ᠬᠠᠯᠠᠭᠠᠶᠢᠲᠤ ᠲᠠᠷᠢᠶᠠᠯᠠᠩ ᠮᠠᠯᠵᠢᠯ ᠤᠨ ᠲᠠᠯᠠᠪᠠᠢ ᠨᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠭᠴᠢ ᠡᠯ᠎ᠡ | ᠬᠤᠪᠢᠶᠠᠷᠢ ᠲᠠᠯᠠᠪᠠᠶ ᠪᠣᠯᠤᠨ ᠡᠯ᠎ᠡ ᠡᠭᠦᠷᠭᠡ ᠴᠢᠳᠠᠪᠤᠷᠢ ᠶᠢᠨ ᠠᠯᠪᠠᠨ ᠭᠡᠷ ᠤᠨ ᠠᠵᠢᠯᠲᠠᠳ ᠢ ᠵᠣᠬᠢᠶᠠᠨ ᠪᠠᠶᠢᠭᠤᠯᠵᠤ | ᠴᠠᠭᠠᠨ ᠦᠩᠭᠡᠲᠦ ᠬᠤᠭ ᠨᠣᠪᠰᠢ ᠲᠡᠭᠦᠬᠦ ᠠᠵᠢᠯᠯᠠᠭ᠎ᠠ ᠥᠷᠨᠢᠭᠦᠯᠵᠡᠶ᠃ ᠭᠤᠤᠯᠳᠠᠭᠤ ᠵᠠᠰᠠᠮᠠᠯ ᠵᠠᠮ ᠤᠨ ᠬᠤᠶᠠᠷ | ᠬᠠᠵᠠᠭᠤ ᠶᠢᠨ ᠴᠠᠭᠠᠨ ᠥᠩᠭᠡ ᠲᠠᠢ ᠬᠤᠭ ᠨᠣᠪᠰᠢ ᠶᠢ ᠪᠥᠬᠦ ᠲᠠᠯ᠎ᠠ ᠪᠠᠷ ᠴᠡᠭᠴᠡᠯᠡᠨ ᠴᠡᠪᠡᠷᠯᠡᠵᠡᠢ᠃ | | ᠠᠵᠢᠯᠯᠠᠭᠠᠨ ᠤ ᠳᠤᠮᠳᠠ ᠠᠵᠢᠯᠲᠠᠳ ᠵᠠᠮ ᠤᠨ ᠬᠤᠶᠠᠷ ᠲᠠᠯ᠎ᠠ᠂ ᠡᠪᠡᠰᠦ ᠪᠤᠲᠠ ᠶᠢᠨ ᠳᠣᠲᠣᠷᠠᠬᠢ | ᠰᠦᠯᠢᠶᠣᠣ ᠤᠭᠤᠲᠠ᠂ ᠴᠠᠭᠠᠰᠤᠨ ᠦᠷᠦᠪᠳᠡᠰᠦ᠂ ᠬᠠᠶᠠᠭᠳᠠᠮᠠᠯ ᠪᠣᠳᠠᠰ ᠵᠡᠷᠭᠡ ᠴᠠᠭᠠᠨ ᠥᠩᠭᠡᠲᠦ ᠬᠤᠭ | ᠨᠣᠪᠰᠢ ᠶᠢ ᠲᠡᠭᠦᠵᠦ ᠤᠭᠤᠲᠠᠯᠠᠨ ᠲᠦᠪᠯᠡᠷᠡᠭᠦᠯᠦᠨ ᠰᠢᠢᠳᠪᠦᠷᠢᠯᠡᠵᠡᠢ᠃ ᠥᠨᠥᠳᠦᠷ ᠪᠣᠯᠲᠠᠯ᠎ᠠ ᠨᠡᠶᠢᠲᠡ 300 | ᠭᠠᠷᠤᠢ ᠬᠥᠮᠦᠨ ᠬᠤᠭ ᠨᠣᠪᠰᠢ ᠲᠡᠭᠦᠬᠦ ᠠᠵᠢᠯᠯᠠᠭ᠎ᠠ ᠳᠤ ᠣᠷᠣᠯᠴᠠᠵᠤ᠂ ᠠᠷᠤᠭ ᠲᠡᠷᠭᠡ 8 ᠰᠢᠷᠬᠡᠭ᠂ ᠮᠤᠬᠤᠯᠠᠭ | ᠲᠡᠷᠭᠡ ᠪᠤᠯᠤᠨ ᠭᠤᠷᠪᠠᠨ ᠬᠦᠷᠳᠦᠲᠦ ᠲᠡᠷᠭᠡ 20 ᠰᠢᠷᠬᠡᠭ᠂ ᠬᠤᠰᠤᠭᠤᠷ ᠲᠡᠷᠭᠡ 2 ᠰᠢᠷᠬᠡᠭ᠂ ᠨᠡᠶᠢᠲᠡ 5 | ᠲᠣᠨ ᠬᠤᠭ ᠨᠣᠪᠰᠢ ᠶᠢ ᠴᠡᠪᠡᠷᠯᠡᠪᠡ᠃ | | | | | ᠡᠨᠡ ᠤᠳᠠᠭᠠᠨ ᠤ ︽ᠴᠠᠭᠠᠨ ᠥᠩᠭᠡᠲᠦ ᠬᠤᠭ ᠨᠣᠪᠰᠢ︾ ᠲᠡᠭᠦᠬᠦ ᠠᠵᠢᠯᠯᠠᠭ᠎ᠠ ᠪᠠᠷ ᠳᠠᠮᠵᠢᠨ᠂ ᠠᠵᠢᠯᠲᠠᠨ | ᠠᠵᠢᠯᠴᠢᠨ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ | ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠡᠶ᠎ᠡ ᠵᠣᠬᠢᠴᠠᠯ ᠲᠠᠢ ᠪᠣᠯᠪᠠᠰᠤᠨ ᠴᠡᠪᠡᠷ ᠭᠡᠷ ᠣᠷᠣᠨ ᠢ ᠪᠦᠲᠦᠭᠡᠨ | ᠪᠠᠶᠢᠭᠤᠯᠤᠨ ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠠᠩ ᠰᠠᠶᠢᠨ ᠪᠣᠯᠭᠠᠬᠤ ᠳᠤ | ᠪᠠᠲᠤ ᠪᠠᠬᠢ ᠰᠠᠭᠤᠷᠢ ᠶᠢ ᠳᠠᠯᠪᠢᠵᠠᠢ᠃ | |