ᠳᠤᠮᠳᠠᠳᠤ ᠶᠢᠨ ᠦᠨᠳᠦᠰᠦᠳᠡᠨ ᠦᠶ᠎ᠠ ᠤᠯᠠᠷᠢᠨ ᠤᠷᠤᠰᠢᠨ ᠳᠤᠭᠳᠠᠨᠢᠵᠤ ᠪᠠᠶᠢᠭ᠎ᠠ ᠨᠢ | ᠦᠨᠳᠦᠰᠦᠳᠡᠨ ᠨᠦᠭᠦᠳ ᠤᠨ ᠪᠦᠯᠬᠦᠮᠳᠡᠯ ᠨᠦᠬᠦᠷᠯᠡᠯ ᠠᠴᠠ ᠪᠤᠯᠵᠠᠢ︔ ᠳᠤᠮᠳᠠᠳᠤ ᠶᠢᠨ ᠦᠨᠳᠦᠰᠦᠳᠡᠨ ᠬᠦᠭᠵᠢᠨ | ᠴᠡᠴᠡᠭᠯᠡᠵᠦ ᠪᠠᠶᠠᠵᠢᠨ ᠬᠦᠴᠦᠷᠭᠡᠭᠵᠢᠭᠰᠡᠨ ᠨᠢ ᠦᠨᠳᠦᠰᠦᠳᠡᠨ ᠨᠦᠭᠦᠳ ᠤᠨ ᠪᠦᠯᠬᠦᠮᠳᠡᠯ ᠨᠦᠬᠦᠷᠯᠡᠯ ᠠᠴᠠ ᠪᠤᠯᠤᠭᠰᠠᠨ | ᠶᠤᠮ︔ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠴᠦ ᠮᠦᠨ ᠬᠦ | ᠦᠨᠳᠦᠰᠦᠳᠡᠨ ᠨᠦᠭᠦᠳ ᠤᠨ ᠪᠦᠯᠬᠦᠮᠳᠡᠯ ᠨᠦᠬᠦᠷᠯᠡᠯ ᠳᠤ ᠲᠦᠰᠢᠭᠯᠡᠨ᠎ᠠ᠃ ᠤᠯᠤᠰ ᠤᠨ ᠨᠡᠶᠢᠳᠡᠮ ᠭᠡᠷᠡᠭᠯᠡᠬᠦ ᠦᠭᠡ | ᠭᠡᠯᠡ ᠦᠰᠦᠭ ᠪᠢᠴᠢᠭ ᠢ ᠰᠠᠶᠢᠳᠤᠷ ᠰᠤᠷᠤᠯᠴᠠᠵᠤ ᠭᠡᠷᠡᠭᠯᠡᠬᠦ ᠪᠤᠯ ᠦᠨᠳᠦᠰᠦᠳᠡᠨ ᠨᠦᠭᠦᠳ ᠤᠨ ᠶᠠᠪᠤᠯᠴᠠᠭ᠎ᠠ | ᠰᠤᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠶᠢᠨ ᠤᠷᠢᠳᠠᠯ ᠪᠤᠯᠬᠤ ᠪᠦᠭᠡᠳ ᠪᠠᠰᠠ ᠴᠤ ᠦᠨᠳᠦᠰᠦᠳᠡᠨ ᠨᠦᠭᠦᠳ ᠢ | ᠪᠦᠯᠬᠦᠮᠳᠡᠬᠦᠯᠦᠨ ᠨᠢᠬᠳᠠᠷᠠᠭᠤᠯᠵᠦ ᠬᠠᠮᠳᠤ ᠪᠠᠷ ᠲᠡᠮᠡᠴᠡᠬᠦ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ | ᠴᠤᠬᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢᠨ ᠴᠢᠬᠤᠯᠠ ᠠᠷᠭ᠎ᠠ ᠵᠠᠮ ᠪᠤᠯᠤᠨ᠎ᠠ᠃ | ᠮᠠᠷᠺᠰ᠄ ︽ᠦᠭᠡ ᠭᠡᠯᠡ ᠪᠤᠯ ᠨᠢᠭᠡ ᠵᠦᠢᠯ ᠤᠨ ᠦᠢᠯᠡᠳᠦᠯᠭᠡ ᠶᠢᠨ᠂ ᠪᠤᠰᠤᠳ ᠤᠨ ᠲᠦᠯᠦᠭᠡ | ᠤᠷᠤᠰᠢᠬᠤ ᠪᠠᠷ ᠪᠠᠷᠠᠬᠤ ᠦᠭᠡᠢ ᠪᠠᠰᠠ ᠮᠢᠨᠤ ᠲᠤᠰ ᠪᠡᠶ᠎ᠠ ᠶᠢᠨ ᠲᠦᠯᠦᠭᠡ ᠤᠷᠤᠰᠢᠬᠤ ᠠᠬᠤᠢᠢᠴᠢ ᠤᠬᠠᠮᠰᠠᠷ ᠮᠦᠨ︾ | ᠭᠡᠵᠦ ᠭᠡᠯᠡᠵᠦ ᠦᠩᠭᠡᠷᠡᠵᠠᠢ᠃ ᠮᠠᠨ ᠤ ᠤᠯᠤᠰ ᠪᠤᠯ ᠤᠯᠠᠨ ᠦᠨᠳᠦᠰᠦᠳᠡᠨ ᠲᠠᠢ᠂ ᠤᠯᠠᠨ ᠦᠭᠡ ᠭᠡᠯᠡ ᠲᠠᠢ᠂ | ᠤᠯᠠᠨ ᠦᠰᠦᠭ ᠪᠢᠴᠢᠭ ᠲᠠᠢ ᠤᠯᠤᠰ ᠮᠦᠨ᠂ ᠤᠯᠠᠩᠬᠢ ᠦᠨᠳᠦᠰᠦᠳᠡᠨ ᠴᠦᠮ ᠦᠪᠡᠷ ᠤᠨ ᠭᠡᠰᠡᠨ ᠦᠭᠡ | ᠭᠡᠯᠡ ᠲᠠᠢ᠂ ᠡᠯ᠎ᠠ ᠭᠠᠵᠠᠷ ᠤᠨ ᠬᠢᠨ ᠳᠤ ᠪᠠᠰᠠ ᠠᠳᠠᠯᠢ ᠪᠤᠰᠤ ᠨᠤᠳᠤᠭ ᠤᠨ ᠠᠶᠠᠯᠭᠤ ᠲᠠᠢ ᠪᠠᠶᠢᠳᠠᠭ᠃ ᠭᠡᠷᠪᠡ | ᠤᠯᠠᠨ ᠢᠶᠠᠷ ᠢᠶᠠᠨ ᠦᠪᠡᠷ ᠤᠨ ᠬᠢ ᠪᠠᠷ ᠢᠶᠠᠨ ᠯᠡ ᠶᠠᠷᠢᠭᠠᠳ ᠪᠠᠶᠢᠪᠠᠯ ᠦᠷᠦᠭᠡᠯ ᠤᠨ ᠶᠠᠷᠢᠬᠰᠠᠨ ᠢ ᠭᠡᠨ ᠴᠦ | ᠤᠢᠢᠯᠠᠭᠠᠬᠤ ᠪᠠᠨ ᠪᠤᠯᠢᠵᠦ᠂ ᠦᠨᠳᠦᠰᠦᠳᠡᠨ ᠤ ᠨᠢᠬᠳᠠᠷᠠᠭᠤᠯᠬᠤ ᠬᠦᠴᠦᠨ ᠪᠠ ᠲᠦᠪ ᠲᠤ ᠲᠦᠪᠯᠡᠷᠡᠬᠦᠯᠬᠦ ᠬᠦᠴᠦᠨ | ᠪᠦᠷᠢᠯᠳᠦᠵᠦ ᠲᠠᠶᠢᠯᠬᠦ ᠦᠭᠡᠢ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠴᠦ | ᠪᠡᠶᠡᠯᠡᠭᠳᠡᠬᠦ ᠳᠤ ᠬᠦᠴᠢᠷᠳᠡᠨ᠎ᠠ᠃ ᠭᠠᠭᠴᠠ ᠬᠦ ᠦᠭᠡ ᠭᠡᠯᠡ ᠨᠡᠪᠳᠡᠷᠡᠪᠡᠯ ᠰᠠᠶ᠋ᠢ ᠬᠠᠷᠢᠯᠴᠠᠨ ᠤᠯᠤᠯᠴᠠᠵᠤ ᠬᠠᠷᠢᠯᠴᠠᠨ | ᠤᠢᠢᠯᠠᠭᠠᠯᠴᠠᠨ᠂ ᠳᠡᠭᠡᠳᠦ ᠭᠡᠮᠵᠢᠶᠠᠨ ᠤ ᠬᠠᠮᠳᠦ ᠶᠢᠨ ᠲᠠᠨᠢᠯᠳᠠ ᠶᠢ ᠪᠦᠷᠢᠯᠳᠦᠬᠦᠯᠵᠦ᠂ ᠳᠤᠮᠳᠠᠳᠤ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠲᠠᠯᠠᠶᠢᠴᠠ ᠶᠡᠭᠡ ᠬᠦᠴᠦᠨ ᠢ ᠨᠢᠬᠳᠠᠷᠠᠭᠤᠯᠵᠦ | ᠴᠢᠳᠠᠬᠤ ᠶᠤᠮ᠃ | ᠤᠷᠤᠨ ᠪᠦᠰᠡ ᠶᠢᠨ ᠵᠠᠭᠠᠭ ᠬᠢᠵᠠᠭᠠᠷ ᠢ ᠡᠪᠳᠡᠬᠦ᠂ ᠮᠡᠳᠡᠭᠡ ᠵᠠᠩᠬᠢ ᠪᠠ ᠮᠡᠷᠭᠡᠵᠢᠯ ᠢ ᠤᠯᠠᠮᠵᠢᠯᠠᠬᠤ ᠪᠠᠭᠠᠵᠢ | ᠪᠤᠯᠤᠭᠰᠠᠨ ᠤ ᠬᠤᠪᠢ ᠳᠤ᠂ ᠨᠠᠮ ᠪᠠ ᠤᠯᠤᠰ ᠠᠴᠠ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡ ᠦᠰᠦᠭ | ᠪᠢᠴᠢᠭ ᠢ ᠳᠡᠯᠭᠡᠷᠡᠬᠦᠯᠦᠨ ᠲᠦᠭᠡᠮᠡᠯᠵᠢᠬᠦᠯᠬᠦ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠭᠰᠠᠭᠠᠷ ᠢᠷᠡᠵᠠᠢ᠃ | ᠢᠯᠠᠩᠭᠤᠶ᠎ᠠ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠠᠯᠢ ᠤᠯᠠᠨ ᠲᠦᠷᠦ ᠶᠢᠨ ᠪᠤᠳᠤᠯᠭ᠎ᠠ | ᠠᠷᠭ᠎ᠠ ᠭᠡᠮᠵᠢᠶ᠎ᠠ ᠶᠢ ᠨᠡᠶᠢᠳᠡᠯᠡᠨ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠭᠡᠷᠡᠭᠵᠢᠬᠦᠯᠵᠦ᠂ ᠮᠠᠨ ᠤ | ᠤᠯᠤᠰ ᠤᠨ ᠦᠭᠡ ᠭᠡᠯᠡ ᠦᠰᠦᠭ ᠪᠢᠴᠢᠭ ᠤᠨ ᠦᠢᠯᠡᠰ ᠤᠨ ᠰᠢᠨ᠎ᠠ ᠳᠡᠭᠳᠡᠷ ᠲᠤ ᠭᠠᠷᠬᠤ ᠶᠢ ᠠᠬᠢᠭᠤᠯᠪᠠ᠃ | ᠤᠳᠤᠬᠠᠨ ᠳᠤ ᠨᠡᠶᠢᠳᠡᠯᠢᠭ ᠬᠡᠯᠡ ᠶᠢ ᠪᠦᠬᠦ ᠤᠯᠤᠰ ᠤᠨ ᠬᠡᠪᠴᠢᠶᠠᠨ ᠳᠤ ᠲᠦᠭᠡᠮᠡᠯᠵᠢᠭᠦᠯᠦᠭᠰᠡᠨ ᠨᠤᠷᠮ᠎ᠠ 80. | 