| | 11 ᠳ᠋ᠤᠭᠡᠷ ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ | ᠳᠠᠷᠤᠭ᠎ᠠ ᠾᠥᠸᠧ ᠵᠣᠣ ᠯᠢᠶᠠᠩ ᠪᠦᠯᠬᠦᠮ ᠳᠠᠭᠠᠭᠤᠯᠤᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠲᠤ ᠬᠦᠷᠴᠦ | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠨ ᠰᠤᠷᠤᠯᠴᠠᠪᠠ᠃ | ᠰᠢᠨᠵᠢᠯᠡᠨ ᠪᠠᠶᠢᠴᠠᠭᠠᠨ ᠰᠤᠷᠤᠯᠴᠠᠬᠤ ᠳᠤᠭᠤᠶᠢᠯᠠᠩ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ · ᠲᠠᠯᠡᠡᠲᠡᠢ ᠨᠠᠷ ᠤᠨ ᠪᠠᠷ᠎ᠠ ᠪᠤᠯᠬᠤ ᠲᠠᠢ ᠪᠠᠷ | ᠂ ᠤᠷᠢᠳ ᠬᠤᠵᠢᠳ ᠵᠢᠨᠢᠩ ᠲᠣᠭᠤᠷᠢᠭ ᠤᠨ ᠰᠣᠶᠣᠯ ᠤᠨ ᠲᠣᠭᠤᠷᠢᠭ᠂ ᠽᠢ ᠵᠢᠶᠠᠨ ᠲᠣᠭᠤᠷᠢᠭ᠂ ᠯᠢᠶᠠᠨ ᠰᠢᠨ | ᠶᠤᠸᠠᠨ ᠲᠣᠭᠤᠷᠢᠭ ᠵᠡᠷᠭᠡ ᠲᠤᠬᠠᠢ ᠶᠢᠨ ᠭᠠᠵᠠᠷ ᠲᠤ ᠬᠦᠷᠴᠦ ᠲᠣᠭᠤᠷᠢᠨ ᠦᠵᠡᠵᠤ᠂ ᠬᠠᠭᠤᠴᠢᠨ ᠰᠠᠭᠤᠭᠠᠯᠢ | ᠲᠣᠭᠤᠷᠢᠭ ᠤᠨ ᠥᠭᠡᠷᠡᠴᠢᠯᠡᠯᠲᠡ ᠶᠢᠨ ᠲᠡᠷᠢᠭᠦᠨ ᠤ ᠲᠤᠷᠰᠢᠯᠭ᠎ᠠ ᠪᠣᠯᠤᠨ ᠠᠷᠭ᠎ᠠ ᠬᠢᠳᠡᠯ ᠢ ᠰᠢᠨᠵᠢᠯᠡᠨ ᠪᠠᠶᠢᠴᠠᠭᠠᠵᠤ | ᠰᠤᠷᠤᠯᠴᠠᠵᠡᠢ᠃ ᠣᠯᠠᠨ ᠢᠶᠠᠷ ᠢᠶᠠᠨ ᠵᠢᠱᠢᠶ᠎ᠡ ᠦᠵᠡᠭᠦᠯᠬᠦ ᠲᠠᠶᠢᠯᠤᠮᠵᠢ ᠶᠢ ᠰᠣᠨᠣᠰᠬᠤ ᠶᠢᠨ ᠳᠠᠭᠠᠤ ᠣᠷᠴᠢᠨ | ᠲᠣᠭᠤᠷᠢᠨ ᠤ ᠬᠤᠪᠢᠷᠠᠯᠲᠠ ᠶᠢ ᠦᠵᠡᠵᠦ᠂ ᠪᠠᠯᠠ ᠮᠥᠩᠭᠦ ᠴᠤᠭᠯᠠᠭᠤᠯᠬᠤ ᠳᠤ ︽ᠬᠡᠨ ᠪᠡᠯᠠ ᠤᠷᠤᠭᠤᠯᠬᠤ︾᠂ | ᠣᠯᠠᠨ ᠲᠦᠮᠡᠨ ᠤ ᠠᠵᠢᠯ ᠢ ︽ᠬᠡᠨ ᠬᠢᠬᠦ︾ ᠵᠡᠷᠭᠡ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠲᠤᠬᠠᠶ ᠶᠢᠨ | ᠭᠠᠵᠠᠷ ᠤᠨ ᠺᠠᠳ᠋ᠷ ᠵᠢᠴᠢ ᠰᠠᠭᠤᠭᠠᠯᠢ ᠲᠣᠭᠤᠷᠢᠭ ᠤᠨ ᠬᠠᠷᠢᠭᠤᠴᠠᠯᠭᠠᠲᠠᠨ ᠲᠠᠢ ᠶᠠᠷᠢᠯᠴᠠᠪᠠ᠃ | ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠶᠠᠷᠢᠯᠴᠠᠬᠤ ᠬᠤᠷᠠᠯ ᠬᠢᠵᠦ᠂ ᠰᠢᠨᠵᠢᠯᠡᠨ ᠪᠠᠶᠢᠴᠠᠭᠠᠬᠤ | ᠳᠤᠭᠤᠶᠢᠯᠠᠩ ᠨᠢ ᠵᠢᠨᠢᠩ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ | ᠠᠵᠢᠯ ᠤᠨ ᠲᠣᠭᠲᠠᠴᠠ᠂ ᠥᠭᠡᠷᠡᠴᠢᠯᠡᠨ ᠪᠠᠶᠢᠭᠤᠯᠬᠤ ᠪᠠᠷᠢᠮᠵᠢᠶ᠎ᠠ᠂ ᠪᠠᠯᠠ ᠮᠥᠩᠭᠦ ᠴᠤᠭᠯᠠᠭᠤᠯᠬᠤ᠂ ᠰᠠᠭᠤᠷᠢ | ᠲᠥᠬᠦᠭᠡᠷᠦᠮᠵᠢ ᠶᠢᠨ ᠢᠵᠢ ᠪᠥᠷᠢᠳᠦᠭᠦᠯᠬᠦ ᠦᠢᠯᠡᠴᠢᠯᠡᠭᠡ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠤᠨᠤᠰᠴᠡᠢ᠃ ᠬᠤᠶᠠᠷ | ᠲᠠᠯ᠎ᠠ ᠪᠠᠷ ᠢᠶᠠᠨ ᠥᠭᠡᠷᠡᠴᠢᠯᠡᠨ ᠪᠠᠶᠢᠭᠤᠯᠤᠭᠰᠠᠨ ᠤ ᠳᠠᠷᠠᠭᠠᠬᠢ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ | ᠬᠠᠮᠢᠶᠠᠷᠤᠯᠲᠠ᠂ ᠦᠮᠴᠢᠳᠡᠳ ᠤᠨ ᠬᠡᠷ ᠤᠷᠤᠨ ᠤ ᠤᠬᠠᠮᠰᠠᠷ ᠢ ᠲᠡᠭᠡᠭᠰᠢᠯᠡᠭᠦᠯᠬᠦ ᠵᠢᠴᠢ ᠣᠷᠳᠣ ᠬᠤᠭᠤᠴᠠᠭᠠᠨ ᠤ | ᠪᠦᠳᠤᠮᠵᠢᠲᠡᠢ ᠲᠣᠭᠲᠠᠴᠠ ᠶᠢ ᠬᠡᠷᠬᠢᠨ ᠪᠠᠶᠢᠭᠤᠯᠬᠤ ᠵᠡᠷᠭᠡ ᠲᠠᠯ᠎ᠠ ᠶᠢᠨ ᠠᠰᠠᠭᠤᠳᠠᠯ ᠤᠨ ᠲᠤᠬᠠᠶ ᠭᠦᠨᠵᠡᠭᠡᠶ ᠶᠠᠷᠢᠯᠴᠠᠨ | ᠰᠤᠯᠢᠯᠴᠠᠪᠠ᠃ | ᠾᠥᠸᠧ ᠵᠣᠣ ᠯᠢᠶᠠᠩ ᠢᠯᠡᠷᠬᠡᠶᠢᠯᠡᠬᠦ ᠳᠡᠭᠡᠨ᠂ ᠦᠢᠷ᠎ᠠ ᠶᠢᠨ ᠵᠢᠯ ᠳᠤ᠂ ᠤᠯᠠᠭᠠᠨᠴᠠᠪ ᠬᠤᠲᠠ ᠢᠯᠠᠩᠭᠤᠶ᠎ᠠ | ᠵᠢᠨᠢᠩ ᠲᠣᠭᠤᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠲᠦᠷᠭᠡᠨ ᠬᠦᠭᠵᠢᠵᠤ᠂ ᠲᠦᠭᠦᠮ ᠪᠦᠳᠤᠴᠡᠲᠤ | ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ | ᠢᠯᠡᠳᠲᠡ ᠦᠷ᠎ᠡ ᠪᠦᠲᠦᠮᠵᠢ ᠣᠯᠵᠤ᠂ ᠬᠤᠲᠠ ᠶᠢᠨ ᠳᠦᠷᠰᠦ ᠪᠠᠶᠢᠳᠠᠯ ᠴᠣ᠋ ᠰᠢᠨ᠎ᠡ ᠪᠤᠯᠵᠡᠢ᠃ ᠡᠨᠡ ᠤᠳᠠᠭᠠᠨ ᠤ | ᠪᠠᠶᠢᠴᠠᠭᠠᠯᠲᠠ ᠰᠤᠷᠤᠯᠴᠠᠯᠭ᠎ᠠ ᠨᠢ ᠰᠡᠩᠬᠡᠷᠡᠭᠦᠯᠦᠯ ᠪᠠᠷ ᠲᠠᠮᠵᠢᠨ ᠤᠯᠵᠤ᠂ ᠬᠠᠷᠠᠭ᠎ᠠ ᠥᠷᠭᠡᠵᠢᠵᠦ᠂ ᠮᠠᠰᠢ ᠣᠯᠠᠨ | ᠠᠰᠢᠭ ᠭᠦᠷᠲᠡᠵᠤ᠂ ᠢᠯᠠᠩᠭᠤᠶ᠎ᠠ ᠵᠢᠨᠢᠩ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠪᠠᠶᠢᠭᠤᠯᠬᠤ ᠠᠵᠢᠯ ᠢ ᠤᠷᠢᠳᠴᠢᠯᠠᠨ ᠲᠥᠯᠥᠪᠯᠡᠬᠦ᠂ ᠨᠢᠭᠡᠳᠦᠯᠲᠡᠶ ᠲᠥᠯᠥᠪᠵᠢᠭᠦᠯᠬᠦ᠂ ᠪᠠᠶᠢᠭᠤᠯᠤᠨ ᠬᠠᠮᠢᠶᠠᠷᠬᠤ ᠶᠢ | ᠤᠶᠠᠯᠳᠤᠭᠤᠯᠬᠤ ᠠᠵᠢᠯ ᠤᠨ ᠰᠡᠳᠬᠢᠮᠵᠢ ᠵᠢᠴᠢ ᠥᠭᠡᠷᠡᠴᠢᠯᠡᠨ ᠪᠠᠶᠢᠭᠤᠯᠤᠭᠰᠠᠨ ᠤ ᠳᠠᠷᠠᠭᠠᠬᠢ ᠬᠤᠭ ᠨᠣᠪᠰᠢ ᠶᠢ | ᠲᠥᠷᠥᠯ ᠬᠤᠪᠢᠶᠠᠬᠤ᠂ ᠠᠳᠠᠯ ᠠᠬᠤᠶ ᠶᠢᠨ ᠬᠠᠮᠢᠶᠠᠷᠤᠯᠲᠠ᠂ ᠨᠠᠰᠤᠵᠢᠯ ᠤᠨ ᠠᠰᠠᠷᠠᠮᠵᠢ ᠶᠢᠨ ᠲᠥᠬᠦᠮ ᠦᠵᠡᠭᠦᠯᠬᠦ | ᠦᠢᠯᠡᠴᠢᠯᠡᠭᠡ᠂ ᠤᠶᠤᠨᠲᠤ ᠲᠣᠭᠤᠷᠢᠭ ᠢ ᠪᠥᠲᠥᠭᠡᠨ ᠪᠠᠶᠢᠭᠤᠯᠬᠤ ᠵᠡᠷᠭᠡ ᠬᠢᠯᠠᠰ ᠴᠡᠭ ᠤᠨ ᠠᠵᠢᠯ ᠨᠢ ᠭᠦᠨ | ᠰᠠᠭᠤᠭᠳᠠᠯ ᠲᠥᠷᠥᠭᠳᠡᠯ ᠦᠭᠪᠠ ᠬᠡᠵᠡᠢ᠃ ᠾᠥᠸᠧ ᠵᠣᠣ ᠯᠢᠶᠠᠩ ᠱᠡᠭᠠᠷᠳᠠᠬᠤ ᠳᠠᠭᠠᠨ᠂ ᠰᠢᠨᠵᠢᠯᠡᠨ ᠪᠠᠶᠢᠴᠠᠭᠠᠬᠤ | ᠳᠤᠭᠤᠶᠢᠯᠠᠩ ᠤᠨ ᠪᠦᠷᠢᠯᠳᠦᠬᠦᠨ ᠵᠢᠨᠢᠩ ᠲᠣᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠤᠨ ᠶᠠᠰᠤ ᠴᠢᠨᠠᠷ ᠢ | ᠳᠡᠭᠡᠭᠰᠢᠯᠡᠭᠦᠯᠦᠨ ᠥᠭᠡᠷᠡᠴᠢᠯᠡᠨ ᠪᠠᠶᠢᠭᠤᠯᠬᠤ ᠰᠠᠶᠢᠨ ᠤᠢᠢᠯᠠᠭᠠᠭᠳᠠᠬᠤᠨ᠂ ᠰᠠᠶᠢᠨ ᠠᠷᠭ᠎ᠠ ᠭᠡᠮᠵᠢᠶ᠎ᠡ ᠪᠣᠯᠤᠨ ᠰᠠᠶᠢᠨ | ᠲᠤᠷᠰᠢᠯᠭ᠎ᠠ ᠶᠢ ᠭᠦᠢᠴᠡᠳ ᠰᠤᠷᠤᠯᠴᠠᠨ ᠲᠤᠯᠢᠲᠠᠵᠤ᠂ ᠤᠯᠤᠰ ᠤᠨ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠪᠠᠶᠢᠭᠤᠯᠬᠤ ᠴᠢᠬᠤᠯᠠ ᠠᠵᠠ ᠲᠣᠬᠢᠶᠠᠯ ᠢ ᠴᠢᠩᠭ᠎ᠠ ᠠᠳᠬᠤᠵᠤ᠂ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠬᠦ ᠠᠵᠢᠯ ᠢ ᠦᠨᠡᠨᠬᠦ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯᠯᠠᠬᠤ ᠳᠤ ᠲᠦᠭᠦᠮ | ᠦᠵᠡᠰᠭᠦᠯᠡᠩ ᠰᠠᠶᠢᠬᠠᠨ ᠬᠤᠲᠠ ᠪᠣᠯᠭᠠᠨ ᠪᠦᠲᠦᠭᠡᠨ ᠪᠠᠶᠢᠭᠤᠯᠬᠤ ᠴᠢᠬᠤᠯᠠ ᠭᠠᠷᠳᠠᠴᠠ ᠪᠣᠯᠭᠠᠵᠤ᠂ ᠪᠣᠳᠠᠲᠤ | ᠪᠠᠶᠢᠳᠡᠯ ᠲᠠᠢ ᠪᠠᠨ ᠤᠶᠠᠯᠳᠤᠭᠤᠯᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ | ᠭᠦᠴᠤᠲᠡᠢ ᠠᠬᠢᠭᠤᠯᠵᠤ᠂ ᠰᠠᠭᠤᠷᠢ ᠴᠢᠨᠠᠷᠲᠠᠶ ᠠᠵᠢᠯ ᠢᠶᠠᠨ ᠪᠣᠳᠠᠲᠠᠶ ᠨᠠᠷᠢᠯᠢᠭ ᠬᠢᠵᠦ᠂ ᠠᠷᠠᠳ ᠤᠨ ᠠᠮᠢᠳᠤᠷᠠᠯ ᠤᠨ | ᠢᠨᠵᠧᠨᠧᠷᠢᠩ ᠢ ᠪᠠᠲᠤᠲᠡᠢ ᠠᠷᠡᠳ ᠤᠨ ᠰᠡᠳᠬᠢᠯ ᠤᠨ ᠢᠨᠵᠧᠨᠧᠷᠢᠩ ᠪᠣᠯᠭᠠᠨ ᠡᠷᠬᠢᠯᠡᠵᠤ᠂ ᠬᠠᠭᠤᠴᠢᠨ ᠰᠠᠭᠤᠭᠠᠯᠢ | ᠲᠣᠭᠤᠷᠢᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠠ ᠳᠡᠭᠡᠭᠰᠢᠯᠡᠭᠦᠯᠵᠦ᠂ | ᠬᠤᠲᠠ ᠶᠢᠨ ᠳᠦᠷᠢ ᠲᠥᠷᠬᠦ ᠪᠣᠯᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠡᠭᠡ ᠬᠤᠪᠢᠷᠠᠯᠲᠠ ᠶᠢ | ᠠᠬᠢᠭᠤᠯᠵᠤ᠂ ᠠᠷᠠᠳ ᠤᠨ ᠵᠣᠯ ᠵᠢᠷᠭᠠᠯ ᠤᠨ ᠲᠦᠷᠤᠭ᠍ᠳᠡᠯ ᠶᠢ ᠲᠠᠰᠤᠷᠠᠯᠲᠠ ᠤᠢᠭᠡᠢ ᠲᠡᠭᠡᠭᠰᠢᠯᠡᠭᠦᠯᠬᠦ ᠬᠡᠷᠡᠭᠲᠡᠢ ᠬᠡᠪᠠ᠃ | | ᠡᠯ᠎ᠡ ᠬᠤᠰᠢᠭᠤ ᠰᠢᠶᠠᠨ ᠬᠤᠲᠠ ︵ᠤᠷᠤᠨ︶᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ | ᠰᠠᠯᠠᠭ᠎ᠠ ᠮᠦᠴᠢᠷ ᠤᠨ ᠬᠢᠨ ᠬᠠᠷᠢᠭᠤᠴᠡᠯᠭᠠᠲᠡᠳ ᠵᠢᠴᠢ ᠬᠤᠯᠪᠣᠭᠳᠠᠯ ᠪᠥᠬᠦᠶ ᠠᠵᠤ ᠠᠬᠤᠶᠢᠯᠠᠯ ᠤᠨ | ᠬᠠᠷᠢᠭᠤᠴᠡᠯᠭᠠᠲᠡᠳ ᠰᠢᠨᠵᠢᠯᠡᠨ ᠪᠠᠶᠢᠴᠠᠭᠠᠬᠤ ᠳᠤ ᠣᠷᠣᠯᠴᠠᠵᠠᠶ᠃ | | | | | |