠬᠢᠭᠡᠳ ᠲᠣᠭᠤᠷᠢᠨ ᠦᠵᠡᠵᠦ | ᠪᠡᠶᠡᠴᠢᠯᠡᠨ ᠣᠶᠢᠯᠠᠭᠠᠬᠤ ᠶᠢ ᠵᠡᠷᠭᠡᠪᠡᠷ ᠴᠢᠬᠤᠯᠠᠴᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠰᠤᠯᠠ ᠪᠠᠶᠢᠭ᠎ᠠ ᠭᠡᠷ | ᠪᠠᠢᠰᠢᠩ ᠢ ᠵᠢᠷᠤᠮᠵᠢᠭᠤᠯᠤᠨ ᠬᠠᠮᠢᠶᠠᠷᠴᠤ᠂ ᠪᠦᠲᠦᠮᠵᠢᠲᠡᠶ ᠠᠮᠢᠳᠤᠯᠢᠭ ᠪᠣᠯᠭᠠᠵᠤ᠂ ᠠᠮᠢ ᠠᠬᠤᠢ ᠶᠢᠨ ᠭᠡᠷ ᠪᠦᠯᠢ ᠶᠢᠨ | ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠢ ᠶᠢ ᠲᠡᠭᠦᠯᠳᠡᠷᠵᠢᠭᠦᠯᠵᠦ᠂ ᠣᠨᠴᠠᠯᠢᠭᠲᠤ ᠮᠠᠯᠴᠢᠨ ᠠᠶᠢᠯ ᠵᠡᠷᠭᠡ | ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠰᠡᠯᠡᠭᠦᠴᠡᠨ ᠠᠮᠠᠷᠠᠬᠤ ᠦᠢᠯᠡᠳᠬᠦᠨ ᠤ ᠶᠠᠰᠤ ᠴᠢᠨᠠᠷ ᠢ | ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠎ᠡ᠃ ︽ᠵᠢᠭᠤᠯᠴᠢᠯᠠᠯ + ᠰᠣᠶᠣᠯ | ᠲᠠᠮᠢᠷ ᠤᠨ ᠬᠥᠳᠡᠯᠭᠡᠭᠡᠨ︾ ᠢ ᠢᠳᠡᠪᠬᠢᠲᠡᠢ ᠡᠷᠬᠢᠯᠡᠨ ᠶᠠᠪᠤᠭᠳᠠᠭᠤᠯᠵᠤ᠂ ᠤᠯᠠᠭᠠᠶ ᠭᠤᠣᠯ ᠤᠨ ᠶᠠᠪᠠᠭᠠᠨ ᠠᠶᠠᠨ᠂ | ᠲᠠᠯ᠎ᠠ ᠨᠤᠲᠤᠭ ᠤᠨ ᠨᠠᠭᠠᠳᠤᠮ᠂ ᠪᠢᠩᠲ᠋ᠤᠸᠠᠨ ᠤ ᠰᠣᠶᠣᠯ ᠤᠨ ᠭᠠᠷᠠᠭ ᠵᠡᠷᠭᠡ ᠰᠣᠶᠣᠯ ᠲᠠᠮᠢᠷ ᠤᠨ ᠬᠥᠳᠡᠯᠭᠡᠭᠡᠨ ᠢ | ᠥᠷᠨᠢᠭᠦᠯᠵᠦ᠂ ᠤᠯᠠᠭᠠᠢ ᠶᠢ ᠲᠣᠭᠤᠷᠢᠭᠰᠠᠨ 360 ᠺᠢᠯᠣᠮᠧᠲᠷ ᠤᠨ ᠵᠢᠭᠤᠯᠴᠢᠯᠠᠯ ᠤᠨ ᠱᠤᠭᠤᠮ ᠢ ᠪᠠᠶᠢᠭᠤᠯᠤᠨ᠎ᠠ᠃ | ᠵᠢᠭᠤᠯᠴᠢᠯᠠᠯ ᠤᠨ ᠣᠷᠣᠨ ᠪᠦᠰᠡ ᠶᠢᠨ ᠬᠠᠮᠲᠤᠷᠠᠯᠴᠠᠭ᠎ᠠ ᠪᠠ ᠤᠬᠠᠭᠤᠯᠭ᠎ᠠ ᠶᠢᠨ ᠪᠣᠷᠣᠯᠠᠭᠤᠯᠭ᠎ᠠ ᠶᠢ ᠬᠦᠴᠦᠯᠡᠨ | ᠴᠢᠩᠭᠠᠳᠬᠠᠨ᠎ᠠ᠃ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠳᠠᠭᠠᠤ᠂ ᠬᠠᠷᠠᠮᠥ᠋ᠷᠡᠨ ᠭᠢᠷᠢᠨ ᠯᠢᠶᠣᠤᠨᠢᠩ | ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠵᠤ ᠠᠬᠤᠢ ᠶᠢᠨ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠵᠢᠷᠭᠤᠭᠠᠨ ᠬᠤᠰᠢᠭᠤ ᠬᠤᠲᠠ ᠲᠣᠭᠤᠷᠢᠭ ᠤᠨ ᠪᠣᠳᠠᠲᠤ | ᠴᠢᠨᠠᠷᠲᠠᠢ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠷᠠᠰᠢᠶᠠᠨ — ᠬᠤᠤᠯᠢᠨ ᠭᠤᠣᠯ | — ᠤᠯᠠᠭᠠᠢ︾᠂ ︽ᠪᠡᠭᠡᠵᠢᠩ ᠲᠢᠶᠠᠨᠵᠢᠨ ᠾᠧᠪᠧᠢ — ᠤᠯᠠᠭᠠᠨᠬᠠᠳᠠ — ᠤᠯᠠᠭᠠᠢ︾ ᠵᠡᠷᠭᠡ | ᠵᠢᠭᠤᠯᠴᠢᠯᠠᠯ ᠤᠨ ᠱᠤᠭᠤᠮ ᠢ ᠨᠠᠷᠢᠯᠢᠭᠵᠢᠭᠤᠯᠤᠨ᠎ᠠ᠃ ᠸᠢᠴᠠᠲ᠂ ᠰᠦᠯᠵᠢᠶ᠎ᠡ᠂ ᠪᠢᠴᠢᠯ ᠪᠦᠷᠭᠡ ᠵᠡᠷᠭᠡ ᠰᠢᠨ᠎ᠡ | ᠵᠠᠭᠤᠴᠢᠯᠠᠭᠤᠷ ᠤᠨ ᠤᠬᠠᠭᠤᠯᠭ᠎ᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠬᠤᠲᠠ ᠶᠢᠨ ᠪᠣᠳᠠᠲᠤ ᠴᠣᠭᠴᠠ ᠶᠢᠨ | ᠤᠬᠠᠭᠤᠯᠭ᠎ᠠ ᠶᠢ ᠴᠢᠩᠭᠠᠳᠬᠠᠵᠤ᠂ ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠲᠠᠰᠤᠷᠠᠯᠲᠠ ᠥᠬᠡᠶ | ᠥᠷᠭᠡᠳᠬᠡᠨ᠎ᠡ᠃ ᠵᠢᠭᠤᠯᠴᠢᠯᠠᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠨ᠎ᠠ᠃ | ᠪᠣᠯᠪᠠᠰᠤᠨ ᠵᠢᠭᠤᠯᠴᠢᠯᠠᠯ ᠤᠨ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠵᠢᠭᠤᠯᠴᠢᠯᠠᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠪᠠ ᠵᠠᠰᠠᠮᠠᠯ ᠵᠠᠮ ᠳᠠᠭᠠᠤ ᠵᠢᠴᠢ ᠦᠵᠡᠮᠵᠢ ᠶᠢᠨ ᠣᠷᠣᠨ ᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠨ᠎ᠠ᠃ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠵᠢᠭᠤᠯᠴᠢᠯᠠᠯ ᠤᠨ ᠱᠠᠩᠨᠠᠵᠤ ᠲᠣᠷᠭᠠᠬᠤ ᠲᠣᠭᠲᠠᠴᠠ ᠶᠢ ᠴᠢᠩᠭ᠎ᠠ | ᠬᠡᠷᠡᠭᠵᠢᠭᠦᠯᠦᠨ᠎ᠡ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠲᠤᠰᠬᠠᠶ | ᠵᠢᠭᠤᠯᠴᠢᠯᠠᠯ ᠤᠨ ᠬᠥᠲᠥᠴᠢ ᠶᠢᠨ ᠦᠢᠯᠡᠴᠢᠯᠠᠬᠡᠨ ᠤ ᠡᠩᠨᠡᠭᠡ ᠶᠢ ᠪᠠᠶᠢᠭᠤᠯᠵᠤ᠂ ᠵᠢᠭᠤᠯᠴᠢᠯᠠᠯ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ | ︵ᠭᠤᠷᠪᠠ︶ ᠲᠥᠷᠥᠯ ᠵᠦᠢᠯ ᠢ ᠠᠳᠬᠤᠨ᠂ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠢ ᠶᠢᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠬᠥᠭᠵᠢᠯᠲᠡ ᠶᠢᠨ ᠬᠤᠷᠢᠭ᠎ᠠ ᠱᠤᠭᠤᠮ ᠢ | ᠡᠷᠡᠰ ᠰᠠᠬᠢᠵᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠴᠢᠩᠭ᠎ᠠ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ | ᠲᠥᠷᠥᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠠᠳᠬᠤᠵᠤ᠂ ᠲᠣᠬᠢᠷᠠᠭᠤᠯᠤᠯᠲᠠ ᠶᠢ ᠠᠳᠬᠤᠵᠤ᠂ ᠠᠵᠤ | ᠠᠬᠤᠢ ᠶᠢᠨ ᠨᠡᠮᠡᠭᠳᠡᠯ ᠢᠶᠠᠷ ᠬᠥᠭᠵᠢᠯᠲᠡ ᠶᠢᠨ ᠠᠵᠠ ᠲᠣᠬᠢᠶᠠᠯ ᠢ ᠣᠯᠬᠤ ᠬᠡᠷᠡᠭᠲᠡᠶ᠃ | ᠨᠢᠭᠡ ᠳᠤ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠶᠢᠨ ᠵᠠᠩᠭᠢᠯᠠᠭ᠎ᠠ ᠨᠢ ᠭᠤᠤᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠥᠷᠥᠯ ᠵᠦᠢᠯ ᠢᠶᠠᠷ ᠪᠡᠯᠡ ᠣᠷᠣᠭᠤᠯᠤᠯᠲᠠ ᠶᠢ | ᠠᠬᠢᠭᠤᠯᠬᠤ ᠳᠤ ᠪᠠᠶᠢᠨ᠎ᠠ᠃ ᠡᠨᠡ ᠵᠢᠯ᠂ 25 ᠭᠤᠣᠯᠳᠠᠯᠭ᠎ᠠ ᠲᠠᠢ ᠲᠥᠷᠥᠯ ᠵᠦᠢᠯ ᠢ ᠠᠩᠬ᠎ᠠ ᠠᠯᠬᠤᠮ | ᠲᠣᠬᠢᠷᠠᠭᠤᠯᠵᠤ᠂ 6.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ | ᠦᠢᠯᠡᠰᠵᠢᠭᠦᠯᠦᠯᠲᠡ᠂ ᠬᠥᠬᠡᠪᠦᠷ ᠤᠨ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠲᠠᠷᠢᠶᠠᠯᠠᠩ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ᠂ ᠠᠰ | ᠠᠰ ᠢᠶᠠᠷ ᠨᠢ ᠵᠥᠪᠯᠡᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠣᠳᠣᠬᠢᠴᠢᠯᠠᠭᠰᠠᠨ ᠮᠢᠬᠠᠨ ᠤ | ᠬᠤᠨᠢᠨ ᠤ ᠠᠵᠤ ᠦᠢᠯᠡᠰ ᠵᠡᠷᠭᠡ ᠲᠥᠷᠥᠯ ᠵᠦᠢᠯ ᠢ ᠢᠳᠡᠪᠬᠢᠲᠡᠢ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ | ᠲᠠᠯ᠎ᠠ ᠪᠠᠷ᠂ ᠨᠡᠭᠦᠷᠡᠰᠦ ᠴᠠᠬᠢᠯᠭᠠᠨ ᠤ ᠴᠡᠪᠡᠷ ᠡᠨᠧᠷᠭᠢ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠭᠤᠤᠯᠳᠠᠯᠭ᠎ᠠ ᠲᠠᠢ ᠲᠦᠯᠬᠢᠨ ᠠᠬᠢᠭᠤᠯᠵᠤ᠂ ᠠᠯᠠᠰᠢᠨ ᠬᠤᠨᠢ ᠭᠦᠨᠵᠡᠭᠡᠶ ᠡᠳ᠋ᠰᠢᠭᠦᠯᠬᠦ᠂ ᠴᠢᠨᠠᠷ ᠰᠠᠶᠢᠲᠠᠶ ᠪᠤᠭᠤᠳᠠᠢ | ᠡᠳ᠋ᠰᠢᠭᠦᠯᠵᠦ ᠬᠥᠮᠥᠷᠭᠡᠯᠡᠨ ᠬᠠᠳᠠᠭᠠᠯᠠᠬᠤ᠂ ᠢᠳᠡᠰᠢᠨ ᠲᠣᠰᠣ ᠡᠳ᠋ᠰᠢᠭᠦᠯᠬᠦ ᠵᠡᠷᠭᠡ ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠲᠥᠷᠥᠯ ᠵᠦᠢᠯ ᠢ ᠪᠣᠳᠠᠲᠠᠶᠢᠵᠢᠭᠤᠯᠤᠨ ᠠᠵᠢᠯ ᠡᠬᠢᠯᠡᠭᠦᠯᠬᠦ ᠶᠢ | ᠲᠦᠷᠭᠡᠳᠬᠡᠨ ᠠᠬᠢᠭᠤᠯᠤᠨ᠎ᠠ᠃ ᠦᠢᠯᠡᠴᠢᠯᠡᠬᠡᠨ ᠤ ᠦᠢᠯᠡᠰ ᠤᠨ ᠲᠠᠯ᠎ᠠ ᠪᠠᠷ᠂ ᠤᠯᠠᠭᠠᠶ ᠶᠢᠨ ᠤᠤᠯ ᠤᠨ ᠠᠮᠢ | ᠠᠬᠤᠢ ᠶᠢᠨ ᠲᠠᠯ᠎ᠠ ᠨᠤᠲᠤᠭ ᠤᠨ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠠᠬᠢᠯᠲᠠ ᠡᠬᠢ ᠪᠠᠶᠠᠯᠢᠭ ᠵᠡᠷᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠤᠨ᠎ᠠ᠃ ᠨᠡᠶᠢᠭᠡᠮ ᠤᠨ ᠠᠵᠢᠯ | ᠦᠢᠯᠡᠰ ᠤᠨ ᠲᠠᠯ᠎ᠠ ᠪᠠᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠬᠠᠶᠢᠯᠠᠭᠰᠠᠨ ᠠᠵᠢᠯ ᠪᠠ ᠡᠬᠡ | ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠬᠡᠨ ᠤ ᠲᠥᠪ᠂ ᠰᠤᠷᠭᠠᠨ ᠬᠥᠮᠦᠵᠢᠯ ᠤᠨ | ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ | ᠲᠦᠯᠬᠢᠨ ᠠᠬᠢᠭᠤᠯᠵᠤ᠂ ᠠᠷᠠᠳ ᠤᠨ ᠰᠢᠭᠦᠬᠦ ᠬᠤᠷᠢᠶᠠᠨ ᠤ ᠰᠢᠭᠦᠨ ᠲᠠᠰᠤᠯᠬᠤ ᠰᠢᠭᠦᠬᠦ ᠲᠢᠩᠬᠢᠮ᠂ ᠬᠤᠶᠠᠳᠤᠭᠠᠷ | ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ᠂ ᠣᠢ ᠰᠢᠭᠤᠶ ᠵᠢᠴᠢ ᠣᠢ ᠰᠢᠭᠤᠶ ᠶᠢᠨ | ᠲᠠᠯᠠᠪᠤᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠢᠳᠡᠪᠬᠢᠲᠡᠢ ᠴᠢᠷᠮᠠᠶᠢᠨ | ᠣᠯᠣᠨ᠎ᠠ᠃ ᠰᠠᠭᠤᠷᠢ ᠲᠥᠬᠦᠭᠡᠷᠦᠮᠵᠢ ᠶᠢᠨ ᠲᠠᠯ᠎ᠠ ᠪᠠᠷ᠂ ᠪᠠᠶᠠᠨᠬᠤᠰᠢᠭᠤ ᠪᠠᠯᠭᠠᠰᠤᠨ ᠤ ᠨᠣᠭᠤᠭᠠᠷᠠᠭᠤᠯᠤᠯᠲᠠ | ᠭᠡᠷᠡᠯᠲᠦᠭᠦᠯᠭᠡ᠂ ᠬᠤᠲᠠ ᠪᠠᠯᠭᠠᠰᠤᠨ ᠤ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ | ᠵᠠᠰᠠᠬᠤ᠂ ᠬᠡᠰᠡᠭ ᠠᠭᠤᠯᠠ ᠲᠡᠮᠦᠷ ᠵᠠᠮ ᠤᠨ ᠬᠠᠳᠠᠭᠠᠯᠠᠵᠤ ᠵᠦᠬᠡᠬᠡᠪᠦᠷᠢᠯᠡᠬᠦ ᠢᠵᠢ ᠪᠦᠷᠢᠳᠦᠭᠰᠡᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ | ᠃ ᠨᠡᠶᠢᠳᠡ ᠶᠢᠨ ᠨᠢᠰᠬᠡᠯ ᠤᠨ ᠪᠠᠭᠤᠳᠠᠯ᠂ ᠢᠯᠴᠢ ᠴᠠᠬᠢᠯᠭᠠᠨ ᠬᠤᠯᠪᠣᠭᠠᠯᠠᠨ ᠦᠢᠯᠡᠳᠪᠦᠷᠢᠯᠡᠬᠦ ᠵᠡᠷᠭᠡ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠡᠨᠡ | ᠵᠢᠯ ᠤᠨ ᠬᠡᠷᠡᠭᠵᠢᠭᠦᠯᠦᠭᠰᠡᠨ ᠭᠤᠤᠯᠳᠠᠯᠭ᠎ᠠ ᠲᠠᠢ ᠲᠥᠷᠥᠯ ᠵᠦᠢᠯ ᠢ ᠳᠠᠬᠢᠨ ᠲᠣᠭᠠᠯᠠᠨ ᠪᠦᠷᠢᠳᠬᠡᠵᠦ᠂ ᠳᠠᠬᠢᠨ | ᠡᠮᠬᠢᠯᠡᠵᠦ᠂ ᠨᠢᠭᠡᠨᠲᠡ ᠲᠣᠭᠲᠠᠭᠠᠭᠰᠠᠨ ᠭᠤᠤᠯᠳᠠᠯᠭ᠎ᠠ ᠲᠠᠢ ᠲᠥᠷᠥᠯ ᠵᠦᠢᠯ ᠢ ᠭᠤᠤᠯᠳᠠᠯᠭ᠎ᠠ ᠲᠠᠢ ᠠᠯᠪᠠᠨ ᠭᠡᠷ ᠨᠢ | ᠡᠭᠦᠷᠭᠡ ᠪᠠᠨ ᠲᠦᠷᠭᠡᠬᠡᠨ ᠵᠠᠳᠠᠯᠵᠤ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ | ᠪᠣᠯᠤᠨ ᠪᠣᠳᠠᠲᠠᠶ ᠡᠭᠦᠷᠭᠡ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠤᠤᠯᠳᠠᠯᠭ᠎ᠠ ᠲᠠᠢ | ᠲᠥᠷᠥᠯ ᠵᠦᠢᠯ ᠢ ᠴᠠᠭ ᠤᠨ ᠵᠠᠩᠭᠢᠯᠠᠭ᠎ᠠ ᠶᠢᠨ ᠴᠡᠭ ᠢᠶᠠᠷ ᠤᠷᠤᠭᠰᠢᠲᠠᠶ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ | ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠪᠦᠬᠦ ᠤᠯᠤᠰ ᠠᠴᠠ ᠳᠥᠷᠪᠡᠳᠦᠭᠡᠷ ᠤᠳᠠᠭᠠᠨ ᠤ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠵᠦ᠂ ᠬᠤᠷᠸ᠎ᠠ ᠰᠢᠢᠳᠪᠦᠷᠢᠳᠣ ᠪᠣᠳᠣᠯᠭ᠎ᠠ ᠲᠣᠭᠲᠠᠭᠠᠬᠤ ᠳᠤ | ᠰᠢᠨᠵᠢᠯᠡᠬᠦ ᠤᠬᠠᠭᠠᠨᠴᠢ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠬᠠᠩᠭᠠᠬᠤ ᠬᠡᠷᠡᠭᠲᠡᠶ᠃ | ᠬᠤᠶᠠᠷ ᠲᠤ ᠪᠠᠯᠠ ᠣᠷᠣᠭᠤᠯᠵᠤ ᠪᠠᠯᠠ ᠲᠣᠬᠢᠷᠠᠭᠤᠯᠬᠤ ᠠᠷᠭ᠎ᠠ ᠵᠠᠮ ᠢ ᠢᠳᠡᠪᠬᠢᠲᠡᠢ ᠥᠷᠭᠡᠳᠬᠡᠨ᠎ᠡ᠃ | ᠣᠳᠣᠬᠠᠨ ᠤ ᠪᠠᠶᠢᠳᠠᠯ ᠠᠴᠠ ᠦᠵᠡᠪᠡᠯ᠂ ᠪᠢᠳᠡᠨ ᠤ ᠪᠠᠯᠠ ᠣᠷᠣᠭᠤᠯᠤᠯᠲᠠ ᠶᠢ ᠥᠷᠭᠡᠳᠬᠡᠬᠦ ᠶᠢ ᠬᠢᠵᠠᠭᠠᠷᠯᠠᠵᠤ | ᠪᠠᠶᠢᠭ᠎ᠠ ᠭᠤᠷᠪᠠᠨ ᠵᠠᠩᠭᠢᠯᠠᠭ᠎ᠠ ᠶᠢᠨ ᠬᠦᠴᠦᠨ ᠵᠦᠶ᠋ᠯ ᠪᠣᠯ ᠲᠥᠷᠥᠯ ᠵᠦᠢᠯ ᠢ ᠲᠥᠰᠦᠪᠯᠡᠬᠦ ᠠᠰᠠᠭᠤᠳᠠᠯ᠂ ᠲᠥᠷᠥᠯ | ᠵᠦᠢᠯ ᠢ ᠬᠢᠨᠠᠨ ᠵᠥᠪᠰᠢᠶᠡᠷᠡᠬᠦ ᠠᠰᠠᠭᠤᠳᠠᠯ᠂ ᠪᠠᠯᠠ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠪᠣᠯᠤᠨ᠎ᠠ᠃ ᠡᠯ᠎ᠡ | ᠰᠠᠯᠠᠭ᠎ᠠ ᠮᠥᠴᠢᠷ ᠤᠳ ᠡᠷᠬᠡᠪᠰᠢ ᠲᠥᠷᠥ ᠶᠢᠨ ᠪᠣᠳᠣᠯᠭ᠎ᠠ ᠶᠢ ᠨᠢᠭᠲᠠ ᠠᠩᠬᠠᠷᠴᠤ᠂ ᠲᠥᠷᠥ ᠶᠢᠨ ᠪᠣᠳᠣᠯᠭ᠎ᠠ ᠶᠢ | ᠡᠵᠡᠮᠰᠢᠨ᠂ ᠤᠷᠢᠳᠴᠢᠯᠠᠨ ᠵᠢᠷᠤᠭᠯᠠᠨ ᠲᠥᠯᠥᠪᠯᠡᠵᠦ᠂ ᠲᠡᠭᠡᠳᠣ ᠱᠠᠲᠤᠨ ᠤ ᠪᠠᠭᠤᠯᠭᠠᠭᠰᠠᠨ ᠲᠥᠯᠥᠪᠯᠡᠭᠡ᠂ ᠲᠥᠷᠥᠯ | ᠵᠦᠢᠯ᠂ ᠪᠡᠯᠡ ᠮᠥᠩᠭᠦ ᠶᠢᠨ ᠪᠠᠶᠢᠳᠠᠯ ᠢ ᠴᠠᠭ ᠲᠤᠬᠠᠶ ᠳᠤᠨᠢ ᠳᠠᠭᠠᠵᠤ᠂ ᠲᠡᠭᠡᠳᠣ ᠱᠠᠲᠤᠨ ᠤ ᠲᠥᠷᠥ ᠶᠢᠨ | ᠪᠣᠳᠣᠯᠭ᠎ᠠ ᠶᠢ ᠬᠦᠢᠴᠡᠳ ᠬᠡᠷᠡᠭᠯᠡᠬᠦ᠂ ᠠᠮᠢᠳᠤᠯᠢᠭ ᠬᠡᠷᠡᠭᠯᠡᠬᠦ᠂ ᠰᠠᠶᠢᠲᠤᠷ ᠬᠡᠷᠡᠭᠯᠡᠬᠦ ᠶᠢ ᠨᠢᠭᠡ ᠵᠦᠢᠯ ᠤᠨ ᠴᠢᠬᠤᠯᠠ | ᠠᠵᠢᠯ ᠪᠣᠯᠭᠠᠵᠤ᠂ ︽ᠭᠦᠶᠦᠬᠦ︾ ᠡᠷᠴᠢᠮ ᠢᠶᠠᠨ ᠨᠡᠮᠡᠭᠳᠡᠭᠦᠯᠦᠨ᠂ ᠵᠣᠷᠢᠭᠲᠠᠶ ᠪᠠᠷ ᠵᠢᠷᠤᠭᠯᠠᠨ ᠲᠥᠯᠥᠪᠯᠡᠵᠦ᠂ | ᠲᠡᠭᠡᠳᠣ ᠱᠠᠲᠤᠨ ᠤ ᠲᠥᠰᠦᠪ ᠤᠨ ᠳᠣᠲᠣᠷᠠᠬᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ᠂ ᠲᠤᠰᠬᠠᠶ | ᠵᠦᠢᠯ ᠤᠨ ᠪᠡᠯᠡ ᠮᠥᠩᠭᠦ ᠶᠢ ᠶᠡᠬᠡᠪᠡᠷ ᠴᠢᠷᠮᠠᠶᠢᠨ ᠣᠯᠵᠤ᠂ ᠲᠥᠷᠥᠯ ᠵᠦᠢᠯ ᠦᠭᠡᠢ ᠪᠠ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ | ᠬᠡᠷᠡᠭᠲᠡᠶ᠃ ︽ᠡᠷᠬᠢᠯᠡᠬᠦ︾ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠡᠷᠬᠡ ᠮᠡᠳᠡᠯ ᠤᠨ | ᠬᠡᠪᠴᠢᠶᠡᠨ ᠳᠠᠬᠢ ᠲᠥᠷᠥᠯ ᠵᠦᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠵᠣᠯᠭᠠᠭᠤᠯᠤᠨ᠂ ︽ᠰᠠᠭᠠᠳ | ᠥᠬᠡᠶ ᠨᠡᠪᠲᠡᠷᠡᠬᠦ ᠵᠠᠮ︾ ᠢ ᠨᠡᠪᠲᠡᠷᠡᠭᠦᠯᠵᠦ᠂ ᠲᠤᠰᠬᠠᠶ ᠬᠥᠮᠦᠨ ᠢᠶᠠᠷ ᠦᠢᠯᠡᠴᠢᠯᠡᠨ᠂ ᠠᠵᠢᠯ ᠬᠡᠷᠡᠭ ᠬᠦᠢᠴᠡᠳᠬᠡᠬᠦ | ᠴᠤᠪᠤᠷᠠᠯ ᠢ ᠳᠥᠭᠦᠮᠴᠢᠯᠡᠵᠦ᠂ ᠴᠠᠭ ᠬᠢᠵᠠᠭᠠᠷᠯᠠᠨ ᠬᠦᠢᠴᠡᠳᠬᠡᠵᠦ ᠳᠠᠭᠤᠰᠬᠠᠬᠤ ᠬᠡᠷᠡᠭᠲᠡᠶ᠃ ᠡᠳ᠋ ᠤᠨ ᠵᠠᠰᠠᠭ ᠤᠨ | ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠣᠯ ᠢ ᠬᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠬᠢᠭᠡᠳ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠵᠠᠭᠪᠤᠷ ᠢ ᠲᠦᠷᠭᠡᠳᠬᠡᠨ ᠠᠬᠢᠭᠤᠯᠵᠤ᠂ ᠨᠠᠩ | ᠣᠯᠠᠨ ᠲᠥᠷᠥᠯ ᠵᠦᠢᠯ ᠢ ᠲᠡᠭᠡᠳᠣ ᠱᠠᠲᠤᠨ ᠤ PPP ᠲᠥᠷᠥᠯ ᠵᠦᠢᠯ ᠤᠨ ᠬᠡᠷᠡᠭᠵᠢᠭᠦᠯᠬᠦ ᠲᠥᠯᠥᠪᠯᠡᠭᠡ ᠳᠤ | ᠣᠷᠣᠭᠤᠯᠬᠤ ᠪᠠᠷ ᠴᠢᠷᠮᠠᠶᠢᠬᠤ ᠬᠡᠷᠡᠭᠲᠡᠶ᠃ ᠪᠥᠬᠦ ᠠᠢᠮᠠᠭ ᠤᠨ ᠮᠥᠩᠭᠦᠨ ᠬᠦᠢᠯᠬᠡᠬᠡᠨ ᠤ ᠵᠢᠱᠢᠶ᠎ᠡ ᠦᠵᠡᠭᠦᠯᠬᠦ | ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠢᠴᠡᠳ ᠠᠰᠢᠭᠯᠠ᠂ ᠮᠥᠩᠭᠦᠨ ᠬᠦᠢᠯᠬᠡᠬᠡᠨ ᠤ | ᠪᠠᠶᠢᠭᠤᠯᠤᠮᠵᠢ ᠶᠢᠨ ᠪᠠᠯᠠ ᠣᠷᠣᠭᠤᠯᠤᠯᠲᠠ ᠳᠠᠬᠢ ᠲᠤᠯᠭᠠᠭᠤᠷᠢᠯᠠᠬᠤ ᠦᠢᠯᠡᠳᠣᠯ ᠢ ᠰᠠᠶᠢᠲᠤᠷ ᠪᠠᠳᠠᠷᠠᠭᠤᠯᠵᠤ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠶᠢ ᠬᠡᠷᠬᠢᠨ | ᠠᠬᠢᠭᠤᠯᠬᠤ᠂ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠬᠡᠷᠬᠢᠨ ᠪᠠᠲᠤᠯᠠᠬᠤ᠂ ᠡᠯ᠎ᠡ ᠮᠥᠩᠭᠦᠨ | ᠬᠦᠢᠯᠬᠡᠬᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠭᠤᠤᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠢᠳᠡᠪᠬᠢᠲᠡᠢ | ᠳᠡᠮᠵᠢᠬᠦ ᠪᠠ ᠲᠡᠭᠦᠨ ᠳᠤ ᠣᠷᠣᠯᠴᠠᠭᠤᠯᠬᠤ ᠬᠡᠷᠡᠭᠲᠡᠶ᠃ | ᠲᠥᠷᠥᠯ ᠵᠦᠢᠯ ᠤᠨ ᠨᠥᠭᠡᠴᠡ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ | ᠴᠢᠩᠭᠠᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠰ ᠤᠨ ᠲᠥᠷᠥ ᠶᠢᠨ ᠪᠣᠳᠣᠯᠭ᠎ᠠ ᠪᠠ ᠪᠠᠯᠠ ᠣᠷᠣᠭᠤᠯᠤᠯᠲᠠ ᠶᠢᠨ ᠴᠢᠭᠯᠡᠯ ᠢ ᠴᠢᠩᠭ᠎ᠠ ᠠᠩᠬᠠᠷᠴᠤ᠂ ︽13 · | 5︾ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠰᠠᠶᠢᠲᠤᠷ | ᠬᠢᠬᠦ ᠲᠣᠭᠤᠷᠢᠨ ᠳᠤ᠂ ᠭᠤᠤᠯᠳᠠᠯᠭ᠎ᠠ ᠶᠢ ᠠᠳᠬᠤᠬᠤ᠂ ᠲᠥᠷᠥᠯ ᠵᠦᠢᠯ᠂ ᠳᠤᠲᠠᠭᠤᠳᠠᠯ ᠢ ᠨᠥᠬᠦᠪᠥᠷᠢᠯᠡᠬᠦ | ᠱᠠᠭᠠᠷᠳᠠᠯᠭ᠎ᠠ ᠶᠣᠰᠣᠭᠠᠷ ᠲᠥᠷᠥᠯ ᠵᠦᠢᠯ ᠤᠨ ᠬᠥᠮᠥᠷᠭᠡ ᠶᠢ ᠲᠤᠬᠢᠷᠠᠭᠤᠯᠤᠨ ᠲᠡᠭᠦᠯᠳᠡᠷᠵᠢᠭᠦᠯᠦᠨ᠎ᠡ᠃ ᠮᠠᠨ ᠤ | ᠣᠷᠣᠨ ᠤ ᠬᠥᠭᠵᠢᠯᠲᠡ ᠶᠢᠨ ᠳᠠᠪᠠᠭᠤᠯᠢᠭ ᠪᠠ ᠣᠨᠴᠠᠯᠢᠭ ᠲᠤ ᠲᠣᠬᠢᠷᠠᠭᠰᠠᠨ ᠰᠠᠶᠢᠨ ᠲᠥᠷᠥᠯ ᠵᠦᠢᠯ᠂ ᠲᠣᠮᠣ | ᠲᠥᠷᠥᠯ ᠵᠦᠢᠯ ᠢ ᠬᠢᠨᠠᠮᠠᠭᠠᠶ ᠲᠥᠯᠥᠪᠯᠡᠵᠦ᠂ ᠣᠳᠣ ᠦᠶ᠎ᠡ ᠶᠢᠨ ᠰᠣᠳᠣᠨ ᠲᠠᠷᠢᠶᠠᠯᠠᠩ ᠮᠠᠯ ᠠᠵᠤ ᠠᠬᠤᠶ᠂ ᠰᠣᠶᠣᠯ | ᠵᠢᠭᠤᠯᠴᠢᠯᠠᠯ ᠤᠨ ᠦᠢᠯᠡᠰ᠂ ᠠᠷᠢᠭᠤᠨ ᠴᠡᠪᠡᠷ ᠡᠨᠧᠷᠭᠢ ᠶᠢᠨ ᠦᠢᠯᠡᠰ ᠵᠡᠷᠭᠡ ᠭᠤᠷᠪᠠᠨ ᠶᠡᠭᠡ ᠭᠤᠤᠯᠯᠠᠬᠤ ᠠᠵᠤ | ᠦᠢᠯᠡᠰ ᠤᠨ ᠲᠣᠭᠤᠷᠢᠨ ᠳᠤ᠂ ᠳᠠᠪᠠᠭᠤᠯᠢᠭ ᠠᠵᠤ ᠠᠬᠤᠶᠢᠯᠠᠯ ᠳᠤ ᠴᠢᠭᠯᠡᠭᠦᠯᠦᠨ ᠲᠦᠰᠦᠯ ᠤᠨ ᠣᠨᠣᠪᠴᠢᠲᠠᠶ ᠪᠠᠷ | ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠳᠠᠲᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠳᠣᠷᠣᠨᠠᠳᠠᠬᠢᠨ ᠤ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠲᠥᠷᠥᠯ | ᠵᠦᠢᠯ ᠢ ᠵᠣᠯᠭᠠᠭᠤᠯᠬᠤ ᠪᠠ ᠮᠥᠷᠳᠡᠨ ᠳᠠᠭᠠᠬᠤ ᠶᠢ ᠲᠦᠷᠭᠡᠳᠬᠡᠵᠦ᠂ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠡᠯᠧᠺᠲᠷᠣᠨ ᠬᠤᠳᠠᠯᠳᠤᠭ᠎ᠠ᠂ ᠪᠢᠴᠢᠯ ᠬᠤᠳᠠᠯᠳᠤᠭ᠎ᠠ᠂ | ᠪᠠᠷᠠᠭ᠎ᠠ ᠶᠢᠨ ᠬᠦᠢᠯᠬᠡᠬᠡ ᠵᠡᠷᠭᠡ ᠬᠤᠯᠪᠣᠭᠳᠠᠯ ᠪᠦᠬᠦᠢ ᠠᠵᠤ ᠦᠢᠯᠡᠰ ᠢ ᠪᠤᠶᠢᠵᠢᠭᠤᠯᠵᠤ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠤᠨ ᠳᠠᠮᠵᠢᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠡᠯ᠎ᠡ ᠵᠦᠢᠯ ᠤᠨ ᠲᠡᠳᠬᠦᠨ ᠳᠡᠮᠵᠢᠬᠦ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠰᠠᠶᠢᠲᠤᠷ ᠨᠠᠢᠳᠠᠪᠤᠷᠢᠵᠢᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠬᠡᠷᠡᠭᠲᠡᠶ᠃ | ︵ᠲᠦᠷᠪᠡ︶ ᠠᠮᠢ ᠠᠬᠤᠢ ᠶᠢ ᠠᠳᠬᠤᠨ᠂ ᠪᠠᠲᠤᠯᠠᠭ᠎ᠠ ᠶᠢ ᠴᠢᠩᠭᠠᠳᠬᠠᠵᠤ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠬᠦᠴᠦᠯᠡᠨ ᠪᠠᠬᠢᠵᠢᠭᠦᠯᠦᠨ᠎ᠡ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ | ᠳᠠᠷᠤᠶ ᠠᠯᠲᠠᠨ ᠠᠭᠤᠯᠠ ᠪᠣᠯᠤᠨ᠎ᠠ︾ ᠭᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠲᠤᠬᠠᠶ ᠲᠠᠨᠢᠯᠲᠠ ᠪᠠᠨ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠶ ᠪᠠᠶᠢᠬᠤ ᠶᠢ | ᠪᠠᠷᠢᠮᠲᠠᠯᠠᠵᠤ᠂ ᠠᠭᠤᠯᠠ ᠤᠰᠤ ᠣᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠰᠢᠰᠲ᠋ᠧᠮ ᠲᠠᠢ | ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠪᠦᠲᠦᠭᠡᠨ | ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠵᠤ᠂ ᠦᠵᠡᠰᠬᠦᠯᠡᠩᠲᠦ ᠰᠠᠢᠬᠠᠨ ᠤᠯᠠᠭᠠᠶ ᠶᠢ ᠪᠦᠲᠦᠭᠡᠨ ᠪᠠᠶᠢᠭᠤᠯᠬᠤ ᠬᠡᠷᠡᠭᠲᠡᠶ᠃ | ᠨᠢᠭᠡ ᠳᠤ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ | ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠪᠠ ᠨᠤᠲᠤᠭ ᠪᠡᠯᠴᠢᠭᠡᠷ ᠤᠨ | ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠥᠰᠦᠯ ᠪᠠ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠥᠷᠥᠩᠭᠡ ᠶᠢᠨ ᠲᠥᠰᠦᠯ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠠᠮᠢ ᠠᠬᠤᠢ ᠶᠢᠨ ᠡᠬᠢ | ᠪᠠᠶᠠᠯᠢᠭ ᠤᠨ ᠤᠷᠢᠳᠠᠴᠢ ᠬᠢᠨᠠᠨ ᠪᠠᠶᠢᠴᠠᠭᠠᠬᠤ ᠪᠠ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ | ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠳᠤᠷᠢᠳᠬᠤ ᠺᠠᠳ᠋ᠷ ᠤᠨ | ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠢᠨᠠᠨ | ᠪᠣᠳᠣᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠡᠬᠢ ᠡᠭᠦᠰᠦᠯ ᠠᠴᠠ ᠨᠢ ᠰᠡᠷᠭᠡᠶᠢᠯᠡᠬᠦ᠂ ᠶᠠᠪᠤᠴᠠ ᠶᠢ ᠡᠵᠡᠮᠳᠡᠬᠦ᠂ | ᠬᠤᠬᠢᠷᠠᠯ ᠢ ᠲᠥᠯᠥᠬᠦ᠂ ᠬᠠᠷᠢᠭᠤᠴᠠᠯᠭ᠎ᠠ ᠨᠡᠬᠡᠮᠵᠢᠯᠡᠬᠦ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠤᠨ | ᠰᠢᠰᠲ᠋ᠧᠮᠵᠢ ᠶᠢ ᠪᠤᠢ ᠪᠣᠯᠭᠠᠨ᠎ᠠ᠃ ᠮᠠᠯᠵᠢᠬᠤ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢᠰᠢᠭᠦᠯᠬᠦ | ᠳᠦᠷᠢᠮ ᠤᠨ ᠨᠠᠶᠢᠳᠠᠪᠤᠷᠢᠵᠢᠭᠤᠯᠤᠯᠲᠠ᠂ ᠪᠠᠶᠢᠭᠠᠯᠢᠯᠢᠭ ᠬᠠᠳᠤᠯᠠᠩ ᠪᠡᠯᠴᠢᠭᠡᠷ ᠤᠨ ᠬᠠᠮᠢᠶᠠᠷᠤᠯᠲᠠ᠂ ᠡᠮ ᠳᠤ | ᠬᠡᠷᠡᠭᠯᠡᠬᠦ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠲᠡᠭᠦᠵᠦ ᠮᠠᠯᠲᠠᠬᠤ ᠶᠢ ᠴᠡᠭᠴᠡᠯᠡᠨ ᠵᠠᠰᠠᠬᠤ᠂ ᠬᠡᠭᠡᠷ᠎ᠡ ᠶᠢᠨ | ᠠᠮᠢᠲᠠᠨ ᠢ ᠬᠤᠯᠠᠭᠠᠶᠢᠯᠠᠨ ᠠᠩᠨᠠᠭᠰᠠᠨ ᠬᠡᠷᠡᠭ ᠲᠤ ᠴᠣᠬᠢᠯᠲᠠ ᠥᠭᠬᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠬᠠᠤᠯᠢ ᠬᠡᠷᠡᠭᠵᠢᠭᠦᠯᠵᠦ ᠬᠢᠨᠠᠨ | ᠬᠠᠮᠢᠶᠠᠷᠬᠤ ᠪᠠᠨ ᠦᠨᠡᠨᠬᠦ ᠴᠢᠩᠭᠠᠳᠬᠠᠵᠤ᠂ ᠥᠨᠳᠥᠷ ᠳᠠᠷᠤᠯᠲᠠᠲᠤ ᠪᠠᠶᠢᠳᠠᠯ ᠢ ᠪᠤᠢ ᠪᠣᠯᠭᠠᠨ᠎ᠠ᠃ ᠨᠤᠲᠤᠭ ᠪᠡᠯᠴᠢᠭᠡᠷ | ᠢ ᠬᠢᠨᠠᠨ ᠬᠡᠮᠵᠢᠵᠦ ᠰᠡᠷᠡᠮᠵᠢᠯᠡᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠠᠭᠠᠭᠤᠯᠢ ᠣᠳᠣᠨ ᠤ | ᠮᠡᠷᠭᠡᠵᠢᠯ ᠪᠠ ᠣᠶᠤᠨᠴᠢ ᠲᠠᠷᠢᠶᠠᠯᠠᠩ ᠮᠠᠯ ᠠᠵᠤ ᠠᠬᠤᠢ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠦᠢᠴᠡᠳ ᠬᠡᠷᠡᠭᠯᠡᠨ | ᠂ ᠠᠮᠢ ᠠᠬᠤᠢ ᠶᠢᠨ ᠬᠠᠮᠠᠭᠠᠯᠠᠯᠲᠠ ᠶᠢᠨ ᠪᠠᠢᠳᠠᠯ ᠪᠠ ᠨᠤᠲᠤᠭ ᠪᠡᠯᠴᠢᠭᠡᠷ ᠤᠨ ᠡᠷᠡᠭᠦᠯ ᠮᠡᠨᠳᠦ ᠶᠢᠨ ᠳᠡᠰ ᠢ ᠦᠨᠡᠯᠡᠨ | ᠵᠢᠱᠢᠬᠦ ᠶᠢ ᠥᠷᠨᠢᠭᠦᠯᠵᠦ᠂ ᠠᠮᠢ ᠠᠬᠤᠢ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ | ᠬᠠᠨᠳᠤᠯᠭᠠᠲᠤ ᠴᠢᠨᠠᠷ ᠪᠠ ᠪᠦᠲᠦᠮᠵᠢ ᠶᠢᠨ ᠴᠢᠨᠠᠷ ᠢ ᠳᠡᠭᠡᠭᠰᠢᠯᠡᠭᠦᠯᠦᠨ᠎ᠡ᠃ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢ ᠰᠠᠶᠢᠲᠤᠷ ᠠᠳᠬᠤᠨ᠎ᠠ᠃ ᠰᠢᠨ᠎ᠡ ᠨᠢᠭᠡᠨ | ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠱᠠᠩᠨᠠᠯ ᠤᠨ ᠲᠥᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠰᠠᠶᠢᠲᠤᠷ ᠨᠠᠢᠳᠠᠪᠤᠷᠢᠵᠢᠭᠤᠯᠬᠤ᠂ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠳᠤ ︽ᠮᠠᠯ ᠮᠠᠯᠵᠢᠯ ᠦᠭᠡᠢ | ︾ ᠪᠠᠶᠢᠬᠤ ᠶᠢ ᠦᠷᠭᠦᠯᠵᠢᠯᠡᠨ ᠪᠠᠲᠤᠯᠠᠵᠤ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢᠳ ᠤᠨ ᠡᠪᠡᠰᠦ | ᠪᠡᠯᠴᠢᠭᠡᠷ ᠤᠨ ᠲᠡᠩᠴᠡᠭᠦᠷᠢ ᠶᠢ ᠪᠠᠲᠤᠯᠠᠨ᠎ᠠ᠃ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ | ᠵᠡᠷᠭᠡ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠪᠦᠰᠡ ᠶᠢᠨ ᠨᠢᠭᠡᠨᠲᠡ ᠬᠠᠭᠠᠯᠪᠤᠷᠢᠯᠠᠭᠰᠠᠨ 2.1 | ᠲᠦᠮᠡᠨ ᠮᠤ᠋ ᠨᠤᠲᠤᠭ ᠪᠡᠯᠴᠢᠭᠡᠷ ᠢ ᠵᠠᠰᠠᠬᠤ᠂ 5 ᠲᠦᠮᠡᠨ ᠮᠤ᠋ ᠬᠠᠰᠢᠶᠠᠯᠠᠨ ᠪᠢᠲᠡᠭᠦᠮᠵᠢᠯᠡᠨ ᠪᠤᠶᠢᠵᠢᠭᠤᠯᠬᠤ᠂ 500 | ᠮᠤ᠋ ᠬᠥᠮᠦᠨ ᠤ ᠬᠦᠴᠦ ᠪᠠᠷ ᠣᠶᠢᠵᠢᠭᠤᠯᠬᠤ ᠶᠢ ᠬᠡᠷᠡᠭᠵᠢᠭᠦᠯᠦᠨ᠎ᠡ᠃ ᠪᠣᠬᠢᠷᠲᠤᠯ ᠦᠭᠡᠢ ᠠᠭᠤᠷᠬᠠᠢ ᠶᠢ ᠡᠭᠦᠳᠦᠨ | ᠪᠠᠶᠢᠭᠤᠯᠬᠤ ᠠᠵᠢᠯ ᠢ ᠠᠬᠢᠭᠤᠯᠵᠤ᠂ ᠰᠢᠶᠠᠩ ᠤᠨ ᠵᠠᠮ ᠤᠨ ᠭᠤᠣᠯ ᠱᠤᠭᠤᠮ ᠤᠨ ᠬᠤᠶᠠᠷ ᠬᠠᠵᠠᠭᠤ ᠶᠢᠨ ᠨᠦᠬᠡᠲᠦ | ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ | ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠬᠡᠰᠡᠭ ᠨᠠᠭᠤᠷ ᠤᠨ ᠨᠤᠭᠤ | ᠭᠠᠵᠠᠷ ᠤᠨ ᠬᠠᠮᠠᠭᠠᠯᠠᠯᠲᠠ ᠶᠢᠨ ᠣᠷᠣᠨ ᠤ ᠵᠠᠰᠠᠯᠲᠠ ᠶᠢ ᠴᠢᠩᠭᠠᠳᠬᠠᠵᠤ᠂ ︽ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠵᠢᠷᠤᠮᠵᠢᠭᠰᠠᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠰᠠᠶᠢᠲᠤᠷ | ᠬᠡᠷᠡᠭᠵᠢᠭᠦᠯᠵᠦ᠂ ᠵᠢᠱᠢᠶ᠎ᠡ ᠦᠵᠡᠭᠦᠯᠬᠦ ᠬᠠᠮᠠᠭᠠᠯᠠᠯᠲᠠ ᠶᠢᠨ ᠣᠷᠣᠨ ᠢ ᠴᠢᠷᠮᠠᠶᠢᠨ ᠪᠠᠶᠢᠭᠤᠯᠤᠨ᠎ᠠ᠃ | ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠰᠠᠶᠢᠲᠤᠷ | ᠠᠳᠬᠤᠨ᠎ᠠ᠃ ᠤᠯᠤᠰ ᠤᠨ ᠲᠡᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠬᠠᠮᠢᠶᠠᠷᠤᠯᠲᠠ ᠶᠢᠨ ᠲᠣᠭᠲᠠᠭᠠᠯ᠂ | ᠪᠦᠲᠦᠭᠡᠨ ᠪᠠᠶᠢᠭᠤᠯᠤᠯᠲᠠ ᠶᠢᠨ ᠬᠦᠢᠴᠡᠳᠬᠡᠯ ᠲᠤᠭ᠎ᠠ ᠪᠠ ᠠᠵᠢᠯ ᠤᠨ ᠳᠡᠰ ᠳᠠᠷᠠᠭᠠᠯᠠᠯ ᠲᠠᠢ ᠬᠠᠷᠢᠴᠠᠭᠤᠯᠤᠨ᠂ | ᠡᠭᠦᠳᠦᠨ ᠪᠠᠶᠢᠭᠤᠯᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ 2020 ᠣᠨ ᠠᠴᠠ ᠡᠮᠦᠨ᠎ᠡ | ᠤᠯᠤᠰ ᠤᠨ ᠲᠡᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ | ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠣᠯᠤᠨ ᠲᠡᠭᠡᠳᠣ | ᠰᠤᠷᠭᠠᠭᠤᠯᠢ ᠯᠤᠭ᠎ᠠ ᠶᠢᠨ ᠬᠤᠷᠰᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠧᠩ ᠼᠤᠤ ᠺᠣᠮᠫᠠᠨᠢ ᠶᠢᠨ | ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠵᠤ᠂ ᠴᠢᠨᠠᠷ | ᠰᠠᠶᠢᠲᠠᠶ ᠲᠡᠵᠢᠭᠡᠯ ᠡᠪᠡᠰᠦ ᠪᠣᠷᠳᠤᠭ᠎ᠠ ᠶᠢᠨ ᠡᠬᠢ ᠪᠠᠶᠠᠯᠢᠭ ᠢ ᠴᠤᠭᠯᠠᠭᠤᠯᠬᠤ ᠪᠠ ᠦᠨᠡᠯᠡᠬᠦ᠂ ᠮᠠᠭᠤᠵᠢᠷᠠᠭᠰᠠᠨ | ᠡᠯᠡᠰᠦᠷᠬᠡᠭᠵᠢᠭᠰᠡᠨ ᠬᠤᠵᠢᠷᠰᠢᠭᠰᠠᠨ ᠪᠡᠯᠴᠢᠭᠡᠷ ᠢ ᠵᠠᠰᠠᠬᠤ᠂ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠵᠡᠷᠭᠡ 10 ᠵᠦᠢᠯ ᠤᠨ | ᠰᠤᠳᠤᠯᠤᠯ ᠵᠢᠴᠢ ᠦᠷ᠎ᠡ ᠪᠦᠲᠦᠭᠡᠯ ᠢ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠡᠷᠬᠢᠯᠡᠵᠦ᠂ ᠲᠣᠯᠢ ᠪᠣᠯᠭᠠᠵᠤ | ᠪᠣᠯᠬᠤ᠂ ᠳᠡᠯᠭᠡᠷᠡᠭᠦᠯᠵᠦ ᠪᠣᠯᠬᠤ ᠠᠮᠢ ᠠᠬᠤᠢ ᠶᠢᠨ ᠬᠠᠮᠠᠭᠠᠯᠠᠯᠲᠠ ᠬᠢᠭᠡᠳ ᠲᠠᠷᠢᠶᠠᠯᠠᠩ ᠮᠠᠯ ᠠᠵᠤ ᠠᠬᠤᠢ ᠶᠢᠨ | ᠰᠠᠶᠢᠨ ᠨᠥᠬᠦᠴᠡᠯᠳᠦᠯ᠂ ᠵᠣᠬᠢᠴᠠᠩᠭᠤᠶ ᠪᠠᠷ ᠬᠥᠭᠵᠢᠬᠦ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ | ︽ᠵᠠᠰᠠᠭ ᠤᠨ ᠣᠷᠳᠣᠨ ᠠᠵᠤ ᠠᠬᠤᠶᠢᠯᠠᠯ ᠲᠡᠭᠡᠳᠣ ᠰᠤᠷᠭᠠᠭᠤᠯᠢ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ | ︵ᠲᠠᠪᠤ︶ ᠨᠢᠭᠡᠳᠦᠯᠲᠡᠶ ᠲᠥᠯᠥᠪᠯᠡᠵᠦ᠂ ᠳᠤᠲᠠᠭᠤᠳᠠᠯ ᠢ ᠨᠥᠬᠦᠪᠥᠷᠢᠯᠡᠬᠦ ᠶᠢ ᠠᠳᠬᠤᠵᠤ᠂ ᠬᠥᠭᠵᠢᠯᠲᠡ ᠶᠢᠨ | ᠬᠠᠷᠰᠢ ᠰᠠᠭᠠᠳ ᠢ ᠬᠦᠴᠦᠯᠡᠨ ᠨᠡᠮᠡᠭᠳᠡᠭᠦᠯᠦᠨ᠎ᠡ᠃ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠲᠠ | ᠬᠥᠳᠡᠭᠡ ᠶᠢ ᠬᠠᠮᠲᠤ ᠪᠠᠷ ᠪᠠᠶᠢᠭᠤᠯᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠴᠢᠬᠤᠯᠠ ᠬᠦᠴᠦᠨ ᠵᠦᠢᠯ ᠢ | ᠠᠬᠢᠭᠤᠯᠵᠤ᠂ ᠬᠤᠲᠠ ᠬᠥᠳᠡᠭᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ᠂ ᠰᠠᠭᠤᠷᠢ ᠲᠥᠬᠦᠭᠡᠷᠦᠮᠵᠢ ᠶᠢᠨ | ᠨᠥᠬᠦᠴᠡᠯ ᠬᠤᠴᠣᠷᠤᠩᠭᠤᠶ ᠪᠠᠶᠢᠬᠤ᠂ ᠡᠨᠡ ᠬᠦ ︽ᠳᠤᠲᠠᠭᠤᠳᠠᠯ︾ ᠢ ᠶᠡᠭᠡ ᠪᠠᠷ ᠨᠥᠬᠦᠪᠥᠷᠢᠯᠡᠵᠦ᠂ ᠬᠤᠲᠠ | ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠪᠴᠢᠯᠡᠨ ᠪᠠᠶᠢᠭᠤᠯᠤᠨ᠎ᠠ᠃ | ᠨᠢᠭᠡ ᠳᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ | ᠲᠦᠷᠭᠡᠪᠴᠢᠯᠡᠨ ᠳᠡᠭᠡᠭᠰᠢᠯᠡᠭᠦᠯᠦᠨ᠎ᠡ᠃ ᠰᠢᠯᠢ ᠶᠢᠨ ᠭᠤᠤᠯ ᠠᠢᠮᠠᠭ ᠤᠨ ᠬᠤᠲᠠ ᠪᠠᠯᠭᠠᠰᠤ ᠶᠢᠨ ᠲᠦᠯᠦᠪᠵᠢᠬᠦᠯᠬᠡ | ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠳᠡᠰ ᠳᠡᠪᠰᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠪᠥᠬᠦ ᠲᠠᠯ᠎ᠠ ᠪᠠᠷ ᠨᠠᠢᠳᠠᠪᠤᠷᠢᠵᠢᠭᠤᠯᠬᠤ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ | ᠪᠦᠲᠦᠭᠡᠨ ᠪᠠᠶᠢᠭᠤᠯᠬᠤ᠂ ᠥᠨᠳᠥᠷ ᠬᠢᠷᠢ ᠲᠦᠪᠰᠢᠨ ᠢᠶᠠᠷ ᠬᠠᠮᠢᠶᠠᠷᠬᠤ ᠶᠢ ᠪᠠᠷᠢᠮᠲᠠᠯᠠᠨ᠂ ︽ᠠᠮᠢ ᠠᠬᠤᠶ᠂ | ᠰᠡᠯᠡᠭᠦᠴᠡᠯ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠦᠵᠡᠰᠬᠦᠯᠡᠩ ᠰᠠᠶᠢᠬᠠᠨ᠂ ᠣᠶᠤᠨ ᠪᠢᠯᠢᠭ ᠲᠠᠢ︾ ᠪᠥᠬᠦ | ᠤᠯᠤᠰ ᠤᠨ ᠣᠨᠴᠠᠯᠢᠭᠲᠤ ᠦᠵᠡᠮᠵᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠡᠷᠡᠲᠦ ᠪᠠᠯᠭᠠᠰᠤ᠂ ᠤᠯᠤᠰ ᠤᠨ | ᠠᠷᠢᠭᠤᠨ ᠴᠡᠪᠡᠷ ᠬᠤᠲᠠ ᠪᠠᠯᠭᠠᠰᠤ᠂ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠤᠲᠠ ᠶᠢ ᠪᠦᠲᠦᠭᠡᠨ | ᠪᠠᠶᠢᠭᠤᠯᠤᠨ᠎ᠠ᠃ ᠬᠤᠲᠠ ᠪᠠᠯᠭᠠᠰᠤᠨ ᠤ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ ᠪᠠ ᠬᠤᠲᠠ | ᠪᠠᠯᠭᠠᠰᠤ ᠶᠢᠨ ᠶᠡᠷᠦᠩᠬᠡᠶ ᠲᠥᠯᠥᠪᠵᠢᠭᠦᠯᠭᠡ ᠪᠠᠷ ᠦᠨᠳᠦᠰᠦᠯᠡᠯ ᠪᠣᠯᠭᠠᠵᠤ᠂ ᠬᠤᠲᠠ ᠪᠠᠯᠭᠠᠰᠤ ᠶᠢᠨ ᠣᠷᠣᠵᠤ ᠭᠠᠷᠬᠤ | ᠭᠠᠵᠠᠷ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠶᠢ ᠬᠡᠷᠡᠭᠵᠢᠭᠦᠯᠬᠦ ᠭᠠᠵᠠᠷ ᠣᠷᠣᠨ᠂ ᠭᠤᠤᠯ | ᠵᠡᠭᠡᠯᠢ ᠭᠤᠳᠤᠮᠵᠢ᠂ ᠬᠤᠲᠠ ᠪᠠᠯᠭᠠᠰᠤ ᠶᠢᠨ ᠪᠠᠷᠢᠯᠭ᠎ᠠ ᠵᠡᠷᠭᠡ ᠴᠢᠬᠤᠯᠠ ᠣᠷᠣᠨ ᠪᠠᠶᠢᠷᠢ ᠶᠢᠨ ᠵᠠᠩᠭᠢᠯᠠᠭ᠎ᠠ ᠶᠢᠨ | ᠴᠡᠭ ᠤᠨ ᠵᠢᠷᠤᠭ ᠲᠥᠯᠥᠪᠯᠡᠭᠡ ᠶᠢ ᠪᠡᠶᠡᠯᠡᠭᠦᠯᠵᠦ᠂ ᠰᠠᠭᠤᠷᠢ ᠪᠡᠯᠡᠳᠬᠡᠮᠵᠢ ᠶᠢᠨ ᠲᠤᠰᠬᠠᠶ ᠵᠦᠢᠯ ᠤᠨ | ᠲᠥᠯᠥᠪᠵᠢᠭᠦᠯᠭᠡ ᠶᠢ ᠨᠥᠬᠦᠪᠥᠷᠢᠯᠡᠨ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ | ᠡᠮᠬᠢ ᠵᠢᠷᠤᠮ ᠲᠠᠢ ᠪᠠᠷ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠬᠤᠲᠠ ᠪᠠᠯᠭᠠᠰᠤ ᠶᠢᠨ ᠵᠢᠵᠢᠭ ᠰᠠᠵᠢᠭ ᠪᠠ | ᠦᠢᠯᠡᠴᠢᠯᠡᠬᠡᠨ ᠤ ᠴᠢᠳᠠᠮᠵᠢ ᠶᠢ ᠨᠡᠮᠡᠭᠳᠡᠭᠦᠯᠦᠨ᠎ᠡ᠃ ︽ᠦᠨᠡᠨ ᠠᠴᠠ ᠵᠥᠪ ᠢ ᠡᠷᠢᠬᠦ᠂ ᠵᠣᠬᠢᠰᠲᠠᠢ ᠤᠷᠢᠳᠴᠢᠯᠠᠬᠤ︾ | ᠵᠠᠷᠴᠢᠮ ᠶᠣᠰᠣᠭᠠᠷ᠂ ᠬᠤᠲᠠ ᠪᠠᠯᠭᠠᠰᠤᠨ ᠤ ᠵᠠᠮ᠂ ᠴᠡᠴᠡᠷᠯᠢᠭ ᠤᠨ ᠨᠣᠭᠤᠭᠠᠷᠠᠭᠤᠯᠤᠯᠲᠠ᠂ ᠤᠰᠤ ᠳᠤᠯᠠᠭᠠᠯᠠᠭ᠎ᠠ | ᠬᠤᠭᠤᠯᠠᠢ ᠶᠢᠨ ᠲᠣᠣᠷ ᠢ ᠥᠭᠡᠷᠡᠴᠢᠯᠡᠨ ᠲᠡᠰ ᠳᠡᠪᠰᠢᠭᠦᠯᠬᠦ ᠵᠡᠷᠭᠡ ᠠᠷᠠᠳ ᠤᠨ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠡᠩ | ᠲᠡᠷᠢᠭᠦᠨ ᠳᠤ ᠴᠢᠩᠭᠠᠳᠬᠠᠵᠤ᠂ ᠵᠢᠯ ᠤᠨ ᠳᠣᠲᠣᠷ᠎ᠠ ᠨᠣᠭᠤᠭᠠᠷᠠᠭᠤᠯᠤᠯᠲᠠ ᠶᠢᠨ ᠲᠠᠯᠠᠪᠠᠢ ᠶᠢ 66 ᠲᠦᠮᠡᠨ ᠲᠡᠭᠰᠢ | ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠂ 11 ᠲᠦᠮᠡᠨ ᠲᠡᠭᠰᠢ ᠳᠥᠷᠪᠡᠯᠵᠢᠨ ᠮᠧᠲᠷ ᠴᠠᠷᠳᠠᠮᠠᠯ ᠵᠠᠮ ᠢ | ᠬᠠᠲᠠᠭᠤᠷᠠᠭᠤᠯᠤᠨ ᠳᠡᠪᠢᠰᠴᠦ᠂ 400 ᠡᠷᠦᠬᠡ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ | ᠥᠭᠡᠷᠡᠴᠢᠯᠡᠨ ᠪᠠᠶᠢᠭᠤᠯᠬᠤ᠂ 8 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ᠂ 1 — 2 | ᠰᠠᠭᠤᠷᠢ ᠣᠶᠤᠨᠴᠢ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠪᠡᠶᠡᠯᠡᠭᠦᠯᠵᠦ᠂ ᠳᠥᠭᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠥᠭᠡᠷᠡᠴᠢᠯᠡᠨ ᠪᠠᠶᠢᠭᠤᠯᠬᠤ | ᠲᠥᠯᠥᠪᠯᠡᠭᠡ ᠶᠢ ᠡᠬᠢᠯᠡᠭᠦᠯᠦᠨ᠎ᠡ᠃ ᠨᠣᠭᠤᠭᠠᠨ ᠭᠠᠵᠠᠷ ᠲᠤ ᠤᠰᠤᠯᠠᠬᠤ ᠰᠢᠰᠲ᠋ᠧᠮ ᠪᠠ ᠵᠡᠭᠡᠯᠢ ᠭᠤᠳᠤᠮᠵᠢ ᠶᠢᠨ | ᠬᠤᠶᠠᠷ ᠬᠠᠵᠠᠭᠤ ᠶᠢᠨ ᠪᠠᠷᠢᠯᠭ᠎ᠠ ᠶᠢᠨ ᠪᠣᠰᠤᠭ᠎ᠠ ᠲᠠᠯ᠎ᠠ ᠶᠢ ᠥᠭᠡᠷᠡᠴᠢᠯᠡᠬᠦ᠂ ᠰᠥᠨᠢ ᠶᠢᠨ ᠦᠵᠡᠮᠵᠢ ᠶᠢ ᠭᠡᠷᠡᠯᠲᠦᠭᠦᠯᠬᠦ | ᠂ ᠵᠠᠮ ᠤᠨ ᠳ᠋ᠧᠩ ᠢ ᠥᠭᠡᠷᠡᠴᠢᠯᠡᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠳᠦᠯᠲᠡᠢ ᠳᠤ | ᠲᠥᠯᠥᠪᠯᠡᠨ ᠲᠥᠰᠦᠪᠯᠡᠵᠦ᠂ ᠬᠤᠲᠠ ᠪᠠᠯᠭᠠᠰᠤᠨ ᠤ ᠠᠭᠤᠯᠤᠭᠳᠠᠬᠤᠨ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ | ᠬᠤᠲᠠ ᠪᠠᠯᠭᠠᠰᠤᠨ ᠤ ᠴᠢᠨᠠᠷ ᠳᠡᠰ ᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ | ᠲᠣᠭᠤᠷᠢᠨ ᠢ ᠰᠠᠶᠢᠵᠢᠷᠠᠭᠤᠯᠤᠨ᠎ᠠ᠃ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠣᠷᠴᠢᠨ ᠲᠣᠭᠤᠷᠢᠨ ᠢ | ᠰᠢᠯᠢᠳᠡᠭᠵᠢᠭᠦᠯᠦᠨ᠎ᠡ᠃ ᠬᠤᠲᠠ ᠪᠠᠯᠭᠠᠰᠤ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠵᠠᠰᠠᠮᠠᠯ ᠵᠠᠮ᠂ ᠬᠤᠲᠠ ᠶᠢᠨ ᠦᠵᠡᠮᠵᠢ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ᠂ ᠬᠤᠲᠠ ᠶᠢᠨ ᠨᠣᠭᠤᠭᠠᠷᠠᠭᠤᠯᠤᠯᠲᠠ᠂ ᠢᠯᠴᠢ ᠬᠠᠩᠭᠠᠬᠤ᠂ ᠪᠦᠲᠦᠭᠡᠨ ᠪᠠᠶᠢᠭᠤᠯᠤᠯᠲᠠ ᠵᠡᠷᠭᠡ | ᠠᠵᠢᠯ ᠲᠥᠷᠥᠯ ᠪᠣᠯᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠥᠨᠳᠡᠯᠡᠨ ᠢᠶᠠᠷ | ᠡᠮᠬᠢᠯᠡᠨ ᠨᠡᠶᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠬᠤ ᠬᠡᠷᠡᠭᠲᠡᠶ | ᠃ ᠬᠤᠲᠠ ᠪᠠᠯᠭᠠᠰᠤᠨ ᠤ ᠲᠦᠯᠦᠪᠵᠢᠬᠦᠯᠬᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠵᠦ᠂ ᠣᠷᠣᠨ ᠰᠠᠭᠤᠴᠠ ᠶᠢᠨ ᠪᠠᠲᠤᠯᠠᠭ᠎ᠠ᠂ ᠠᠳᠠᠯ ᠠᠬᠤᠢ ᠶᠢᠨ ᠦᠢᠯᠡᠴᠢᠯᠡᠬᠡᠨ ᠤ ᠬᠢᠷᠢ | ᠲᠦᠪᠰᠢᠨ ᠢ ᠳᠡᠭᠡᠭᠰᠢᠯᠡᠭᠦᠯᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠲᠡᠷᠭᠡ ᠵᠣᠭᠰᠣᠬᠤ | ᠨᠥᠬᠦᠴᠡᠯ ᠢ ᠪᠦᠷᠢᠯᠳᠦᠭᠦᠯᠦᠭᠰᠡᠨ ᠣᠷᠣᠨ ᠪᠦᠰᠡ ᠳᠤ ᠲᠡᠷᠭᠡ ᠵᠣᠭᠰᠣᠭᠠᠬᠤ ᠣᠷᠣᠨ ᠭᠠᠷᠭᠠᠵᠤ᠂ ᠡᠭᠦᠳᠡᠨ ᠡᠮᠦᠨᠡᠬᠢ | ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ︽ᠵᠡᠭᠡᠯᠢ ᠭᠤᠳᠤᠮᠵᠢ ᠶᠢ ᠴᠢᠩᠭ᠎ᠠ | ᠬᠠᠮᠢᠶᠠᠷᠬᠤ︾ ᠬᠠᠮᠲᠤᠷᠠᠨ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠬᠤᠲᠠ ᠶᠢᠨ ᠳᠦᠷᠰᠦ ᠪᠠᠢᠳᠠᠯ᠂ | ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭᠠᠨ ᠤ ᠡᠮᠬᠢ ᠵᠢᠷᠤᠮ᠂ ᠬᠤᠪᠢ ᠪᠠᠢ ᠢᠶᠠᠨ | ᠳᠤᠷ᠎ᠠ ᠪᠠᠷ ᠢᠶᠠᠨ ᠠᠯᠠᠵᠤ ᠨᠢᠲᠤᠯᠬᠤ ᠵᠡᠷᠭᠡ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠴᠢᠩᠭ᠎ᠠ ᠠᠳᠬᠤᠵᠤ᠂ | ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠰᠠᠶᠢᠲᠤᠷ | ᠬᠡᠷᠡᠭᠵᠢᠭᠦᠯᠦᠨ᠎ᠡ᠃ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ | ᠬᠥᠳᠡᠭᠡ ᠶᠢᠨ ᠬᠡᠪ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ | ᠶᠡᠷᠦᠩᠬᠡᠢ ᠱᠠᠭᠠᠷᠳᠠᠯᠭ᠎ᠠ ᠶᠣᠰᠣᠭᠠᠷ᠂ ᠶᠡᠷᠦᠩᠬᠡᠢ ᠲᠦᠯᠦᠪᠵᠢᠬᠦᠯᠬᠡ᠂ ᠬᠤᠲᠠ ᠪᠠᠯᠭᠠᠰᠤᠨ ᠤ ᠬᠥᠭᠵᠢᠯᠲᠡ ᠶᠢᠨ | ᠲᠦᠯᠦᠪᠵᠢᠬᠦᠯᠬᠡ ᠪᠠ ᠭᠠᠵᠠᠷ ᠰᠢᠷᠣᠢ ᠶᠢ ᠠᠰᠢᠭᠯᠠᠬᠤ ᠶᠡᠷᠦᠩᠬᠡᠢ ᠲᠦᠯᠦᠪᠵᠢᠬᠦᠯᠬᠡ ᠲᠠᠢ ᠤᠶᠠᠯᠳᠤᠭᠤᠯᠤᠨ᠂ | ᠲᠠᠯᠠᠪᠠᠢ ᠪᠠᠯᠭᠠᠰᠤᠨ ᠤ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠨᠥᠬᠦᠴᠡᠯ ᠢ ᠦᠨᠳᠦᠰᠦᠯᠡᠨ | ᠂ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠦᠯᠦᠪᠵᠢᠬᠦᠯᠬᠡ ᠪᠠ ᠣᠨ ᠤ | ᠬᠡᠷᠡᠭᠵᠢᠭᠦᠯᠬᠦ ᠲᠥᠰᠦᠯ ᠢ ᠲᠦᠷᠭᠡᠳᠬᠡᠨ ᠨᠠᠶᠢᠷᠠᠭᠤᠯᠵᠤ᠂ ᠬᠠᠷᠠᠯᠲᠠ ᠡᠭᠦᠷᠭᠡ ᠪᠠ ᠲᠦᠯᠬᠢᠨ ᠠᠬᠢᠭᠤᠯᠬᠤ ᠠᠷᠭ᠎ᠠ | ᠬᠡᠮᠵᠢᠶ᠎ᠡ ᠶᠢ ᠲᠣᠳᠣᠷᠬᠠᠶᠢᠯᠠᠨ᠂ ᠬᠥᠳᠡᠭᠡ ᠲᠣᠰᠬᠤᠨ ᠮᠠᠯᠵᠢᠬᠤ ᠣᠷᠣᠨ ᠤ ᠪᠦᠲᠦᠭᠡᠨ ᠪᠠᠢᠭᠤᠯᠤᠯᠲᠠ ᠶᠢᠨ ᠳᠡᠰ | ᠳᠡᠪᠰᠢᠬᠦ ᠶᠢ ᠠᠬᠢᠭᠤᠯᠤᠨ᠎ᠠ᠃ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠴᠦ᠂ | ᠭᠠᠴᠠᠭ᠎ᠠ ᠲᠣᠰᠬᠤᠨ ︵ᠬᠤᠪᠢᠶᠠᠷᠢ ᠲᠠᠯᠠᠪᠠᠢ︶ ᠤ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ᠂ ᠵᠣᠷᠯᠣᠩ | ᠵᠡᠷᠭᠡ ᠰᠠᠭᠤᠷᠢ ᠪᠡᠯᠡᠳᠬᠡᠮᠵᠢ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠶᠤᠯ ᠦᠭᠡᠢ ᠤᠰᠤ ᠤᠮᠳᠠ ᠶᠢ | ᠪᠠᠬᠢᠵᠢᠭᠦᠯᠦᠨ ᠳᠡᠭᠡᠭᠰᠢᠯᠡᠭᠦᠯᠬᠦ᠂ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠤᠰᠤᠨ ᠰᠤᠷᠪᠤᠯᠵᠢ ᠶᠢᠨ | ᠬᠤᠳᠳᠤᠭ ᠢ 28 ᠬᠤᠳᠳᠤᠭ ᠪᠦᠲᠦᠭᠡᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ 10 K V ᠵᠢᠴᠢ | ᠲᠡᠭᠦᠨ ᠠᠴᠠ ᠳᠣᠷᠣᠭᠰᠢᠬᠢ ᠱᠤᠭᠤᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠ ᠪᠠᠯᠭᠠᠰᠤ ᠲᠣᠭᠤᠷᠢᠭ ᠤᠨ | ᠴᠠᠬᠢᠯᠭᠠᠨ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠪᠦᠲᠦᠭᠡᠨ ᠪᠠᠶᠢᠭᠤᠯᠵᠤ ᠳᠠᠭᠤᠰᠬᠠᠨ᠂ ᠬᠡᠰᠡᠭ | ᠠᠭᠤᠯᠠ — ᠴᠠᠨ᠎ᠠ ᠶᠢᠨ ᠬᠦᠨᠳᠡᠢ ᠶᠢᠨ ᠵᠠᠰᠠᠮᠠᠯ ᠵᠠᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ | ᠴᠢᠷᠮᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠭᠡᠷᠡᠯᠯᠢᠭ ᠰᠢᠷᠬᠡᠭ ᠤᠨ ᠥᠷᠭᠡᠨ ᠪᠦᠰᠡᠲᠦ ᠰᠦᠯᠵᠢᠶ᠎ᠡ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠂ ᠭᠤᠤᠯᠳᠠᠯᠭ᠎ᠠ ᠲᠠᠢ ᠦᠵᠡᠮᠵᠢ ᠶᠢᠨ ᠣᠷᠣᠨ ᠵᠢᠴᠢ | ᠵᠠᠮ ᠳᠠᠭᠠᠤ ᠶᠢᠨ ᠭᠤᠤᠯ ᠱᠤᠭᠤᠮ ᠤᠨ ᠴᠢᠮᠡᠭᠡ ᠬᠤᠯᠪᠣᠭᠠᠨ ᠤ ᠳᠣᠬᠢᠶᠠᠨ ᠤ ᠶᠠᠰᠤ ᠴᠢᠨᠠᠷ ᠢ ᠪᠦᠲᠦᠮᠵᠢᠲᠡᠶ | ᠰᠠᠶᠢᠵᠢᠷᠠᠭᠤᠯᠤᠨ᠎ᠠ᠃ ᠬᠠᠮᠢᠶᠠᠷᠤᠯᠲᠠ ᠶᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠪᠠᠬᠢᠵᠢᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ︽ᠵᠣᠷᠯᠣᠩ ᠤᠨ ᠬᠤᠪᠢᠰᠬᠠᠯ︾ ᠢ ᠴᠥᠬᠦᠷᠡᠰᠢ ᠥᠬᠡᠶ ᠠᠬᠢᠭᠤᠯᠤᠨ᠂ ᠮᠠᠯᠴᠢᠨ ᠲᠠᠷᠢᠶᠠᠴᠢᠨ ᠤ ᠠᠮᠢᠳᠤᠷᠠᠯ ᠤᠨ | ᠴᠢᠨᠠᠷ ᠴᠢᠨᠰᠠᠭ᠎ᠠ ᠶᠢ ᠨᠥᠯᠥᠭᠡᠯᠡᠬᠦ ᠳᠤᠲᠠᠭᠤᠳᠠᠯ ᠢ ᠨᠥᠬᠦᠪᠥᠷᠢᠯᠡᠨ᠎ᠡ᠃ ᠲᠥᠷᠥᠯ ᠵᠦᠢᠯ ᠤᠨ ᠪᠡᠯᠡ ᠮᠥᠩᠭᠦ ᠶᠢ | ᠦᠷᠭᠦᠯᠵᠢᠯᠡᠨ ᠡᠮᠬᠢᠯᠡᠨ ᠨᠡᠶᠢᠯᠡᠭᠦᠯᠵᠦ᠂ ᠮᠠᠯ ᠤᠨ ᠬᠠᠰᠢᠶ᠎ᠠ ᠰᠠᠷᠠᠪᠴᠢ᠂ ᠢᠳᠡᠰᠢᠨ ᠨᠣᠭᠤᠭ᠎ᠠ ᠶᠢᠨ ᠲᠣᠮᠣ ᠫᠧᠩ᠂ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠵᠡᠷᠭᠡ ᠪᠡᠯᠡᠳᠬᠡᠮᠵᠢ ᠲᠥᠬᠦᠭᠡᠷᠦᠮᠵᠢ ᠶᠢᠨ ᠣᠷᠣᠭᠤᠯᠤᠯᠲᠠ ᠶᠢ | ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠣᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠦᠨᠡᠨᠬᠦ | ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ︵ᠵᠢᠷᠭᠤᠭ᠎ᠠ︶ ᠥᠭᠡᠷᠡᠴᠢᠯᠡᠯᠲᠡ ᠶᠢ ᠠᠳᠬᠤᠨ᠂ ᠰᠢᠨ᠎ᠡ ᠶᠢ ᠡᠭᠦᠳᠬᠦ ᠶᠢ ᠠᠬᠢᠭᠤᠯᠵᠤ᠂ ᠬᠥᠭᠵᠢᠯᠲᠡ ᠶᠢᠨ | ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠬᠦᠴᠦᠯᠡᠨ ᠨᠡᠮᠡᠭᠳᠡᠭᠦᠯᠦᠨ᠎ᠡ᠃ ᠨᠠᠩ ᠥᠨᠳᠥᠷ ᠭᠠᠷᠤᠭ᠎ᠠ ᠠᠴᠠ | ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠵᠤ᠂ ᠥᠭᠡᠷᠡᠴᠢᠯᠡᠯᠲᠡ ᠶᠢᠨ ᠬᠦᠴᠦᠨ ᠢᠶᠠᠨ ᠪᠠᠲᠤᠳᠬᠠᠵᠤ᠂ | ᠥᠭᠡᠷᠡᠴᠢᠯᠡᠯᠲᠡ ᠶᠢᠨ ᠰᠥᠰᠥ ᠵᠣᠷᠢᠭ ᠢᠶᠠᠨ ᠴᠢᠩᠭᠠᠳᠬᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢ ᠪᠣᠳᠠᠲᠠᠶ ᠳᠤ | ᠨᠠᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ | ᠨᠢᠭᠡ ᠳᠤ᠂ ︽ᠰᠠᠨᠠᠯ︾ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠪᠥᠬᠦ ᠲᠠᠯ᠎ᠠ ᠪᠠᠷ ᠨᠠᠢᠳᠠᠪᠤᠷᠢᠵᠢᠭᠤᠯᠬᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢᠨ ︽ᠬᠤᠶᠠᠷ ᠢ ᠮᠡᠳᠡᠭᠳᠡᠬᠦ︾ | ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠶ᠋ᠴᠡᠳᠬᠡᠵᠦ᠂ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠶᠢ | ᠳᠥᠭᠦᠮᠴᠢᠯᠡᠬᠦ ᠪᠠ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ ᠰᠠᠯᠠᠭ᠎ᠠ ᠮᠥᠴᠢᠷ ᠤᠨ ᠬᠠᠮᠵᠢᠯᠴᠠᠬᠤ ᠴᠢᠨᠠᠷ᠂ ᠮᠡᠳᠡᠭᠡ | ᠵᠠᠩᠭᠢ ᠶᠢᠨ ᠬᠠᠮᠲᠤᠪᠠᠷ ᠡᠳ᠋ᠯᠡᠬᠦ ᠴᠢᠨᠠᠷ ᠢ ᠲᠠᠰᠤᠷᠠᠯᠲᠠ ᠦᠭᠡᠢ ᠴᠢᠩᠭᠠᠳᠬᠠᠵᠤ᠂ ᠣᠯᠠᠨ ᠲᠦᠮᠡᠨ ᠪᠠ ᠠᠵᠤ | ᠠᠬᠤᠶᠢᠯᠠᠯ ᠢ ᠳᠤᠲᠠᠭᠤ ᠭᠦᠶᠦᠯᠭᠡᠵᠦ᠂ ᠠᠵᠢᠯ ᠶᠠᠪᠤᠳᠠᠯ ᠭᠦᠢᠴᠡᠳᠬᠡᠬᠦ ᠳᠤ ᠬᠢᠯᠪᠠᠷ᠂ ᠬᠠᠷᠰᠢ ᠰᠠᠭᠠᠳ ᠪᠣᠯᠬᠤ | ᠦᠭᠡᠢ ᠪᠣᠯᠭᠠᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠥᠭᠡᠯᠡᠨ ᠬᠠᠲᠠᠭᠤ ᠲᠣᠨᠤᠭ ᠤᠨ | ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠡᠯᠧᠺᠲᠷᠣᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠶᠢ ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠦᠬᠦ | ᠶᠠᠪᠤᠴᠠ ᠳᠤ ᠣᠷᠣᠮ ᠦᠯᠡᠳᠡᠭᠡᠬᠦ ᠶᠢ ᠪᠡᠶᠡᠯᠡᠭᠦᠯᠵᠦ᠂ ᠠᠷᠠᠯᠵᠢᠶᠠᠨ ᠤ ᠭᠤᠤᠯ ᠴᠣᠭᠴᠠ ᠶᠢᠨ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠠᠷᠠᠯᠵᠢᠶᠠᠨ ᠤ ᠠᠮᠤᠷ ᠲᠦᠪᠰᠢᠨ ᠪᠠ ᠠᠵᠢᠯᠯᠠᠭᠠᠨ ᠤ ᠵᠢᠷᠤᠮᠵᠢᠭᠤᠨ ᠪᠠᠶᠢᠬᠤ ᠶᠢ ᠪᠠᠲᠤᠯᠠᠬᠤ | ᠬᠡᠷᠡᠭᠲᠡᠶ᠃ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠤᠨ᠎ᠠ᠃ | ᠠᠶᠢᠮᠠᠭ ᠤᠨ ᠵᠠᠬᠢᠷᠭ᠎ᠠ ᠶᠢᠨ ᠳᠠᠷᠤᠮᠠᠯᠯᠠᠨ ᠲᠠᠷᠬᠠᠭᠠᠭᠰᠠᠨ ᠤᠯᠠᠭᠠᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠬᠡᠷᠡᠭᠵᠢᠭᠦᠯᠬᠦ ᠲᠥᠰᠦᠯ ᠶᠣᠰᠣᠭᠠᠷ᠂ ᠰᠠᠯᠠᠭ᠎ᠠ | ᠮᠥᠴᠢᠷ ᠤᠨ ᠳᠣᠲᠣᠭᠠᠳᠤ᠂ ᠰᠠᠯᠠᠭ᠎ᠠ ᠮᠥᠴᠢᠷ ᠪᠠ ᠠᠵᠢᠯ ᠲᠥᠷᠥᠯ ᠠᠯᠤᠰᠯᠠᠭᠰᠠᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠡᠮᠬᠢ ᠴᠡᠭᠴᠡ ᠲᠠᠢ ᠠᠬᠢᠭᠤᠯᠵᠤ᠂ ᠴᠠᠭ ᠤᠨ | ᠵᠠᠩᠭᠢᠯᠠᠭ᠎ᠠ ᠶᠢᠨ ᠴᠡᠭ ᠢᠶᠠᠷ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠬᠤ᠂ ᠡᠭᠦᠷᠭᠡ | ᠴᠢᠳᠠᠪᠬᠢ ᠶᠢ ᠨᠢᠭᠡᠳᠬᠡᠬᠦ᠂ ᠠᠵᠢᠯᠲᠠᠨ ᠢ ᠬᠤᠪᠢᠶᠠᠷᠢᠯᠠᠨ ᠰᠢᠯᠵᠢᠭᠦᠯᠬᠦ ᠵᠡᠷᠭᠡ ᠠᠵᠢᠯ ᠢ ᠪᠡᠶᠡᠯᠡᠭᠦᠯᠬᠦ ᠶᠢ ᠪᠠᠲᠤᠯᠠᠵᠤ᠂ | ᠡᠷᠬᠡ ᠬᠠᠷᠢᠭᠤᠴᠠᠯᠭ᠎ᠠ ᠨᠢᠭᠡᠳᠦᠯᠲᠡᠢ ᠳᠤ᠂ ᠡᠷᠬᠡ ᠰᠦᠷᠲᠦ ᠥᠨᠳᠥᠷ ᠪᠦᠲᠦᠮᠵᠢᠲᠡᠢ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠢ ᠲᠦᠷᠭᠡᠳᠬᠡᠨ ᠪᠠᠶᠢᠭᠤᠯᠤᠨ᠎ᠠ᠃ | ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | ᠠᠲᠠᠷ ᠬᠠᠭᠠᠯᠪᠤᠷᠢᠯᠠᠯᠲᠠ ᠶᠢᠨ ᠣᠷᠣᠨ ᠢ ᠪᠦᠯᠦᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢ ᠠᠵᠤ | ᠠᠬᠤᠶᠢᠴᠢᠯᠠᠬᠤ ᠥᠭᠡᠷᠡᠴᠢᠯᠡᠯᠲᠡ ᠶᠢᠨ ᠴᠢᠭᠯᠡᠯ ᠶᠣᠰᠣᠭᠠᠷ᠂ ᠭᠤᠤᠯᠳᠠᠯᠭ᠎ᠠ ᠪᠠᠨ ᠲᠣᠪᠤᠶᠢᠯᠭᠠᠨ᠂ ᠭᠤᠤᠯ ᠳᠡᠳ᠋ ᠢ ᠨᠢ | ᠢᠯᠭᠠᠵᠤ᠂ ᠤᠯᠤᠰ ᠤᠨ ᠦᠮᠴᠢᠯᠡᠯᠳᠣ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢᠨ ᠡᠵᠡᠩᠨᠡᠯᠲᠡ | ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠲᠡᠭᠦᠯᠳᠡᠷᠵᠢᠭᠦᠯᠵᠦ᠂ ᠤᠯᠤᠰ | ᠤᠨ ᠦᠮᠴᠢᠯᠡᠯᠳᠣ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢᠨ ᠡᠵᠡᠩᠨᠡᠯᠲᠡ ᠪᠣᠯᠤᠨ ᠨᠡᠶᠢᠭᠡᠮ ᠤᠨ ᠦᠢᠯᠡᠰ | ᠡᠷᠬᠢᠯᠡᠬᠦ ᠡᠭᠦᠷᠭᠡ ᠴᠢᠳᠠᠪᠤᠷᠢ ᠶᠢᠨ ᠥᠭᠡᠷᠡᠴᠢᠯᠡᠯᠲᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ | ᠴᠢᠷᠮᠠᠶᠢᠨ᠎ᠠ᠃ ᠭᠠᠵᠠᠷ ᠰᠢᠷᠣᠶ ᠬᠠᠳᠤᠯᠠᠩ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠨ ᠲᠣᠬᠢᠷᠠᠭᠤᠯᠬᠤ︾ | ᠥᠭᠡᠷᠡᠴᠢᠯᠡᠯᠲᠡ ᠶᠢ ᠰᠠᠶᠢᠲᠤᠷ ᠨᠠᠢᠳᠠᠪᠤᠷᠢᠵᠢᠭᠤᠯᠬᠤ᠂ ᠬᠠᠳᠤᠯᠠᠩ ᠪᠡᠯᠴᠢᠭᠡᠷ ᠤᠨ ᠡᠷᠬᠡ ᠶᠢ ᠨᠤᠲᠠᠯᠠᠨ | ᠲᠣᠭᠲᠠᠭᠠᠬᠤ ᠲᠠᠢ ᠤᠶᠠᠯᠳᠤᠭᠤᠯᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠤᠯᠤᠰ ᠤᠨ ᠦᠮᠴᠢᠯᠡᠯᠳᠣ | ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠨᠤᠲᠠᠯᠠᠨ ᠵᠥᠪᠰᠢᠶᠡᠷᠡᠵᠦ ᠳᠠᠩᠰᠠᠯᠠᠨ ᠦᠨᠡᠮᠯᠡᠯ ᠣᠯᠭᠤᠬᠤ ᠠᠵᠢᠯ ᠢ ᠪᠥᠬᠦ | ᠲᠠᠯ᠎ᠠ ᠪᠠᠷ ᠪᠡᠶᠡᠯᠡᠭᠦᠯᠵᠦ᠂ ᠡᠷᠬᠡ ᠶᠢ ᠨᠤᠲᠠᠯᠠᠨ ᠲᠣᠭᠲᠠᠭᠠᠭᠰᠠᠨ ᠦᠷ᠎ᠡ ᠪᠦᠲᠦᠭᠡᠯ ᠢ ᠬᠦᠢᠴᠡᠳ ᠬᠡᠷᠡᠭᠯᠡᠨ᠂ ᠡᠯ᠎ᠡ | ᠵᠠᠩᠭᠢᠯᠠᠭ᠎ᠠ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠤᠷᠢᠶᠠᠩᠭᠤᠶᠢᠯᠠᠨ ᠲᠤᠰᠢᠶᠠᠵᠤ᠂ | ᠭᠠᠵᠠᠷ ᠰᠢᠷᠣᠶ ᠬᠠᠳᠤᠯᠠᠩ ᠪᠡᠯᠴᠢᠭᠡᠷ ᠢ ᠡᠷᠭᠢᠯᠳᠦᠭᠦᠯᠬᠦ ᠮᠡᠳᠡᠭᠡ ᠵᠠᠩᠭᠢ ᠶᠢᠨ ᠬᠡᠷᠡᠭᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠭᠠᠵᠠᠷ ᠰᠢᠷᠣᠶ ᠬᠠᠳᠤᠯᠠᠩ ᠪᠡᠯᠴᠢᠭᠡᠷ ᠤᠨ ᠡᠬᠢ ᠪᠠᠶᠠᠯᠢᠭ ᠢ ᠠᠮᠢᠳᠤᠯᠢᠭ | ᠪᠣᠯᠭᠠᠵᠤ᠂ ᠮᠠᠯᠴᠢᠨ ᠲᠠᠷᠢᠶᠠᠴᠢᠨ ᠤ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠦᠨ᠎ᠡ᠃ | ︵ᠳᠣᠯᠤᠭ᠎ᠠ︶ ᠠᠷᠠᠳ ᠤᠨ ᠠᠮᠢᠳᠤᠷᠠᠯ ᠢ ᠠᠳᠬᠤᠨ᠂ ᠲᠣᠭᠲᠠᠭᠤᠨ ᠢ ᠪᠠᠲᠤᠯᠠᠵᠤ᠂ ᠣᠯᠠᠨ ᠲᠦᠮᠡᠨ ᠤ ᠠᠵᠠ | ᠵᠢᠷᠭᠠᠯ ᠢ ᠬᠦᠴᠦᠯᠡᠨ ᠨᠡᠮᠡᠭᠳᠡᠭᠦᠯᠦᠨ᠎ᠡ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠣᠯᠠᠨ ᠲᠦᠮᠡᠨ ᠤ ᠰᠠᠶᠢᠨ ᠰᠠᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ | ᠡᠷᠡᠮᠡᠯᠵᠡᠯ ᠳᠤ ᠨᠡᠶᠢᠴᠡᠭᠦᠯᠦᠨ᠂ ᠬᠤᠷᠢᠭ᠎ᠠ ᠱᠤᠭᠤᠮ ᠢ ᠪᠠᠲᠤ ᠰᠠᠬᠢᠵᠤ᠂ ᠭᠤᠤᠯᠳᠠᠯᠭ᠎ᠠ ᠶᠢ ᠳᠣᠪᠤᠶᠢᠯᠭᠠᠵᠤ᠂ | ᠳᠦᠷᠢᠮ ᠢ ᠲᠡᠭᠦᠯᠳᠡᠷᠵᠢᠭᠦᠯᠵᠦ᠂ ᠵᠢᠱᠢᠯᠲᠡ ᠶᠢ ᠬᠥᠲᠥᠯᠥᠨ ᠵᠢᠯᠣᠭᠤᠳᠴᠤ᠂ ᠪᠠᠯᠴᠢᠷ ᠬᠡᠤᠬᠡᠳ ᠲᠤ ᠪᠤᠶᠢᠵᠢᠭᠤᠯᠬᠤ | ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠪᠡᠯ ᠣᠯᠬᠤ ᠣᠷᠣᠯᠭ᠎ᠠ ᠲᠠᠢ᠂ | ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠬᠦᠷᠲᠡᠬᠦ ᠠᠰᠠᠷᠠᠮᠵᠢ ᠲᠠᠢ᠂ ᠰᠠᠭᠤᠬᠤ ᠠᠴᠠ ᠣᠷᠣᠨ | ᠰᠠᠭᠤᠴᠠ ᠲᠠᠢ᠂ ᠪᠠᠭᠤᠷᠠᠶ ᠳᠤ ᠬᠦᠷᠲᠡᠬᠦ ᠲᠤᠰᠠᠯᠠᠮᠵᠢ ᠲᠠᠢ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠠᠬᠢᠴᠠ ᠲᠠᠢ | ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠦᠨᠡᠨ ᠬᠦ | ᠨᠡᠮᠡᠭᠳᠡᠭᠦᠯᠦᠨ᠎ᠡ᠃ | ᠨᠢᠭᠡ ᠳᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ︽ᠠᠳᠠᠯ ᠦᠢᠯᠡᠰ ᠴᠣᠭᠴᠠᠯᠠᠬᠤ ᠰᠢᠯᠢ ᠶᠢᠨ ᠭᠤᠣᠯ ᠤᠨ | ᠠᠵᠢᠯᠯᠠᠭᠠᠨ ᠤ ᠲᠥᠯᠥᠪᠯᠡᠭᠡ︾ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠠᠵᠢᠯ ᠮᠡᠷᠭᠡᠵᠢᠯ ᠤᠨ ᠪᠣᠯᠪᠠᠰᠤᠷᠠᠯ ᠤᠨ | ᠤᠷᠠᠨ ᠳᠠᠷᠬᠠᠨ ᠤ ᠠᠵᠢᠯᠯᠠᠭ᠎ᠠ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠬᠢ ᠪᠤᠶᠢᠵᠢᠭᠤᠯᠬᠤ | ᠠᠵᠢᠯᠯᠠᠭ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠱᠠᠭᠠᠵᠠᠭᠠᠢ ᠬᠥᠭᠦᠷᠭᠡ ᠶᠢᠨ ᠠᠵᠢᠯᠯᠠᠭ᠎ᠠ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠡᠷᠡᠭᠵᠢᠭᠦᠯᠵᠦ᠂ ᠲᠡᠭᠡᠳᠣ ᠰᠤᠷᠭᠠᠭᠤᠯᠢ ᠲᠡᠭᠦᠰᠦᠭᠰᠡᠳ᠂ ᠵᠣᠬᠢᠬᠤ ᠨᠠᠰᠤᠨ ᠤ ᠠᠵᠢᠯ | ᠣᠯᠭᠤᠯᠲᠠ ᠶᠢᠨ ᠬᠠᠮᠲᠤᠯᠢᠭ᠂ ᠬᠤᠲᠠ ᠣᠷᠣᠭᠰᠠᠨ ᠮᠠᠯᠴᠢᠨ ᠲᠠᠷᠢᠶᠠᠴᠢᠨ᠂ ᠠᠵᠢᠯ ᠣᠯᠬᠤ ᠳᠤ ᠬᠦᠴᠢᠷᠲᠡᠢ | ᠬᠥᠮᠦᠰ᠂ ︽ᠠᠵᠢᠯ ᠣᠯᠤᠭᠰᠠᠨ ᠬᠥᠮᠦᠨ ᠦᠭᠡᠢ︾ ᠭᠡᠷ ᠪᠦᠯᠢ ᠵᠡᠷᠭᠡ ᠣᠯᠠᠨ ᠠᠷᠭ᠎ᠠ ᠵᠠᠮ ᠢᠶᠠᠷ ᠠᠵᠢᠯ ᠣᠯᠵᠤ | ᠠᠳᠠᠯ ᠦᠢᠯᠡᠰ ᠴᠣᠭᠴᠠᠯᠠᠬᠤ ᠶᠢ ᠠᠬᠢᠭᠤᠯᠵᠤ᠂ ᠵᠢᠯ ᠤᠨ ᠳᠣᠲᠣᠷ᠎ᠠ ᠵᠢᠭᠤᠯᠴᠢᠯᠠᠯ ᠤᠨ ᠬᠥᠲᠥᠴᠢ᠂ | ᠦᠨᠳᠦᠰᠦᠲᠡᠨ ᠤ ᠬᠤᠪᠴᠠᠰᠤ ᠵᠠᠰᠠᠯ ᠤᠨ ᠪᠣᠯᠪᠠᠰᠤᠷᠠᠭᠤᠯᠤᠯᠲᠠ ᠵᠡᠷᠭᠡ ᠡᠯ᠎ᠡ ᠲᠥᠷᠥᠯ ᠤᠨ 1000 ᠬᠥᠮᠦᠨ ᠢ | ᠪᠣᠯᠪᠠᠰᠤᠷᠠᠭᠤᠯᠵᠤ᠂ 600 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠨ᠎ᠠ᠃ 2500 ᠠᠵᠢᠯ ᠤᠨ | ᠪᠠᠶᠢᠷᠢ ᠴᠤᠭᠯᠠᠭᠤᠯᠵᠤ᠂ ᠬᠤᠲᠠ ᠪᠠᠯᠭᠠᠰᠤᠨ ᠤ 400 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.0 % ᠤᠨ ᠳᠣᠲᠣᠷ᠎ᠠ ᠬᠢᠵᠠᠭᠠᠷᠯᠠᠪᠠ᠃ | ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ | ᠂ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠪᠠ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ | ᠡᠷᠴᠢᠮ ᠢ ᠴᠢᠩᠭᠠᠷᠠᠭᠤᠯᠵᠤ᠂ ᠬᠡᠪᠴᠢᠶ᠎ᠡ ᠶᠢ ᠥᠷᠭᠡᠳᠬᠡᠨ ᠲᠠᠲᠠᠪᠤᠷᠢᠯᠠᠨ ᠲᠤᠰᠢᠶᠠᠬᠤ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠦᠨ᠎ᠡ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠤᠲᠠ ᠬᠥᠳᠡᠭᠡ ᠶᠢ ᠨᠢᠭᠡᠳᠦᠯᠲᠡᠶ | ᠲᠥᠯᠥᠪᠯᠡᠬᠦ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠵᠡᠮᠳᠡᠭᠴᠦᠳ ᠢ ᠲᠡᠳᠬᠦᠨ ᠲᠤᠰᠠᠯᠠᠬᠤ᠂ | ᠬᠦᠴᠢᠷᠳᠡᠯᠲᠡᠶ ᠣᠯᠠᠨ ᠲᠦᠮᠡᠨ ᠤ ᠣᠷᠣᠨ ᠰᠠᠭᠤᠴᠠ ᠶᠢ ᠪᠠᠲᠤᠯᠠᠬᠤ ᠵᠡᠷᠭᠡ ᠦᠨᠳᠦᠰᠦᠨ ᠵᠦᠢᠯ ᠢ ᠪᠠᠲᠤᠯᠠᠬᠤ | ᠴᠢᠨᠠᠷᠲᠠᠶ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠨᠠᠰᠤᠲᠠᠳ ᠢ ᠲᠡᠳᠬᠦᠬᠦ᠂ | ᠵᠡᠮᠳᠡᠭᠴᠦᠳ ᠢ ᠲᠤᠰᠠᠯᠠᠬᠤ᠂ ᠥᠨᠥᠴᠢᠨ ᠬᠡᠤᠬᠡᠳ ᠢ ᠠᠪᠤᠷᠠᠬᠤ᠂ ᠠᠰᠠᠷᠠᠨ ᠬᠠᠷᠠᠭᠠᠯᠵᠠᠬᠤ ᠵᠡᠷᠭᠡ ᠠᠰᠠᠷᠠᠮᠵᠢ ᠶᠢᠨ | ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠨᠴᠣᠭᠤᠶ ᠪᠠ ᠬᠦᠴᠢᠷᠳᠡᠯᠲᠡᠶ ᠣᠯᠠᠨ | ᠲᠦᠮᠡᠨ ᠤ ᠪᠠᠲᠤᠯᠠᠭ᠎ᠠ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠬᠡᠨ ᠤ ᠠᠵᠢᠯ ᠢ ᠦᠨᠡᠨᠬᠦ ᠰᠠᠶᠢᠲᠤᠷ ᠬᠢᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠤᠯᠠᠮ | ᠨᠢᠭᠡ ᠠᠯᠬᠤᠮ ᠪᠦᠷᠢᠨᠰᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠤᠯᠠᠰᠢ ᠶᠢᠨ ᠭᠠᠵᠠᠷ ᠤᠨ | ᠬᠠᠮᠢᠶᠠᠷᠤᠯᠲᠠ ᠶᠢ ᠴᠢᠩᠭᠠᠳᠬᠠᠵᠤ᠂ ᠣᠷᠣᠰᠢᠭᠤᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠵᠤ᠂ ᠵᠢᠯ ᠤᠨ ᠳᠣᠲᠣᠷ᠎ᠠ ᠠᠵᠢᠯ | ᠡᠬᠢᠯᠡᠭᠦᠯᠬᠦ ᠪᠠᠷ ᠴᠢᠷᠮᠠᠶᠢᠨ᠎ᠠ᠃ | ᠣᠯᠠᠨ ᠨᠡᠶᠢᠲᠡ ᠶᠢᠨ ᠦᠢᠯᠡᠴᠢᠯᠡᠬᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠰᠠᠭᠤᠷᠢ ᠰᠤᠷᠭᠠᠨ | ᠬᠥᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠤᠶᠠᠳᠤᠭᠠᠷ ᠡᠭᠡᠯᠵᠢ ᠶᠢᠨ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ᠶᠢ ᠨᠠᠷᠢᠨ ᠬᠢᠨᠠᠮᠠᠭᠠᠢ ᠰᠠᠶᠢᠲᠤᠷ ᠬᠡᠷᠡᠭᠵᠢᠭᠦᠯᠵᠦ᠂ ᠪᠡᠭᠡᠵᠢᠩ ᠤᠨ ᠪᠠᠷᠢᠮᠵᠢᠶᠠᠲᠤ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠶᠠᠷ ᠰᠤᠷᠭᠠᠭᠤᠯᠢ ᠶᠢᠨ ᠲᠠᠮᠢᠷ ᠤᠨ ᠣᠷᠳᠣᠨ ᠢ | ᠰᠢᠨ᠎ᠡ ᠪᠠᠷ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ ᠰᠤᠷᠭᠠᠭᠤᠯᠢ ᠶᠢᠨ ᠵᠠᠬᠢᠷᠤᠯ᠂ ᠵᠢᠭᠠᠬᠤ ᠰᠤᠳᠤᠯᠤᠭᠴᠢ ᠵᠡᠷᠭᠡ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠪᠦᠲᠦᠮᠵᠢ ᠶᠢ ᠰᠢᠯᠭᠠᠨ ᠦᠨᠡᠯᠡᠬᠦ ᠱᠠᠩᠨᠠᠨ ᠲᠣᠷᠭᠠᠬᠤ | ᠳᠦᠷᠢᠮ ᠢ ᠴᠢᠩᠳᠠᠯᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠤᠭᠴᠢᠳ ᠤᠨ | ᠬᠥᠭᠵᠢᠯᠲᠡ ᠪᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠵᠢᠭᠠᠨ ᠰᠤᠷᠭᠠᠯᠲᠠ ᠶᠢᠨ ᠬᠠᠷᠢᠴᠠᠭ᠎ᠠ ᠶᠢ ᠪᠠᠶᠢᠭᠤᠯᠵᠤ | ᠂ ᠰᠡᠩᠬᠡᠷᠡᠭᠦᠯᠬᠦ ᠮᠠᠶ᠋ᠢᠭ ᠤᠨ᠂ ᠰᠦᠪᠡᠭᠴᠢᠯᠡᠬᠦ ᠮᠠᠶ᠋ᠢᠭ ᠤᠨ᠂ ᠶᠠᠷᠢᠯᠴᠠᠬᠤ ᠮᠠᠶ᠋ᠢᠭ ᠤᠨ᠂ ᠣᠷᠣᠯᠴᠠᠬᠤ ᠮᠠᠶ᠋ᠢᠭ ᠤᠨ | ᠬᠢᠴᠢᠶᠡᠯ ᠤᠨ ᠲᠠᠩᠬᠢᠮ ᠤᠨ ᠵᠠᠭᠪᠤᠷ ᠢ ᠪᠠᠶᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ | ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠬᠢᠴᠢᠶᠡᠯ ᠤᠨ ᠭᠠᠳᠠᠨᠠᠬᠢ ᠳᠠᠷᠤᠭᠠᠰᠤ ᠬᠦᠨᠳᠦ᠂ ᠠᠵᠢᠯ ᠳᠤ ᠪᠠᠶᠢᠭ᠎ᠠ ᠪᠠᠭᠰᠢ ᠶᠢᠨ ᠲᠥᠯᠥᠪᠦᠷᠢ ᠲᠠᠢ ᠬᠢᠴᠢᠶᠡᠯ | ᠨᠥᠬᠦᠬᠦ ᠵᠡᠷᠭᠡ ᠲᠣᠪᠦ᠋ᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠢᠳᠠᠪᠤᠷᠢᠵᠢᠭᠤᠯᠬᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ | ᠂ ᠬᠥᠳᠡᠯᠮᠦᠷᠢ ᠵᠡᠷᠭᠡ ᠡᠯ᠎ᠡ ᠵᠦᠢᠯ ᠤᠨ ᠰᠤᠷᠭᠠᠨ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ | ᠪᠣᠯᠪᠠᠰᠤᠨ ᠰᠤᠷᠭᠠᠭᠤᠯᠢ ᠶᠢᠨ ᠬᠦᠷᠢᠶ᠎ᠡ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ | ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠤᠲᠠ ᠶᠢᠨ ᠳᠣᠲᠣᠷ᠎ᠠ ᠡᠷᠡᠮᠡᠯᠵᠡᠯᠡᠨ ᠦᠨᠡᠯᠡᠬᠦ ᠶᠢ ᠪᠡᠶᠡᠯᠡᠭᠦᠯᠵᠦ᠂ | ᠡᠷᠡᠮᠡᠯᠵᠡᠯᠡᠨ ᠰᠢᠯᠭᠠᠷᠠᠭᠤᠯᠬᠤ ᠪᠠᠷ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ᠂ ᠪᠣᠯᠪᠠᠰᠤᠨ ᠤ | ᠪᠠᠶᠢᠭᠤᠯᠤᠯᠲᠠ ᠶᠢᠨ ᠠᠵᠢᠯ ᠢ ᠰᠢᠨ᠎ᠡ ᠬᠥᠭᠵᠢᠯᠲᠡ ᠲᠠᠢ ᠪᠣᠯᠭᠠᠬᠤ ᠪᠠᠷ ᠴᠢᠷᠮᠠᠶᠢᠨ᠎ᠠ᠃ ᠡᠷᠡᠭᠦᠯ ᠤᠯᠠᠭᠠᠶ ᠶᠢᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ | ᠡᠮᠨᠡᠯᠭᠡ ᠶᠢᠨ ᠬᠤᠷᠢᠶ᠎ᠠ ᠯᠤᠭ᠎ᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ᠂ ᠠᠯᠤᠰ ᠠᠴᠠ ᠬᠠᠮᠲᠤᠷᠠᠨ | ᠣᠨᠣᠰᠢᠯᠠᠬᠤ᠂ ᠮᠡᠷᠭᠡᠵᠢᠯ ᠢᠶᠠᠷ ᠬᠠᠪᠰᠤᠷᠤᠨ ᠲᠡᠳᠬᠦᠬᠦ ᠵᠡᠷᠭᠡ ᠲᠠᠯ᠎ᠠ ᠶᠢᠨ ᠡᠮᠴᠢᠯᠡᠭᠡᠨ ᠤ ᠬᠠᠮᠵᠢᠯᠴᠠᠭ᠎ᠠ ᠶᠢ | ᠴᠢᠩᠭᠠᠳᠬᠠᠵᠤ᠂ ︽1322︾ ᠤᠨ ᠲᠣᠭᠲᠠᠭᠰᠠᠨ ᠬᠠᠷᠠᠯᠲᠠ ᠶᠢ ᠲᠦᠷᠭᠡᠳᠬᠡᠨ ᠠᠬᠢᠭᠤᠯᠵᠤ᠂ ᠡᠮᠴᠢᠯᠡᠭᠡᠨ ᠤ | ᠶᠠᠰᠤ ᠴᠢᠨᠠᠷ ᠪᠠ ᠦᠢᠯᠡᠴᠢᠯᠡᠬᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠬᠡᠨ ᠤ ᠲᠥᠷᠥᠯ ᠵᠦᠢᠯ ᠢ ᠰᠠᠶᠢᠲᠤᠷ ᠬᠢᠵᠦ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠳᠠᠩᠰᠠ ᠡᠪᠬᠡᠮᠡᠯ ᠪᠠᠶᠢᠭᠤᠯᠬᠤ ᠨᠣᠷᠮ᠎ᠠ ᠶᠢᠨ ᠡᠳᠦᠷ ᠠᠴᠠ | ᠡᠳᠣᠷ ᠲᠡᠭᠡᠭᠰᠢᠯᠡᠬᠦ ᠶᠢ ᠪᠠᠲᠤᠯᠠᠪᠠ᠃ ᠬᠦᠨᠳᠦ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠲᠠᠳ ᠮᠣᠩᠭᠤᠯ | ᠡᠮᠨᠡᠯᠭᠡ ᠶᠢᠨ ᠣᠨᠴᠠᠯᠢᠭᠲᠤ ᠦᠢᠯᠡᠴᠢᠯᠡᠬᠡᠨ ᠢ ᠳᠠᠮᠵᠢᠨ ᠬᠥᠭᠵᠢᠭᠦᠯᠵᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ | ᠢᠨᠵᠧᠨᠧᠷᠢᠩ᠂ ︽ᠭᠤᠷᠪᠠᠨ ᠨᠢᠭᠡ ᠪᠦᠯᠦᠭ︾ ᠤᠨ ᠠᠵᠢᠯᠯᠠᠭᠠᠨ ᠤ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ | ᠰᠠᠶᠢᠲᠤᠷ ᠬᠡᠷᠡᠭᠵᠢᠭᠦᠯᠵᠦ᠂ ᠭᠡᠷ᠎ᠡ ᠲᠣᠭᠲᠠᠬᠤ ᠦᠢᠯᠡᠴᠢᠯᠡᠬᠡᠨ ᠤ ᠪᠦᠷᠬᠦᠴᠡ ᠶᠢᠨ ᠨᠣᠷᠮ᠎ᠠ ᠶᠢ ᠥᠷᠭᠡᠳᠬᠡᠨ᠂ | ᠣᠨᠴᠣᠭᠤᠶ ᠨᠡᠶᠢᠲᠡ ᠴᠣᠭᠴᠠ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠪᠠ ᠦᠢᠯᠡᠴᠢᠯᠡᠭᠡ ᠶᠢ ᠦᠨᠡᠨᠬᠦ ᠰᠠᠶᠢᠲᠤᠷ | ᠬᠢᠨ᠎ᠡ᠃ ᠬᠤᠶᠠᠷ ᠬᠡᠤᠬᠡᠳ ᠠᠪᠴᠤ ᠪᠣᠯᠬᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠦᠷᠡᠵᠢᠯ ᠤᠨ ᠪᠦᠬᠦ ᠶᠠᠪᠤᠴᠠ ᠶᠢᠨ ᠦᠨᠳᠦᠰᠦᠨ ᠦᠢᠯᠡᠴᠢᠯᠡᠭᠡ ᠶᠢ ᠴᠢᠩᠭᠠᠳᠬᠠᠨ᠎ᠠ᠃ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠮᠠᠯᠴᠢᠨ ᠲᠠᠷᠢᠶᠠᠴᠢᠨ ᠤ ᠰᠢᠮ᠎ᠡ | ᠲᠡᠵᠢᠭᠡᠯ ᠤᠨ ᠲᠥᠯᠥᠪᠯᠡᠭᠡ ᠶᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠲᠠᠮᠠᠬᠢ ᠲᠠᠲᠠᠬᠤ ᠶᠢ ᠬᠢᠵᠠᠭᠠᠷᠯᠠᠵᠤ᠂ | ᠠᠷᠢᠬᠢ ᠪᠠ ᠬᠤᠣᠷ ᠢ ᠰᠡᠷᠭᠡᠶᠢᠯᠡᠬᠦ ᠵᠡᠷᠭᠡ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠠᠬᠢᠭᠤᠯᠵᠤ᠂ ᠤᠯᠤᠰ | ᠤᠨ ᠲᠡᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢ ᠴᠢᠷᠮᠠᠶᠢᠨ ᠪᠠᠶᠢᠭᠤᠯᠤᠨ᠎ᠠ᠃ ᠰᠣᠶᠣᠯ ᠲᠠᠮᠢᠷ ᠤᠨ | ᠦᠢᠯᠡᠰ ᠤᠨ ᠴᠡᠴᠡᠭᠯᠡᠨ ᠬᠥᠭᠵᠢᠬᠦ ᠶᠢ ᠶᠡᠬᠡᠪᠡᠷ ᠠᠬᠢᠭᠤᠯᠤᠨ᠎ᠠ᠃ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠵᠤ᠂ ᠠᠷᠠᠳ ᠣᠯᠠᠨ ᠳᠤ ᠡᠯᠪᠡᠭ ᠪᠠᠶᠠᠯᠢᠭ ᠣᠶᠤᠨ ᠤ ᠲᠡᠵᠢᠭᠡᠯ | ᠬᠠᠩᠭᠠᠨ᠎ᠠ᠃ ᠤᠯᠠᠭᠠᠨᠮᠥ᠋ᠴᠢᠷ ᠢ ᠵᠣᠬᠢᠶᠠᠨ ᠪᠠᠶᠢᠭᠤᠯᠤᠨ ᠪᠠᠶᠢᠭᠤᠯᠵᠤ᠂ ᠡᠯᠪᠡᠭ ᠪᠠᠶᠠᠯᠢᠭ ᠣᠯᠠᠨ ᠲᠦᠮᠡᠨᠴᠢ ᠴᠢᠨᠠᠷᠲᠠᠶ | ᠤᠳᠬ᠎ᠠ ᠤᠷᠠᠯᠢᠭ ᠤᠨ ᠠᠵᠢᠯᠯᠠᠭ᠎ᠠ ᠶᠢ ᠡᠷᠬᠢᠯᠡᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠢᠷᠭᠡᠳ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ | ᠤᠯᠠᠮᠵᠢᠯᠠᠵᠤ᠂ ᠤᠯᠠᠭᠠᠶ ᠶᠢᠨ ᠣᠷᠣᠨ ᠨᠤᠲᠤᠭ ᠤᠨ ᠣᠨᠴᠠᠯᠢᠭ ᠲᠠᠢ ᠤᠷᠠᠨ ᠲᠣᠭᠯᠠᠯᠲᠠ ᠶᠢᠨ ᠪᠦᠲᠦᠭᠡᠯ ᠢ ᠵᠣᠬᠢᠶᠠᠨ | ᠪᠦᠲᠦᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠺᠢᠨᠣ᠋ ᠭᠠᠷᠭᠠᠬᠤ ᠶᠢ ᠲᠦᠯᠬᠢᠨ | ᠠᠬᠢᠭᠤᠯᠵᠤ᠂ ᠠᠷᠠᠳ ᠠᠴᠠ ᠡᠵᠡᠩᠨᠡᠭᠰᠡᠨ ᠲᠢᠶᠠᠳ᠋ᠷ ᠤᠨ ᠱᠤᠭᠤᠮ ᠢ ᠬᠥᠲᠥᠯᠥᠨ ᠵᠢᠯᠣᠭᠤᠳᠴᠤ ᠬᠥᠭᠵᠢᠭᠦᠯᠦᠨ᠎ᠡ᠃ | ᠨᠠᠭᠤᠷ ᠲᠣᠭᠤᠷᠢᠭᠰᠠᠨ ᠵᠠᠰᠠᠮᠠᠯ ᠵᠠᠮ ᠤᠨ ᠳᠤᠭᠤᠶ ᠲᠡᠷᠭᠡᠨ ᠤ ᠤᠷᠤᠯᠳᠤᠭᠠᠨ ᠵᠡᠷᠭᠡ ᠨᠡᠷᠡᠲᠦ ᠲᠥᠷᠥᠯ ᠲᠡᠮᠳᠡᠭᠲᠦ ᠶᠢᠨ | ᠠᠵᠢᠯᠯᠠᠭ᠎ᠠ ᠶᠢ ᠪᠡᠯᠡᠳᠬᠡᠵᠦ᠂ ᠪᠦᠬᠦ ᠣᠷᠣᠨ᠂ ᠪᠦᠬᠦ ᠠᠶᠢᠮᠠᠭ ᠤᠨ ᠪᠥᠭᠡ᠂ ᠤᠯᠠᠮᠵᠢᠯᠠᠯᠲᠤ ᠨᠤᠮᠤ ᠰᠤᠮᠤ ᠬᠠᠷᠪᠤᠬᠤ᠂ | ᠵᠢᠦᠳᠣᠣ ᠵᠡᠷᠭᠡ ᠤᠷᠤᠯᠳᠤᠭᠠᠨ ᠢ ᠢᠳᠡᠪᠬᠢᠲᠡᠢ ᠡᠷᠬᠢᠯᠡᠨ᠎ᠡ᠃ | ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠲᠣᠭᠲᠠᠭᠤᠨ ᠢ ᠬᠠᠮᠠᠭᠠᠯᠠᠬᠤ ᠨᠢᠭᠡᠳᠦᠭᠡᠷ ᠬᠠᠷᠢᠭᠤᠴᠠᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠠᠶᠤᠯᠭᠦᠢ | ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ᠂ ᠠᠮᠤᠷ ᠠᠮᠤᠭᠤᠯᠠᠩ ᠢ ᠡᠭᠦᠳᠦᠨ | ᠪᠠᠶᠢᠭᠤᠯᠬᠤ ᠡᠯ᠎ᠡ ᠲᠥᠷᠥᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ | ᠥᠭᠡᠷᠡᠴᠢᠯᠡᠯᠲᠡ ᠬᠥᠭᠵᠢᠯᠲᠡ ᠳᠤ ᠠᠮᠵᠢᠯᠲᠠ ᠣᠯᠬᠤ ᠪᠠᠷ ᠴᠢᠷᠮᠠᠶᠢᠨ᠎ᠠ᠃ ᠠᠶᠤᠯᠭᠦᠶ ᠦᠢᠯᠡᠳᠪᠦᠷᠢᠯᠡᠯ ᠤᠨ ᠠᠵᠢᠯ ᠢ | ᠴᠢᠩᠭᠠᠳᠬᠠᠨ᠎ᠠ᠃ ᠠᠶᠤᠯᠭᠦᠶ ᠦᠢᠯᠡᠳᠪᠦᠷᠢᠯᠡᠯ ᠤᠨ ᠬᠦᠷᠢᠶᠡᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ | ᠂ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ ᠳᠦᠷᠢᠮ ᠢ ᠪᠦᠷᠢᠨ ᠪᠣᠯᠭᠠᠨ ᠲᠡᠭᠦᠯᠳᠡᠷᠵᠢᠭᠦᠯᠵᠦ᠂ ᠡᠯ᠎ᠡ | ᠰᠠᠯᠠᠭ᠎ᠠ ᠮᠥᠴᠢᠷ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠨᠠᠷᠢᠯᠢᠭᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠶᠡᠭᠡ ᠪᠠᠢᠴᠠᠭᠠᠯᠲᠠ ᠪᠣᠯᠤᠨ ᠬᠡᠮ ᠰᠣᠭᠤᠭ ᠢ ᠪᠠᠢᠴᠠᠭᠠᠨ | ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ | ᠪᠠᠶᠢᠳᠠᠯ ᠲᠣᠭᠲᠠᠭᠤᠨ ᠪᠠᠶᠢᠬᠤ ᠶᠢ ᠪᠠᠲᠤᠯᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠤᠨ᠎ᠠ᠃ ︽ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠥᠪᠥᠷ ᠮᠣᠩᠭᠤᠯ︾ | ᠤᠨ ᠠᠵᠢᠯ ᠤᠨ ᠪᠠᠶᠢᠷᠢᠯᠠᠭᠤᠯᠤᠯᠲᠠ ᠶᠢ ᠨᠠᠢᠳᠠᠪᠤᠷᠢᠵᠢᠭᠤᠯᠬᠤ᠂ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ | ᠬᠡᠷᠡᠭᠵᠢᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠴᠢᠩᠭ᠎ᠠ ᠬᠠᠮᠢᠶᠠᠷᠤᠨ | ᠴᠢᠩᠭ᠎ᠠ ᠡᠵᠡᠮᠳᠡᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠠᠯ᠎ᠠ ᠪᠠᠷ ᠬᠢ ᠣᠷᠣᠨ ᠪᠦᠰᠡ ᠶᠢᠨ | ᠴᠢᠨᠠᠷᠲᠠᠶ᠂ ᠰᠢᠰᠲ᠋ᠧᠮ ᠤᠨ ᠴᠢᠨᠠᠷᠲᠠᠶ ᠠᠳᠠᠯ ᠭᠠᠷᠭᠠᠬᠤ ᠥᠬᠡᠶ ᠪᠠᠶᠢᠬᠤ ᠬᠢᠵᠠᠭᠠᠷ ᠱᠤᠭᠤᠮ ᠢ ᠪᠠᠲᠤ ᠰᠠᠬᠢᠵᠤ᠂ | ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠨ᠎ᠠ᠃ ᠠᠮᠤᠷ ᠠᠮᠤᠭᠤᠯᠠᠩ | ᠤᠯᠠᠭᠠᠶ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ ᠳᠦᠷᠢᠮ | ᠪᠠ ᠵᠠᠬᠢᠳᠠᠯ ᠰᠤᠷᠪᠤᠯᠵᠢᠯᠠᠭ᠎ᠠ ᠶᠢᠨ ᠡᠳᠦᠷ ᠤᠨ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠵᠠᠬᠢᠳᠠᠯ | ᠰᠤᠷᠪᠤᠯᠵᠢᠯᠠᠭ᠎ᠠ ᠶᠢᠨ ᠪᠠᠶᠢᠳᠠᠯ ᠢ ᠨᠠᠷᠢᠨ ᠬᠢᠨᠠᠮᠠᠭᠠᠶ ᠵᠠᠳᠠᠯᠤᠨ ᠰᠢᠨᠵᠢᠯᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠵᠥᠷᠢᠴᠡᠯ ᠵᠢᠭᠤᠷᠠᠭᠠᠨ ᠢ ᠡᠷᠲᠡ ᠢᠯᠡᠷᠡᠭᠦᠯᠵᠦ᠂ | ᠡᠷᠲᠡ ᠠᠷᠢᠯᠭᠠᠵᠤ ᠥᠭᠬᠦ ᠶᠢ ᠪᠠᠲᠤᠯᠠᠨ᠎ᠠ᠃ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠤ | ᠪᠣᠰᠤᠭ᠎ᠠ ᠴᠣᠭᠴᠠᠲᠤ ᠮᠡᠳᠡᠭᠡ ᠵᠠᠩᠭᠢᠵᠢᠭᠰᠠᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠶᠢ ᠪᠦᠬᠦ | ᠲᠠᠯ᠎ᠠ ᠪᠠᠷ ᠴᠢᠩᠭᠠᠳᠬᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠬᠤᠯᠠᠭᠠᠶᠢᠯᠠᠬᠤ ᠪᠤᠯᠢᠶᠠᠬᠤ | ᠮᠡᠬᠡᠯᠡᠬᠦ᠂ ᠱᠠᠯᠢᠭ ᠵᠠᠪᠬᠠᠶ ᠵᠦᠢᠯ ᠵᠣᠭᠤᠰ ᠨᠠᠭᠠᠳᠬᠤ ᠬᠤᠤᠷᠲᠤ ᠡᠳ᠋ ᠫᠠᠨᠽᠠᠯᠠᠬᠤ ᠳᠤ ᠴᠣᠬᠢᠯᠲᠠ ᠥᠭᠬᠦ ᠵᠡᠷᠭᠡ | ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠪᠦᠲᠦᠮᠵᠢᠲᠡᠶ ᠪᠥᠭᠡᠳ ᠴᠣᠬᠢᠯᠲᠠ ᠥᠭᠴᠦ᠂ ᠨᠡᠶᠢᠭᠡᠮ ᠤᠨ ᠡᠶ᠎ᠡ ᠵᠣᠬᠢᠴᠠᠯ ᠲᠠᠢ | ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠰᠦᠯᠵᠢᠶᠡᠨ ᠤ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠬᠠᠮᠢᠶᠠᠷᠬᠤ ᠪᠠ ᠬᠥᠲᠥᠯᠥᠨ ᠵᠢᠯᠣᠭᠤᠳᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠶᠠᠷᠢᠶ᠎ᠠ | ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠶᠢ ᠪᠠᠲᠤ ᠡᠵᠡᠮᠰᠢᠵᠦ᠂ ᠰᠦᠯᠵᠢᠶᠡᠨ ᠤ ᠰᠠᠶᠢᠨ ᠰᠠᠶᠢᠬᠠᠨ ᠠᠮᠢ | ᠠᠬᠤᠢ ᠶᠢᠨ ᠣᠷᠴᠢᠨ ᠲᠣᠭᠤᠷᠢᠨ ᠢ ᠢᠳᠡᠪᠬᠢᠲᠡᠢ ᠪᠠᠶᠢᠭᠤᠯᠤᠨ᠎ᠠ᠃ | ᠭᠤᠷᠪᠠ᠂ ᠬᠠᠮᠢᠶᠠᠷᠤᠯᠲᠠ ᠶᠢᠨ ᠺᠣᠮᠢᠰ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠬᠤ | ᠬᠡᠷᠡᠭᠲᠡᠢ | ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠪᠢᠳᠡ ᠬᠠᠮᠢᠶᠠᠷᠤᠯᠲᠠ ᠶᠢᠨ ᠵᠥᠪᠯᠡᠯ ᠤᠨ ᠨᠠᠮ ᠤᠨ | ᠤᠳᠤᠷᠢᠳᠬᠤ ᠳᠤᠭᠤᠢᠯᠠᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ᠨᠠᠮ ᠤᠨ | ᠤᠳᠤᠷᠢᠳᠤᠯᠭ᠎ᠠ ᠳᠣᠤᠷ᠎ᠠ ᠠᠵᠢᠯ ᠢᠶᠠᠨ ᠥᠷᠨᠢᠭᠦᠯᠬᠦ ᠶᠢ ᠢᠮᠠᠭᠲᠠ ᠪᠠᠷᠢᠮᠲᠠᠯᠠᠵᠤ᠂ ᠪᠠᠲᠤ ᠴᠢᠩᠭ᠎ᠠ ᠤᠯᠤᠰ | ᠲᠥᠷᠦ ᠶᠢᠨ ᠪᠠᠲᠤᠯᠠᠭ᠎ᠠ ᠪᠠᠷ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ | ᠳᠡᠭᠡᠭᠰᠢᠯᠡᠭᠦᠯᠵᠦ᠂ ᠣᠯᠠᠨ ᠲᠦᠮᠡᠨ ᠳᠤ ᠲᠠᠭᠠᠰᠢᠶᠠᠭᠳᠠᠭᠰᠠᠨ ᠬᠠᠤᠯᠢᠵᠢᠯ᠂ ᠠᠷᠢᠭᠤᠨ ᠴᠢᠬᠡᠴᠢ᠂ ᠵᠠᠰᠠᠭ ᠤᠨ | ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠶ᠃ | ︵ᠨᠢᠭᠡ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠬᠠᠤᠯᠢ ᠪᠠᠷ ᠵᠠᠰᠠᠬᠤ ᠬᠡᠯᠪᠡᠷᠢ ᠶᠢᠨ | ᠵᠠᠰᠠᠭ ᠤᠨ ᠣᠷᠳᠣᠨ ᠢ ᠪᠠᠶᠢᠭᠤᠯᠤᠨ᠎ᠠ᠃ ᠬᠠᠤᠯᠢ ᠪᠠᠷ ᠵᠠᠰᠠᠬᠤ ᠢᠲᠡᠭᠡᠯ ᠪᠢᠰᠢᠷᠡᠯ ᠪᠠ ᠬᠠᠤᠯᠢ ᠪᠠᠷ ᠵᠠᠰᠠᠬᠤ | ᠰᠡᠳᠬᠢᠬᠦᠶ ᠶᠢ ᠪᠠᠲᠤ ᠪᠠᠬᠢ ᠪᠤᠢ ᠪᠣᠯᠭᠠᠵᠤ᠂ ᠬᠠᠤᠯᠢ ᠪᠠᠷ ᠲᠣᠭᠲᠠᠭᠠᠭᠰᠠᠨ ᠡᠷᠬᠡ ᠬᠢᠵᠠᠭᠠᠷ ᠪᠠ ᠵᠢᠷᠤᠮ ᠢ ᠴᠢᠩᠭ᠎ᠠ | ᠵᠢᠷᠤᠮᠯᠠᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠵᠦ᠂ ᠨᠠᠮ ᠤᠨ ᠠᠵᠢᠯ ᠤᠨ ᠺᠣᠮᠢᠰ ᠤᠨ ᠰᠢᠢᠳᠪᠦᠷᠢᠳᠣ | ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠢᠳᠠᠪᠤᠷᠢᠵᠢᠭᠤᠯᠬᠤ᠂ ︽ᠭᠤᠷᠪᠠᠨ ᠴᠢᠬᠤᠯᠠ ᠨᠢᠭᠡ ᠶᠡᠭᠡ | ︾ ᠶᠢᠨ ᠬᠡᠷᠡᠭ ᠵᠥᠪᠯᠡᠬᠦ ᠰᠢᠢᠳᠪᠦᠷᠢᠳᠣ ᠪᠣᠳᠣᠯᠭ᠎ᠠ ᠲᠣᠭᠲᠠᠭᠠᠬᠤ ᠵᠢᠷᠤᠮ ᠢ ᠲᠡᠭᠦᠯᠳᠡᠷᠵᠢᠭᠦᠯᠵᠦ᠂ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠳᠣ ᠪᠣᠳᠣᠯᠭ᠎ᠠ ᠶᠢ ᠬᠠᠮᠲᠤ ᠪᠠᠷ ᠶᠠᠷᠢᠯᠴᠠᠬᠤ ᠠᠷᠠᠳᠴᠢᠯᠠᠯ ᠢᠶᠠᠷ ᠰᠢᠢᠳᠪᠦᠷᠢᠳᠣ | ᠪᠣᠳᠣᠯᠭ᠎ᠠ ᠲᠣᠭᠲᠠᠭᠠᠬᠤ ᠳᠦᠷᠢᠮ ᠢ ᠪᠠᠷᠢᠮᠲᠠᠯᠠᠨ ᠬᠡᠷᠡᠭᠵᠢᠭᠦᠯᠦᠨ᠎ᠡ᠃ ᠬᠠᠤᠯᠢ ᠴᠠᠭᠠᠵᠠ ᠶᠢᠨ ᠵᠥᠪᠯᠡᠭᠴᠢ ᠶᠢ | ᠪᠦᠲᠦᠮᠵᠢᠲᠡᠶ ᠪᠠᠳᠠᠷᠠᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠣ ᠪᠣᠳᠣᠯᠭ᠎ᠠ ᠲᠣᠭᠲᠠᠭᠠᠬᠤ ᠶᠢᠨ | ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠦᠭᠰᠢᠭᠦᠷᠢ ᠶᠢ | ᠦᠨᠡᠯᠡᠨ ᠵᠢᠱᠢᠬᠦ ᠪᠠ ᠦᠷ᠎ᠡ ᠪᠦᠲᠦᠮᠵᠢ ᠶᠢ ᠮᠥᠷᠳᠡᠨ ᠠᠰᠠᠭᠤᠬᠤ ᠠᠵᠢᠯ ᠢ ᠴᠢᠩᠭᠠᠳᠬᠠᠵᠤ᠂ ᠬᠠᠮᠢᠶᠠᠷᠤᠯᠲᠠ ᠶᠢᠨ | ᠺᠣᠮᠢᠰ ᠤᠨ ᠰᠢᠢᠳᠪᠦᠷᠢᠳᠣ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ | ︵ᠬᠤᠶᠠᠷ︶ ᠪᠡᠶ᠎ᠡ ᠪᠠᠨ ᠪᠠᠷᠢᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠬᠡᠯᠪᠡᠷᠢ ᠶᠢᠨ ᠵᠠᠰᠠᠭ ᠤᠨ ᠣᠷᠳᠣᠨ ᠢ | ᠪᠠᠶᠢᠭᠤᠯᠤᠨ᠎ᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠬᠤ᠂ ︽ᠨᠢᠭᠡ ᠠᠵᠢᠯ ᠤᠨ ᠪᠠᠶᠢᠷᠢ ᠳᠤ ᠬᠤᠶᠠᠷ | ᠬᠠᠷᠢᠭᠤᠴᠠᠯᠭ᠎ᠠ ᠲᠠᠢ ᠪᠠᠶᠢᠬᠤ︾ ᠶᠢ ᠦᠨᠡᠨ ᠬᠦ ᠬᠦᠢᠴᠡᠳᠬᠡᠵᠦ᠂ ᠤᠳᠤᠷᠢᠳᠬᠤ ᠺᠠᠳ᠋ᠷᠴᠤᠳ ᠤᠨ ᠬᠤᠪᠢ | ᠬᠥᠮᠦᠨ ᠤ ᠴᠢᠬᠤᠯᠠ ᠶᠡᠭᠡ ᠤᠴᠢᠷ ᠶᠠᠪᠤᠳᠠᠯ ᠢᠶᠠᠨ ᠮᠡᠳᠡᠭᠦᠯᠬᠦ᠂ ᠲᠤᠰᠢᠶᠠᠯ ᠤᠨ ᠮᠡᠳᠡᠭᠦᠯᠦᠯᠲᠡ ᠠᠷᠢᠭᠤᠨ | ᠴᠢᠬᠡᠴᠢ ᠶᠢᠨ ᠮᠡᠳᠡᠭᠦᠯᠦᠯᠲᠡ ᠬᠢᠬᠦ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠬᠢᠬᠦ᠂ | ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠣᠳᠣᠯᠲᠠ ᠬᠢᠬᠦ ᠵᠡᠷᠭᠡ ᠳᠦᠷᠢᠮ ᠢ ᠪᠠᠷᠢᠮᠲᠠᠯᠠᠨ᠎ᠠ᠃ ᠨᠠᠮ ᠤᠨ | ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠢ | ᠭᠦᠨᠵᠡᠭᠡᠶ ᠲᠦᠯᠬᠢᠨ ᠠᠬᠢᠭᠤᠯᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠢ ᠬᠡᠷᠡᠭᠵᠢᠭᠦᠯᠬᠦ ᠨᠠᠷᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠵᠠᠷᠤᠳᠠᠯ︾ ᠢ ᠴᠢᠩᠭ᠎ᠠ ᠬᠢᠵᠠᠭᠠᠷᠯᠠᠵᠤ᠂ ᠭᠤᠤᠯᠳᠠᠯᠭ᠎ᠠ ᠲᠠᠢ | ᠬᠦᠷᠢᠶᠡᠨ ᠳᠠᠬᠢ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠨ᠂ ᠠᠵᠢᠯ ᠬᠢᠬᠦ ᠦᠭᠡᠢ᠂ ᠤᠳᠠᠭᠠᠨ ᠬᠢᠬᠦ᠂ ᠬᠤᠳᠠᠯ ᠢᠶᠠᠷ ᠬᠢᠬᠦ᠂ ᠳᠤᠷ᠎ᠠ ᠪᠠᠷ ᠢᠶᠠᠨ ᠬᠢᠬᠦ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠪᠠ ᠰᠠᠬᠢᠯᠭ᠎ᠠ ᠪᠠᠲᠤ ᠶᠢᠨ | ᠬᠥᠮᠦᠵᠢᠯ ᠢ ᠴᠢᠩᠭᠠᠳᠬᠠᠨ᠂ ᠠᠷᠢᠭᠤᠨ ᠴᠢᠬᠡᠴᠢ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ︵ᠭᠤᠷᠪᠠ︶ ᠠᠵᠢᠯᠴᠢ ᠬᠢᠴᠢᠶᠡᠩᠭᠦᠶ ᠪᠠᠷ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠶᠢ ᠪᠠᠷᠢᠮᠲᠠᠯᠠᠵᠤ᠂ | ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠦᠨᠡᠨᠬᠦ ᠦᠢᠯᠡᠳᠦᠯᠬᠡ ᠶᠢ ᠵᠢᠯᠣᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠡᠭᠦᠷᠭᠡ ᠲᠤᠰᠢᠶᠠᠯ ᠢᠶᠠᠨ ᠬᠢᠴᠢᠶᠡᠩᠬᠦᠶᠢᠯᠡᠨ ᠬᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠵᠣᠷᠢᠭᠲᠠᠶ ᠠᠵᠢᠯᠯᠠᠵᠤ᠂ ᠵᠠᠰᠠᠭ ᠵᠠᠬᠢᠷᠭᠠᠨ ᠤ ᠬᠦᠢᠴᠡᠳᠬᠡᠬᠦ ᠬᠦᠴᠦᠨ ᠢ ᠦᠨᠡᠨᠬᠦ ᠳᠡᠭᠡᠭᠰᠢᠯᠡᠭᠦᠯᠵᠦ᠂ | ᠦᠢᠯᠡᠴᠢᠯᠡᠬᠦ ᠴᠢᠳᠠᠪᠤᠷᠢ ᠪᠠ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠣᠷᠢᠯᠲᠠ ᠶᠢᠨ | ᠦᠵᠡᠯ ᠤᠬᠠᠮᠰᠠᠷ ᠢ ᠴᠢᠩᠭᠠᠳᠬᠠᠵᠤ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠦᠢᠯᠡᠴᠢᠯᠡᠵᠦ᠂ ᠪᠣᠳᠠᠲᠠᠶ | ᠠᠮᠵᠢᠯᠲᠠ ᠪᠦᠲᠦᠮᠵᠢ ᠪᠠᠷ ᠢᠶᠠᠨ ᠢᠲᠡᠭᠡᠯ ᠣᠯᠵᠤ᠂ ᠬᠥᠭᠵᠢᠯᠲᠡ ᠶᠢᠨ ᠦᠷ᠎ᠡ ᠪᠦᠲᠦᠭᠡᠯ ᠢᠶᠠᠷ ᠢᠶᠠᠨ ᠪᠤᠶᠠᠨ | ᠦᠢᠯᠡᠳᠴᠦ᠂ ᠦᠢᠯᠡᠳᠦᠯᠬᠡ᠂ ᠠᠷᠠᠳ ᠲᠦᠮᠡᠨ᠂ ᠲᠡᠤᠬᠡ ᠶᠢᠨ ᠰᠢᠯᠭᠠᠯᠲᠠ ᠶᠢ ᠳᠠᠭᠠᠭᠠᠵᠤ ᠲᠡᠶᠢᠯᠬᠦ ᠪᠣᠳᠠᠲᠤ | ᠠᠮᠵᠢᠯᠲᠠ ᠶᠢ ᠲᠠᠰᠤᠷᠠᠯᠲᠠ ᠦᠭᠡᠢ ᠭᠠᠷᠭᠠᠬᠤ ᠬᠡᠷᠡᠭᠲᠡᠶ᠃ | ᠨᠥᠬᠦᠳ ᠡ᠂ ᠰᠢᠨ᠎ᠡ ᠴᠠᠭ ᠣᠶᠶ᠎ᠠ ᠳᠤ ᠰᠢᠨ᠎ᠡ ᠬᠠᠷᠠᠯᠲᠠ᠂ ᠰᠢᠨ᠎ᠡ ᠠᠮᠵᠢᠯᠲᠠ ᠭᠠᠷᠭᠠᠬᠤ ᠬᠡᠷᠡᠭᠲᠡᠶ᠃ ᠪᠢᠳᠡ | ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ | ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠡᠭᠦᠷᠢᠳᠡ ᠬᠤᠪᠢᠷᠠᠰᠢ ᠦᠭᠡᠢ ᠣᠶᠤᠨ ᠰᠠᠨᠠᠭᠠᠨ ᠤ | ᠳᠦᠷᠰᠦ ᠪᠠᠶᠢᠳᠠᠯ ᠪᠣᠯᠤᠨ ᠲᠡᠮᠡᠴᠡᠯ ᠤᠨ ᠳᠦᠷᠢ ᠲᠥᠷᠬᠦ ᠪᠠᠷ ᠯᠠᠪᠳᠠᠭᠤᠨ ᠪᠠᠲᠤᠲᠠᠶ ᠠᠵᠢᠯᠯᠠᠵᠤ᠂ ᠠᠵᠤ ᠠᠬᠤᠶ | ᠨᠡᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠦᠶ᠎ᠡ︕ |