ᠤᠯᠠᠭᠠᠶ ᠶᠢᠨ ᠲᠠᠯ᠎ᠠ ᠨᠤᠲᠤᠭ ᠪᠦᠬᠦ ᠤᠯᠤᠰ ᠤᠨ ᠠᠩᠬᠠᠳᠠᠭᠴᠢ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2020/10/9
     ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠯᠡᠭᠡᠷ ᠲᠠᠯ᠎ᠠ ᠵᠡᠷᠭᠡ ᠪᠦᠬᠦ ᠤᠯᠤᠰ ᠤᠨ ᠠᠩᠬᠠᠳᠠᠭᠴᠢ ᠪᠦᠯᠦᠭ ᠲᠠᠯ᠎ᠠ ᠨᠣᠳᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠢᠭ ᠤᠨ ᠨᠡᠷᠡᠰ ᠢ ᠨᠡᠶᠢᠲᠡᠯᠡᠵᠡᠶ᠃ ᠡᠨᠡ ᠨᠢ ᠮᠠᠨ ᠤ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠪᠥᠲᠥᠭᠡᠨ ᠪᠠᠶᠢᠭᠤᠯᠣᠯᠳᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃      2020 ᠣᠨ ᠤ 3 ᠰᠠᠷ᠎ᠠ ᠠᠴᠠ ᠡᠬᠢᠯᠡᠨ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠥᠪᠥᠷ ᠮᠣᠩᠭᠤᠯ᠂ ᠰᠧᠴᠤᠸᠠᠨ᠂ ᠶᠦᠨᠨᠠᠨ᠂ ᠲᠥᠪᠡᠳ᠂ ᠭᠠᠨᠰᠦ᠂ ᠬᠥᠬᠡᠨᠠᠭᠤᠷ᠂ ᠨᠢᠩᠰᠢᠶᠠ᠂ ᠰᠢᠨᠵᠢᠶᠠᠩ ᠵᠡᠷᠭᠡ ᠭᠤᠤᠯᠳᠠᠯᠭ᠎ᠠ ᠲᠠᠢ ᠲᠠᠯ᠎ᠠ ᠨᠤᠲᠤᠭᠳᠤ ᠮᠤᠵᠢ ᠣᠷᠣᠨ ᠤ ᠲᠣᠮᠳᠠ ᠲᠤᠷᠰᠢᠯᠲᠠ ᠶᠢᠨ ᠴᠢᠭ ᠢ ᠰᠣᠩᠭᠤᠵᠠᠶ᠃ ᠬᠠᠮᠤᠭ ᠡᠴᠦᠰ ᠲᠤ ᠲᠦᠷᠦᠭᠦᠤ ᠪᠦᠯᠦᠭ ᠤᠨ 39 ᠣᠷᠣᠨ ᠪᠦᠰᠡ ᠶᠢᠨ ᠠᠮᠢ ᠠᠬᠤᠢ ᠶᠢᠨ ᠪᠠᠶᠢᠷᠢ ᠰᠠᠭᠤᠷᠢ ᠦᠡᠳᠤᠷ᠂ ᠲᠥᠯᠥᠭᠡᠯᠡᠬᠦ ᠴᠢᠨᠠᠷ ᠢᠶᠠᠷ ᠴᠢᠩᠭ᠎ᠠ᠂ ᠦᠨᠳᠦᠰᠦᠲᠡᠨ ᠤ ᠵᠠᠩ ᠦᠢᠯᠡ ᠶᠢᠨ ᠰᠣᠶᠣᠯ ᠤᠨ ᠣᠨᠴᠠᠯᠢᠭ ᠢᠶᠠᠷ ᠢᠯᠡ ᠲᠣᠳᠣ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠢ ᠲᠣᠭᠳᠠᠭᠠᠵᠣ᠂ ᠲᠠᠯᠠᠪᠠᠢ ᠨᠢ 14.7 ᠲᠦᠮᠡᠨ ᠾᠧᠺᠲ᠋ᠠᠷ᠂ 11 ᠮᠤᠵᠢ ᠣᠷᠣᠨ ᠳᠤ ᠬᠤᠯᠪᠣᠭᠳᠠᠵᠤ᠂ ᠨᠤᠭᠤ ᠭᠠᠵᠠᠷ ᠤᠨ ᠨᠤᠲᠤᠭ ᠪᠡᠯᠴᠢᠭᠡᠷ᠂ ᠬᠠᠬᠢᠷ ᠬᠦᠢᠲᠡᠨ ᠨᠤᠲᠤᠭ ᠪᠡᠯᠴᠢᠭᠡᠷ ᠵᠡᠷᠭᠡ ᠲᠥᠷᠥᠯ ᠬᠡᠯᠪᠡᠷᠢ ᠶᠢ ᠬᠠᠮᠤᠷᠴᠠᠶ᠃ ᠡᠭᠦᠨ ᠳᠤ᠂ ᠬᠥᠬᠡᠬᠤᠲᠠ ᠶᠢᠨ ᠴᠡᠯᠡᠭᠡᠷ ᠲᠠᠯ᠎ᠠ ᠨᠤᠲᠤᠭ᠂ ᠠᠯᠠᠱᠠ ᠶᠢᠨ ᠾᠧ ᠯᠠᠨ ᠲᠠᠯ᠎ᠠ ᠨᠤᠲᠤᠭ᠂ ᠤᠯᠠᠭᠠᠶ ᠶᠢᠨ ᠲᠠᠯ᠎ᠠ ᠨᠤᠲᠤᠭ ᠴᠥᠮ ᠰᠣᠩᠭᠤᠭᠳᠠᠪᠠ᠃      ᠲᠠᠯ᠎ᠠ ᠨᠤᠲᠤᠭ ᠨᠢ ᠳᠡᠯᠡᠬᠡᠶ ᠶᠢᠨ ᠪᠥᠮᠪᠥᠷᠴᠡᠭ ᠤᠨ ︽ᠬᠦᠷᠤᠰᠤ︾ ᠬᠡᠮᠡᠭᠳᠡᠳᠡᠭ᠃ ᠡᠬᠡ ᠬᠠᠭᠤᠷᠠᠶ ᠶᠢᠨ ᠠᠮᠢ ᠠᠬᠤᠶ ᠶᠢᠨ ᠰᠢᠰᠲ᠋ᠧᠮ ᠤᠨ ᠭᠤᠤᠯ ᠴᠣᠭᠴᠠ ᠶᠢᠨ ᠨᠢᠭᠡ ᠪᠠᠶᠢᠵᠤ᠂ ᠤᠯᠤᠰ ᠤᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠤᠨ᠎ᠠ᠃ ᠮᠥᠨ ᠴᠦ ᠮᠠᠯᠴᠢᠨ ᠲᠠᠷᠢᠶᠠᠴᠢᠳ ᠤᠨ ᠠᠮᠢᠳᠤᠷᠠᠯ ᠤᠨ ᠭᠡᠷ ᠣᠷᠣᠨ ᠪᠣᠯᠤᠨ ᠴᠢᠬᠤᠯᠠ ᠣᠶᠢᠯᠡᠳᠪᠣᠷᠢᠯᠡᠯ ᠤᠨ ᠬᠡᠷᠡᠭᠰᠡᠯ᠂ ᠥᠷᠭᠡᠨ ᠣᠯᠠᠨ ᠠᠷᠠᠳ ᠣᠯᠠᠨ ᠤ ᠰᠡᠯᠡᠭᠦᠴᠡᠨ ᠠᠮᠠᠷᠠᠬᠤ ᠪᠣᠬᠢᠷᠳᠣᠯ ᠦᠭᠡᠢ ᠣᠷᠣᠨ ᠵᠠᠶ ᠪᠣᠯᠤᠨ᠎ᠠ᠃ ᠣᠶ ᠰᠢᠭᠤᠶ ᠡᠪᠡᠰᠦ ᠪᠡᠯᠴᠢᠭᠡᠷ ᠤᠨ ᠠᠭᠤᠰᠤᠯᠳᠤᠨ ᠬᠥᠭᠵᠢᠬᠦ ᠶᠢ ᠪᠥᠬᠦ ᠬᠦᠴᠦᠨ ᠢᠶᠠᠷ ᠠᠬᠢᠭᠤᠯᠵᠤ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠶᠢᠨ ᠲᠥᠯᠥᠭᠡ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠤᠯᠤᠰ ᠤᠨ ᠲᠠᠯ᠎ᠠ ᠨᠣᠳᠤᠭ ᠤᠨ ᠪᠠᠶᠢᠭᠠᠯᠢ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠲᠤᠷᠰᠢᠨ ᠥᠷᠨᠢᠭᠦᠯᠬᠦ ᠪᠠᠷ ᠲᠣᠭᠲᠠᠪᠠ᠃ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠪᠣᠯ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠪᠠᠶᠢᠭᠤᠯᠬᠤ ᠪᠠᠷ ᠳᠠᠮᠵᠢᠨ ᠡᠨᠡᠬᠦ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠤᠭᠤᠰᠣᠨ ᠢ ᠨᠥᠬᠦᠪᠥᠷᠢᠯᠡᠬᠦ ᠪᠣᠯᠤᠨ᠎ᠠ᠃ ᠡᠨᠡ ᠤᠳᠠᠭ᠎ᠠ ᠲᠣᠭᠲᠠᠭᠠᠭᠰᠠᠨ 39 ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠢᠭ ᠨᠢ ᠣᠷᠣᠨ ᠪᠦᠰᠡ ᠶᠢᠨ ᠠᠮᠢ ᠠᠬᠤᠢ ᠶᠢᠨ ᠪᠠᠶᠢᠷᠢ ᠰᠠᠭᠤᠷᠢ ᠪᠠᠷ ᠦᠡᠳᠤᠷ᠂ ᠲᠥᠯᠥᠭᠡᠯᠡᠬᠦ ᠴᠢᠨᠠᠷ ᠢᠶᠠᠷ ᠴᠢᠩᠭ᠎ᠠ᠂ ᠦᠨᠳᠣᠰᠣᠳᠡᠨ ᠤ ᠵᠠᠩ ᠥᠢᠯᠨ ᠰᠣᠶᠣᠯ ᠤᠨ ᠣᠨᠴᠠᠯᠢᠭ ᠢᠯᠡ ᠲᠣᠳᠣ ᠪᠠᠶᠢᠳᠠᠭ᠃ ︵ᠲᠢᠶᠠᠨ ᠪᠢᠶᠠᠨ︶ http://mongol.people.com.cn/15825259.html    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号