ᠤᠯᠠᠭᠠᠢ ᠬᠠᠮᠢᠶᠠᠷᠤᠯᠲᠠ ᠶᠢᠨ ᠣᠷᠣᠨ ᠤ ᠵᠢᠦᠳᠣᠣ ᠶᠢᠨ ᠠᠩᠭᠢ 2020 ᠣᠨ ᠤ  ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠵᠢᠦᠳᠣᠣ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ ᠳᠠᠬᠢᠨᠲᠠ ᠰᠢᠯᠢᠳᠡᠭ ᠠᠮᠵᠢᠯᠲᠠ ᠣᠯᠪᠠ
ᠨᠡᠶᠢᠲᠡᠯᠡᠭᠰᠡᠨ ᠴᠠᠭ᠄
2020/11/4
      ᠤᠯᠠᠭᠠᠶ ᠬᠠᠮᠢᠶᠠᠷᠤᠯᠲᠠ ᠶᠢᠨ ᠣᠷᠣᠨ ᠤ ᠵᠢᠦᠳᠣᠣ ᠶᠢᠨ ᠠᠩᠭᠢ 2020 ᠣᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠵᠢᠦᠳᠣᠣ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠳᠤ 2 ᠠᠯᠲᠠᠨ ᠮᠧᠳᠠᠯ 1 ᠮᠥᠩᠭᠦᠨ ᠮᠧᠳᠠᠯ 3 ᠭᠠᠤᠯᠢᠨ ᠮᠧᠳᠠᠯ ᠣᠯᠤᠭᠰᠠᠨ  ᠰᠠᠶᠢᠨ ᠬᠢᠷᠢ ᠪᠦᠲᠦᠮᠵᠢ ᠣᠯᠵᠠᠶ᠃
     ᠲᠤᠰ ᠤᠳᠠᠭᠠᠨ ᠤ ᠤᠷᠤᠯᠳᠤᠭᠠᠨ 10 ᠰᠠᠷ᠎ᠠ ᠶᠢᠨ 22᠎ ᠤᠨ ᠡᠳᠦᠷ ᠠᠴᠠ 25᠎ ᠤ ᠡᠳᠦᠷ ᠪᠣᠯᠲᠠᠯ᠎ᠠ ᠤᠯᠠᠭᠠᠨᠴᠠᠪ ᠬᠤᠲᠠ ᠳᠤ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠲᠥᠪ᠂ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠠᠭᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠦᠳᠣᠣ ᠶᠢᠨ ᠨᠡᠶᠢᠭᠡᠮᠯᠢᠭ ᠬᠠᠪᠰᠤᠷᠤᠨ ᠡᠷᠬᠢᠯᠡᠵᠡᠢ᠃ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ 1 ᠰᠤᠷᠭᠠᠭᠴᠢ 8 ᠲᠠᠮᠢᠷᠴᠢᠨ ᠢ ᠰᠣᠩᠭᠤᠨ ᠲᠣᠮᠢᠯᠠᠵᠤ ᠰᠢᠯᠢ ᠶᠢᠨ ᠭᠤᠤᠯ ᠠᠶᠢᠮᠠᠭ ᠢ ᠲᠥᠯᠥᠭᠡᠯᠡᠨ ᠤᠷᠤᠯᠳᠤᠭᠠᠨ ᠳᠤ ᠣᠷᠣᠯᠴᠠᠭᠤᠯᠵᠠᠶ᠃ ᠲᠡᠳᠡ ᠲᠤᠰ ᠲᠤᠰ ᠡᠷᠡᠭᠲᠡᠶ ᠶᠢᠨ ᠬᠥᠬᠡᠭᠴᠢᠨ ᠳᠤᠭᠤᠶᠢᠯᠠᠩ᠂ ᠡᠮᠡᠭᠲᠡᠶ ᠶᠢᠨ ᠬᠥᠬᠡ ᠳᠤᠭᠤᠢᠯᠠᠩ᠂ ᠡᠮᠡᠭᠲᠡᠶ ᠶᠢᠨ ᠬᠥᠬᠡᠭᠴᠢᠨ ᠳᠤᠭᠤᠢᠯᠠᠩ ᠤᠨ ᠤᠷᠤᠯᠳᠤᠭᠤᠨ ᠳᠤ ᠣᠷᠣᠯᠴᠠᠪᠠ᠃
