ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠩ ᠵᠦ ᠨᠠᠷ ᠡᠯ᠎ᠡ ᠲᠠᠯᠠᠪᠠᠢ ᠪᠠᠯᠭᠠᠰᠤ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019/9/4
    8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 2 ᠤᠨ ᠡᠳᠦᠷ ᠪᠣᠯᠲᠠᠯ᠎ᠠ᠂ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠩ ᠵᠦ᠂ ᠬᠠᠮᠢᠶᠠᠷᠣᠯᠳᠠ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠸᠠᠩ ᠯᠢ ᠵᠢᠶᠦ᠋ᠨ ᠨᠡᠷ ᠡᠯ᠎ᠡ ᠲᠠᠯᠠᠪᠠᠢ ᠪᠠᠯᠭᠠᠰᠤ ᠳᠤ ᠭᠦᠨᠵᠡᠭᠡᠶᠢᠷᠡᠵᠦ᠂ ᠨᠠᠮᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠢᠳᠠᠯ ᠤᠨ ᠲᠤᠬᠠᠶ ᠪᠠᠶᠢᠴᠠᠭᠠᠯᠳᠠ ᠰᠤᠳᠤᠯᠤᠯᠲᠠ ᠬᠢᠵᠡᠶ᠃     ᠯᠢᠩ ᠵᠦ ᠨᠠᠷ ᠤᠷᠢᠳ ᠬᠤᠵᠢᠳ ᠤᠯᠠᠭᠠᠶ ᠮᠠᠯᠵᠢᠯ ᠤᠨ ᠲᠠᠯᠠᠪᠠᠢ ᠶᠢᠨ ᠮᠠᠯᠴᠢᠨ ᠲᠠᠷᠢᠶᠠᠴᠢᠨ ᠡᠷᠦᠬᠡ ᠯᠢᠦ ᠵᠢᠩ ᠯᠢᠶᠠᠩ᠂ ᠱᠤᠤ ᠹᠦ᠋ ᠵᠢᠶᠦ᠋ᠨ᠂ ᠰᠡᠩᠭᠡ᠂ ᠸᠠᠩ ᠢ ᠫᠢᠩ᠂ ᠬᠡᠰᠡᠭ ᠠᠭᠤᠯᠠ ᠮᠠᠯᠵᠢᠯ ᠤᠨ ᠲᠠᠯᠠᠪᠠᠢ ᠶᠢᠨ ᠮᠠᠯᠴᠢᠨ ᠡᠷᠦᠬᠡ ᠯᠦᠸᠧ ᡁᠢ ᠳ᠋ᠠ᠂ ᠸᠠᠩ ᠹᠧᠩ ᠴᠢᠨ᠂ ᠬᠠᠯᠠᠭᠠᠶᠢᠳᠣ ᠲᠠᠷᠢᠶᠠᠯᠠᠩ ᠮᠠᠯᠵᠢᠯ ᠤᠨ ᠲᠠᠯᠠᠪᠠᠢ ᠶᠢᠨ ᠮᠠᠯᠴᠢᠨ ᠡᠷᠦᠬᠡ  ᠪᠦᠬᠡ ᠴᠢᠯᠠᠭᠤ᠂ ᠪᠠᠶᠠᠨᠬᠤᠰᠢᠭᠤ ᠪᠠᠯᠭᠠᠰᠤᠨ ᠤ ᠮᠠᠯᠴᠢᠨ ᠲᠠᠷᠢᠶᠠᠴᠢᠨ ᠡᠷᠦᠬᠡ ᠮᠠ ᠶᠦᠩ ᠴᠢᠩ᠂ ᠴᠢᠶᠠᠨ ᠶᠧᠦ ᠰᠢᠦ᠂ ᠰᠢᠤᠢ ᠹᠧᠩ ᠽᠠᠢ ᠶᠢᠨ ᠭᠡᠷ ᠲᠤ ᠬᠦᠷᠴᠦ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠦᠵᠡᠵᠦ᠂ ᠡᠪᠡᠰᠦ ᠬᠠᠳᠤᠵᠤ ᠬᠤᠷᠢᠶᠠᠬᠤ᠂ ᠲᠠᠷᠢᠮᠠᠯ ᠬᠠᠳᠤᠵᠤ ᠬᠤᠷᠢᠶᠠᠬᠤ᠂ ᠮᠠᠯ ᠤᠨ ᠡᠭᠦᠯᠳᠡᠷ ᠤᠨ ᠪᠦᠲᠦᠴᠡ᠂ ᠮᠠᠯ ᠬᠤᠳᠠᠯᠳᠤᠬᠤ᠂ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ᠂ ᠮᠠᠯᠴᠢᠳ ᠤᠨ ᠦᠷ᠎ᠡ ᠬᠡᠦᠬᠡᠳ ᠤᠨ ᠠᠵᠢᠯ ᠣᠯᠭᠤᠯᠲᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ᠃    ᠯᠢᠩ ᠵᠦ ᠴᠢᠬᠤᠯᠠᠴᠢᠯᠠᠭᠰᠠᠨ ᠨᠢ᠂ ᠨᠢᠭᠡ ᠳᠤ᠂ ᠨᠠᠮᠤᠷ ᠤᠨ ᠤᠯᠠᠷᠢᠯ ᠤᠨ ᠡᠪᠡᠰᠦ ᠬᠠᠳᠤᠵᠤ ᠨᠥᠭᠡᠴᠡᠯᠡᠬᠦ ᠠᠵᠢᠯ ᠢ ᠰᠠᠶᠢᠲᠤᠷ ᠠᠳᠬᠤᠵᠤ᠂ ᠴᠠᠭ ᠲᠣᠬᠢᠶᠠᠯ ᠢ ᠠᠮᠵᠢᠨ᠂ ᠰᠢᠨᠵᠢᠯᠡᠬᠦ ᠤᠬᠠᠭᠠᠨᠴᠢ ᠪᠠᠷ ᠨᠥᠭᠡᠴᠡᠯᠡᠵᠦ᠂ ᠡᠪᠡᠰᠦ ᠬᠠᠳᠤᠵᠤ ᠬᠠᠳᠠᠭᠠᠯᠠᠬᠤ᠂ ᠨᠣᠭᠤᠭᠠᠨ ᠢᠶᠠᠷ ᠨᠥᠭᠡᠴᠡᠯᠡᠬᠦ ᠠᠵᠢᠯ ᠢ ᠭᠠᠮᠰᠢᠭ ᠢ ᠰᠡᠷᠭᠡᠶᠢᠯᠡᠵᠦ ᠮᠠᠯ ᠰᠦᠷᠦᠭ ᠢᠶᠠᠨ ᠬᠠᠮᠠᠭᠠᠯᠠᠬᠤ᠂ ᠪᠡᠯᠴᠢᠭᠡᠷ ᠥᠨᠵᠢᠭᠦᠯᠵᠦ ᠬᠠᠰᠢᠶᠠᠯᠠᠨ ᠲᠡᠵᠢᠭᠡᠬᠦ ᠵᠡᠷᠭᠡ ᠲᠠᠢ ᠤᠶᠠᠯᠳᠤᠭᠤᠯᠵᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠡᠪᠡᠰᠦ ᠪᠣᠷᠳᠤᠭ᠎ᠠ ᠶᠢ ᠵᠦᠶ ᠵᠣᠬᠢᠰᠲᠠᠶ ᠨᠥᠭᠡᠴᠡᠯᠡᠵᠦ᠂ ᠢᠷᠡᠬᠦ ᠵᠢᠯ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠮᠠᠯ ᠤᠨ ᠭᠠᠷᠭᠠᠯᠲᠠ ᠶᠢ ᠰᠠᠶᠢᠲᠤᠷ ᠠᠳᠬᠤᠵᠤ᠂ ᠲᠠᠷᠢᠶᠠᠴᠢᠨ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠣᠳᠣᠬᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠰᠠᠶᠢᠨ  ᠪᠠᠶᠢᠭ᠎ᠠ ᠴᠠᠭ ᠲᠣᠬᠢᠶᠠᠯ ᠢᠶᠠᠷ ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠣᠷᠢᠵᠢᠭᠤᠯᠬᠤ᠂ ᠠᠵᠢᠭᠯᠠᠬᠤ ᠰᠡᠳᠬᠡᠯᠬᠡ᠂ ᠬᠤᠳᠠᠯᠳᠤᠬᠤ ᠠᠴᠠ ᠪᠠᠨ ᠬᠠᠶᠢᠷᠠᠯᠠᠬᠤ ᠶᠢ ᠲᠡᠪᠴᠢᠵᠦ᠂ ᠢᠯᠡᠭᠦᠦ ᠭᠠᠷᠭᠠᠬᠤ᠂ ᠡᠷᠲᠡ ᠭᠠᠷᠭᠠᠬᠤ᠂ ᠲᠦᠷᠭᠡᠨ ᠭᠠᠷᠭᠠᠬᠤ ᠶᠢ ᠪᠠᠷᠢᠮᠳᠠᠯᠠᠵᠦ᠂ ᠠᠷᠠᠴᠢᠯᠠᠨ ᠲᠡᠵᠢᠭᠡᠬᠦ ᠥᠪᠡᠷ ᠤᠨ ᠥᠷᠲᠡᠭ ᠪᠣᠯᠤᠨ ᠡᠵᠡᠩᠨᠡᠯᠲᠡ ᠶᠢᠨ ᠲᠦᠭᠰᠢᠭᠦᠷᠢ ᠶᠢ ᠪᠠᠭᠤᠷᠠᠭᠤᠯᠬᠤ ᠬᠡᠷᠡᠭᠲᠡᠢ᠃ ︽ᠬᠤᠨᠢ ᠶᠢ ᠴᠥᠭᠡᠳᠬᠡᠵᠦ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠰᠠᠶᠢᠲᠤᠷ ᠠᠳᠬᠤᠵᠤ᠂ ᠨᠡᠶᠢᠲᠡᠯᠢᠭ ᠡᠷᠦᠬᠡ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ︽ᠬᠤᠨᠢ ᠶᠢ ᠴᠥᠭᠡᠳᠬᠡᠵᠦ ᠦᠬᠡᠷ ᠢ ᠨᠡᠮᠡᠭᠳᠡᠭᠦᠯᠬᠦ︾ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠂ ᠲᠠᠷᠢᠮᠠᠯ ᠤᠨ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠨᠣᠭᠤᠭᠠᠨ ᠢᠶᠠᠷ ᠨᠥᠭᠡᠴᠡᠯᠡᠬᠦ ᠲᠠᠷᠢᠮᠠᠯ ᠤᠨ ᠬᠠᠷᠢᠴᠠᠯ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠲᠠᠯ᠎ᠠ ᠨᠤᠲᠤᠭ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠳᠥᠷᠪᠡ ᠳᠤ ᠲᠠᠷᠢᠮᠠᠯ ᠤᠨ ᠵᠦᠢᠯ ᠢ ᠬᠠᠳᠤᠵᠤ ᠬᠤᠷᠢᠶᠠᠬᠤ ᠠᠵᠢᠯ ᠢ ᠰᠠᠶᠢᠲᠤᠷ ᠠᠳᠬᠤᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠲᠠᠯᠠᠪᠠᠢ ᠪᠠᠯᠭᠠᠰᠤ ᠨᠤᠭᠤᠳ ᠭᠠᠮᠰᠢᠭ ᠤᠨ ᠴᠠᠭ ᠠᠭᠤᠷ ᠤᠨ ᠰᠡᠷᠡᠮᠵᠢᠯᠡᠭᠦᠯᠦᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠴᠢᠳ ᠢ ᠵᠢᠯᠣᠭᠤᠳᠤᠨ ᠴᠠᠭ ᠲᠤᠨᠢ ᠲᠤᠬᠢᠷᠠᠭᠤᠯᠤᠨ ᠡᠷᠲᠡ ᠵᠠᠪᠳᠤᠨ ᠬᠤᠷᠢᠶᠠᠵᠤ᠂ ᠴᠠᠭ ᠲᠤᠬᠠᠶ ᠳᠤᠨᠢ ᠬᠠᠳᠤᠵᠤ ᠬᠠᠲᠠᠭᠠᠵᠤ᠂ ᠴᠠᠭ ᠲᠤᠬᠠᠶ ᠳᠤᠨᠢ ᠬᠤᠷᠢᠶᠠᠬᠤ ᠬᠡᠷᠡᠭᠲᠡᠶ᠃ ᠲᠠᠪᠤ ᠳᠤ ᠲᠠᠷᠢᠶᠠᠯᠠᠩ ᠮᠠᠯ ᠠᠵᠤ ᠠᠬᠤᠢ ᠶᠢᠨ ᠠᠶᠤᠯ ᠦᠭᠡᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠡᠯ᠎ᠡ ᠰᠠᠯᠠᠭ᠎ᠠ ᠮᠥᠴᠢᠷ᠂ ᠡᠯ᠎ᠡ ᠲᠠᠯᠠᠪᠠᠢ ᠪᠠᠯᠭᠠᠰᠤ ᠨᠤᠭᠤᠳ ᠨᠠᠮᠤᠷ ᠤᠨ ᠤᠯᠠᠷᠢᠯ ᠤᠨ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠪᠠᠨ ᠴᠢᠩᠭᠠᠳᠬᠠᠨ᠂ ᠲᠠᠷᠢᠶᠠᠴᠢᠨ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠨ ᠭᠠᠵᠠᠷ ᠢ ᠵᠢᠷᠦᠮᠵᠢᠭᠤᠨ ᠠᠵᠢᠯᠯᠠᠭᠤᠯᠵᠤ᠂ ᠠᠶᠤᠯ ᠦᠭᠡᠢ ᠪᠠᠷ ᠲᠡᠷᠭᠡ ᠵᠢᠯᠣᠭᠤᠳᠬᠤ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠡᠯ᠎ᠡ ᠲᠥᠷᠥᠯ ᠤᠨ ᠠᠳᠡᠯ ᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ᠃ ᠵᠢᠷᠭᠤᠭ᠎ᠠ ᠳᠤ ᠨᠠᠮᠤᠷ ᠤᠨ ᠤᠯᠠᠷᠢᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠡᠯ᠎ᠡ ᠲᠠᠯᠠᠪᠠᠢ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠭᠠᠯ ᠰᠡᠷᠭᠡᠶᠢᠯᠡᠬᠦ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠪᠣᠯᠪᠠᠰᠤᠷᠠᠭᠤᠯᠤᠯ ᠢ ᠴᠢᠩᠭᠠᠳᠬᠠᠨ᠂ ᠵᠢᠵᠢᠭᠦᠷ ᠢ ᠴᠢᠩᠭ᠎ᠠ ᠰᠠᠬᠢᠵᠤ᠂ ᠭᠠᠯ ᠤᠨ ᠪᠠᠶᠢᠳᠠᠯ ᠢ ᠠᠷᠢᠯᠭᠠᠬᠤ ᠬᠡᠷᠡᠭᠲᠡᠢ᠃    ᠪᠠᠶᠢᠴᠠᠭᠠᠯᠳᠠ ᠰᠤᠳᠤᠯᠤᠯᠲᠠ ᠶᠢᠨ ᠳᠤᠮᠳᠠ᠂ ᠯᠢᠩ ᠵᠦ ᠨᠠᠷ ᠪᠠᠰᠠ ᠤᠯᠠᠭᠠᠶ ᠭᠤᠤᠯ ᠢᠶᠠᠷ ᠲᠣᠭᠤᠷᠢᠨ ᠪᠠᠶᠢᠴᠠᠭᠠᠯᠳᠠ ᠥᠷᠨᠢᠭᠦᠯᠵᠦ᠂ ᠪᠦᠬᠦ ᠲᠠᠯ᠎ᠠ ᠪᠠᠷ ᠴᠡᠭᠴᠡᠯᠡᠨ ᠵᠠᠰᠠᠬᠤ ᠪᠠ ᠣᠬᠢ ᠰᠠᠶᠢᠨ ᠭᠤᠤᠯ ᠤᠨ ᠠᠷᠠᠯ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠬᠠᠮᠠᠭᠠᠯᠠᠬᠤ ᠶᠢ ᠦᠨᠡᠨᠬᠦ ᠰᠠᠶᠢᠲᠤᠷ ᠠᠳᠬᠤᠵᠤ᠂ ᠵᠠᠮ ᠳᠠᠭᠠᠤ ᠶᠢᠨ ᠬᠤᠭ ᠨᠣᠪᠰᠢ ᠶᠢ ᠴᠡᠪᠡᠷᠯᠡᠬᠦ ᠵᠢᠴᠢ ᠪᠣᠬᠢᠷ ᠤᠰᠤ ᠶᠢ ᠭᠠᠳᠠᠭᠰᠢᠯᠠᠭᠤᠯᠬᠤ ᠵᠡᠷᠭᠡ ᠶᠢ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ︽ᠭᠤᠤᠯ ᠨᠢ ᠢᠯᠭᠤᠮ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠭᠤᠶᠤ︾ ᠤᠰᠤᠨ ᠣᠷᠣᠨ ᠤ ᠣᠷᠴᠢᠨ ᠲᠣᠭᠤᠷᠢᠨ ᠢ ᠬᠦᠴᠦᠯᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠨᠠᠮ ᠵᠠᠰᠠᠭ ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠲᠠᠯᠠᠪᠠᠢ ᠪᠠᠯᠭᠠᠰᠤᠨ ᠤ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠯᠳᠠ ᠰᠤᠳᠤᠯᠤᠯᠲᠠ ᠬᠢᠪᠡ᠃
 
ᠢᠷᠡᠯᠲᠡ᠄ ᠣᠯᠠᠭᠠᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号