ᠤᠯᠠᠭᠠᠢ ᠬᠠᠮᠢᠶᠠᠷᠤᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ  ᠠᠴᠠ ᠬᠠᠷᠢᠭᠤ ᠳᠣᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2020/5/21
     5 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠤᠯᠠᠭᠠᠶ ᠬᠠᠮᠢᠶᠠᠷᠤᠯᠲᠠ ᠶᠢᠨ ᠣᠷᠣᠨ ᠬᠠᠮᠢᠶᠠᠷᠤᠯᠲᠠ ᠶᠢᠨ ᠵᠥᠪᠯᠡᠯ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠠᠴᠠ ᠬᠠᠷᠢᠭᠤ ᠳᠣᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ  ᠵᠦᠪᠳᠡᠪᠠ᠃
     ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠩ ᠵᠦ ᠬᠤᠷᠠᠯ ᠢ  ᠡᠷᠬᠢᠯᠡᠪᠡ᠃ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠯᠢ ᠵᠢᠶᠦ᠋ᠨ ᠤᠷᠢᠯᠭ᠎ᠠ ᠪᠠᠷ ᠣᠷᠣᠯᠴᠠᠵᠤ᠂ ᠬᠠᠮᠢᠶᠠᠷᠤᠯᠲᠠ ᠶᠢᠨ ᠵᠥᠪᠯᠡᠯ ᠤᠨ ᠪᠠᠭ ᠤᠨ ᠪᠦᠷᠢᠯᠳᠦᠬᠦᠨ ᠷᠧᠨ ᠰᠢ ᠵᠢᠶᠦ᠋ᠨ᠂ ᠶᠠᠨ ᠯᠢ ᠵᠢᠶᠦ᠋ᠨ᠂ ᠪᠠᠶ ᠴᠢᠩ ᠱᠠᠨ᠂ ᠸᠧᠨ ᠪᠦᠦ ᠯᠦᠩ ᠬᠤᠷᠠᠯ ᠳᠤ ᠣᠷᠣᠯᠴᠠᠵᠠᠶ᠃      ᠬᠤᠷᠠᠯ ᠠᠴᠠ ᠵᠢᠭᠠᠵᠤ ᠭᠠᠷᠭᠠᠭᠰᠠᠨ ᠨᠢ᠄      ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠦᠢᠯᠡᠳᠦᠯ ᠢ  ᠭᠦᠢᠴᠡᠳ ᠪᠠᠳᠠᠷᠠᠭᠤᠯᠵᠤ᠂ ᠮᠡᠷᠭᠡᠵᠢᠯ ᠤᠨ ᠪᠠᠷᠢᠮᠵᠢᠶ᠎ᠠ ᠶᠢ  ᠨᠠᠷᠢᠯᠢᠭᠵᠢᠭᠤᠯᠤᠨ᠂ ᠵᠠᠰᠠᠬᠤ ᠴᠠᠭ ᠤᠨ  ᠬᠢᠵᠠᠭᠠᠷ᠂  ᠡᠭᠦᠷᠭᠡ ᠶᠢᠨ ᠶᠣᠰᠤᠭᠠᠷ᠂ ᠠᠵᠢᠯ ᠤᠨ ᠬᠤᠭᠤᠴᠠᠭ᠎ᠠ ᠪᠠᠨ ᠵᠣᠬᠢᠰᠲᠠᠢ ᠵᠢᠭᠰᠠᠭᠠᠨ  ᠂ ᠵᠢᠷᠤᠭ ᠲᠦᠰᠦᠯ ᠢᠶᠠᠷ  ᠠᠵᠢᠯᠯᠠᠵᠤ᠂ ᠠᠭᠤᠷᠬᠠᠶ ᠳᠤ ᠰᠠᠭᠤᠨ ᠵᠢᠭᠠᠨ  ᠵᠢᠯᠣᠭᠤᠳᠴᠤ᠂ ᠠᠭᠤᠷᠬᠠᠢ ᠶᠢᠨ ᠠᠵᠤ ᠠᠬᠤᠶᠢᠯᠠᠯ ᠢ ᠤᠯᠤᠰ ᠤᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠳᠦᠷᠢᠮᠵᠢᠯ ᠲᠠᠢ  ᠬᠠᠷᠢᠴᠠᠭᠤᠯᠬᠤ ᠶᠢ ᠱᠠᠭᠠᠷᠳᠠᠵᠤ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ  ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠦᠨ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠡᠭᠦᠷᠭᠡ ᠶᠢ ᠰᠠᠶᠢᠲᠤᠷ ᠭᠦᠢᠴᠡᠳᠭᠡᠵᠦ᠂  2020 ᠤᠨ ᠤ ᠰᠡᠭᠦᠯᠴᠢ ᠪᠣᠯᠲᠠᠯ᠎ᠠ᠂ ᠵᠠᠳᠠᠭᠠᠶ ᠨᠡᠭᠦᠷᠡᠰᠦᠨ ᠠᠭᠤᠷᠬᠠᠶ ᠶᠢ ᠤᠯᠤᠰ ᠤᠨ ᠲᠠᠰ ᠤᠨ ᠪᠣᠬᠢᠷᠲᠤᠯ ᠦᠭᠡᠶ ᠠᠭᠤᠷᠬᠠᠶ ᠶᠢᠨ ᠪᠠᠷᠢᠮᠵᠢᠶ᠎ᠠ ᠳᠤ ᠬᠦᠷᠬᠦ ᠶᠢ ᠦᠨᠡᠨᠬᠦ ᠪᠠᠲᠤᠯᠠᠵᠤ᠂ ᠨᠡᠭᠦᠷᠡᠰᠦᠨ ᠤ ᠪᠤᠰᠤ ᠠᠭᠤᠷᠬᠠᠢ ᠶᠢ ᠥᠪᠡᠷᠲᠡᠭᠡᠨ ᠵᠠᠰᠠᠬᠤ ᠣᠷᠣᠨ ᠤ ᠣᠷᠣᠨ ᠤ ᠲᠠᠰ ᠤᠨ ᠪᠣᠬᠢᠷᠲᠤᠯ ᠦᠭᠡᠶ ᠠᠭᠤᠷᠬᠠᠶ ᠶᠢᠨ ᠪᠠᠷᠢᠮᠵᠢᠶ᠎ᠠ ᠳᠤ ᠬᠦᠷᠭᠡᠬᠦ ᠬᠡᠷᠡᠭᠲᠡᠶ ᠭᠡᠵᠦ᠂ ᠵᠠᠰᠠᠭᠰᠠᠨ ᠦᠭᠡᠢ ᠪᠤᠶᠤ ᠵᠠᠰᠠᠭᠰᠠᠨ ᠨᠢ ᠭᠦᠢᠴᠡᠳ ᠪᠣᠰᠤ ᠪᠠᠶᠢᠪᠠᠯ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠄      ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ  ᠠᠴᠠ ᠬᠠᠷᠢᠭᠤ ᠳᠣᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠪᠣᠯ᠂ ᠠᠮᠢ ᠠᠬᠤᠶ ᠶᠢ  ᠲᠡᠷᠢᠭᠦᠨ  ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠣᠨᠣᠯ ᠢ ᠦᠢᠯᠡᠳᠦᠯᠭᠡᠵᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠃  ᠡᠶᠢᠮᠦ ᠠᠴᠠ ᠣᠶ ᠰᠢᠭᠤᠶ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠰᠠᠯᠠᠭ᠎ᠠ ᠮᠥᠴᠢᠷ ᠤᠳ ᠡᠷᠬᠡᠪᠰᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠠᠴᠠ ᠬᠠᠷᠢᠭᠤ ᠳᠣᠰᠬᠠᠭᠰᠠᠨ  ᠪᠦᠬᠦ ᠠᠰᠠᠭᠤᠳᠠᠯ ᠢ  ᠲᠤᠶᠢᠯᠪᠤᠷᠢᠲᠠᠢ ᠴᠡᠭᠴᠡᠯᠡᠨ ᠵᠠᠰᠠᠵᠤ  ᠳᠠᠭᠤᠰᠬᠠᠬᠤ ᠬᠡᠷᠡᠭᠲᠡᠢ᠃  ᠪᠠᠰᠠ ᠬᠤᠭᠤᠴᠠᠭ᠎ᠠ ᠥᠩᠭᠡᠷᠡᠭᠰᠡᠨ ᠠᠭᠤᠷᠬᠠᠶ ᠳᠤ ᠨᠥᠬᠦᠪᠥᠷᠢ ᠥᠭᠴᠦ  ᠨᠤᠷᠠᠭᠠᠵᠤ ᠬᠠᠶᠠᠬᠤ᠂ ᠳᠠᠬᠢᠨ ᠬᠠᠭᠠᠯᠪᠤᠷᠢᠯᠠᠵᠤ  ᠨᠣᠭᠤᠭᠠᠷᠠᠭᠤᠯᠬᠤ  ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠢ  ᠭᠤᠤᠯᠳᠠᠯᠭ᠎ᠠ ᠲᠠᠢ  ᠠᠳᠬᠤᠵᠤ᠂ ᠡᠯ᠎ᠡ ᠵᠦᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠠᠢ᠃     ᠬᠤᠷᠠᠯ ᠠᠴᠠ ᠱᠠᠭᠠᠷᠳᠠᠭᠰᠠᠨ ᠨᠢ᠄     ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠵᠤ  ᠂  ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠵᠦ᠂ ᠰᠤᠷᠭᠠᠭᠤᠯᠢ᠂ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠭᠠᠵᠠᠷ᠂ ᠭᠤᠤᠯᠳᠠᠯᠭ᠎ᠠ ᠲᠠᠢ ᠪᠠᠶᠢᠭᠤᠯᠭ᠎ᠠ ᠨᠢᠭᠡᠴᠡ᠂ ᠭᠤᠤᠯᠳᠠᠯᠭ᠎ᠠ ᠲᠠᠢ ᠬᠥᠮᠦᠰ ᠢ ᠠᠩᠬᠠᠷᠤᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠵᠢᠯ  ᠰᠤᠷᠤᠯᠭ᠎ᠠ ᠪᠠᠨ ᠰᠡᠷᠭᠦᠭᠡᠬᠦ ᠪᠠ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ ᠣᠨᠤᠪᠴᠢᠲᠠᠢ ᠨᠠᠶᠢᠳᠠᠪᠤᠷᠢᠵᠢᠭᠤᠯᠤᠨ᠎ᠠ᠃  ᠮᠦᠨ ᠴᠦ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ  ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠠᠯᠠᠪᠠᠢ ᠪᠠᠯᠭᠠᠰᠤᠨ ᠤ ᠮᠠᠯᠵᠢᠬᠤ ᠡᠷᠦᠬᠡ ᠪᠣᠯᠤᠨ ᠡᠷᠭᠢᠨ ᠲᠣᠭᠤᠷᠢᠨ ᠤ ᠠᠵᠤ ᠠᠬᠤᠶᠢᠯᠠᠯ ᠢ ᠳᠠᠶᠢᠴᠢᠯᠠᠨ ᠲᠠᠯ᠎ᠠ ᠨᠤᠲᠤᠭ ᠤᠨ ᠬᠤᠯᠤᠭᠠᠨ᠎ᠠ ᠤᠰᠠᠳᠬᠠᠬᠤ ᠠᠵᠢᠯ ᠳᠤ ᠢᠳᠡᠪᠬᠢᠲᠡᠶ  ᠣᠷᠣᠯᠴᠠᠭᠤᠯᠵᠤ᠂ ᠬᠤᠯᠤᠭᠠᠨ᠎ᠠ ᠶᠢᠨ ᠬᠤᠭᠤᠷᠣᠨᠳᠣᠬᠢ ᠬᠢᠵᠢᠭ ᠢ ᠰᠡᠷᠭᠡᠶᠢᠯᠡᠵᠦ᠂ ᠨᠤᠲᠤᠭ ᠪᠡᠯᠴᠢᠭᠡᠷ ᠢ ᠪᠦᠲᠦᠮᠵᠢᠲᠡᠶ  ᠬᠠᠮᠠᠭᠠᠯᠠᠬᠤ ᠬᠡᠷᠡᠭᠲᠡᠢ ᠭᠡᠵᠠᠢ᠃
     ᠬᠤᠷᠠᠯ ᠳᠡᠭᠡᠷ᠎ᠡ ᠪᠠᠰᠠ ᠪᠤᠰᠤᠳ ᠵᠦᠢᠯᠡᠰ ᠢ ᠵᠥᠪᠳᠡᠪᠡ᠃      ᠪᠠᠯᠭᠠᠰᠤ᠂ ᠲᠠᠯᠠᠪᠠᠶ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠢ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号