ᠠᠮᠠᠷᠠᠯᠲᠠ ᠶᠢᠨ ᠬᠤᠭᠤᠴᠠᠭᠠᠨ ᠳᠤ ᠮᠣᠷᠢᠲᠤ ᠴᠠᠭᠳᠠᠭᠠᠨ ᠤ ᠠᠩᠬᠢ ᠡᠬᠡ ᠤᠯᠤᠰ ᠤᠨ ᠤᠮᠠᠷᠠᠲᠤ ᠬᠢᠯᠢ ᠶᠢ ᠪᠠᠲᠤ ᠰᠠᠬᠢᠵᠤ ᠪᠠᠶᠢᠨ᠎ᠠ
ᠨᠡᠶᠢᠲᠡᠯᠡᠭᠰᠡᠨ ᠴᠠᠭ᠄
2020/10/10
     ᠤᠯᠤᠰ ᠤᠨ ᠪᠠᠶᠠᠷ ᠤᠨ ᠬᠤᠭᠤᠴᠠᠭᠠᠨ ᠳᠤ ᠤᠯᠠᠭᠠᠢ ᠬᠢᠯᠢ ᠶᠢᠨ ᠬᠠᠮᠢᠶᠠᠷᠤᠯᠲᠠ ᠶᠢᠨ ᠶᠡᠭᠡ ᠠᠩᠬᠢ ᠶᠢᠨ ᠮᠣᠷᠢᠲᠣ ᠴᠠᠭᠳᠠᠭᠠᠨ ᠤ ᠠᠩᠬᠢ ᠶᠢᠨ ᠴᠡᠷᠢᠭ ᠴᠠᠭᠳᠠᠭ᠎ᠠ ᠨᠠᠷ ᠠᠵᠢᠯ ᠤᠨ ᠪᠠᠶᠢᠷᠢ ᠪᠠᠨ ᠪᠠᠲᠤ ᠰᠠᠬᠢᠨ᠂ ᠠᠵᠢᠯ ᠡᠭᠦᠷᠭᠡ ᠪᠠᠨ ᠭᠢᠯᠠᠯᠵᠠᠲᠠᠯ᠎ᠠ ᠪᠡᠶᠡᠯᠡᠭᠦᠯᠦᠨ᠂ ᠡᠬᠡ ᠤᠯᠤᠰ ᠤᠨ ᠳᠠᠷᠬᠠᠨ ᠬᠢᠯᠢ ᠶᠢ ᠰᠠᠬᠢᠨ ᠬᠠᠮᠠᠭᠠᠯᠠᠵᠤ᠂ ᠠᠭᠤᠤ ᠶᠡᠭᠡ ᠡᠬᠡ ᠤᠯᠤᠰ ᠤᠨ ᠢᠶᠠᠨ ᠮᠡᠨᠳᠦᠯᠡᠭᠰᠡᠨ ᠣᠢ ᠶᠢᠨ ᠪᠠᠶᠠᠷ ᠲᠤ ᠦᠪᠡᠷ ᠤᠨ ᠰᠠᠶᠢᠨ ᠰᠠᠶᠢᠬᠠᠨ ᠵᠦᠩᠨᠡᠯ ᠢᠶᠠᠨ ᠳᠡᠪᠰᠢᠭᠦᠯᠦᠨ᠎ᠡ᠃      ᠰᠡᠷᠢᠭᠦᠨ ᠨᠠᠮᠤᠷ ᠤᠨ ᠥᠷᠯᠥᠭᠡ ᠡᠷᠲᠡ᠂ ᠡᠬᠡ ᠤᠯᠤᠰ ᠤᠨ ᠤᠮᠠᠷᠠᠲᠤ ᠬᠢᠯᠢ ᠶᠢᠨ ᠠᠭᠠᠷ ᠤᠨ ᠳᠤᠯᠠᠭᠠᠨ0 ᠭᠧᠷᠠᠳᠦ᠋ᠰ ᠲᠤ ᠣᠶᠢᠷᠠᠳᠴᠤ ᠪᠠᠶᠢᠯ᠎ᠠ᠃ ᠤᠯᠠᠭᠠᠢ ᠬᠢᠯᠢ ᠶᠢᠨ ᠬᠠᠮᠢᠶᠠᠷᠤᠯᠲᠠ ᠶᠢᠨ ᠶᠡᠭᠡ ᠠᠩᠬᠢ ᠶᠢᠨ ᠮᠤᠷᠢᠲᠤ ᠴᠠᠭᠳᠠᠭᠠᠨ ᠤ ᠠᠩᠬᠢ ᠶᠢᠨ ᠪᠦᠬᠦᠶᠢᠯᠡ ᠴᠡᠷᠢᠭ ᠴᠠᠭᠳᠠᠭ᠎ᠠ ᠨᠠᠷ ᠤᠯᠤᠰ ᠤᠨ ᠲᠤᠭ ᠮᠠᠨᠳᠤᠭᠤᠯᠵᠤ᠂ ᠤᠯᠤᠰ ᠤᠨ ᠲᠤᠭ ᠲᠤ ᠲᠠᠩᠭᠠᠷᠢᠭᠯᠠᠨ᠂ ᠪᠠᠲᠤ ᠴᠢᠩᠭ᠎ᠠ ᠰᠠᠬᠢᠯᠭ᠎ᠠ᠂ ᠨᠠᠷᠢᠨ ᠨᠢᠭᠲᠠ ᠠᠵᠢᠯ ᠤᠨ ᠣᠪᠣᠷ ᠢᠶᠠᠷ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠵᠢᠯ ᠢᠶᠠᠨ ᠰᠠᠶᠢᠲᠤᠷ ᠬᠢᠵᠦ᠂ ᠡᠬᠡ ᠤᠯᠤᠰ ᠤᠨ ᠥᠵᠡᠰᠭᠦᠯᠡᠩᠲᠦ ᠰᠠᠶᠢᠬᠠᠨ ᠤᠮᠠᠷᠠᠲᠤ ᠬᠢᠯᠢ ᠪᠠᠨ ᠪᠠᠲᠤ ᠰᠠᠬᠢᠨ᠎ᠠ ᠭᠡᠵᠦ ᠠᠨᠳᠠᠭᠠᠶᠢᠯᠠᠵᠤ  ᠪᠠᠶᠢᠯ᠎ᠠ᠃      ᠤᠯᠤᠰ ᠤᠨ ᠪᠠᠶᠠᠷ ᠤᠨ ᠠᠮᠤᠷ ᠢ ᠬᠠᠮᠠᠭᠠᠯᠠᠬᠤ ᠬᠤᠭᠤᠴᠠᠭᠠᠨ ᠳᠤ᠂ ᠤᠯᠠᠭᠠᠢ ᠬᠢᠯᠢ ᠶᠢᠨ ᠬᠠᠮᠢᠶᠠᠷᠤᠯᠲᠠ ᠶᠢᠨ ᠶᠡᠭᠡ ᠠᠩᠬᠢ ᠶᠢᠨ ᠮᠤᠷᠢᠲᠤ ᠴᠠᠭᠳᠠᠭᠠᠨ ᠤ ᠠᠩᠬᠢ ᠨᠢ ᠤᠶᠠᠨ ᠬᠠᠳᠠᠨ ᠴᠢᠨᠠᠷ ᠢᠶᠠᠷ ᠦᠨᠳᠦᠷ᠂ ᠬᠦᠳᠡᠯᠦᠩᠭᠦᠢ ᠴᠢᠨᠠᠷ ᠢᠶᠠᠷ ᠴᠢᠩᠭ᠎ᠠ ᠵᠡᠷᠭᠡ ᠳᠠᠪᠠᠭᠤᠯᠢᠭ ᠢᠶᠠᠨ ᠪᠠᠳᠠᠷᠠᠭᠤᠯᠤᠨ᠂ ᠴᠢᠬᠤᠯᠠ ᠵᠠᠮ ᠬᠠᠷᠢᠯᠴᠠᠭᠠᠨ ᠤ ᠬᠡᠰᠡᠭ ᠲᠤ ᠪᠢᠲᠡᠭᠦᠮᠵᠢᠯᠡᠨ ᠡᠵᠡᠮᠳᠡᠬᠦ ᠴᠡᠭ ᠲᠣᠬᠢᠷᠠᠭᠤᠯᠤᠨ᠂ ᠬᠠᠷᠢᠶᠠᠲᠤ ᠣᠷᠣᠨ ᠢᠶᠠᠷ ᠣᠷᠣᠵᠣ ᠭᠠᠷᠬᠤ ᠲᠡᠷᠭᠡ ᠤᠨᠤᠭᠠᠨ ᠳᠤ ᠪᠠᠶᠢᠴᠠᠭᠠᠯᠲᠠ ᠬᠢᠵᠦ᠂ ᠳᠠᠩᠰᠠᠯᠠᠨ ᠲᠡᠮᠳᠡᠭᠯᠡᠬᠦ ᠠᠵᠢᠯ ᠢᠶᠠᠨ ᠴᠢᠩᠭᠠᠳᠬᠠᠨ᠂24 ᠴᠠᠭ ᠢᠶᠠᠷ ᠵᠢᠵᠢᠭᠦᠷᠯᠡᠨ ᠰᠠᠬᠢᠵᠤ᠂ ᠠᠮᠤᠷ ᠲᠦᠪᠰᠢᠨ ᠤ ᠳᠠᠯᠳᠠ ᠭᠡᠮ ᠢ ᠪᠦᠲᠦᠮᠵᠢᠲᠡᠢ ᠠᠷᠢᠯᠭᠠᠬᠤ ᠶᠢ ᠪᠠᠲᠤᠯᠠᠵᠤ ᠪᠠᠶᠢᠨ᠎ᠠ᠃      ᠤᠯᠠᠭᠠᠢ ᠶᠢᠨ ᠲᠠᠯ᠎ᠠ ᠨᠤᠲᠤᠭ ᠨᠢ ᠡᠪᠡᠰᠦ  ᠤᠷᠭᠤᠮᠠᠯ ᠢᠭᠴᠤ ᠰᠠᠬᠤᠯᠢᠭ ᠂ ᠡᠬᠡ ᠤᠯᠤᠰ ᠤᠨ ᠤᠮᠠᠷᠠᠲᠤ ᠬᠢᠯᠢ ᠶᠢᠨ ᠱᠤᠭᠤᠮ ᠳᠠᠭᠤ ᠶᠢᠨ ᠣᠯᠠᠩᠬᠢ ᠭᠠᠵᠠᠷ ᠨᠢ ᠨᠠᠮᠤᠭᠲᠤ ᠭᠠᠵᠠᠷ ᠢᠶᠠᠷ ᠭᠤᠣᠯᠯᠠᠳᠠᠭ ᠠᠴᠠ ᠵᠠᠮ ᠨᠡᠪᠲᠡᠷᠡᠯᠭᠡ ᠲᠦᠢᠯ ᠤᠨ ᠳᠦᠭᠦᠮ ᠦᠭᠡᠢ ᠪᠠᠶᠢᠵᠤ᠂ ᠪᠦᠬᠦ ᠵᠢᠯ ᠳᠤ ᠪᠠᠷᠤᠭ 30%᠎ ᠠᠴᠠ ᠳᠡᠭᠡᠭᠰᠢ ᠭᠠᠵᠠᠷ ᠣᠷᠣᠨ ᠳᠤ ᠲᠡᠷᠭᠡ ᠤᠨᠤᠭ᠎ᠠ ᠨᠡᠪᠲᠡᠷᠡᠬᠦ ᠶᠢᠨ ᠠᠷᠭ᠎ᠠ ᠦᠭᠡᠢ ᠪᠠᠶᠢᠳᠠᠭ᠃ ᠡᠨᠡᠬᠦ ᠪᠠᠶᠢᠳᠠᠯ ᠳᠤ ᠴᠢᠭᠯᠡᠭᠦᠯᠡᠨ᠂ ᠤᠯᠠᠭᠠᠢ ᠬᠢᠯᠢ ᠶᠢᠨ ᠬᠠᠮᠢᠶᠠᠷᠤᠯᠲᠠ ᠶᠢᠨ ᠶᠡᠭᠡ ᠠᠩᠬᠢ ᠶᠢᠨ ᠮᠤᠷᠢᠲᠤ ᠴᠠᠭᠳᠠᠭᠠᠨ ᠤ ᠠᠩᠬᠢ ︽ᠡᠭᠦᠷᠭᠡ ᠠᠵᠢᠯ ᠤᠨ ᠬᠤᠪᠢᠶᠠᠷᠢᠯᠠᠯ ᠲᠤᠳᠤᠷᠬᠠᠢ᠂  ᠠᠵᠢᠯᠯᠠᠭ᠎ᠠ ᠶᠢᠨ ᠪᠡᠯᠡᠳᠭᠡᠯ ᠲᠦᠰᠦᠯ ᠲᠣᠳᠤᠷᠬᠠᠢ  ᠂ ᠬᠠᠮᠵᠢᠯᠴᠠᠨ ᠰᠢᠢᠳᠪᠦᠷᠢᠯᠡᠬᠦ ᠠᠷᠭ᠎ᠠ ᠪᠠᠷᠢᠯ ᠪᠦᠷᠢᠨ ᠪᠠᠶᠢᠬᠤ︾ ᠠᠵᠢᠯ ᠤᠨ ᠰᠠᠭᠠᠷᠳᠠᠯᠭ᠎ᠠ ᠪᠠᠷ᠂18 ᠵᠦᠢᠯ ᠤᠨ ᠠᠵᠢᠯ ᠤᠨ ᠳᠦᠷᠢᠮ᠂ ᠪᠠᠴᠢᠮ ᠠᠪᠤᠷᠠᠨ ᠲᠤᠰᠠᠯᠠᠬᠤ ᠪᠣᠯᠤᠨ ᠵᠢᠵᠢᠭᠦᠷᠯᠡᠨ ᠴᠠᠭᠳᠠᠨ ᠲᠣᠭᠤᠷᠢᠬᠤ ᠵᠡᠷᠭᠡ 6 ᠵᠦᠢᠯ ᠤᠨ ᠦᠢᠯᠡᠴᠢᠯᠡᠭᠡᠨ ᠤ ᠲᠦᠰᠦᠯ ᠲᠣᠭᠲᠠᠭᠠᠨ᠂ ᠡᠬᠡ ᠤᠯᠤᠰ ᠤᠨ ᠢᠶᠠᠨ ᠳᠠᠷᠬᠠᠨ ᠬᠢᠯᠢ ᠶᠢᠨ ᠠᠮᠤᠷ ᠲᠣᠭᠲᠠᠭᠤᠨ ᠢ ᠬᠠᠮᠠᠭᠠᠯᠠᠬᠤ ᠳᠤ ᠦᠪᠡᠷ ᠤᠨ ᠭᠡᠰᠡᠨ ᠬᠦᠴᠦᠨ ᠵᠢᠳᠭᠦᠯ ᠢᠶᠠᠨ ᠡᠷᠭᠦᠵᠦ ᠪᠠᠶᠢᠨ᠎ᠠ᠃               ᠴᠢᠮᠡᠭᠯᠡᠭᠴᠢ᠄   ᠬᠤᠷᠸ᠎ᠠ  ᠲᠠᠨ᠎ᠠ  ᠴᠦ᠋ ᠢ               ᠨᠠᠶᠢᠷᠠᠭᠤᠯᠤᠭᠴᠢ᠄ ᠤᠶᠤᠨᠰᠡᠴᠡᠨ    
                               
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠤᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号