ᠤᠯᠠᠭᠠᠢ ᠬᠠᠮᠢᠶᠠᠷᠣᠯᠳᠠ ᠶᠢᠨ ᠣᠷᠣᠨ ᠤ 2019 ᠣᠨ ᠤ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠲᠠᠢ ᠮᠠᠯ ᠤᠨᠤᠭ᠎ᠠ ᠶᠢ ᠠᠯᠠᠬᠤ ᠨᠥᠬᠦᠪᠥᠷᠢ ᠶᠢᠨ ᠪᠡᠯᠡ ᠮᠥᠩᠭᠦ ᠶᠢᠨ ᠵᠠᠷᠯᠠᠯ
ᠨᠡᠶᠢᠲᠡᠯᠡᠭᠰᠡᠨ ᠴᠠᠭ᠄
2019-09-16
    ᠥᠷᠭᠡᠨ ᠣᠯᠠᠨ ᠮᠠᠯᠴᠢᠨ ᠲᠠᠷᠢᠶᠠᠴᠢᠨ ᠡᠷᠦᠬᠡ᠄    ︽ᠤᠯᠠᠭᠠᠢ ᠬᠠᠮᠢᠶᠠᠷᠣᠯᠳᠠ ᠶᠢᠨ ᠣᠷᠣᠨ ᠤ 2019 ᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠬᠡᠷᠡᠭᠵᠢᠭᠦᠯᠬᠦ ᠲᠥᠰᠦᠯ︾ ᠶᠣᠰᠣᠭᠠᠷ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠰᠤᠭᠤᠴᠢᠨ ᠪᠠᠢᠴᠠᠭᠠᠬᠤ ᠠᠵᠢᠯ ᠢ ᠢᠳᠡᠪᠬᠢᠲᠡᠢ ᠥᠷᠨᠢᠭᠦᠯᠦᠨ᠎ᠡ᠃ ᠣᠳᠣᠬᠠᠨ ᠳᠤ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ ᠢ ᠰᠤᠭᠤᠯᠤᠨ ᠪᠠᠶᠢᠴᠠᠭᠠᠬᠤ ᠠᠵᠢᠯ ᠨᠢᠭᠡᠨᠲᠡ ᠳᠠᠭᠤᠰᠴᠠᠶ᠃ ᠨᠡᠶᠢᠲᠡ 2.6324 ᠲᠦᠮᠡᠨ ᠲᠣᠯᠣᠭᠠᠢ ︵ᠬᠤᠨᠢ 1.82 ᠲᠦᠮᠡᠨ ᠲᠣᠯᠣᠭᠠᠢ᠂ ᠦᠬᠡᠷ 0.9842 ᠲᠦᠮᠡᠨ ᠲᠣᠯᠣᠭᠠᠢ︶ ᠶᠢ ᠰᠣᠩᠭᠤᠨ ᠪᠠᠶᠢᠴᠠᠭᠠᠵᠤ᠂ 9 ᠲᠣᠯᠣᠭᠠᠢ ︵ᠬᠤᠴᠠ 2 ᠲᠣᠯᠣᠭᠠᠢ᠂ ᠡᠮ᠎ᠡ ᠬᠤᠨᠢ 7 ᠲᠣᠯᠣᠭᠠᠢ︶ ᠶᠢ ᠰᠣᠩᠭᠤᠨ ᠪᠠᠶᠢᠴᠠᠭᠠᠵᠤ᠂ ᠠᠷᠭ᠎ᠠ ᠶᠢᠨ ᠨᠣᠷᠮ᠎ᠠ 0.05 % ᠳᠤ ᠬᠦᠷᠴᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠨᠢ ᠬᠢᠵᠠᠭᠠᠷᠯᠠᠬᠤ ᠪᠠᠷᠢᠮᠵᠢᠶ᠎ᠠ ᠶᠢᠨ ᠬᠡᠪᠴᠢᠶᠡᠨ ᠳᠤ ᠪᠠᠶᠢᠨ᠎ᠠ᠃ ᠠᠯᠠᠵᠤ ᠳᠠᠭᠤᠰᠬᠠᠬᠤ ᠳᠤ ᠬᠤᠯᠪᠣᠭᠳᠠᠭᠰᠠᠨ ᠨᠥᠬᠦᠪᠥᠷᠢ ᠶᠢᠨ ᠪᠡᠯᠡ ᠮᠥᠩᠭᠦ ᠨᠡᠶᠢᠲᠡ 0.8 ᠲᠦᠮᠡᠨ ᠲᠥᠭᠦᠷᠢᠭ᠃ ᠱᠠᠭᠠᠷᠳᠠᠯᠭ᠎ᠠ ᠶᠣᠰᠣᠭᠠᠷ᠂ ᠮᠠᠯ ᠤᠨᠤᠭ᠎ᠠ ᠶᠢ ᠪᠦᠬᠦᠨ ᠢ ᠠᠯᠠᠵᠤ ᠬᠤᠤᠷ ᠦᠬᠡᠶᠢᠳᠡᠬᠦᠯᠦᠨ ᠰᠢᠢᠳᠪᠦᠷᠢᠯᠡᠪᠡ᠃ ᠡᠳᠦᠭᠡ ᠠᠷᠭ᠎ᠠ ᠢᠮᠠᠭᠠᠨ ᠤ ᠮᠠᠯᠴᠢᠨ ᠡᠷᠦᠬᠡ ᠶᠢ ᠪᠠᠶᠢᠴᠠᠭᠠᠵᠤ ᠭᠠᠷᠭᠠᠭᠰᠠᠨ ᠨᠡᠷᠡᠰ ᠵᠢᠴᠢ ᠨᠥᠬᠦᠪᠥᠷᠢ ᠪᠠᠯᠠ ᠮᠥᠩᠭᠦ ᠶᠢ ᠵᠠᠷᠯᠠᠨ ᠨᠡᠶᠢᠳᠡᠯᠡᠪᠡ᠂ ᠵᠠᠷᠯᠠᠨ ᠨᠡᠶᠢᠲᠡᠯᠡᠬᠦ ᠴᠠᠭ ᠨᠢ 7 ᠡᠳᠦᠷ ︵2019 ᠤᠨ 9 ᠰᠠᠷ᠎ᠠ ᠶᠢᠨ 9 ᠤ ᠡᠳᠦᠷ — 2019 ᠤᠨ 9 ᠰᠠᠷ᠎ᠠ ᠶᠢᠨ 16 ᠤ ᠡᠳᠦᠷ︶ ᠪᠣᠯᠤᠨ᠎ᠠ᠂ ᠥᠷᠭᠡᠨ ᠣᠯᠠᠨ ᠮᠠᠯᠴᠢᠨ ᠲᠠᠷᠢᠶᠠᠴᠢᠨ ᠪᠣᠯᠤᠨ ᠨᠡᠢᠭᠡᠮ ᠤᠨ ᠡᠯ᠎ᠡ ᠡᠲᠡᠭᠡᠳ ᠤᠨ ᠬᠢᠨ ᠬᠢᠨᠠᠯᠲᠠ ᠲᠠᠯᠪᠢᠵᠤ ᠢᠯᠡᠴᠢᠯᠡᠨ ᠮᠡᠳᠡᠬᠦᠯᠦᠬᠡᠷᠡᠢ᠃    ᠳᠠᠭᠠᠯᠳᠤᠭᠤᠯᠤᠯ᠄ ᠤᠯᠠᠭᠠᠢ ᠬᠠᠮᠢᠶᠠᠷᠣᠯᠳᠠ ᠶᠢᠨ ᠣᠷᠣᠨ ᠤ 2019 ᠣᠨ ᠤ ᠮᠠᠯ ᠤᠨᠤᠭ᠎ᠠ ᠶᠢᠨ ᠬᠤᠭᠤᠷᠣᠨᠳᠣᠬᠢ ᠪᠷᠦ᠋ᠼᠧᠯ ᠬᠤᠨᠢ ᠠᠯᠠᠵᠤ ᠨᠢᠲᠤᠯᠬᠤ ᠨᠥᠬᠦᠪᠥᠷᠢ ᠶᠢᠨ ᠬᠤᠷᠢᠶᠠᠩᠭᠤᠶ ᠬᠦᠰᠦᠨᠦᠭᠲᠦ    ᠢᠯᠡᠴᠢᠯᠡᠨ ᠮᠡᠳᠡᠭᠦᠯᠬᠦ ᠳ᠋ᠢᠶᠠᠩᠬᠤᠸᠠ᠄ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 0479 — 3350511    ᠤᠯᠠᠭᠠᠶ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ    2019 ᠤᠨ 9 ᠰᠠᠷ᠎ᠠ ᠶᠢᠨ 9 ᠤ ᠡᠳᠦᠷ  
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号