ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠢ | ᠤᠳᠤᠷᠢᠳᠬᠤ ᠳᠤᠭᠤᠶᠢᠯᠠᠩ ᠠᠴᠠ ︽ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ | ᠬᠢᠴᠢᠶᠡᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠠᠷᠭ᠎ᠠ | ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ | ᠲᠠᠷᠬᠠᠭᠠᠬᠤ ᠶᠢᠨ ᠬᠠᠮᠲᠤ ᠮᠡᠳᠡᠭᠳᠡᠯ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠤᠷᠭᠠᠨ ᠬᠥᠮᠦᠵᠢᠯ ᠤᠨ ᠠᠵᠢᠯ ᠢ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ᠂ ᠥᠪᠡᠷᠲᠡᠭᠡᠨ | ᠵᠠᠰᠠᠬᠤ ᠣᠷᠣᠨ ᠤ ᠬᠤᠯᠪᠤᠭᠳᠠᠬᠤ ᠰᠠᠯᠠᠭ᠎ᠠ ᠮᠥᠴᠢᠷ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶᠠᠨ ᠤ ᠰᠤᠷᠭᠠᠨ | ᠬᠥᠮᠦᠵᠢᠯ ᠤᠨ ᠠᠵᠢᠯ ᠢ ᠤᠳᠤᠷᠢᠳᠬᠤ ᠳᠤᠭᠤᠶᠢᠯᠠᠩ ᠪᠠ ᠡᠯ᠎ᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ | ᠪᠣᠳᠠᠲᠠᠶ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ | ᠱᠠᠭᠠᠷᠳᠠᠪᠠ᠃ | ︽ᠠᠷᠭ᠎ᠠ ᠬᠡᠮᠵᠢᠶ᠎ᠡ ᠨᠦᠭᠦᠳ︾ ᠨᠢ ᠶᠡᠷᠦᠩᠬᠡᠶ ᠱᠠᠭᠠᠷᠳᠠᠯᠭ᠎ᠠ ᠶᠢ ᠡᠵᠡᠮᠳᠡᠵᠦ᠂ ᠬᠢᠴᠢᠶᠡᠯ ᠤᠨ ᠵᠢᠭᠠᠬᠤ | ᠮᠠᠲ᠋ᠧᠷᠢᠶᠠᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠠᠴᠠ ᠡᠭᠦᠰᠴᠦ᠂ ᠨᠡᠯᠢᠶᠡᠳ ᠴᠢᠩᠭ᠎ᠠ | ᠵᠢᠯᠣᠭᠤᠳᠬᠤ ᠴᠢᠨᠠᠷᠲᠠᠶ᠂ ᠬᠡᠷᠡᠭᠯᠡᠭᠡᠨ ᠤ ᠴᠢᠨᠠᠷᠲᠠᠶ ᠪᠠ ᠰᠢᠨ᠎ᠡ ᠶᠢ ᠡᠭᠦᠳᠬᠦ ᠴᠢᠨᠠᠷᠲᠠᠶ ᠠᠷᠭ᠎ᠠ ᠬᠡᠮᠵᠢᠶ᠎ᠡ ᠨᠦᠭᠦᠳ ᠢ | ᠨᠡᠶᠢᠲᠡᠯᠡᠪᠡ᠃ | ᠳᠣᠣᠷ᠎ᠠ ᠪᠢᠳᠡ ᠠᠷᠭ᠎ᠠ ᠬᠡᠮᠵᠢᠶ᠎ᠡ ᠨᠦᠭᠦᠳ ᠢ ᠦᠵᠡᠵᠡᠭᠡᠶ᠎ᠡ᠃ | 1. ᠬᠢᠴᠢᠶᠡᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠭᠤᠣᠯ ᠠᠭᠤᠯᠭ᠎ᠠ ᠪᠠᠨ ᠪᠣᠯᠭᠠᠵᠤ᠂ ᠰᠤᠷᠭᠠᠭᠤᠯᠢ ᠶᠢᠨ ᠣᠨᠴᠠᠯᠢᠭ ᠪᠠ | ᠴᠢᠳᠠᠪᠤᠷᠢᠲᠠᠨ ᠢ ᠬᠥᠮᠦᠵᠢᠭᠦᠯᠬᠦ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠤᠨ ᠳᠣᠭᠲᠠᠯᠴᠠᠭ᠎ᠠ ᠶᠢ ᠪᠠᠶᠢᠭᠤᠯᠤᠨ᠎ᠠ᠃ ᠤᠯᠤᠰ ᠤᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠠᠪᠠᠯ ᠰᠤᠷᠬᠤ ᠬᠢᠴᠢᠶᠡᠯ ᠢ ᠨᠡᠭᠡᠭᠡᠵᠦ᠂ ᠬᠢᠴᠢᠶᠡᠯ ᠤᠨ ᠴᠠᠭ ᠪᠠ | ᠰᠤᠷᠤᠯᠭ᠎ᠠ ᠶᠢᠨ ᠬᠤᠪᠢ ᠶᠢ ᠪᠠᠲᠤᠯᠠᠨ᠎ᠠ᠃ ᠡᠯ᠎ᠡ ᠳᠡᠭᠡᠳᠦ ᠰᠤᠷᠭᠠᠭᠤᠯᠢ ᠨᠢ ᠰᠢᠨᠵᠢᠯᠡᠭᠡᠨ ᠤ ᠰᠠᠯᠠᠭᠠᠨ ᠤ ᠪᠠᠨ | ᠲᠤᠰᠬᠠᠶ ᠮᠡᠷᠭᠡᠵᠢᠯ ᠤᠨ ᠣᠨᠴᠠᠯᠢᠭ ᠪᠠ ᠳᠠᠪᠠᠭᠤᠯᠢᠭ ᠲᠠᠯ᠎ᠠ ᠲᠠᠢ ᠪᠠᠨ ᠤᠶᠠᠯᠳᠤᠭᠤᠯᠤᠨ᠂ ᠰᠣᠩᠭᠤᠨ ᠰᠤᠷᠬᠤ | ᠬᠢᠴᠢᠶᠡᠯ ᠢ ᠨᠢᠭᠡᠳᠦᠯᠲᠡᠶ ᠲᠥᠯᠥᠪᠯᠡᠨ ᠨᠡᠭᠡᠭᠡᠵᠦ᠂ ᠥᠪᠡᠷᠲᠡᠭᠡᠨ ᠵᠠᠰᠠᠬᠤ ᠣᠷᠣᠨ ᠤ ᠬᠤᠪᠢᠰᠬᠠᠯ᠂ ᠪᠥᠲᠦᠭᠡᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠲᠡᠤᠬᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ᠂ | ᠮᠣᠩᠭᠤᠯ ᠮᠣᠷᠢᠨ ᠤ ᠵᠣᠷᠢᠭ ᠰᠠᠨᠠᠭ᠎ᠠ᠂ ᠤᠯᠠᠭᠠᠨᠮᠥ᠋ᠴᠢᠷ ᠤᠨ ᠵᠣᠷᠢᠭ ᠰᠠᠨᠠᠭ᠎ᠠ᠂ ᠰᠠᠨᠰᠠᠷ ᠤᠨ ᠠᠶᠠᠯᠠᠯ ᠤᠨ | ᠦᠢᠯᠡᠰ ᠲᠤ ᠦᠵᠡᠭᠦᠯᠦᠭᠰᠡᠨ ᠥᠪᠥᠷ ᠮᠣᠩᠭᠤᠯ ᠤᠨ ᠬᠤᠪᠢ ᠨᠡᠮᠡᠷᠢ ᠵᠡᠷᠭᠡ ᠠᠭᠤᠯᠭ᠎ᠠ ᠶᠢ ᠬᠤᠯᠪᠤᠭᠳᠠᠬᠤ ᠬᠢᠴᠢᠶᠡᠯ | ᠳᠤ ᠪᠠᠨ ᠣᠷᠤᠭᠤᠯᠤᠨ᠎ᠠ᠃ | 2. ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ | ᠤᠯᠤᠰ ᠠᠴᠠ ᠨᠢᠭᠡᠳᠦᠯᠲᠡᠶ ᠨᠡᠭᠡᠭᠡᠬᠦ ᠪᠠᠷ ᠲᠣᠭᠲᠠᠭᠰᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠳᠤ | ᠤᠯᠤᠰ ᠤᠨ ᠮᠠᠷᠺᠰ ᠤᠨ ᠦᠵᠡᠯ ᠤᠨ ᠣᠨᠣᠯ ᠤᠨ ᠰᠤᠳᠤᠯᠤᠯ ᠪᠣᠯᠤᠨ ᠪᠠᠶᠢᠭᠤᠯᠤᠯᠲᠠ ᠶᠢᠨ ᠢᠨᠵᠧᠨᠧᠷᠢᠩ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠦᠨᠳᠦᠰᠦᠲᠡᠨ ᠤ ᠣᠨᠣᠯ ᠬᠢᠭᠡᠳ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠨᠢᠭᠡᠳᠦᠯᠲᠡᠶ ᠨᠠᠶᠢᠷᠠᠭᠤᠯᠵᠤ ᠨᠢᠭᠡᠳᠦᠯᠲᠡᠶ ᠬᠢᠨᠠᠵᠤ ᠨᠢᠭᠡᠳᠦᠯᠲᠡᠶ ᠬᠡᠷᠡᠭᠯᠡᠬᠦ ᠬᠡᠷᠡᠭᠲᠡᠶ᠃ | 3. ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ | ᠮᠠᠷᠺᠰ ᠤᠨ ᠦᠵᠡᠯ ᠤᠨ ᠰᠢᠨᠵᠢᠯᠡᠭᠡᠨ ᠤ ᠰᠠᠯᠠᠭ᠎ᠠ ᠪᠠ ᠬᠤᠯᠪᠤᠭᠳᠠᠬᠤ ᠭᠦᠨ ᠤᠬᠠᠭᠠᠨ᠂ ᠨᠡᠶᠢᠭᠡᠮ ᠤᠨ | ᠰᠢᠨᠵᠢᠯᠡᠬᠦ ᠤᠬᠠᠭᠠᠨ ᠤ ᠰᠢᠨᠵᠢᠯᠡᠭᠡᠨ ᠤ ᠰᠠᠯᠠᠭᠠᠨ ᠤ ᠳᠡᠭᠡᠳᠦ ᠲᠡᠰ ᠤᠨ ᠴᠢᠳᠠᠪᠤᠷᠢᠲᠠᠨ ᠢ ᠬᠥᠮᠦᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠵᠦ᠂ ᠮᠠᠭᠢᠰᠲ᠋ᠧᠷ᠂ ᠳ᠋ᠣᠺᠲ᠋ᠣᠷ ᠢ ᠬᠥᠮᠦᠵᠢᠭᠦᠯᠬᠦ ᠬᠡᠪᠴᠢᠶ᠎ᠡ ᠶᠢ ᠵᠣᠬᠢᠰᠲᠠᠶ ᠥᠷᠭᠡᠳᠬᠡᠨ᠎ᠡ | ᠃ ᠤᠳᠤ ᠪᠠᠶᠢᠭ᠎ᠠ ᠮᠠᠷᠺᠰ ᠤᠨ ᠦᠵᠡᠯ ᠤᠨ ᠤᠨᠤᠯ ᠤᠨ ᠰᠢᠨᠵᠢᠯᠡᠭᠡᠨ ᠤ ᠰᠠᠯᠠᠭᠠᠨ ᠤ ᠮᠠᠭᠢᠰᠲ᠋ᠧᠷ ᠤᠨ ᠴᠡᠭ ᠤᠨ | ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠰᠤᠷᠭᠠᠭᠤᠯᠢ ᠶᠢᠨ ᠳᠠᠪᠠᠭᠤᠯᠢᠭ ᠲᠠᠯ᠎ᠠ ᠪᠠᠨ ᠬᠠᠷᠢᠯᠴᠠᠨ | ᠨᠥᠬᠦᠪᠦᠷᠢᠯᠡᠵᠦ ᠳ᠋ᠣᠺᠲ᠋ᠣᠷᠠᠨᠲ ᠤᠨ ᠴᠡᠭ ᠢ ᠬᠠᠮᠲᠤᠷᠠᠨ ᠮᠡᠳᠡᠭᠦᠯᠬᠦ ᠶᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢ 5 ᠰᠢᠬᠠᠮ ᠭᠤᠤᠯᠳᠠᠯᠭ᠎ᠠ ᠲᠠᠢ | ᠪᠦᠲᠦᠭᠡᠨ ᠪᠠᠶᠢᠭᠤᠯᠵᠤ᠂ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠳᠤ ᠬᠢ ᠮᠠᠷᠺᠰ ᠤᠨ ᠦᠵᠡᠯ ᠤᠨ ᠳᠡᠭᠡᠳᠦ | ᠰᠤᠷᠭᠠᠭᠤᠯᠢ ᠶᠢ ᠪᠠᠷᠢᠮᠵᠢᠶᠠᠵᠢᠭᠤᠯᠤᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ | 4. ᠵᠢᠭᠠᠨ ᠰᠤᠷᠭᠠᠯᠲᠠ ᠶᠢᠨ ᠰᠤᠳᠤᠯᠭᠠᠨ ᠢ ᠴᠢᠩᠭᠠᠳᠬᠠᠨ᠎ᠠ᠃ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠲᠥᠰᠦᠯ᠂ | ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠳᠥᠰᠦᠯ᠂ ᠰᠤᠷᠭᠠᠨ ᠬᠥᠮᠦᠵᠢᠯ ᠤᠨ ᠲᠢᠩᠬᠢᠮ ᠤᠨ | ᠬᠥᠮᠦᠨ ᠨᠡᠶᠢᠭᠡᠮ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠳᠥᠰᠦᠯ ᠵᠡᠷᠭᠡ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠪᠠᠭᠰᠢ ᠶᠢᠨ ᠰᠣᠳᠤᠯᠭᠠᠨ ᠤ ᠲᠤᠰᠬᠠᠶ ᠵᠦᠢᠯ ᠢ ᠪᠠᠶᠢᠭᠤᠯᠤᠨ᠎ᠠ᠃ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠬᠠᠮᠲᠤ ᠪᠠᠷ ᠬᠢᠴᠢᠶᠡᠯ ᠪᠡᠯᠡᠳᠬᠡᠬᠦ᠂ ᠰᠤᠷᠭᠠᠭᠤᠯᠢ ᠶᠢᠨ | ᠬᠡᠪᠴᠢᠶᠡᠨ ᠳᠤ ᠬᠢ ᠠᠵᠢᠯ ᠲᠥᠷᠥᠯ ᠢᠶᠠᠷ ᠢᠶᠠᠨ ᠬᠠᠪᠰᠤᠷᠤᠨ ᠳᠡᠮᠵᠢᠯᠴᠡᠬᠦ ᠬᠠᠷᠢᠴᠠᠩᠭᠤᠶ ᠳᠣᠭᠲᠠᠪᠤᠷᠢᠵᠢᠭᠰᠠᠨ | ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠪᠥᠬᠦ ᠣᠷᠣᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ | ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠲᠠᠪᠴᠠᠩ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠲᠡᠷᠢᠭᠦᠨ ᠵᠡᠷᠭᠡ ᠶᠢᠨ ᠵᠢᠩᠬᠢᠨᠢ ᠠᠩᠭᠢ ᠶᠢᠨ ᠬᠢᠴᠢᠶᠡᠯ ᠢ ᠮᠠᠭᠠᠳᠯᠠᠨ ᠲᠣᠭᠲᠠᠭᠠᠬᠤ ᠳᠤ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠲᠡᠶᠢᠰᠢ ᠬᠡᠯᠪᠠᠶᠢᠯᠭᠡᠨ᠎ᠡ᠃ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠤᠨ | ᠬᠤᠯᠪᠤᠭᠠᠲᠤ ᠬᠤᠷᠠᠯ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠦᠷ᠎ᠡ | ᠪᠦᠲᠦᠭᠡᠯ ᠤᠨ ᠦᠵᠡᠭᠦᠯᠭᠡ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠤᠷ᠎ᠠ | ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠲᠣᠭᠲᠠᠮᠠᠯ ᠬᠤᠭᠤᠴᠠᠭᠠᠲᠠᠢ ᠪᠠᠷ ᠡᠷᠬᠢᠯᠡᠨ᠎ᠠ᠃ | 5. ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠪᠣᠯᠤᠨ ᠲᠤᠰᠬᠠᠶ ᠮᠡᠷᠭᠡᠵᠢᠯ ᠤᠨ | ᠳᠠᠳᠤᠯᠭ᠎ᠠ ᠶᠢᠨ ᠪᠣᠯᠪᠠᠰᠤᠷᠠᠭᠤᠯᠤᠯ᠂ ᠰᠢᠨ᠎ᠡ ᠶᠢ ᠡᠭᠦᠳᠴᠦ ᠦᠢᠯᠡᠰ ᠪᠣᠰᠬᠠᠬᠤ᠂ ᠤᠳᠬ᠎ᠠ ᠤᠷᠠᠯᠢᠭ ᠤᠨ ᠡᠭᠦᠳᠦᠨ | ᠪᠥᠲᠦᠭᠡᠯᠲᠡ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠶᠢ ᠣᠷᠭᠠᠨᠢᠭ ᠢᠶᠠᠷ ᠤᠶᠠᠯᠳᠤᠭᠤᠯᠵᠤ᠂ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠠᠴᠢᠶᠠᠯᠠᠪᠤᠷᠢ ᠶᠢᠨ ᠲᠠᠪᠴᠠᠩ ᠢ | ᠪᠠᠶᠠᠯᠢᠭᠵᠢᠭᠤᠯᠤᠨ᠎ᠠ᠃ ᠣᠯᠠᠨ ᠶᠠᠩᠵᠤ ᠶᠢᠨ᠂ ᠬᠠᠷᠢᠴᠠᠩᠭᠤᠶ ᠲᠣᠭᠲᠠᠭᠤᠨ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠳᠡᠭᠡᠳᠦ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ | ᠨᠢᠭᠡ ᠪᠦᠯᠦᠭ ᠦᠯᠢᠭᠡᠷ ᠵᠢᠱᠢᠶ᠎ᠡ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ | 6. ᠬᠢᠴᠢᠶᠡᠯᠯᠡᠭᠡ ᠪᠠᠷ ᠬᠥᠮᠦᠨ ᠬᠥᠮᠦᠵᠢᠭᠦᠯᠬᠦ ᠶᠢ ᠬᠠᠮᠵᠢᠯᠴᠠᠨ ᠠᠬᠢᠭᠤᠯᠤᠨ᠎ᠠ᠃ | ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ + ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ︾ | ᠶᠢᠨ ᠪᠠᠶᠢᠷᠢᠰᠢᠯ ᠤᠨ ᠪᠠᠶᠢᠭᠤᠯᠤᠯᠲᠠ ᠶᠢ ᠠᠬᠢᠭᠤᠯᠵᠤ᠂ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠨᠢᠭᠡ | ᠪᠦᠯᠦᠭ ᠦᠯᠢᠭᠡᠷ ᠵᠢᠱᠢᠶ᠎ᠡ ᠳᠡᠭᠡᠳᠦ ᠰᠤᠷᠭᠠᠭᠤᠯᠢ᠂ ᠦᠯᠢᠭᠡᠷ ᠵᠢᠱᠢᠶ᠎ᠡ ᠬᠢᠴᠢᠶᠡᠯ ᠢ ᠪᠣᠢ ᠪᠣᠯᠭᠠᠵᠤ᠂ ᠬᠢᠴᠢᠶᠡᠯ ᠤᠨ | ᠦᠵᠡᠯ ᠰᠠᠨᠠᠭ᠎ᠠ ᠤᠯᠤᠰ ᠲᠥᠷᠥ ᠶᠢ ᠵᠢᠭᠠᠨ ᠰᠤᠷᠭᠠᠬᠤ ᠨᠢᠭᠡ ᠪᠦᠯᠦᠭ ᠨᠡᠷᠡᠲᠦ ᠪᠠᠭᠰᠢ᠂ ᠵᠢᠭᠠᠨ ᠰᠤᠷᠭᠠᠬᠤ | ᠪᠦᠯᠬᠦᠮ ᠨᠡᠶᠢᠲᠡ ᠶᠢ ᠰᠣᠩᠭᠤᠨ ᠪᠠᠶᠢᠭᠤᠯᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ ᠣᠷᠣᠯᠴᠠᠵᠤ᠂ ︽ᠬᠤᠶᠠᠳᠤᠭᠠᠷ | ᠬᠢᠴᠢᠶᠡᠯᠯᠡᠭᠡ ᠶᠢᠨ ᠬᠢᠷᠢ ᠪᠦᠲᠦᠮᠵᠢ ᠶᠢᠨ ᠬᠠᠭᠤᠳᠠᠰᠤ︾ ᠶᠢᠨ ᠳᠦᠷᠢᠮ ᠢ ᠭᠦᠨᠵᠡᠭᠡᠢ ᠬᠡᠷᠡᠭᠵᠢᠭᠦᠯᠵᠦ᠂ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢ ᠰᠤᠷᠤᠭᠴᠢᠳ ᠤᠨ ᠬᠠᠪᠰᠤᠷᠤᠨ ᠵᠢᠯᠣᠭᠤᠳᠣᠭᠴᠢ᠂ | ᠨᠡᠶᠢᠭᠡᠮᠯᠢᠭ ᠤᠨ ᠵᠢᠯᠣᠭᠤᠳᠤᠭᠴᠢ ᠪᠠᠭᠰᠢ ᠶᠢᠨ ᠲᠤᠰᠢᠶᠠᠯ ᠢ ᠬᠠᠪᠰᠤᠷᠭᠠᠬᠤ ᠪᠠᠷ ᠰᠣᠩᠭᠤᠨ ᠲᠣᠮᠢᠯᠠᠨ᠎ᠠ᠃ | 7. ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢᠨ ᠡᠩᠨᠡᠭᠡ ᠶᠢ ᠥᠳᠲᠡᠷ ᠲᠦᠷᠭᠡᠨ | ᠪᠦᠷᠢᠨ ᠭᠦᠢᠴᠡᠳ ᠲᠤᠬᠢᠷᠠᠭᠤᠯᠤᠨ᠎ᠠ᠃ | ᠪᠠᠭᠰᠢ ᠪᠣᠯᠤᠨ ᠰᠤᠷᠤᠭᠴᠢ ᠶᠢᠨ ᠬᠠᠷᠢᠴᠠᠯ ᠢ ᠬᠠᠮᠤᠭ ᠤᠨ ᠪᠠᠭ᠎ᠠ ᠳᠤ ᠪᠠᠨ 1᠄ 350 ᠪᠠᠶᠢᠯᠭᠠᠬᠤ ᠲᠤᠰᠬᠠᠶ | ᠲᠤᠰᠢᠶᠠᠯᠲᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠠᠵᠢᠯ ᠤᠨ ᠪᠠᠶᠢᠷᠢ ᠶᠢ ᠬᠢᠨᠠᠨ | ᠲᠣᠭᠲᠠᠭᠠᠨ᠎ᠠ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢ ᠣᠷᠣᠭᠤᠯᠤᠨ ᠠᠪᠴᠢᠷᠠᠬᠤ᠂ | ᠤᠷᠢᠬᠤ ᠲᠥᠯᠥᠪᠯᠡᠭᠡ ᠶᠢ ᠤᠷᠢᠳ ᠢᠶᠠᠷ ᠲᠣᠬᠢᠷᠠᠭᠤᠯᠵᠤ᠂ ᠤᠯᠤᠰ ᠲᠥᠷᠥ᠂ ᠪᠠᠭᠰᠢ ᠶᠢᠨ ᠶᠣᠰᠣ ᠮᠣᠷᠠᠯ᠂ | ᠲᠤᠬᠠᠶᠢᠯᠠᠭᠰᠠᠨ ᠠᠵᠢᠯ ᠤᠨ ᠲᠠᠯ᠎ᠠ ᠪᠠᠷ ᠴᠢᠩᠭ᠎ᠠ ᠠᠳᠬᠤᠨ᠂ ᠵᠢᠭᠠᠨ ᠰᠤᠷᠭᠠᠬᠤ ᠴᠢᠳᠠᠪᠤᠷᠢ ᠶᠢᠨ ᠱᠠᠭᠠᠷᠳᠠᠯᠭ᠎ᠠ ᠶᠢ | ᠳᠣᠪᠤᠶᠢᠯᠭᠠᠵᠤ᠂ ᠰᠤᠷᠤᠯᠭ᠎ᠠ ᠶᠢᠨ ᠨᠠᠮᠲᠠᠷ ᠢ ᠯᠠ ᠡᠷᠬᠢᠮᠯᠡᠬᠦ᠂ ᠥᠭᠦᠯᠡᠯ ᠢ ᠯᠡ ᠡᠷᠬᠢᠮᠯᠡᠬᠦ ᠵᠡᠷᠭᠡ ᠬᠡᠯᠪᠡᠷᠢᠯ ᠠᠴᠠ | ᠵᠠᠶᠢᠯᠠᠰᠬᠢᠨ᠂ 2020 ᠣᠨ ᠤ ᠵᠢᠯ ᠤᠨ ᠡᠴᠦᠰ ᠠᠴᠠ ᠡᠮᠦᠨ᠎ᠡ᠂ ᠲᠤᠰᠬᠠᠶ ᠲᠤᠰᠢᠶᠠᠯᠲᠤ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠪᠠᠭᠰᠢ ᠳᠤᠲᠠᠭᠳᠠᠵᠤ ᠪᠠᠶᠢᠭ᠎ᠠ ᠠᠰᠠᠭᠤᠳᠠᠯ ᠢ ᠦᠨᠳᠦᠰᠦᠨ ᠳᠤ ᠨᠢ ᠰᠢᠢᠳᠪᠦᠷᠢᠯᠡᠨ᠎ᠡ᠃ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠳᠡᠭᠡᠳᠦ ᠲᠠᠰ ᠤᠨ ᠴᠢᠳᠠᠪᠤᠷᠢᠲᠠᠨ ᠢ ᠥᠪᠡᠷᠲᠡᠭᠡᠨ ᠵᠠᠰᠠᠬᠤ | ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠰᠠᠭᠠᠳ ᠥᠬᠡᠶ ᠨᠡᠪᠲᠡᠷᠡᠬᠦ ᠵᠠᠮ︾ ᠳᠤ ᠣᠷᠣᠭᠤᠯᠤᠨ᠎ᠠ᠃ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢ ᠡᠭᠦᠷᠭᠡᠯᠡᠵᠦ ᠳᠡᠶᠢᠯᠬᠦ᠋ᠢᠴᠡ ᠨᠠᠮ | ᠵᠠᠰᠠᠭ ᠤᠨ ᠬᠠᠮᠢᠶᠠᠷᠤᠯᠲᠠ ᠶᠢᠨ ᠺᠠᠳ᠋ᠷ᠂ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭᠠᠨ ᠤ ᠪᠠᠭᠰᠢ ᠶᠢ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠪᠠᠭᠰᠢ ᠪᠣᠯᠭᠠᠨ ᠰᠢᠯᠵᠢᠭᠦᠯᠦᠨ ᠲᠣᠮᠢᠯᠠᠬᠤ ᠲᠣᠭᠲᠠᠴᠠ ᠪᠠ ᠠᠷᠭ᠎ᠠ ᠶᠢ | ᠰᠦᠪᠡᠭᠴᠢᠯᠡᠨ᠎ᠡ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠣᠨᠴᠠ ᠤᠷᠢᠭᠰᠠᠨ ᠪᠠᠭᠰᠢ᠂ ᠲᠤᠰᠢᠶᠠᠯ | ᠬᠠᠪᠰᠤᠷᠭᠠᠭᠰᠠᠨ ᠪᠠᠭᠰᠢ ᠶᠢᠨ ᠲᠦᠷᠢᠮ ᠢ ᠪᠦᠷᠢᠨ ᠲᠡᠭᠦᠯᠲᠡᠷ ᠪᠠᠶᠢᠭᠤᠯᠤᠨ᠂ ᠨᠡᠶᠢᠭᠡᠮ ᠤᠨ ᠰᠢᠨᠵᠢᠯᠡᠬᠦ ᠤᠬᠠᠭᠠᠨ ᠤ | ᠣᠨᠣᠯ ᠤᠨ ᠬᠦᠷᠢᠶ᠎ᠡ ᠬᠡᠪᠴᠢᠶᠡᠨ ᠳᠤ ᠬᠢ ᠲᠤᠰᠬᠠᠶ ᠮᠡᠷᠭᠡᠵᠢᠯᠲᠡᠨ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ᠂ ᠡᠯ᠎ᠡ ᠠᠵᠢᠯ ᠲᠥᠷᠥᠯ ᠤᠨ ᠲᠡᠷᠢᠭᠦᠨ ᠤ ᠵᠢᠱᠢᠶᠡᠴᠢ | ᠵᠡᠷᠭᠡ ᠶᠢ ᠣᠷᠣᠭᠤᠯᠤᠨ ᠠᠪᠴᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠶᠢ ᠵᠢᠭᠠᠯᠭᠠᠨ᠎ᠠ᠃ | 8. ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠶᠢ ᠬᠥᠮᠥᠵᠢᠭᠦᠯᠵᠦ ᠪᠣᠯᠪᠠᠰᠤᠷᠠᠭᠤᠯᠬᠤ | ᠠᠵᠢᠯ ᠢ ᠴᠢᠩᠭᠠᠳᠬᠠᠨ᠎ᠠ᠃ | ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ ᠰᠤᠷᠤᠭᠴᠢ ᠨᠢᠭᠡ ᠪᠦᠷᠢ ᠳᠤ ᠵᠢᠯ ᠳᠤ ᠬᠠᠮᠤᠭ ᠤᠨ | ᠪᠠᠭ᠎ᠠ ᠳᠤ ᠪᠠᠨ 40 ᠲᠥᠭᠦᠷᠢᠭ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠨᠢᠭᠡ | ᠪᠦᠷᠢ ᠳᠤ ᠵᠢᠯ ᠳᠤ ᠬᠠᠮᠤᠭ ᠤᠨ ᠪᠠᠭ᠎ᠠ ᠳᠤ ᠪᠠᠨ 30 ᠲᠥᠭᠦᠷᠢᠭ ᠤᠨ ᠪᠠᠷᠢᠮᠵᠢᠶ᠎ᠠ ᠪᠠᠷ ᠲᠤᠰᠬᠠᠶ ᠵᠦᠢᠯ ᠤᠨ | ᠵᠠᠷᠤᠳᠠᠯ ᠢ ᠲᠣᠬᠢᠷᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠨᠠᠷ ᠤᠨ ᠡᠷᠳᠡᠮ | ᠰᠢᠨᠵᠢᠯᠡᠭᠡᠨ ᠤ ᠰᠣᠯᠢᠯᠴᠠᠭ᠎ᠠ᠂ ᠦᠢᠯᠡᠳᠦᠯᠭᠡ ᠪᠠ ᠰᠤᠳᠤᠯᠤᠨ ᠰᠤᠷᠤᠯᠴᠠᠬᠤ ᠵᠡᠷᠭᠡ ᠳᠤ ᠬᠡᠷᠡᠭᠯᠡᠨ᠎ᠡ᠃ ᠤᠯᠤᠰ᠂ | ᠥᠪᠡᠷᠲᠡᠭᠡᠨ ᠵᠠᠰᠠᠬᠤ ᠣᠷᠣᠨ᠂ ᠰᠤᠷᠭᠠᠭᠤᠯᠢ ᠶᠢᠨ ᠡᠯ᠎ᠡ ᠱᠠᠲᠤᠨ ᠤ ᠪᠣᠯᠪᠠᠰᠤᠷᠠᠭᠤᠯᠤᠯ ᠤᠨ ᠲᠥᠯᠥᠪᠯᠡᠭᠡ ᠶᠢ | ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ 3 ᠵᠢᠯ ᠳᠤ ᠨᠢᠭᠡ ᠡᠭᠡᠯᠵᠢ ᠶᠢᠨ ᠪᠣᠯᠪᠠᠰᠤᠷᠠᠭᠤᠯᠤᠯ ᠢ ᠪᠦᠷᠢᠨ | ᠪᠦᠷᠬᠦᠭᠦᠯᠬᠦ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠢ ᠪᠣᠯᠪᠠᠰᠤᠷᠠᠭᠤᠯᠵᠤ ᠰᠤᠳᠤᠯᠤᠨ ᠰᠤᠷᠤᠯᠴᠠᠭᠤᠯᠬᠤ ᠰᠠᠭᠤᠷᠢᠨ | ᠭᠠᠵᠠᠷ ᠢ ᠪᠦᠲᠦᠭᠡᠨ ᠪᠠᠶᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠵᠢᠭᠠᠨ ᠰᠤᠷᠭᠠᠬᠤ ᠨᠢᠭᠡ | ᠪᠦᠯᠦᠭ ᠨᠡᠷᠡᠲᠦ ᠪᠠᠭᠰᠢ᠂ ᠰᠤᠷᠭᠠᠨ ᠬᠥᠮᠦᠵᠢᠯ ᠤᠨ ᠰᠢᠨ᠎ᠡ ᠣᠳᠤᠨ ᠢ ᠬᠥᠮᠥᠵᠢᠭᠦᠯᠵᠦ᠂ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠨᠢᠭᠡ ᠪᠦᠯᠦᠭ ᠨᠡᠷᠡᠲᠦ ᠪᠠᠭᠰᠢ ᠶᠢᠨ ᠠᠵᠢᠯᠯᠠᠬᠤ ᠲᠠᠰᠤᠭ ᠢ ᠪᠠᠶᠢᠭᠤᠯᠤᠨ᠎ᠠ᠃ | 9. ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠳᠦᠷᠢᠮ ᠢ ᠲᠡᠭᠦᠯᠳᠡᠷᠵᠢᠭᠦᠯᠦᠨ᠎ᠡ᠃ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠲᠤᠰᠬᠠᠶ ᠮᠡᠷᠭᠡᠵᠢᠯ ᠤᠨ ᠲᠤᠰᠢᠶᠠᠯ ᠤᠨ | ᠡᠯ᠎ᠡ ᠲᠠᠰ ᠤᠨ ᠠᠵᠢᠯ ᠤᠨ ᠪᠠᠶᠢᠷᠢ ᠶᠢᠨ ᠲᠤᠭ᠎ᠠ ᠶᠢ ᠪᠠᠭᠰᠢ ᠶᠢᠨ ᠬᠠᠷᠢᠴᠠᠯ ᠢᠶᠠᠷ ᠬᠢᠨᠠᠨ ᠲᠣᠭᠲᠠᠭᠠᠬᠤ ᠬᠡᠷᠡᠭᠲᠡᠶ᠃ | ᠲᠤᠰᠬᠠᠶ ᠮᠡᠷᠭᠡᠵᠢᠯ ᠤᠨ ᠲᠤᠰᠢᠶᠠᠯ ︵ᠮᠡᠷᠭᠡᠵᠢᠯ ᠤᠨ ᠴᠣᠯᠠ︶ ᠢ ᠰᠢᠯᠭᠠᠨ ᠳᠣᠭᠲᠠᠭᠠᠵᠤ ᠤᠷᠢᠨ ᠲᠣᠮᠢᠯᠠᠬᠤ | ᠠᠵᠢᠯ ᠤᠨ ᠶᠠᠪᠤᠴᠠ ᠳᠤ᠂ ᠮᠠᠷᠺᠰ ᠤᠨ ᠦᠵᠡᠯ ᠤᠨ ᠣᠨᠣᠯ ᠤᠨ ᠲᠥᠷᠥᠯ ᠢᠯᠭᠠᠯ ᠢ ᠲᠤᠰᠠᠭᠠᠷ ᠨᠢ ᠪᠠᠶᠢᠭᠤᠯᠵᠤ᠂ | ᠳᠡᠭᠡᠳᠦ ᠰᠤᠷᠭᠠᠭᠤᠯᠢ ᠶᠢᠨ ᠳᠤᠰᠬᠠᠢ ᠮᠡᠷᠭᠡᠵᠢᠯ ᠤᠨ ᠲᠤᠰᠢᠶᠠᠯ ︵ᠮᠡᠷᠭᠡᠵᠢᠯ ᠤᠨ ᠴᠣᠯᠠ︶ ᠢ ᠰᠢᠯᠭᠠᠨ ᠳᠣᠭᠲᠠᠭᠠᠵᠤ | ᠤᠷᠢᠨ ᠲᠣᠮᠢᠯᠠᠬᠤ ᠺᠣᠮᠢᠰ ᠲᠤ ᠵᠣᠬᠢᠬᠤ ᠬᠠᠷᠢᠴᠠᠯ ᠪᠥᠬᠦᠶ ᠮᠠᠷᠺᠰ ᠤᠨ ᠦᠵᠡᠯ ᠤᠨ ᠣᠨᠣᠯ ᠤᠨ ᠰᠢᠨᠵᠢᠯᠡᠭᠡᠨ ᠤ | ᠰᠠᠯᠠᠭᠠᠨ ᠤ ᠲᠤᠰᠬᠠᠶ ᠮᠡᠷᠭᠡᠵᠢᠯᠲᠡᠨ ᠲᠠᠢ ᠪᠠᠶᠢᠬᠤ ᠬᠡᠷᠡᠭᠲᠡᠶ᠃ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ | ᠪᠠᠭᠰᠢ ᠶᠢᠨ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠠᠵᠢᠯ ᠤᠨ ᠪᠠᠶᠢᠷᠢ ᠶᠢᠨ ᠬᠠᠷᠢᠴᠠᠯ ᠢ ᠥᠳᠲᠡᠷ ᠲᠦᠷᠭᠡᠨ | ᠳᠡᠭᠡᠭᠰᠢᠯᠡᠭᠦᠯᠵᠦ᠂ ᠪᠥᠬᠦ ᠰᠤᠷᠭᠠᠭᠤᠯᠢ ᠶᠢᠨ ᠳᠤᠮᠳᠠᠴᠢ ᠬᠢᠷᠢ ᠬᠡᠮᠵᠢᠶ᠎ᠡ ᠠᠴᠠ ᠳᠣᠤᠷ᠎ᠠ ᠪᠠᠶᠢᠯᠭᠠᠵᠤ ᠪᠣᠯᠬᠤ ᠦᠭᠡᠢ᠃ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ | ᠪᠠᠷᠢᠮᠵᠢᠶ᠎ᠡ ᠶᠢ ᠲᠣᠭᠲᠠᠭᠠᠵᠤ᠂ ᠵᠢᠭᠠᠬᠤ ᠪᠣᠯᠤᠨ ᠵᠢᠭᠠᠬᠤ ᠶᠢ ᠰᠣᠳᠤᠯᠬᠤ ᠬᠦᠨᠳᠦᠴᠡ ᠶᠢ ᠳᠡᠭᠡᠭᠰᠢᠯᠡᠭᠦᠯᠵᠦ᠂ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠭᠤᠤᠯ ᠵᠠᠭᠤᠴᠢᠯᠠᠭᠤᠷ᠂ ᠨᠠᠮ ᠤᠨ ᠰᠣᠨᠢᠨ ᠪᠠ ᠨᠠᠮ ᠤᠨ ᠰᠡᠳᠬᠦᠯ | ᠳᠡᠭᠡᠷ᠎ᠡ ᠨᠡᠶᠢᠲᠡᠯᠡᠭᠰᠡᠨ ᠣᠨᠣᠯ ᠤᠨ ᠵᠣᠬᠢᠶᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠦᠯᠢᠶᠡᠨ ᠠᠪᠤᠭᠰᠠᠨ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠵᠡᠷᠭᠡ ᠶᠢ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠤᠨ | ᠬᠡᠪᠴᠢᠶᠡᠨ ᠳᠤ ᠣᠷᠣᠭᠤᠯᠤᠨ᠎ᠠ᠃ | 10. ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠭᠰᠢ ᠪᠠ ᠬᠠᠪᠰᠤᠷᠤᠨ ᠵᠢᠯᠤᠭᠤᠳᠤᠭᠴᠢ ᠶᠢᠨ | ᠬᠠᠷᠠᠭᠠᠯᠵᠠᠯ ᠢ ᠳᠡᠭᠡᠭᠰᠢᠯᠡᠭᠦᠯᠦᠨ᠎ᠡ᠃ | ᠡᠯ᠎ᠡ ᠳᠡᠭᠡᠳᠦ ᠰᠤᠷᠭᠠᠭᠤᠯᠢ ᠨᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ᠂ ᠬᠠᠪᠰᠤᠷᠤᠨ | ᠵᠢᠯᠣᠭᠤᠳᠤᠭᠴᠢ ᠶᠢᠨ ᠲᠤᠰᠬᠠᠶ ᠠᠵᠢᠯ ᠤᠨ ᠪᠠᠶᠢᠷᠢ ᠶᠢᠨ ᠨᠥᠬᠦᠪᠥᠷᠢ ᠮᠥᠩᠭᠦ ᠶᠢ ᠭᠠᠷᠭᠠᠵᠤ᠂ ᠵᠠᠷᠴᠢᠮ ᠳᠡᠭᠡᠷ᠎ᠡ ᠪᠠᠨ | ᠬᠥᠮᠦᠨ ᠪᠦᠷᠢ ᠵᠢᠯ ᠳᠤ ᠬᠠᠮᠤᠭ ᠤᠨ ᠪᠠᠭ᠎ᠠ ᠳᠤ ᠪᠠᠨ 10000 ᠲᠥᠭᠦᠷᠢᠭ ᠪᠠᠶᠢᠵᠤ᠂ ᠠᠵᠢᠯ ᠤᠨ ᠬᠢᠷᠢ | ᠪᠥᠲᠦᠮᠵᠢ ᠶᠢᠨ ᠴᠠᠯᠢᠩ ᠤᠨ ᠬᠠᠮᠢᠶᠠᠷᠤᠯᠲᠠ ᠳᠤ ᠣᠷᠣᠭᠤᠯᠵᠤ᠂ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ | ᠴᠠᠯᠢᠩ ᠤᠨ ᠶᠡᠷᠦᠩᠬᠡᠶ ᠬᠡᠮᠵᠢᠶ᠎ᠡ ᠶᠢ ᠵᠣᠬᠢᠴᠠᠩᠭᠤᠶ ᠪᠠᠷ ᠬᠢᠨᠠᠨ ᠨᠡᠮᠡᠭᠳᠡᠭᠦᠯᠵᠦ᠂ ᠵᠠᠷᠤᠳᠠᠯ ᠤᠨ ᠬᠠᠮᠢᠶᠠᠷᠤᠯᠲᠠ ᠶᠢ | ᠴᠢᠩᠳᠠᠯᠠᠵᠤ᠂ ᠤᠷᠮᠠᠰᠢᠭᠤᠯᠬᠤ ᠤᠳᠤᠷᠢᠳᠤᠮᠵᠢ ᠶᠢ ᠢᠯᠡᠷᠡᠭᠦᠯᠦᠨ᠎ᠡ᠃ | 11. ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠳᠤ ᠬᠢ ᠨᠠᠮ ᠤᠨ | ᠤᠳᠤᠷᠢᠳᠤᠯᠭ᠎ᠠ ᠶᠢ ᠴᠢᠩᠭᠠᠳᠬᠠᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠢ ᠤᠳᠤᠷᠢᠳᠬᠤ ᠳᠤᠭᠤᠶᠢᠯᠠᠩ ᠠᠴᠠ | ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠬᠡᠷᠡᠭ | ᠵᠦᠪᠯᠡᠵᠦ ᠰᠢᠢᠳᠪᠦᠷᠢᠲᠦ ᠪᠣᠳᠤᠯᠭ᠎ᠠ ᠲᠣᠭᠲᠠᠭᠠᠬᠤ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ | ᠤᠳᠤᠷᠢᠳᠬᠤ ᠳᠤᠭᠤᠶᠢᠯᠠᠩ ᠤᠨ ᠬᠡᠰᠢᠭᠦᠳ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ | ᠬᠤᠪᠢᠶᠠᠷᠢᠯᠠᠨ ᠬᠠᠮᠵᠢᠯᠴᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢ ᠬᠠᠮᠲᠤ ᠪᠠᠷ | ᠰᠠᠶᠢᠲᠤᠷ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ | ᠬᠡᠰᠢᠭᠦᠳ ᠳᠡᠭᠡᠳᠦ ᠰᠤᠷᠭᠠᠭᠤᠯᠢ ᠲᠠᠢ ᠬᠠᠷᠢᠯᠴᠠᠬᠤ ᠪᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠵᠢᠭᠠᠬᠤ | ᠲᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ | ᠵᠢᠯ ᠪᠦᠷᠢ ᠠᠳᠠᠭ ᠲᠤ ᠪᠠᠨ ᠨᠢᠭᠡ ᠤᠳᠠᠭ᠎ᠠ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ᠂ ᠦᠵᠡᠯ ᠰᠠᠨᠠᠭ᠎ᠠ | ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠢ ᠰᠣᠳᠤᠯᠤᠨ᠂ ᠨᠠᠮ | ᠵᠠᠰᠠᠭ ᠤᠨ ᠭᠤᠤᠯ ᠬᠠᠷᠢᠭᠤᠴᠠᠯᠭᠠᠲᠠᠳ ᠵᠢᠯ ᠪᠦᠷᠢ ᠨᠠᠭᠠᠳᠤ ᠵᠠᠬ᠎ᠠ ᠳᠤ ᠪᠠᠨ ᠳᠡᠭᠡᠳᠦ ᠰᠤᠷᠭᠠᠭᠤᠯᠢ ᠳᠤ 1 ᠤᠳᠠᠭ᠎ᠠ | ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠣᠷᠣᠨ᠎ᠠ᠃ | 12. ᠲᠥᠷᠥ ᠶᠢᠨ ᠪᠣᠳᠣᠯᠭ᠎ᠠ ᠶᠢᠨ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ | ᠮᠠᠷᠺᠰ ᠤᠨ ᠦᠵᠡᠯ ᠤᠨ ᠣᠨᠣᠯ ᠤᠨ ᠰᠢᠨᠵᠢᠯᠡᠭᠡᠨ ᠤ ᠰᠠᠯᠠᠭ᠎ᠠ ᠶᠢ ᠭᠤᠤᠯᠳᠠᠯᠭ᠎ᠠ ᠲᠠᠢ ᠰᠢᠨᠵᠢᠯᠡᠭᠡᠨ ᠤ | ᠰᠠᠯᠠᠭ᠎ᠠ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ︵ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ | ᠵᠢᠭᠠᠨ ᠰᠤᠷᠭᠠᠯᠲᠠ ᠶᠢᠨ ᠬᠡᠯᠲᠡᠰ︶ ᠶᠢ ᠭᠤᠤᠯᠳᠠᠯᠭ᠎ᠠ ᠲᠠᠢ ᠳᠡᠭᠡᠳᠦ ᠰᠤᠷᠭᠠᠭᠤᠯᠢ ︵ᠰᠠᠯᠪᠤᠷᠢ ᠬᠡᠯᠲᠡᠰ︶ ᠪᠣᠯᠭᠠᠨ᠂ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠭᠤᠤᠯᠳᠠᠯᠭ᠎ᠠ ᠲᠠᠢ ᠬᠢᠴᠢᠶᠡᠯ ᠪᠣᠯᠭᠠᠨ ᠪᠦᠲᠦᠭᠡᠨ ᠪᠠᠶᠢᠭᠤᠯᠬᠤ ᠶᠢ | ᠴᠢᠩᠭᠠᠳᠬᠠᠵᠤ᠂ ᠬᠥᠭᠵᠢᠯᠲᠡ ᠶᠢ ᠲᠥᠯᠦᠪᠵᠢᠭᠦᠯᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠡᠬᠢ ᠪᠠᠶᠠᠯᠢᠭ | ᠢ ᠲᠣᠬᠢᠷᠠᠭᠤᠯᠬᠤ ᠵᠡᠷᠭᠡ ᠲᠠᠯ᠎ᠠ ᠶᠢ ᠡᠩ ᠲᠡᠷᠢᠭᠦᠨ ᠳᠤ ᠪᠠᠲᠤᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ︽ᠬᠤᠤᠰ ᠲᠡᠷᠢᠭᠦᠨ︾᠂ ︽ᠬᠤᠤᠰ ᠳᠡᠭᠡᠳᠦ ᠲᠥᠯᠦᠪᠯᠡᠭᠡ︾ ᠶᠢᠨ ᠪᠠᠶᠢᠭᠤᠯᠤᠯᠲᠠ ᠳᠤ ᠬᠢ ᠳᠡᠭᠡᠳᠦ | ᠰᠤᠷᠭᠠᠭᠤᠯᠢ ᠨᠤᠭᠤᠳ ᠤᠨ ᠬᠥᠲᠥᠯᠥᠨ ᠳᠠᠭᠠᠭᠤᠯᠵᠤ ᠨᠥᠯᠥᠭᠡᠯᠡᠬᠦ ᠦᠢᠯᠡᠳᠦᠯ ᠢ ᠪᠠᠳᠠᠷᠠᠭᠤᠯᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠲᠥᠷᠥᠯ ᠤᠨ ᠲᠥᠰᠦᠯ ᠤᠨ | ᠲᠥᠯᠥᠪᠯᠡᠭᠡ ᠶᠢ ᠨᠢᠭᠡᠳᠦᠯᠲᠡᠶ ᠲᠥᠯᠥᠪᠯᠡᠨ᠂ ᠮᠠᠷᠺᠰ ᠤᠨ ᠦᠵᠡᠯ ᠤᠨ ᠣᠨᠣᠯ ᠤᠨ ᠰᠢᠨᠵᠢᠯᠡᠭᠡᠨ ᠤ ᠰᠠᠯᠠᠭ᠎ᠠ ᠶᠢ | ᠳᠡᠮᠵᠢᠬᠦ ᠡᠷᠴᠢᠮ ᠢᠶᠠᠨ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ | ᠢ ᠰᠣᠩᠭᠤᠨ ᠲᠠᠨᠢᠯᠴᠠᠭᠤᠯᠬᠤ᠂ ᠳᠡᠭᠡᠳᠦ ᠰᠤᠷᠭᠠᠭᠤᠯᠢ ᠶᠢᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠵᠠᠯᠠᠭᠤ ᠬᠤᠰᠢᠭᠤᠴᠢ ᠴᠢᠳᠠᠪᠤᠷᠢᠲᠠᠨ︾ ᠵᠡᠷᠭᠡ ᠡᠯ᠎ᠡ ᠲᠥᠷᠥᠯ ᠤᠨ ᠴᠢᠳᠠᠪᠤᠷᠢᠲᠠᠨ ᠢ ᠰᠢᠯᠭᠠᠷᠠᠭᠤᠯᠬᠤ ᠳᠤ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠶ᠃ ᠡᠯ᠎ᠡ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠭᠤᠯᠤᠭᠰᠠᠨ ᠢᠷᠠᠭᠤ ᠠᠯᠳᠠᠷ ᠤᠨ ᠴᠣᠯᠠ ᠪᠠᠷ ᠦᠵᠡᠯ | ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠢᠯᠢᠳᠡᠭ ᠪᠠᠭᠰᠢ ᠶᠢ ᠬᠥᠬᠢᠭᠦᠯᠦᠨ ᠰᠠᠶᠢᠰᠢᠶᠠᠬᠤ ᠶᠢ ᠴᠢᠬᠤᠯᠠᠴᠢᠯᠠᠨ᠎ᠠ᠃ | ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ᠂ ᠵᠢᠭᠠᠨ | ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠳᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠤᠰᠬᠠᠢ | ᠵᠦᠢᠯ ᠢ ᠲᠤᠰᠠᠭᠠᠷ ᠲᠣᠬᠢᠷᠠᠭᠤᠯᠤᠨ᠎ᠠ᠃ | 13. ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠪᠠᠶᠢᠭᠤᠯᠤᠭᠰᠠᠨ ᠪᠠᠶᠢᠳᠠᠯ ᠢ ᠠᠶᠢᠮᠠᠭ ᠬᠤᠲᠠ᠂ ᠳᠡᠭᠡᠳᠦ | ᠰᠤᠷᠭᠠᠭᠤᠯᠢ ᠶᠢᠨ ᠤᠳᠤᠷᠢᠳᠬᠤ ᠪᠠᠭ ᠤᠨ ᠬᠢᠨᠠᠨ ᠪᠠᠶᠢᠴᠠᠭᠠᠯᠲᠠ ᠪᠠ ᠤᠯᠤᠰ ᠲᠥᠷᠥ ᠶᠢᠨ ᠲᠣᠭᠤᠷᠢᠨ | ᠪᠠᠶᠢᠴᠠᠭᠠᠯᠲᠠ ᠳᠤ ᠣᠷᠤᠭᠤᠯᠵᠤ᠂ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠤᠨ | ᠮᠡᠳᠡᠭᠦᠯᠦᠯᠲᠡ ᠶᠢ ᠬᠢᠨᠠᠨ ᠲᠣᠭᠲᠠᠭᠠᠬᠤ ᠠᠭᠤᠯᠭ᠎ᠠ ᠳᠤ ᠣᠷᠣᠭᠤᠯᠤᠨ᠎ᠠ᠃ ᠳᠡᠭᠡᠳᠦ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠦᠷᠦ ᠶᠢᠨ ᠬᠢᠴᠢᠶᠡᠯ ᠰᠣᠨᠣᠰᠬᠤ ᠲᠦᠷᠢᠮ ᠪᠠ ᠣᠨ ᠤ ᠮᠡᠳᠡᠭᠦᠯᠦᠯᠲᠡ ᠶᠢᠨ ᠲᠦᠷᠢᠮ ᠢ | ᠪᠦᠷᠢᠨᠰᠢᠭᠦᠯᠦᠨ᠎ᠡ᠃ ᠪᠥᠬᠦ ᠣᠷᠣᠨ ᠤ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠵᠢᠭᠠᠨ ᠰᠤᠷᠭᠠᠯᠲᠠ ᠶᠢ ᠵᠢᠯᠣᠭᠤᠳᠬᠤ ᠺᠣᠮᠢᠰ ᠢ ᠪᠠᠶᠢᠭᠤᠯᠵᠤ᠂ ᠠᠳᠠᠯᠢ ᠪᠤᠰᠤ ᠲᠥᠷᠥᠯ ᠬᠡᠯᠪᠡᠷᠢ ᠶᠢᠨ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠲᠥᠷᠥᠯ ᠬᠤᠪᠢᠶᠠᠨ ᠵᠢᠯᠣᠭᠤᠳᠬᠤ ᠶᠢ | ᠴᠢᠩᠭᠠᠳᠬᠠᠨ᠎ᠠ᠃ | |