ᠤᠯᠠᠭᠠᠢ ᠬᠠᠮᠢᠶᠠᠷᠤᠯᠲᠠ ᠶᠢᠨ ᠣᠷᠣᠨ ᠤ ᠡᠳᠡᠭᠡᠷ ᠮᠠᠯᠴᠢᠨ ᠡᠷᠦᠬᠡ ᠶᠢᠨ ᠣᠷᠣᠯᠭ᠎ᠠ 100 ᠲᠦᠮᠡ ᠶᠢ ᠳᠠᠪᠠᠳᠠᠭ
ᠨᠡᠶᠢᠲᠡᠯᠡᠭᠰᠡᠨ ᠴᠠᠭ᠄
2020/10/16
     ᠪᠤᠶᠠᠨᠵᠢᠷᠭᠠᠯ ᠪᠣᠯ ᠤᠯᠠᠭᠠᠢ ᠬᠠᠮᠢᠶᠠᠷᠤᠯᠲᠠ ᠶᠢᠨ ᠣᠷᠣᠨ ᠤ ᠮᠠᠯᠴᠢᠨ ᠶᠤᠮ᠃ ᠲᠡᠳᠡᠨ ᠤ ᠬᠢ 186 ᠰᠢᠯᠢᠳᠡᠭ ᠡᠭᠦᠯᠳᠡᠷ ᠤᠨ ᠦᠬᠡᠷ ᠮᠠᠯᠵᠢᠵᠤ ᠪᠠᠶᠢᠨ᠎ᠠ᠃ ᠡᠨᠡ  ᠵᠢᠯ ᠥᠬᠢᠨ ᠲᠣᠭᠤᠯ ᠢᠶᠠᠨ ᠲᠡᠭᠰᠢᠳᠬᠡᠭᠡᠳ1 ᠲᠦᠮᠡ 6000 ᠲᠦᠭᠦᠷᠢᠭ ᠢᠶᠠᠷ ᠪᠣᠷᠤᠯᠠᠭᠤᠯᠵᠠᠢ᠃ ᠲᠡᠷᠡ ᠨᠤᠲᠤᠭ ᠪᠡᠯᠴᠢᠭᠡᠷ ᠢᠶᠠᠨ ᠮᠠᠯᠵᠢᠯ ᠤᠨ ᠣᠨᠴᠠᠯᠢᠭ ᠲᠠᠭᠠᠨ ᠲᠣᠬᠢᠷᠠᠭᠤᠯᠤᠨ ᠤᠯᠠᠷᠢᠯ ᠬᠤᠪᠢᠶᠠᠨ ᠰᠡᠯᠭᠦᠨ ᠮᠠᠯᠵᠢᠵᠤ ᠠᠮᠢ ᠠᠬᠤᠢ ᠪᠠᠨ ᠬᠠᠮᠠᠭᠠᠯᠠᠬᠤ ᠶᠢ ᠬᠠᠮᠤᠭ ᠠᠴᠠ ᠴᠢᠬᠤᠯᠠᠴᠢᠯᠠᠳᠠᠭ᠃ ᠲᠡᠷᠡ ᠪᠠᠰᠠ ᠮᠢᠬᠠᠨ ᠤ ᠦᠬᠡᠷ ᠤᠨ ᠣᠨᠴᠠᠯᠢᠭ᠂ ᠨᠤᠲᠤᠭ ᠤᠰᠤᠨ ᠤ ᠤᠯᠠᠷᠢᠯ ᠤᠨ ᠴᠢᠨᠠᠷᠲᠠᠢ ᠬᠤᠪᠢᠷᠠᠯᠲᠠ᠂ ᠬᠢᠵᠢᠭ ᠢ ᠰᠡᠷᠭᠡᠶᠢᠯᠡᠵᠦ ᠬᠤᠷᠤᠬᠠᠢ ᠲᠠᠭᠤᠬᠤ᠂ ᠲᠡᠵᠢᠭᠡᠵᠦ ᠪᠣᠷᠳᠣᠬᠤ ᠪᠠ ᠪᠡᠯᠴᠢᠭᠡᠷᠯᠡᠭᠦᠯᠬᠦ ᠶᠢ ᠵᠤᠬᠢᠰᠲᠠᠢ ᠤᠶᠠᠯᠳᠤᠭᠤᠯᠬᠤ ᠵᠡᠷᠭᠡ ᠲᠠᠯ᠎ᠡ ᠪᠠᠷ ᠶᠡᠭᠡ ᠠᠩᠬᠠᠷᠴᠤ ᠶᠠᠪᠤᠳᠠᠭ ᠪᠤᠯᠬᠤᠷ ᠮᠠᠯ ᠠᠵᠤ ᠠᠬᠤᠢ ᠠᠴᠠ ᠪᠠᠨ ᠵᠢᠯ ᠪᠦᠷᠢ100 ᠲᠦᠮᠡᠨ ᠲᠦᠭᠦᠷᠢᠭ ᠤᠨ ᠦᠷ᠎ᠡ ᠦᠭᠭᠦᠭᠡᠵᠢ ᠬᠦᠷᠲᠡᠵᠦ ᠶᠠᠪᠣᠳᠠᠭ᠃      ᠮᠠᠯᠴᠢᠨ ᠸᠠᠩ ᠶᠢᠨ ᠴᠢᠶᠠᠩ ᠤᠯᠠᠭᠠᠢ ᠬᠠᠮᠢᠶᠠᠷᠤᠯᠲᠠ ᠶᠢᠨ ᠣᠷᠣᠨ ᠤ ᠪᠠᠶᠠᠨᠬᠤᠰᠢᠭᠤ ᠪᠠᠯᠭᠠᠰᠤᠨ ᠤ ᠮᠠᠯᠴᠢᠨ ᠃ ᠲᠡᠷᠡ 246 ᠰᠢᠯᠢᠳᠡᠭ ᠡᠭᠦᠯᠳᠡᠷ ᠤᠨ ᠦᠬᠡᠷ ᠮᠠᠯᠵᠢᠵᠤ ᠡᠨᠡ ᠵᠢᠯ ᠥᠬᠢᠨ ᠲᠣᠭᠤᠯ ᠢᠶᠠᠨ ᠲᠡᠭᠰᠢᠳᠬᠡᠭᠡᠳ 1 ᠲᠦᠮᠡ 8000 ᠲᠦᠭᠦᠷᠢᠭ ᠢᠶᠠᠷ ᠬᠤᠳᠠᠯᠳᠤᠵᠤ᠂ ᠡᠷ᠎ᠡ ᠲᠤᠭᠤᠯ ᠢᠶᠠᠨ2 ᠲᠦᠮᠡ8000 ᠲᠦᠭᠦᠷᠢᠭ ᠢᠶᠠᠷ ᠬᠤᠳᠠᠯᠳᠤᠵᠠᠢ᠃ ᠡᠳᠡᠨ ᠤ ᠬᠢ 2004 ᠣᠨ ᠠᠴᠠ ᠡᠬᠢᠯᠡᠨ ᠦᠬᠡᠷ ᠤᠨ ᠢᠶᠠᠨ ᠡᠭᠦᠯᠳᠡᠷ ᠢ ᠰᠠᠶᠢᠵᠢᠷᠠᠭᠤᠯᠵᠤ᠂ ᠠᠷᠪᠠ ᠭᠠᠷᠣᠢ ᠵᠢᠯ ᠤᠨ ᠲᠤᠷᠰᠢ ᠠᠳᠬᠤᠵᠦ ᠢᠷᠡᠭᠰᠡᠨ ᠢᠶᠠᠷ100᠎ ᠪᠠᠷ ᠢᠶᠠᠨ ᠡᠭᠦᠯᠳᠡᠷ ᠰᠠᠶᠢᠵᠢᠷᠠᠵᠤ᠂ ᠸᠠᠩ ᠶᠢᠨ ᠴᠢᠶᠠᠩ ᠵᠠᠭᠤᠨ ᠲᠦᠮᠡ ᠪᠠᠷ ᠲᠣᠭᠠᠯᠠᠭᠳᠠᠬᠤ ᠣᠷᠣᠯᠭ᠎ᠠ ᠲᠠᠢ ᠪᠤᠯᠵᠠᠢ᠃ ᠨᠢᠳᠤᠨᠤᠨ ᠸᠠᠩ ᠶᠢᠨ ᠴᠢᠶᠠᠩ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠦᠨ᠎ᠡ ᠬᠠᠶᠠᠯᠴᠠᠨ ᠪᠤᠬ᠎ᠠ ᠬᠤᠳᠠᠯᠳᠣᠬᠤ ᠴᠤᠭᠯᠠᠭᠠᠨ ᠳᠤ 3 ᠪᠤᠬ᠎ᠠ ᠪᠠᠨ ᠦᠨ᠎ᠡ ᠬᠠᠶᠠᠯᠴᠠᠨ ᠬᠤᠳᠠᠯᠳᠤᠭᠠᠳ 23.3 ᠲᠦᠮᠡᠨ ᠲᠦᠭᠦᠷᠢᠭ ᠳᠤ ᠬᠦᠷᠦᠭᠰᠡᠨ ᠪᠠᠶᠢᠨ᠎ᠠ᠃      ᠮᠠᠯᠴᠢᠨ ᠪᠠᠢ ᠲᠢᠶᠧ ᠵᠣ᠋ ᠪᠣᠯ ᠤᠯᠠᠭᠠᠢ ᠬᠠᠮᠢᠶᠠᠷᠣᠯᠲᠠ ᠶᠢᠨ ᠣᠷᠣᠨ ᠤ ᠬᠡᠰᠡᠭᠡᠨᠭᠤᠯᠠ ᠮᠠᠯᠵᠢᠯ ᠤᠨ ᠲᠠᠯᠠᠪᠠᠢ ᠶᠢᠨ ᠮᠠᠯᠴᠢᠨ ᠶᠤᠮ᠃ ᠲᠡᠳᠡᠨ ᠤ ᠬᠢ 228 ᠰᠢᠯᠢᠳᠡᠭ ᠡᠭᠦᠯᠳᠡᠷ ᠤᠨ ᠦᠬᠡᠷ ᠮᠠᠯᠵᠢᠵᠤ᠂ ᠡᠨᠡ ᠵᠢᠯ ᠲᠤᠭᠤᠯ ᠢᠶᠠᠨ ᠲᠡᠭᠰᠢᠳᠬᠡᠭᠡᠳ2 ᠲᠦᠮᠡᠨ ᠲᠦᠭᠦᠷᠢᠭ ᠢᠶᠠᠷ ᠬᠤᠳᠠᠯᠳᠤᠭᠰᠠᠨ ᠪᠠᠶᠢᠨ᠎ᠠ᠃ ᠡᠳᠡᠨ ᠤ ᠬᠢ ᠴᠤ ᠮᠠᠯ ᠠᠵᠤ ᠠᠬᠤᠢ ᠠᠴᠠ  ᠪᠠᠨ ᠵᠢᠯ ᠤᠨ100 ᠭᠠᠷᠤᠢ ᠲᠦᠮᠡᠨ ᠲᠦᠭᠦᠷᠢᠭ ᠤᠨ ᠣᠷᠣᠯᠭ᠎ᠠ ᠣᠯᠳᠠᠭ ᠮᠠᠯᠵᠢᠯ ᠤᠨ ᠲᠣᠮᠣ ᠡᠷᠦᠬᠡ ᠪᠠᠶᠢᠵᠤ᠂ 2004 ᠣᠨ ᠠᠴᠠ ᠡᠬᠢᠯᠡᠵᠤ ᠡᠭᠦᠯᠳᠡᠷ ᠰᠠᠶᠢᠵᠢᠷᠠᠭᠤᠯᠤᠭᠰᠠᠨ ᠪᠤᠯᠬᠤᠷ ᠪᠠᠢ ᠲᠢᠶᠧ ᠵᠤ᠋ ᠶᠢᠨ ᠮᠠᠯᠵᠢᠵᠤ ᠪᠠᠶᠢᠭ᠎ᠠ ᠦᠬᠡᠷ ᠤᠳ5 ᠳ᠋ᠤᠭᠠᠷ ᠦᠶ᠎ᠡ ᠶᠢ ᠳᠠᠮᠵᠢᠭᠰᠠᠨ ᠪᠠᠶᠢᠵᠤ ᠡᠭᠦᠯᠳᠡᠷ ᠰᠠᠶᠢᠵᠢᠷᠠᠭᠤᠯᠤᠯᠲᠠ ᠶᠢᠨ ᠲᠠᠯ᠎ᠠ ᠳᠤ ᠠᠰᠠᠭᠤᠳᠠᠯ ᠦᠭᠡᠢ ᠪᠤᠯᠵᠠᠢ᠃ ᠪᠠᠢ ᠲᠢᠶᠧ ᠵᠤ᠋ ᠰᠢᠯᠢᠳᠡᠭ ᠡᠭᠦᠯᠳᠡᠷ ᠤᠨ ᠦᠬᠡᠷ ᠮᠠᠯᠵᠢᠵᠤ ᠣᠷᠣᠯᠭ᠎ᠠ ᠪᠠᠨ ᠨᠡᠮᠡᠭᠳᠡᠭᠦᠯᠬᠦ ᠶᠢᠨ ᠲᠦᠯᠦᠭᠡ ᠮᠠᠯ ᠠᠵᠤ ᠠᠬᠤᠢ ᠶᠢᠨ ᠰᠠᠭᠤᠷᠢᠨ ᠪᠦᠲᠦᠭᠡᠨ ᠪᠠᠶᠢᠭᠤᠯᠤᠯᠲᠠ ᠪᠠᠨ ᠰᠠᠶᠢᠨ ᠬᠢᠭᠰᠡᠨ ᠶᠤᠮ᠃ ᠡᠳᠡᠨ ᠤ ᠬᠢ 1200 ᠬᠠᠪᠲᠠᠭᠠᠢ ᠳᠦᠷᠪᠡᠯᠵᠢᠨ ᠮᠧᠲᠷ ᠲᠠᠯᠠᠪᠠᠢ ᠪᠦᠬᠦᠢ ᠪᠠᠷᠢᠮᠵᠢᠶᠠᠵᠢᠭᠰᠠᠨ ᠳᠤᠯᠠᠭᠠᠨ ᠫᠧᠩ ᠲᠠᠢ ᠪᠦᠭᠡᠳ700 ᠬᠠᠪᠲᠠᠭᠠᠢ ᠳᠥᠷᠪᠡᠯᠵᠢᠨ ᠮᠧᠲᠷ ᠲᠠᠯᠠᠪᠠᠢ ᠲᠠᠢ ᠡᠪᠡᠰᠦ ᠬᠠᠳᠠᠭᠠᠯᠠᠬᠤ ᠬᠤᠷᠤᠭ᠎ᠠ ᠲᠠᠢ᠃ ᠲᠡᠷᠡ ᠪᠠᠰᠠ ᠮᠠᠯᠵᠢᠬᠤ ᠦᠢᠯᠡᠳᠪᠦᠷᠢᠯᠡᠯ ᠳᠤ ᠬᠡᠷᠡᠭᠯᠡᠬᠦ ᠡᠯ᠎ᠡ  ᠲᠦᠷᠦᠯ ᠤᠨ ᠮᠠᠰᠢᠨ ᠪᠠᠭᠠᠵᠢ ᠶᠢ ᠢᠵᠢ ᠪᠦᠷᠢᠯᠳᠦᠭᠦᠯᠵᠤ ᠰᠢᠯᠢᠳᠡᠭ ᠡᠭᠦᠯᠳᠡᠷ ᠤᠨ ᠦᠬᠡᠷ ᠮᠠᠯᠵᠢᠬᠤ ᠦᠨᠳᠦᠰᠦᠨ ᠰᠠᠭᠤᠷᠢ ᠪᠠᠨ ᠰᠠᠶᠢᠨ ᠲᠠᠯᠪᠢᠭᠰᠠᠨ ᠪᠠᠶᠢᠪᠠ
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠮᠤᠩᠭᠤᠯ ᠰᠣᠨᠢᠨ ᠤ ᠵᠢᠷᠭᠢᠶ᠎ᠡ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号