72% ᠲᠤ ᠬᠦᠷᠴᠤ᠂ ᠦᠰᠦᠭ ᠲᠠᠨᠢᠬᠤ ᠬᠦᠮᠦᠨ ᠠᠮᠠ ᠶᠢᠨ ᠲᠤᠳᠤᠷ᠎ᠠ ᠲᠦᠷᠢᠮᠵᠢᠭᠰᠡᠨ ᠬᠢᠳᠡᠳ ᠦᠰᠦᠭ ᠢ | ᠭᠡᠷᠡᠭᠯᠡᠬᠦ ᠬᠠᠷᠢᠴᠠᠯ 95% ᠶᠢ ᠲᠠᠪᠠᠵᠤ᠂ ᠡᠯ᠎ᠡ ᠭᠠᠵᠠᠷ ᠤᠷᠤᠨ ᠡᠯ᠎ᠡ ᠦᠨᠳᠤᠰᠤᠳᠡᠨ ᠤ ᠰᠤᠯᠢᠯᠴᠠᠭ᠎ᠠ ᠶᠠᠪᠤᠯᠴᠠᠭ᠎ᠠ | ᠬᠢᠬᠦ ᠳᠤ ᠦᠭᠡ ᠬᠡᠯᠡᠨ ᠤ ᠬᠠᠷᠰᠢ ᠰᠠᠭᠠᠳ ᠢ ᠦᠨᠳᠤᠰᠤᠨ ᠳᠤ ᠪᠠᠨ ᠠᠷᠢᠯᠭᠠᠪᠠ᠃ ᠤᠯᠤᠰ ᠤᠨ ᠨᠡᠶᠢᠳᠡᠮ ᠭᠡᠷᠡᠭᠯᠡᠬᠦ | ᠦᠭᠡ ᠬᠡᠯᠡ ᠦᠰᠦᠭ ᠪᠢᠴᠢᠭ ᠢ ᠲᠡᠯᠭᠡᠷᠡᠬᠦᠯᠤᠨ ᠲᠦᠭᠡᠮᠡᠯᠵᠢᠬᠦᠯᠬᠦ ᠨᠢ ᠡᠯ᠎ᠡ ᠦᠨᠳᠤᠰᠤᠳᠡᠨ᠂ ᠡᠯ᠎ᠡ ᠭᠠᠵᠠᠷ | ᠤᠷᠤᠨ ᠤ ᠦᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠡ ᠶᠢᠨ ᠰᠤᠯᠢᠯᠴᠠᠭ᠎ᠠ ᠪᠤᠯᠤᠨ ᠬᠦᠨᠵᠡᠭᠡᠢ ᠠᠭᠤᠰᠤᠯᠴᠠᠯ ᠢ | ᠶᠡᠭᠡ ᠪᠠᠷ ᠠᠬᠢᠭᠤᠯᠵᠦ᠂ ᠤᠯᠤᠰ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠪᠠ ᠰᠤᠷᠭᠠᠨ ᠬᠦᠮᠦᠵᠢᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠶᠤᠯ ᠵᠡᠷᠭᠡ ᠨᠡᠶᠢᠭᠡᠮ ᠤᠨ ᠦᠢᠯᠡᠰ ᠤᠨ ᠬᠦᠭᠵᠢᠯᠳᠠ ᠶᠢ | ᠠᠬᠢᠭᠤᠯᠤᠭᠰᠠᠨ ᠪᠦᠭᠡᠳ ᠪᠠᠰᠠ ᠤᠯᠤᠰ ᠤᠨ ᠨᠢᠭᠡᠳᠤᠯ ᠪᠠ ᠦᠨᠳᠤᠰᠤᠳᠡᠨ ᠤ ᠪᠦᠯᠬᠦᠮᠳᠡᠯ ᠢ ᠬᠠᠮᠠᠭᠠᠯᠠᠬᠤ᠂ ᠤᠯᠤᠰ | ᠠᠷᠠᠳ ᠤᠨ ᠬᠡᠪ ᠪᠤᠯᠪᠠᠰᠤᠷᠠᠯ ᠪᠠ ᠨᠡᠶᠢᠭᠡᠮ ᠤᠨ ᠪᠤᠯᠪᠠᠰᠤᠨ ᠤ ᠬᠡᠮᠵᠢᠶ᠎ᠡ ᠶᠢ ᠲᠡᠭᠡᠭᠰᠢᠯᠡᠬᠦᠯᠬᠦ ᠳᠤ ᠤᠷᠤᠯᠠᠭᠤᠯᠵᠤ | ᠪᠤᠯᠤᠰᠢ ᠦᠭᠡᠢ ᠴᠢᠬᠤᠯᠡ ᠦᠢᠯᠡᠳᠤᠯ ᠦᠵᠡᠭᠦᠯᠵᠠᠢ ᠭᠡᠵᠤ ᠬᠡᠯᠡᠵᠤ ᠪᠤᠯᠤᠨ᠎ᠡ᠃ ᠠᠮᠵᠢᠯᠳᠠ ᠪᠦᠳᠦᠮᠵᠢ ᠶᠢ ᠤᠯᠵᠤ | ᠬᠠᠷᠠᠬᠤ ᠶᠢᠨ ᠵᠡᠷᠭᠡ ᠪᠠᠷ ᠪᠠᠰᠠ ᠤᠯᠤᠰ ᠤᠨ ᠨᠡᠶᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠲᠡᠯᠭᠡᠷᠡᠬᠦᠯᠬᠦ | ᠶᠠᠪᠤᠴᠠ ᠳᠤ ᠵᠡᠬᠦᠨ ᠪᠠᠷᠠᠭᠤᠨ ᠤᠷᠤᠨ ᠤ ᠬᠤᠭᠤᠷᠤᠨᠳᠤ᠂ ᠬᠤᠳᠠ ᠬᠦᠳᠡᠭᠡ ᠶᠢᠨ ᠬᠤᠭᠤᠷᠤᠨᠳᠤ ᠮᠦᠨ ᠬᠦᠭᠵᠢᠯᠳᠠ | ᠲᠠᠩᠴᠡᠬᠦᠷᠢ ᠦᠬᠡᠢ ᠠᠰᠠᠭᠤᠳᠠᠯ ᠤᠷᠤᠰᠢᠵᠤ᠂ ᠢᠯᠠᠩᠭᠤᠶ᠎ᠡ ᠵᠠᠷᠢᠮ ᠮᠠᠯᠵᠢᠬᠤ ᠲᠠᠷᠢᠶᠠᠯᠠᠬᠤ ᠤᠷᠤᠨ᠂ ᠬᠢᠯᠢ | ᠬᠢᠵᠠᠭᠠᠷ ᠤᠨ ᠦᠨᠳᠤᠰᠤᠳᠡᠨ ᠤ ᠤᠷᠤᠨ ᠳᠤ ᠤᠯᠤᠰ ᠤᠨ ᠨᠠᠶᠢᠳᠠᠮ ᠭᠡᠷᠡᠭᠯᠡᠬᠦ ᠦᠭᠡ ᠬᠡᠯᠡ ᠦᠰᠦᠭ ᠪᠢᠴᠢᠭ ᠢ | ᠲᠦᠭᠡᠮᠡᠯᠵᠢᠭᠦᠯᠬᠦ ᠬᠡᠮᠵᠢᠶ᠎ᠡ ᠶᠢ ᠪᠠᠰᠠ ᠲᠡᠭᠡᠭᠰᠢᠯᠡᠬᠦᠯᠬᠦ ᠴᠢᠬᠤᠯᠠᠳᠠᠢ ᠭᠡᠳᠡᠭ ᠢ ᠰᠡᠷᠭᠡᠭ ᠢᠶᠠᠷ ᠤᠯᠵᠤ ᠲᠠᠨᠢᠬᠤ ᠭᠡᠷᠡᠭᠳᠠᠢ | ᠃ ᠤᠯᠤᠰ ᠤᠨ ᠨᠡᠶᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠶᠡᠭᠡ ᠪᠠᠷ | ᠲᠡᠯᠭᠡᠷᠡᠬᠦᠯᠵᠤ᠂ ᠨᠡᠩ ᠴᠢᠨᠠᠷ ᠰᠠᠶᠢᠳᠠᠢ ᠤᠯᠤᠰ ᠤᠨ ᠨᠢᠭᠡᠳᠤᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠢ | ᠭᠡᠷᠡᠭᠯᠡᠬᠦ ᠪᠤᠯ ᠤᠳᠤ ᠦᠶ᠎ᠡ ᠳᠤ ᠭᠠᠪᠢᠶ᠎ᠡ ᠪᠠᠶᠢᠭᠤᠯᠵᠤ ᠮᠢᠩᠭᠠᠨ ᠤᠨ ᠳᠤ ᠠᠰᠢᠭ ᠬᠦᠷᠳᠡᠬᠦ ᠰᠠᠶᠢᠨ ᠪᠤᠳᠤᠯᠭ᠎ᠠ | ᠪᠠᠶᠢᠵᠦ᠂ ᠡᠯ᠎ᠡ ᠦᠨᠳᠤᠰᠤᠳᠡᠨ ᠤ ᠠᠬ᠎ᠠ ᠲᠡᠬᠦᠤ ᠨᠠᠷ ᠤᠨ ᠦᠨᠳᠤᠰᠤᠨ ᠠᠰᠢᠭ ᠲᠤᠰᠠ ᠲᠠᠢ ᠨᠡᠶᠢᠴᠡᠨ᠎ᠡ᠃ ᠡᠨᠡ ᠬᠦ | ᠶᠠᠪᠤᠳᠠᠯ ᠢ ᠰᠠᠶᠢᠨ ᠬᠢᠬᠦ ᠳᠤ᠂ ᠨᠢᠬᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠳᠤᠷ ᠬᠢᠵᠤ᠂ ᠦᠷᠬᠡᠨ | ᠤᠯᠠᠨ ᠲᠦᠮᠡᠨ ᠢ ᠬᠦᠳᠤᠯᠤᠨ ᠵᠢᠯᠤᠭᠤᠳᠴᠤ ᠤᠯᠤᠰ ᠤᠨ ᠨᠢᠬᠡᠳᠤᠯᠳᠠᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ | ᠭᠡᠷᠡᠭᠯᠡᠬᠦ᠂ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠢ ᠲᠡᠯᠬᠡᠷᠡᠬᠦᠯᠬᠦ ᠶᠢᠨ ᠴᠢᠬᠤᠯᠠ ᠶᠡᠭᠡ | ᠠᠴᠢ ᠬᠤᠯᠪᠤᠬᠳᠠᠯ ᠢ ᠬᠦᠢᠴᠡᠳ ᠲᠠᠨᠢᠵᠤ᠂ ᠤᠬᠠᠮᠰᠠᠷ ᠠᠴᠠ ᠪᠠᠨ ᠤᠯᠤᠰ ᠤᠨ ᠨᠢᠬᠡᠳᠤᠯᠳᠠᠢ ᠨᠠᠶᠢᠷᠠᠭᠤᠯᠤᠬᠰᠠᠨ | ᠵᠢᠭᠠᠬᠤ ᠮᠠᠲ᠋ᠧᠷᠢᠶᠠᠯ ᠢ ᠭᠡᠷᠡᠭᠯᠠᠵᠤ᠂ ᠤᠬᠠᠮᠰᠠᠷ ᠠᠴᠠ ᠪᠠᠨ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ | ᠪᠢᠴᠢᠭ ᠢ ᠰᠠᠶᠢᠳᠤᠷ ᠰᠤᠷᠴᠤ ᠭᠡᠷᠡᠭᠯᠡᠬᠦ ᠪᠤᠯᠭᠠᠬᠤ ᠭᠡᠷᠡᠭᠳᠠᠢ︔ ᠨᠦᠬᠦᠬᠡ ᠲᠠᠯ᠎ᠠ ᠪᠠᠷ ᠡᠯ᠎ᠠ ᠱᠠᠳᠤᠨ ᠤ ᠵᠠᠰᠠᠬ ᠤᠨ | ᠤᠷᠳᠤᠨ ᠪᠤᠯᠤᠨ ᠰᠤᠷᠭᠠᠨ ᠬᠦᠮᠤᠵᠢᠯ ᠤᠨ ᠰᠠᠯᠠᠭ᠎ᠠ ᠮᠦᠴᠢᠷ ᠤᠨ ᠬᠢᠨ ᠳᠤᠮᠳᠠᠳᠤ ᠶᠢᠨ ᠦᠨᠳᠤᠰᠤᠳᠠᠨ ᠤ | ᠬᠠᠮᠳᠤ ᠶᠢᠨ ᠴᠤᠬᠴᠠ ᠶᠢᠨ ᠤᠬᠠᠮᠰᠠᠷ ᠢ ᠪᠡᠳᠤ ᠴᠤᠭᠴᠠᠯᠠᠬᠤ ᠦᠨᠳᠦᠷᠴᠡ ᠠᠴᠠ ᠤᠯᠤᠰ ᠤᠨ ᠨᠡᠶᠢᠳᠡᠮ ᠭᠡᠷᠡᠭᠯᠡᠬᠦ | ᠦᠬᠡ ᠬᠡᠯᠡ ᠦᠰᠦᠭ ᠪᠢᠴᠢᠭ ᠢ ᠲᠡᠯᠬᠡᠷᠡᠬᠦᠯᠬᠦ ᠠᠵᠢᠯ ᠤᠨ ᠴᠢᠬᠤᠯᠠ ᠴᠢᠨᠠᠷ᠂ ᠤᠷᠳᠤ ᠬᠤᠭᠤᠴᠠᠭᠠᠳᠤ ᠴᠢᠨᠠᠷ | ᠪᠤᠯᠤᠨ ᠪᠡᠷᠬᠡ ᠬᠠᠳᠠᠭᠤᠵᠢᠯᠳᠠᠢ ᠴᠢᠨᠠᠷ ᠢ ᠬᠦᠢᠴᠡᠳ ᠲᠠᠨᠢᠵᠤ᠂ ᠭᠤᠤᠯᠳᠠᠯᠭ᠎ᠠ ᠲᠠᠢ ᠭᠠᠵᠠᠷ ᠤᠷᠤᠨ᠂ | ᠭᠤᠤᠯᠳᠠᠯᠭ᠎ᠠ ᠲᠠᠢ ᠬᠦᠮᠤᠰ᠂ ᠭᠤᠤᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠤᠨ ᠦᠷᠬᠦᠯᠵᠢᠯᠠᠨ | ᠬᠦᠴᠤᠯᠠᠵᠤ᠂ ᠪᠠᠭᠰᠢ ᠶᠢᠨ ᠬᠦᠴᠤᠨ᠂ ᠵᠠᠷᠤᠳᠠᠯ ᠤᠨ ᠪᠠᠳᠤᠯᠠᠭ᠎ᠠ᠂ ᠬᠢᠴᠢᠶᠠᠯ ᠤᠨ ᠲᠤᠬᠢᠷᠠᠭᠤᠯᠤᠯᠳᠠ ᠵᠡᠷᠬᠡ | ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠲᠦᠰᠦᠪᠯᠡᠨ ᠤᠨᠤᠴᠠᠳᠠᠢ ᠪᠠᠷ ᠠᠷᠭ᠎ᠠ ᠪᠤᠳᠤᠯᠭ᠎ᠠ ᠭᠡᠷᠡᠭᠵᠢᠬᠦᠯᠵᠤ᠂ ᠠᠷᠭ᠎ᠠ | ᠬᠡᠯᠪᠡᠷᠢ ᠠᠷᠭ᠎ᠠ ᠪᠠᠷᠢᠯ ᠢᠶᠠᠨ ᠲᠠᠰᠤᠷᠠᠯᠳᠠ ᠦᠬᠡᠢ ᠰᠢᠨᠡᠴᠢᠯᠡᠨ᠂ ᠠᠵᠢᠯ ᠤᠨ ᠪᠤᠳᠠᠳᠠᠢ ᠦᠷ᠎ᠠ ᠪᠦᠳᠤᠮᠵᠢ ᠪᠠᠨ | ᠲᠠᠰᠤᠷᠠᠯᠳᠠ ᠦᠬᠡᠢ ᠲᠡᠭᠡᠭᠰᠢᠯᠡᠬᠦᠯᠬᠦ ᠭᠡᠷᠡᠭᠳᠠᠢ᠃ | ᠪᠦᠬᠦᠨ ᠢ ᠬᠠᠮᠤᠷᠴᠦ ᠪᠠᠶᠢᠳᠠᠭ ᠢ ᠪᠠᠭᠳᠠᠭᠠᠬᠤ ᠶᠢᠨ ᠤᠯᠠᠮ ᠢᠶᠠᠷ ᠶᠡᠭᠡ ᠤᠢᠢᠯᠡᠰ ᠢ ᠪᠦᠳᠤᠬᠡᠳᠡᠭ ᠶᠤᠮ᠃ | ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠨᠢ ᠳᠤᠮᠳᠠᠳᠤ ᠶᠢᠨ ᠦᠨᠳᠤᠰᠤᠳᠠᠨ ᠤ ᠲᠠᠪᠤᠨ | ᠮᠢᠩᠭᠠᠨ ᠵᠢᠯ ᠤᠨ ᠲᠡᠤᠬᠡ ᠶᠢ ᠠᠴᠢᠶᠠᠯᠠᠨ᠂ ᠠᠭᠤᠤ ᠶᠡᠭᠡ ᠰᠡᠷᠬᠦᠨ ᠮᠠᠨᠳᠤᠯᠳᠠ ᠶᠢᠨ ᠬᠠᠮᠳᠤ ᠶᠢᠨ ᠡᠬᠦᠷᠬᠡ | ᠬᠠᠷᠢᠭᠤᠴᠠᠯᠭ᠎ᠠ ᠶᠢ ᠬᠦᠭᠵᠢᠭᠡᠵᠦ᠂ ᠦᠨᠳᠤᠰᠤᠳᠠᠨ ᠨᠦᠭᠦᠳ ᠤᠨ ᠠᠷᠠᠳ ᠲᠦᠮᠡᠨ ᠤ ᠬᠦᠨ ᠵᠤᠵᠠᠭᠠᠨ ᠬᠠᠶᠢᠷ᠎ᠠ | ᠰᠡᠳᠬᠢᠯᠬᠡ ᠶᠢ ᠬᠤᠯᠪᠤᠵᠤ ᠪᠠᠶᠢᠨ᠎ᠠ᠃ ᠪᠢᠳᠠ ᠦᠷᠬᠦᠯᠵᠢᠯᠠᠨ ᠬᠦᠴᠤᠯᠠᠵᠤ ᠤᠳᠠᠭᠠᠨ ᠲᠠᠭᠠᠭᠠᠮᠠᠭᠠᠢ ᠪᠠᠷ ᠭᠠᠪᠢᠶ᠎ᠠ | ᠵᠢᠳᠬᠦᠯ ᠪᠠᠶᠢᠭᠤᠯᠵᠤ᠂ ᠤᠯᠤᠰ ᠤᠨ ᠨᠡᠶᠢᠳᠡᠮ ᠭᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠬᠤᠯᠪᠤᠭᠠᠰᠤ ᠪᠤᠯᠭᠠᠨ᠂ | 56 ᠦᠨᠳᠤᠰᠤᠳᠠᠨ ᠤ ᠪᠦᠯᠬᠦᠮᠳᠡᠨ ᠲᠡᠮᠡᠴᠡᠬᠦ ᠢᠳᠡᠬᠡᠯ ᠵᠤᠷᠢᠬ ᠪᠤᠯᠤᠨ ᠬᠦᠴᠤᠨ ᠴᠢᠳᠠᠯ ᠢ ᠨᠢᠬᠳᠠᠷᠠᠭᠤᠯᠳᠠᠬ ᠯᠠ | ᠶᠤᠮ ᠪᠤᠯ ᠯᠠᠪᠳᠠᠢ ᠳᠤᠮᠳᠠᠳᠤ ᠶᠢᠨ ᠦᠨᠳᠤᠰᠤᠳᠠᠨ ᠢ ᠪᠠᠭᠳᠠᠭᠠᠮᠵᠢᠳᠤ ᠴᠢᠨᠠᠷ ᠢᠶᠠᠷ ᠨᠡᠩ ᠴᠢᠩᠭ᠎ᠠ᠂ ᠨᠢᠬᠳᠠᠷᠠᠯ ᠤᠨ | ᠬᠦᠴᠤᠨ ᠢᠶᠠᠷ ᠨᠡᠩ ᠶᠡᠭᠡ᠂ ᠠᠮᠢᠵᠢᠷᠠᠯ ᠤᠨ ᠬᠦᠴᠤᠨ ᠢᠶᠠᠷ ᠨᠡᠩ ᠲᠠᠭᠠᠭᠠᠮᠠᠭᠠᠢ ᠬᠤᠪᠢ ᠵᠠᠶᠠᠭᠠᠨ ᠤ ᠬᠠᠮᠳᠤ ᠶᠢᠨ | ᠴᠤᠬᠴᠠ ᠲᠡᠶᠢᠰᠢ ᠤᠷᠤᠬᠰᠢᠯᠠᠬᠤ ᠶᠢ ᠠᠬᠢᠭᠤᠯᠵᠤ ᠴᠢᠳᠠᠬᠤ ᠶᠤᠮ᠃ |