ᠤᠯᠤᠰ ᠤᠨ ᠪᠠᠶᠠᠷ ᠤᠨ ᠬᠤᠭᠤᠴᠠᠭᠠᠨ ᠳᠤ ᠤᠯᠠᠭᠠᠢ ᠬᠢᠯᠢ ᠶᠢᠨ ᠬᠠᠮᠢᠶᠠᠷᠤᠯᠲᠠ ᠶᠢᠨ ᠶᠡᠭᠡ ᠠᠩᠬᠢ ᠶᠢᠨ | ᠮᠣᠷᠢᠲᠣ ᠴᠠᠭᠳᠠᠭᠠᠨ ᠤ ᠠᠩᠬᠢ ᠶᠢᠨ ᠴᠡᠷᠢᠭ ᠴᠠᠭᠳᠠᠭ᠎ᠠ ᠨᠠᠷ ᠠᠵᠢᠯ ᠤᠨ ᠪᠠᠶᠢᠷᠢ ᠪᠠᠨ ᠪᠠᠲᠤ ᠰᠠᠬᠢᠨ᠂ ᠠᠵᠢᠯ | ᠡᠭᠦᠷᠭᠡ ᠪᠠᠨ ᠭᠢᠯᠠᠯᠵᠠᠲᠠᠯ᠎ᠠ ᠪᠡᠶᠡᠯᠡᠭᠦᠯᠦᠨ᠂ ᠡᠬᠡ ᠤᠯᠤᠰ ᠤᠨ ᠳᠠᠷᠬᠠᠨ ᠬᠢᠯᠢ ᠶᠢ ᠰᠠᠬᠢᠨ ᠬᠠᠮᠠᠭᠠᠯᠠᠵᠤ᠂ ᠠᠭᠤᠤ | ᠶᠡᠭᠡ ᠡᠬᠡ ᠤᠯᠤᠰ ᠤᠨ ᠢᠶᠠᠨ ᠮᠡᠨᠳᠦᠯᠡᠭᠰᠡᠨ ᠣᠢ ᠶᠢᠨ ᠪᠠᠶᠠᠷ ᠲᠤ ᠦᠪᠡᠷ ᠤᠨ ᠰᠠᠶᠢᠨ ᠰᠠᠶᠢᠬᠠᠨ ᠵᠦᠩᠨᠡᠯ ᠢᠶᠠᠨ | ᠳᠡᠪᠰᠢᠭᠦᠯᠦᠨ᠎ᠡ᠃ | ᠰᠡᠷᠢᠭᠦᠨ ᠨᠠᠮᠤᠷ ᠤᠨ ᠥᠷᠯᠥᠭᠡ ᠡᠷᠲᠡ᠂ ᠡᠬᠡ ᠤᠯᠤᠰ ᠤᠨ ᠤᠮᠠᠷᠠᠲᠤ ᠬᠢᠯᠢ ᠶᠢᠨ ᠠᠭᠠᠷ ᠤᠨ ᠳᠤᠯᠠᠭᠠᠨ0 | ᠭᠧᠷᠠᠳᠦ᠋ᠰ ᠲᠤ ᠣᠶᠢᠷᠠᠳᠴᠤ ᠪᠠᠶᠢᠯ᠎ᠠ᠃ ᠤᠯᠠᠭᠠᠢ ᠬᠢᠯᠢ ᠶᠢᠨ ᠬᠠᠮᠢᠶᠠᠷᠤᠯᠲᠠ ᠶᠢᠨ ᠶᠡᠭᠡ ᠠᠩᠬᠢ ᠶᠢᠨ ᠮᠤᠷᠢᠲᠤ | ᠴᠠᠭᠳᠠᠭᠠᠨ ᠤ ᠠᠩᠬᠢ ᠶᠢᠨ ᠪᠦᠬᠦᠶᠢᠯᠡ ᠴᠡᠷᠢᠭ ᠴᠠᠭᠳᠠᠭ᠎ᠠ ᠨᠠᠷ ᠤᠯᠤᠰ ᠤᠨ ᠲᠤᠭ ᠮᠠᠨᠳᠤᠭᠤᠯᠵᠤ᠂ ᠤᠯᠤᠰ ᠤᠨ | ᠲᠤᠭ ᠲᠤ ᠲᠠᠩᠭᠠᠷᠢᠭᠯᠠᠨ᠂ ᠪᠠᠲᠤ ᠴᠢᠩᠭ᠎ᠠ ᠰᠠᠬᠢᠯᠭ᠎ᠠ᠂ ᠨᠠᠷᠢᠨ ᠨᠢᠭᠲᠠ ᠠᠵᠢᠯ ᠤᠨ ᠣᠪᠣᠷ ᠢᠶᠠᠷ ᠡᠯ᠎ᠡ ᠵᠦᠢᠯ ᠤᠨ | ᠠᠮᠤᠷ ᠢ ᠬᠠᠮᠠᠭᠠᠯᠠᠬᠤ ᠠᠵᠢᠯ ᠢᠶᠠᠨ ᠰᠠᠶᠢᠲᠤᠷ ᠬᠢᠵᠦ᠂ ᠡᠬᠡ ᠤᠯᠤᠰ ᠤᠨ ᠥᠵᠡᠰᠭᠦᠯᠡᠩᠲᠦ ᠰᠠᠶᠢᠬᠠᠨ ᠤᠮᠠᠷᠠᠲᠤ | ᠬᠢᠯᠢ ᠪᠠᠨ ᠪᠠᠲᠤ ᠰᠠᠬᠢᠨ᠎ᠠ ᠭᠡᠵᠦ ᠠᠨᠳᠠᠭᠠᠶᠢᠯᠠᠵᠤ ᠪᠠᠶᠢᠯ᠎ᠠ᠃ | ᠤᠯᠤᠰ ᠤᠨ ᠪᠠᠶᠠᠷ ᠤᠨ ᠠᠮᠤᠷ ᠢ ᠬᠠᠮᠠᠭᠠᠯᠠᠬᠤ ᠬᠤᠭᠤᠴᠠᠭᠠᠨ ᠳᠤ᠂ ᠤᠯᠠᠭᠠᠢ ᠬᠢᠯᠢ ᠶᠢᠨ ᠬᠠᠮᠢᠶᠠᠷᠤᠯᠲᠠ ᠶᠢᠨ | ᠶᠡᠭᠡ ᠠᠩᠬᠢ ᠶᠢᠨ ᠮᠤᠷᠢᠲᠤ ᠴᠠᠭᠳᠠᠭᠠᠨ ᠤ ᠠᠩᠬᠢ ᠨᠢ ᠤᠶᠠᠨ ᠬᠠᠳᠠᠨ ᠴᠢᠨᠠᠷ ᠢᠶᠠᠷ ᠦᠨᠳᠦᠷ᠂ ᠬᠦᠳᠡᠯᠦᠩᠭᠦᠢ | ᠴᠢᠨᠠᠷ ᠢᠶᠠᠷ ᠴᠢᠩᠭ᠎ᠠ ᠵᠡᠷᠭᠡ ᠳᠠᠪᠠᠭᠤᠯᠢᠭ ᠢᠶᠠᠨ ᠪᠠᠳᠠᠷᠠᠭᠤᠯᠤᠨ᠂ ᠴᠢᠬᠤᠯᠠ ᠵᠠᠮ ᠬᠠᠷᠢᠯᠴᠠᠭᠠᠨ ᠤ ᠬᠡᠰᠡᠭ ᠲᠤ | ᠪᠢᠲᠡᠭᠦᠮᠵᠢᠯᠡᠨ ᠡᠵᠡᠮᠳᠡᠬᠦ ᠴᠡᠭ ᠲᠣᠬᠢᠷᠠᠭᠤᠯᠤᠨ᠂ ᠬᠠᠷᠢᠶᠠᠲᠤ ᠣᠷᠣᠨ ᠢᠶᠠᠷ ᠣᠷᠣᠵᠣ ᠭᠠᠷᠬᠤ ᠲᠡᠷᠭᠡ ᠤᠨᠤᠭᠠᠨ ᠳᠤ | ᠪᠠᠶᠢᠴᠠᠭᠠᠯᠲᠠ ᠬᠢᠵᠦ᠂ ᠳᠠᠩᠰᠠᠯᠠᠨ ᠲᠡᠮᠳᠡᠭᠯᠡᠬᠦ ᠠᠵᠢᠯ ᠢᠶᠠᠨ ᠴᠢᠩᠭᠠᠳᠬᠠᠨ᠂24 ᠴᠠᠭ ᠢᠶᠠᠷ ᠵᠢᠵᠢᠭᠦᠷᠯᠡᠨ ᠰᠠᠬᠢᠵᠤ᠂ | ᠠᠮᠤᠷ ᠲᠦᠪᠰᠢᠨ ᠤ ᠳᠠᠯᠳᠠ ᠭᠡᠮ ᠢ ᠪᠦᠲᠦᠮᠵᠢᠲᠡᠢ ᠠᠷᠢᠯᠭᠠᠬᠤ ᠶᠢ ᠪᠠᠲᠤᠯᠠᠵᠤ ᠪᠠᠶᠢᠨ᠎ᠠ᠃ | ᠤᠯᠠᠭᠠᠢ ᠶᠢᠨ ᠲᠠᠯ᠎ᠠ ᠨᠤᠲᠤᠭ ᠨᠢ ᠡᠪᠡᠰᠦ ᠤᠷᠭᠤᠮᠠᠯ ᠢᠭᠴᠤ ᠰᠠᠬᠤᠯᠢᠭ ᠂ ᠡᠬᠡ ᠤᠯᠤᠰ ᠤᠨ ᠤᠮᠠᠷᠠᠲᠤ | ᠬᠢᠯᠢ ᠶᠢᠨ ᠱᠤᠭᠤᠮ ᠳᠠᠭᠤ ᠶᠢᠨ ᠣᠯᠠᠩᠬᠢ ᠭᠠᠵᠠᠷ ᠨᠢ ᠨᠠᠮᠤᠭᠲᠤ ᠭᠠᠵᠠᠷ ᠢᠶᠠᠷ ᠭᠤᠣᠯᠯᠠᠳᠠᠭ ᠠᠴᠠ ᠵᠠᠮ ᠨᠡᠪᠲᠡᠷᠡᠯᠭᠡ | ᠲᠦᠢᠯ ᠤᠨ ᠳᠦᠭᠦᠮ ᠦᠭᠡᠢ ᠪᠠᠶᠢᠵᠤ᠂ ᠪᠦᠬᠦ ᠵᠢᠯ ᠳᠤ ᠪᠠᠷᠤᠭ 30% ᠠᠴᠠ ᠳᠡᠭᠡᠭᠰᠢ ᠭᠠᠵᠠᠷ ᠣᠷᠣᠨ ᠳᠤ ᠲᠡᠷᠭᠡ | ᠤᠨᠤᠭ᠎ᠠ ᠨᠡᠪᠲᠡᠷᠡᠬᠦ ᠶᠢᠨ ᠠᠷᠭ᠎ᠠ ᠦᠭᠡᠢ ᠪᠠᠶᠢᠳᠠᠭ᠃ ᠡᠨᠡᠬᠦ ᠪᠠᠶᠢᠳᠠᠯ ᠳᠤ ᠴᠢᠭᠯᠡᠭᠦᠯᠡᠨ᠂ ᠤᠯᠠᠭᠠᠢ ᠬᠢᠯᠢ ᠶᠢᠨ | ᠬᠠᠮᠢᠶᠠᠷᠤᠯᠲᠠ ᠶᠢᠨ ᠶᠡᠭᠡ ᠠᠩᠬᠢ ᠶᠢᠨ ᠮᠤᠷᠢᠲᠤ ᠴᠠᠭᠳᠠᠭᠠᠨ ᠤ ᠠᠩᠬᠢ ︽ᠡᠭᠦᠷᠭᠡ ᠠᠵᠢᠯ ᠤᠨ ᠬᠤᠪᠢᠶᠠᠷᠢᠯᠠᠯ | ᠲᠤᠳᠤᠷᠬᠠᠢ᠂ ᠠᠵᠢᠯᠯᠠᠭ᠎ᠠ ᠶᠢᠨ ᠪᠡᠯᠡᠳᠭᠡᠯ ᠲᠦᠰᠦᠯ ᠲᠣᠳᠤᠷᠬᠠᠢ ᠂ ᠬᠠᠮᠵᠢᠯᠴᠠᠨ ᠰᠢᠢᠳᠪᠦᠷᠢᠯᠡᠬᠦ ᠠᠷᠭ᠎ᠠ ᠪᠠᠷᠢᠯ | ᠪᠦᠷᠢᠨ ᠪᠠᠶᠢᠬᠤ︾ ᠠᠵᠢᠯ ᠤᠨ ᠰᠠᠭᠠᠷᠳᠠᠯᠭ᠎ᠠ ᠪᠠᠷ᠂18 ᠵᠦᠢᠯ ᠤᠨ ᠠᠵᠢᠯ ᠤᠨ ᠳᠦᠷᠢᠮ᠂ ᠪᠠᠴᠢᠮ ᠠᠪᠤᠷᠠᠨ | ᠲᠤᠰᠠᠯᠠᠬᠤ ᠪᠣᠯᠤᠨ ᠵᠢᠵᠢᠭᠦᠷᠯᠡᠨ ᠴᠠᠭᠳᠠᠨ ᠲᠣᠭᠤᠷᠢᠬᠤ ᠵᠡᠷᠭᠡ 6 ᠵᠦᠢᠯ ᠤᠨ ᠦᠢᠯᠡᠴᠢᠯᠡᠭᠡᠨ ᠤ ᠲᠦᠰᠦᠯ | ᠲᠣᠭᠲᠠᠭᠠᠨ᠂ ᠡᠬᠡ ᠤᠯᠤᠰ ᠤᠨ ᠢᠶᠠᠨ ᠳᠠᠷᠬᠠᠨ ᠬᠢᠯᠢ ᠶᠢᠨ ᠠᠮᠤᠷ ᠲᠣᠭᠲᠠᠭᠤᠨ ᠢ ᠬᠠᠮᠠᠭᠠᠯᠠᠬᠤ ᠳᠤ ᠦᠪᠡᠷ ᠤᠨ | ᠭᠡᠰᠡᠨ ᠬᠦᠴᠦᠨ ᠵᠢᠳᠭᠦᠯ ᠢᠶᠠᠨ ᠡᠷᠭᠦᠵᠦ ᠪᠠᠶᠢᠨ᠎ᠠ᠃ | ᠴᠢᠮᠡᠭᠯᠡᠭᠴᠢ᠄ ᠬᠤᠷᠸ᠎ᠠ ᠲᠠᠨ᠎ᠠ ᠴᠦ᠋ ᠢ | ᠨᠠᠶᠢᠷᠠᠭᠤᠯᠤᠭᠴᠢ᠄ ᠤᠶᠤᠨᠰᠡᠴᠡᠨ | | | | | | | |