ᠤᠯᠠᠭᠠᠶ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠣᠭᠤᠶᠢᠯᠠᠩ ᠤᠨ ᠠᠯᠪᠠᠨ ᠭᠡᠷ ᠪᠠ ᠵᠢᠭᠠᠨ ᠵᠢᠯᠣᠭᠤᠳᠬᠤ ᠲᠣᠭᠤᠶᠢᠯᠠᠩ ᠤᠨ ᠪᠥᠬᠦᠳᠡ ᠬᠤᠷᠠᠯ ᠵᠢᠴᠢ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2019/9/11
    9 ᠰᠠᠷ᠎ᠠ ᠶᠢᠨ 10 ᠤ ᠡᠳᠦᠷ ᠤᠯᠠᠭᠠᠶ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠣᠭᠤᠶᠢᠯᠠᠩ ᠤᠨ ᠠᠯᠪᠠᠨ ᠭᠡᠷ ᠪᠣᠯᠤᠨ ᠵᠢᠯᠣᠭᠤᠳᠬᠤ ᠲᠣᠭᠤᠶᠢᠯᠠᠩ ᠤᠨ ᠪᠥᠬᠦᠳᠡ ᠬᠤᠷᠠᠯ ᠵᠢᠴᠢ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠤᠨ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠠᠶ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠣᠭᠤᠶᠢᠯᠠᠩ ᠤᠨ ᠠᠯᠪᠠᠨ ᠭᠡᠷ ᠪᠠ ᠵᠢᠯᠣᠭᠤᠳᠬᠤ ᠲᠣᠭᠤᠶᠢᠯᠠᠩ ᠤᠨ ᠠᠵᠢᠯ ᠳᠤ ᠲᠤᠰᠬᠠᠶ ᠰᠡᠳᠦᠪᠲᠦ ᠪᠣᠯᠪᠠᠰᠤᠷᠠᠯ ᠪᠠ ᠲᠣᠭᠤᠶᠢᠯᠠᠩ ᠬᠤᠪᠢᠶᠠᠨ ᠶᠠᠷᠢᠯᠴᠠᠭ᠎ᠠ ᠬᠢᠪᠡ᠃    ᠤᠯᠠᠭᠠᠶ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠠᠩ ᠰᠢᠤᠸᠠᠢ ᠯᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠴᠠᠩ ᠰᠢᠤᠸᠠᠢ ᠯᠢᠨ ᠵᠢᠭᠠᠵᠤ ᠭᠠᠷᠭᠠᠭᠰᠠᠨ ᠨᠢ᠄    ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠦᠢᠴᠡᠳ ᠲᠠᠨᠢᠬᠤ ᠬᠡᠷᠡᠭᠲᠡᠶ᠃ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠲᠡᠭᠳᠣ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠤᠳᠤᠷᠢᠳᠬᠤ ᠲᠣᠭᠤᠶᠢᠯᠠᠩ ᠤᠨ ᠲᠤᠰᠢᠶᠠᠭᠰᠠᠨ ᠠᠵᠢᠯ ᠨᠢᠭᠡᠪᠦᠷᠢ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃    ᠠᠵᠢᠯ ᠶᠢᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠭᠤᠤᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠵᠥᠪᠯᠡᠭᠴᠢ ᠬᠠᠪᠰᠤᠷᠤᠭᠴᠢ ᠶᠢᠨ ᠦᠢᠯᠡᠳᠣᠯ ᠢᠶᠠᠨ ᠦᠨᠡᠨᠬᠦ ᠰᠠᠶᠢᠲᠤᠷ ᠪᠠᠳᠠᠷᠠᠭᠤᠯᠵᠤ᠂ ᠵᠢᠭᠠᠨ ᠵᠢᠯᠣᠭᠤᠳᠬᠤ ᠳᠤᠭᠤᠶᠢᠯᠠᠩ ᠨᠢ ᠰᠢᠮᠳᠠᠭᠤᠯᠤᠨ ᠵᠢᠯᠣᠭᠤᠳᠬᠤ ᠦᠢᠯᠡᠳᠣᠯ ᠢᠶᠠᠨ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ᠃ ᠣᠯᠣᠯᠴᠠᠭ᠎ᠠ ᠳᠤ ᠵᠣᠯᠭᠠᠯᠴᠠᠭ᠎ᠠ ᠶᠢ ᠰᠠᠶᠢᠲᠤᠷ ᠬᠢᠵᠦ᠂ ᠵᠢᠯᠣᠭᠤᠳᠬᠤ ᠭᠤᠤᠯᠳᠠᠯᠭ᠎ᠠ ᠶᠢ ᠪᠣᠳᠠᠲᠠᠶ ᠠᠳᠬᠤᠬᠤ ᠬᠡᠷᠡᠭᠲᠡᠶ᠃ ᠬᠠᠷᠠᠯᠲᠠ ᠶᠢᠨ ᠱᠠᠭᠠᠷᠳᠠᠯᠭ᠎ᠠ ᠶᠢ ᠡᠵᠡᠮᠳᠡᠵᠦ᠂ ᠠᠷᠭ᠎ᠠ ᠬᠡᠯᠪᠡᠷᠢ ᠶᠢ ᠡᠷᠬᠢᠮᠯᠡᠵᠦ᠂ ᠲᠤᠷᠰᠢᠯᠭ᠎ᠠ ᠪᠠᠨ ᠳ᠋ᠦᠩᠨᠡᠬᠦ ᠳᠡᠭᠡᠨ ᠴᠢᠳᠠᠮᠠᠭᠠᠶ ᠪᠠᠶᠢᠬᠤ ᠬᠡᠷᠡᠭᠲᠡᠶ᠃    ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠴᠠᠭᠠᠷᠠᠭᠰᠠᠨ ᠰᠤᠷᠲᠠᠯ ᠤᠨ ᠪᠠᠶᠢᠭᠤᠯᠣᠯᠳᠠ ᠪᠠᠷ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ᠃ ᠰᠤᠷᠤᠯᠴᠠᠯᠭ᠎ᠠ ᠪᠠᠨ ᠴᠢᠩᠭᠠᠳᠬᠠᠵᠤ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠪᠦᠯᠬᠦᠮᠳᠡᠨ ᠬᠠᠮᠵᠢᠯᠴᠠᠵᠤ᠂ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠬᠡᠯᠪᠡᠷᠢ ᠶᠢᠨ ᠦᠵᠡᠯ ᠢ ᠴᠢᠩᠭ᠎ᠠ ᠴᠡᠭᠡᠷᠯᠡᠨ᠎ᠡ᠃    ᠲᠡᠭᠡᠳᠣ ᠬᠡᠮᠵᠢᠶᠡᠨ ᠤ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠰᠠᠶᠢᠨ ᠰᠠᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠨᠠᠮ ᠤᠨ ᠠᠵᠢᠯᠯᠠᠬᠤ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠢᠳᠠᠪᠤᠷᠢᠵᠢᠭᠤᠯᠬᠤ᠂ ᠠᠵᠢᠯ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠨᠠᠮ ᠤᠨ ᠠᠵᠢᠯᠯᠠᠬᠤ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠣᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠠᠮ ᠤᠨ ᠠᠵᠢᠯᠯᠠᠬᠤ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠣᠭᠤᠶᠢᠯᠠᠩ ᠤᠨ ᠠᠯᠪᠠᠨ ᠭᠡᠷ ᠤᠨ ᠪᠦᠷᠢᠯᠳᠦᠬᠦᠨ᠂ ᠵᠢᠯᠣᠭᠤᠳᠬᠤ ᠲᠣᠭᠤᠶᠢᠯᠠᠩ ᠤᠨ ᠨᠡᠷᠡᠰ ᠵᠢᠴᠢ ᠭᠤᠤᠯ ᠡᠭᠦᠷᠭᠡ ᠬᠠᠷᠢᠭᠤᠴᠠᠯᠭ᠎ᠠ ᠶᠢ ᠤᠩᠰᠢᠨ ᠨᠡᠶᠢᠲᠡᠯᠡᠭᠰᠡᠨ ᠪᠥᠭᠡᠳ ᠲᠤᠰᠬᠠᠶ ᠰᠡᠳᠦᠪᠲᠦ ᠪᠣᠯᠪᠠᠰᠤᠷᠠᠯ ᠪᠠ ᠲᠣᠭᠤᠶᠢᠯᠠᠩ ᠬᠤᠪᠢᠶᠠᠨ ᠶᠠᠷᠢᠯᠴᠠᠪᠠ᠃     ᠨᠠᠮ ᠤᠨ ᠠᠵᠢᠯᠯᠠᠬᠤ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠣᠭᠤᠶᠢᠯᠠᠩ ᠤᠨ ᠠᠯᠪᠠᠨ ᠭᠡᠷ᠂ ᠵᠢᠯᠣᠭᠤᠳᠬᠤ ᠲᠣᠭᠤᠶᠢᠯᠠᠩ ᠬᠤᠷᠠᠯ ᠳᠤ ᠣᠷᠣᠯᠴᠠᠪᠠ᠃  
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号