     ᠬᠤᠶᠠᠷ ᠡᠳᠦᠷ ᠤᠨ ᠰᠢᠷᠦᠭᠦᠨ ᠲᠡᠮᠡᠴᠡᠯᠳᠦᠭᠡᠨ ᠢᠶᠠᠷ ᠦᠯᠵᠡᠶᠢᠪᠢᠯᠢᠭ᠂ ᠪᠦᠬᠡᠪᠠᠭᠠᠲᠤᠷ ᠡᠷᠡᠭᠲᠡᠶ ᠶᠢᠨ ᠬᠥᠬᠡᠭᠴᠢᠨ  ᠳᠤᠭᠤᠶᠢᠯᠠᠩ - 73 ᠺᠢᠯᠣᠭ᠍ᠷᠠᠮ ᠤᠨ ᠳᠡᠰ ᠪᠣᠯᠤᠨ - 90 ᠺᠢᠯᠣᠭ᠍ᠷᠠᠮ ᠤᠨ ᠲᠡᠰ ᠤᠨ ᠨᠢᠭᠡᠳᠦᠭᠡᠷ ᠲᠤ ᠣᠷᠣᠵᠤ᠂  ᠦᠵᠡᠮᠵᠢ ᠡᠮᠡᠭᠲᠡᠶ ᠶᠢᠨ ᠬᠥᠬᠡ  ᠳᠤᠭᠤᠶᠢᠯᠠᠩ - 78 ᠺᠢᠯᠣᠭ᠍ᠷᠠᠮ ᠤᠨ ᠲᠡᠰ ᠤᠨ ᠬᠤᠶᠠᠳᠤᠭᠠᠷ ᠲᠤ ᠣᠷᠣᠵᠠᠶ᠃ ᠨᠠᠪᠴᠢ ᠡᠮᠡᠭᠲᠡᠶ ᠶᠢᠨ ᠬᠥᠬᠡ ᠳᠤᠭᠤᠶᠢᠯᠠᠩ - 48 ᠺᠢᠯᠣᠭ᠍ᠷᠠᠮ ᠤᠨ ᠲᠡᠰ ᠤᠨ ᠭᠤᠷᠪᠠᠳᠤᠭᠠᠷ ᠲᠤ ᠣᠷᠣᠵᠤ᠂ ᠼᠦᠢ ᠶᠠᠨ ᠮᠢᠩ ᠬᠥᠬᠡᠭᠴᠢᠨ ᠳᠤᠭᠤᠶᠢᠯᠠᠩ - 90 ᠺᠢᠯᠣᠭ᠍ᠷᠠᠮ ᠤᠨ ᠲᠡᠰ ᠤᠨ ᠭᠤᠷᠪᠠᠳᠤᠭᠠᠷ ᠲᠤ ᠣᠷᠣᠭᠰᠠᠨ  ᠰᠠᠶᠢᠨ ᠬᠢᠷᠢ ᠪᠦᠲᠦᠮᠵᠢ ᠣᠯᠵᠠᠶ᠃
     ᠲᠤᠰ ᠤᠳᠠᠭᠠᠨ ᠤ ᠤᠷᠤᠯᠳᠤᠭᠤᠨ ᠳᠤ ᠣᠷᠣᠯᠴᠠᠬᠤ ᠪᠠᠷ ᠳᠠᠮᠵᠢᠨ᠂ ᠤᠯᠠᠭᠠᠶ ᠬᠠᠮᠢᠶᠠᠷᠤᠯᠲᠠ ᠶᠢᠨ ᠣᠷᠣᠨ ᠤ ᠵᠠᠯᠠᠭᠤᠴᠤᠳ ᠪᠠᠭᠠᠴᠤᠳ ᠤᠨ ᠵᠢᠦᠳᠣᠣ ᠶᠢᠨ ᠲᠠᠮᠢᠷᠴᠢᠨ ᠤ ᠤᠷᠤᠯᠳᠤᠭᠠᠨ ᠤ ᠬᠢᠷᠢ ᠲᠦᠪᠰᠢᠨ ᠪᠠ  ᠦᠢᠯᠡᠳᠦᠯᠭᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠭᠠᠵᠠᠷ ᠣᠷᠣᠨ ᠤ  ᠲᠠᠮᠢᠷᠴᠢᠳ ᠯᠤᠭ᠎ᠠ ᠶᠢᠨ ᠮᠡᠷᠭᠡᠵᠢᠯ ᠤᠨ ᠰᠣᠯᠢᠯᠴᠠᠭ᠎ᠠ ᠶᠢ ᠨᠡᠮᠡᠭᠳᠡᠭᠦᠯᠬᠦ ᠳᠤ ᠠᠰᠢᠭᠲᠠᠶ ᠶᠤᠮ᠃ ᠲᠤᠰ ᠪᠡᠶ᠎ᠡ ᠶᠢᠨ ᠬᠦᠷᠦᠯᠴᠡᠬᠦ ᠦᠭᠡᠢ ᠲᠠᠯ᠎ᠠ ᠳᠠᠭᠠᠨ ᠲᠣᠳᠣᠷᠬᠠᠶ ᠬᠠᠯᠠᠨ ᠰᠠᠶᠢᠵᠢᠷᠠᠭᠤᠯᠬᠤ ᠴᠢᠭᠯᠡᠯ᠂ ᠪᠠᠰᠠ  ᠬᠤᠶᠢᠰᠢᠳᠠ ᠶᠢᠨ ᠡᠯ᠎ᠡ ᠲᠥᠷᠥᠯ ᠤᠨ ᠵᠠᠯᠠᠭᠤᠴᠤᠳ ᠪᠠᠭᠠᠴᠤᠳ ᠤᠨ ᠵᠢᠦᠳᠣᠣ ᠶᠢᠨ ᠤᠷᠤᠯᠳᠤᠭᠤᠨ ᠳᠤ ᠲᠤᠷᠰᠢᠯᠭ᠎ᠠ  ᠬᠤᠷᠠᠮᠳᠤᠭᠤᠯᠵᠤ ᠪᠠᠶᠢᠨ᠎ᠠ᠃
 
ᠢᠷᠡᠯᠲᠡ᠄ ᠤᠯᠠᠭᠠᠢ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号