ᠴᠢᠶᠣᠤ ᠵᠢᠶᠠᠨ ᠴᠢᠶᠠᠩ ᠱᠦᠵᠢ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2020/5/18
ᠴᠢᠶᠣᠤ ᠵᠢᠶᠠᠨ ᠴᠢᠶᠠᠩ᠂ ᠡᠷᠡᠭᠲᠡᠢ᠂ ᠬᠢᠲᠠᠳ ᠦᠨᠳᠦᠰᠦᠲᠡᠨ᠂ 1975 ᠣᠨ ᠤ 5 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠲᠤᠯᠤᠨ ᠨᠠᠭᠤᠷ ᠰᠢᠶᠠᠨ ᠤ ᠬᠥᠮᠦᠨ᠂ 1996 ᠣᠨ ᠤ 9 ᠰᠠᠷ᠎ᠠ ᠳᠤ ᠠᠵᠢᠯ ᠳᠤ ᠭᠠᠷᠴᠣ᠂ 2000 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠡᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠢᠶᠠᠷ ᠲᠡᠭᠦᠰᠴᠡᠢ᠂ ᠤᠳᠤ ᠤᠯᠠᠭᠠᠶ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃1996.09 — 2003.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠯᠤᠨ  ᠨᠠᠭᠤᠷ ᠰᠢᠶᠠᠨ ᠤ ᠠᠵᠤ ᠠᠬᠤᠶ ᠶᠢᠨ ᠲᠣᠪᠴᠢᠶ᠎ᠠ ᠳᠤ ᠠᠵᠢᠯᠯᠠᠪᠠ᠃2003.01 — 2004.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠯᠤᠨ ᠨᠠᠭᠤᠷ ᠰᠢᠶᠠᠨ ᠤ ᠨᠠᠮ ᠤᠨ  ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠥᠬᠦ ᠠᠷᠠᠳ ᠤᠨ ᠬᠡᠪ ᠴᠢᠨᠠᠷ ᠤᠨ ᠢᠨᠵᠧᠨᠧᠷᠢᠩ ᠤᠨ ᠲᠥᠪ ᠤᠨ ᠳᠡᠳ᠋ ᠡᠷᠬᠢᠯᠡᠭᠴᠢ᠃2004.03 — 2006.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠯᠤᠨ ᠨᠠᠭᠤᠷ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ᠃2006.03 — 2008.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠯᠤᠨ ᠨᠠᠭᠤᠷ ᠰᠢᠶᠠᠨ ᠤ ᠰᠡᠷᠭᠡᠶᠢᠯᠡᠯᠲᠡ ᠶᠢᠨ ᠠᠯᠪᠠᠨ ᠬᠡᠷ ᠤᠨ ᠨᠠᠮ ᠤᠨ ᠡᠭᠦᠷ ᠤᠨ ᠱᠦᠵᠢ᠃︵ᠡᠨᠡ ᠬᠤᠭᠤᠴᠠᠭᠠᠨ ᠳᠤ᠄ 2007.08 — 2008.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠲᠦᠷ ᠴᠠᠭ ᠲᠤᠰᠢᠶᠠᠯ ᠡᠭᠦᠷᠭᠡᠯᠡᠨ ᠡᠷᠬᠢᠯᠡᠭᠴᠢ ᠶᠢᠨ ᠲᠤᠰᠠᠯᠠᠭᠴᠢ ᠪᠣᠯᠪᠠ︶᠃2008.07 — 2009.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠤᠨ ᠨᠠᠮ ᠤᠨ ᠪᠠᠶᠢᠭᠤᠯᠤᠯᠲᠠ ᠬᠢᠭᠡᠳ ᠰᠣᠶᠣᠯ ᠤᠨ ᠰᠤᠳᠤᠯᠭᠠᠨ ᠤ ᠭᠠᠵᠠᠷ ᠤᠨ ᠳᠠᠷᠤᠭ᠎ᠠ ︵ᠵᠢᠩᠬᠢᠨᠢ ᠰᠠᠯᠠᠭ᠎ᠠ︶᠃2009.11 — 2011.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠨᠠᠮ  ᠤᠨ ᠬᠤᠷᠢᠶᠠᠨ ᠤ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ᠃2011.08 — 2013.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ᠂ ᠲᠦᠷᠦ ᠶᠢᠨ ᠪᠤᠳᠤᠯᠭ᠎ᠠ ᠰᠤᠳᠤᠯᠬᠤ ᠲᠠᠰᠤᠭ ‍ᠦᠨ‌ᠡᠷᠬᠢᠯᠡᠭᠴᠢ᠃2013.01 — 2015.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠲᠦᠷᠦ ᠶᠢᠨ ᠪᠤᠳᠤᠯᠭ᠎ᠠ ᠰᠤᠳᠤᠯᠬᠤ ᠲᠠᠰᠤᠭ ‍ᠦᠨ‌ᠡᠷᠬᠢᠯᠡᠭᠴᠢ᠃2015.08 — 2020.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ︵ᠵᠢᠩᠬᠢᠨᠢ ᠭᠠᠵᠠᠷ ᠤᠨ ᠳᠡᠰ︶᠃2020.04 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠶ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯᠯᠠᠬᠤ  ᠬᠤᠷᠢᠶᠠᠨ ᠤ ᠱᠦᠵᠢ᠃ᠬᠤᠪᠢᠳᠠᠨ ᠬᠠᠮᠢᠶᠠᠷᠠᠬᠤ ᠠᠵᠢᠯ᠄ ᠨᠠᠮ ᠤᠨ ᠠᠵᠢᠯᠯᠠᠬᠤ ᠬᠤᠷᠢᠶᠠᠨ ᠤ ᠪᠦᠬᠦ ᠲᠠᠯ᠎ᠠ ᠶᠢᠨ ᠠᠵᠢᠯ ᠢ ᠬᠠᠷᠢᠭᠤᠴᠠᠨ᠎ᠠ᠃
 
ᠢᠷᠡᠯᠲᠡ᠄ ᠤᠯᠠᠭᠠᠢ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号