︽ᠣᠯᠠᠭᠠᠢ ᠬᠠᠮᠢᠶᠠᠷᠣᠯᠲᠠ ᠶᠢᠨ ᠣᠷᠣᠨ ᠤ 2020 ᠣᠨ ᠤ ᠲᠠᠯ᠎ᠠ ᠨᠤᠲᠤᠭ ᠤᠨ ᠬᠤᠯᠤᠭᠠᠨ᠎ᠠ ᠶᠢᠨ ᠭᠠᠮᠰᠢᠭ ᠢ | ᠰᠡᠷᠭᠡᠶᠢᠯᠡᠨ ᠵᠠᠰᠠᠬᠤ ᠠᠵᠢᠯ ᠢ ᠬᠡᠷᠡᠭᠵᠢᠭᠦᠯᠬᠦ ᠲᠦᠰᠦᠯ︾ ᠢ ᠲᠠᠷᠤᠮᠠᠯᠯᠠᠨ ᠲᠠᠷᠬᠠᠭᠠᠬᠤ ᠲᠣᠬᠠᠢ ᠤᠯᠠᠭᠠᠢ | ᠬᠠᠮᠢᠶᠠᠷᠥᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ ᠤᠨ ᠮᠡᠳᠡᠭᠳᠡᠯ | ᠰᠢᠯᠢ ᠤᠯᠠᠭᠠᠢ ᠬᠠᠮᠢᠶᠠᠷᠥᠯᠲᠠ ᠠᠯᠪᠠᠨ ᠲᠠᠷᠬᠠᠭᠠᠭᠰᠠᠨ ﹇2020﹈ 3 ᠳ᠋ᠣᠭᠠᠷ ᠲᠤᠭᠠᠲᠤ | | ᠡᠯ᠎ᠡ ᠲᠠᠯᠠᠪᠠᠢ ᠪᠠᠯᠭᠠᠰᠣ᠂ ᠬᠠᠮᠢᠶᠡᠷᠣᠯᠲᠠ ᠶᠢᠨ ᠣᠷᠣᠨ ᠤ ᠡᠯ᠎ᠡ ᠬᠤᠯᠪᠤᠭᠳᠠᠯ ᠪᠦᠬᠦᠢ ᠨᠢᠭᠡᠴᠢ᠄ | ︽ᠤᠯᠠᠭᠠᠶ ᠬᠠᠮᠢᠶᠠᠷᠤᠯᠲᠠ ᠶᠢᠨ ᠣᠷᠣᠨ ᠤ 2020 ᠣᠨ ᠤ ᠨᠤᠲᠤᠭ ᠪᠡᠯᠴᠢᠭᠡᠷ ᠤᠨ ᠬᠤᠯᠤᠭᠠᠨ᠎ᠠ ᠶᠢᠨ | ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠬᠡᠷᠡᠭᠵᠢᠭᠦᠯᠬᠦ ᠲᠥᠰᠦᠯ︾ ᠢ ᠬᠠᠮᠢᠶᠠᠷᠤᠯᠲᠠ ᠶᠢᠨ ᠺᠣᠮᠢᠰ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠰᠡᠷᠭᠡᠶᠢᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ | ᠤᠯᠠᠭᠠᠶ ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ | 2020 ᠣᠨ ᠤ 2 ᠰᠠᠷ᠎ᠠ ᠶᠢᠨ 26 ᠤ ᠡᠳᠦᠷ | | ᠣᠯᠠᠭᠠᠢ ᠬᠠᠮᠢᠶᠠᠷᠣᠯᠲᠠ ᠶᠢᠨ ᠣᠷᠣᠨ ᠤ 2020 ᠣᠨ ᠤ ᠲᠠᠯ᠎ᠠ ᠨᠤᠲᠤᠭ ᠤᠨ | ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠬᠡᠷᠡᠭᠵᠢᠭᠦᠯᠬᠦ ᠲᠦᠰᠦᠯ | | ᠬᠠᠮᠢᠶᠠᠷᠤᠯᠲᠠ ᠶᠢᠨ ᠣᠷᠣᠨ ᠤ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ | ᠠᠵᠢᠯ ᠢ ᠦᠨᠡᠨᠬᠦ ᠰᠠᠶᠢᠲᠤᠷ ᠬᠢᠵᠦ᠂ ᠬᠤᠯᠤᠭᠠᠨ᠎ᠠ ᠶᠢᠨ ᠨᠢᠭᠲᠠᠴᠠ ᠶᠢ ᠪᠦᠲᠦᠮᠵᠢᠲᠡᠶ ᠪᠠᠭᠤᠷᠠᠭᠤᠯᠵᠤ᠂ ᠨᠤᠲᠤᠭ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ᠂ ᠠᠷᠠᠳ ᠣᠯᠠᠨ ᠤ ᠦᠶᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ | ᠢ ᠪᠠᠲᠤᠯᠠᠬᠤ ᠶᠢᠨ ᠲᠤᠰᠠᠳᠠ᠂ ᠠᠶᠢᠮᠠᠭ ᠤᠨ ᠵᠠᠬᠢᠷᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2019 | ᠣᠨ ᠤ ᠨᠠᠮᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠢ ᠪᠠᠶᠢᠴᠠᠭᠠᠬᠤ ᠪᠠ ᠡᠪᠦᠯ | ᠤᠨ ᠤᠯᠠᠷᠢᠯ ᠤᠨ ᠬᠤᠯᠤᠭᠠᠨ᠎ᠠ ᠵᠢᠨᠭᠠᠮᠰᠢᠭ ᠢ ᠰᠡᠷᠭᠡᠶᠢᠯᠡᠨ ᠵᠠᠰᠠᠭᠰᠠᠨ ᠪᠠᠶᠢᠳᠠᠯ ᠢ ᠦᠨᠳᠦᠰᠦᠯᠡᠨ᠂ ᠡᠳᠦᠭᠡ | ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠰᠡᠷᠭᠡᠶᠢᠯᠡᠨ ᠵᠠᠰᠠᠬᠤ ᠣᠷᠣᠨ ᠪᠦᠰᠡ ᠪᠠ ᠲᠠᠯᠠᠪᠠᠢ | ᠬᠠᠮᠢᠶᠠᠷᠤᠯᠲᠠ ᠶᠢᠨ ᠣᠷᠣᠨ ᠤ 2019 ᠣᠨ ᠳᠤ ᠥᠷᠨᠢᠭᠦᠯᠦᠭᠰᠡᠨ ᠨᠠᠮᠤᠷ ᠤᠨ ᠤᠯᠠᠷᠢᠯ ᠤᠨ ᠬᠤᠯᠤᠭᠠᠨ᠎ᠠ | ᠶᠢᠨ ᠭᠠᠮᠰᠢᠭ ᠤᠨ ᠪᠠᠶᠢᠴᠠᠭᠠᠯᠲᠠ ᠶᠢ ᠦᠨᠳᠦᠰᠦᠯᠡᠪᠡᠯ᠂ ᠵᠢᠱᠢᠯᠲᠡ ᠪᠠᠷ ᠬᠠᠮᠢᠶᠠᠷᠤᠯᠲᠠ ᠶᠢᠨ ᠣᠷᠣᠨ ᠤ 2020 | ᠣᠨ ᠤ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠡᠭᠦᠰᠬᠦ ᠲᠠᠯᠠᠪᠠᠶ ᠨᠢ 200 ᠲᠦᠮᠡᠨ ᠮᠥ ᠪᠠᠶᠢᠵᠤ᠂ | ᠡᠭᠦᠨ ᠳᠤ ᠬᠦᠨᠳᠦ ᠨᠣᠴᠢᠲᠠᠢ ᠡᠭᠦᠰᠬᠦ ᠪᠣᠯᠣᠯᠴᠠᠭ᠎ᠠ ᠲᠠᠢ ᠲᠠᠯᠠᠪᠠᠶ ᠨᠢ 45 ᠲᠦᠮᠡᠨ ᠮᠥ ᠪᠣᠯᠤᠨ᠎ᠠ᠃ ᠭᠠᠵᠠᠷ | ᠳᠡᠭᠡᠷᠡᠬᠢ ᠬᠥᠨᠥᠭᠡᠯᠲᠦ ᠬᠤᠯᠤᠭᠠᠨ᠎ᠠ ᠶᠢᠨ ᠳᠤᠮᠳᠠᠴᠢ ᠠᠰᠢᠭᠯᠠᠵᠤ ᠪᠠᠶᠢᠭ᠎ᠠ ᠨᠦᠬᠡ ᠨᠢ ᠾᠧᠺᠲ᠋ᠠᠷ ᠪᠦᠷᠢ ᠳᠤ 382 | ᠨᠦᠬᠡ ᠪᠠᠶᠢᠵᠤ᠂ ᠬᠠᠮᠤᠭ ᠤᠨ ᠣᠯᠠᠨ ᠳᠤ ᠪᠠᠨ ᠾᠧᠺᠲ᠋ᠠᠷ ᠪᠦᠷᠢ ᠳᠤ 980 ᠨᠦᠬᠡ︔ ᠭᠠᠵᠠᠷ ᠳᠣᠤᠷᠠᠬᠢ | ᠬᠤᠯᠤᠭᠠᠨ᠎ᠠ ᠶᠢᠨ ᠭᠠᠮᠰᠢᠭ ᠤᠨ ᠡᠭᠦᠰᠭᠡᠬᠦ ᠳᠤᠮᠳᠠᠴᠢ ᠲᠣᠪᠣᠴᠠᠭ ᠨᠢ ᠾᠧᠺᠲ᠋ᠠᠷ ᠪᠦᠷᠢ 425 ᠲᠣᠪᠤᠴᠠᠭ᠂ ᠬᠠᠮᠤᠭ | ᠣᠯᠠᠨ ᠳᠤ ᠪᠠᠨ ᠾᠧᠺᠲ᠋ᠠᠷ ᠪᠦᠷᠢ 1596 ᠲᠤᠪᠤᠴᠠᠭ ᠲᠤ ᠬᠦᠷᠦᠨ᠎ᠡ᠃ | ︵ᠨᠢᠭᠡ︶ ᠰᠡᠷᠭᠡᠶᠢᠯᠡᠨ ᠵᠠᠰᠠᠬᠤ ᠣᠷᠣᠨ ᠪᠦᠰᠡ᠃ ᠤᠯᠠᠭᠠᠶ ᠮᠠᠯᠵᠢᠯ ᠤᠨ ᠲᠠᠯᠠᠪᠠᠶ 5 ᠲᠦᠮᠡᠨ ᠮᠥ᠂ | ᠬᠠᠯᠠᠭᠠᠶᠢᠲᠦ ᠲᠠᠷᠢᠶᠠᠯᠠᠩ ᠮᠠᠯᠵᠢᠯ ᠤᠨ ᠲᠠᠯᠠᠪᠠᠢ 20 ᠲᠦᠮᠡᠨ ᠮᠦ᠂ ᠬᠡᠰᠡᠭ ᠠᠭᠤᠯᠠ ᠮᠠᠯᠵᠢᠯ ᠤᠨ ᠲᠠᠯᠠᠪᠠᠢ 15 | ᠲᠦᠮᠡᠨ ᠮᠦ᠂ ᠪᠠᠶᠠᠨᠬᠤᠰᠢᠭᠤ ᠪᠠᠯᠭᠠᠰᠤ 5 ᠲᠦᠮᠡᠨ ᠮᠦ ᠰᠡᠷᠭᠡᠶᠢᠯᠡᠨ ᠵᠠᠰᠠᠨ᠎ᠠ᠃ | ︵ᠬᠤᠶᠠᠷ︶ ᠰᠡᠷᠭᠡᠶᠢᠯᠡᠨ ᠵᠠᠰᠠᠬᠤ ᠬᠡᠪᠴᠢᠶ᠎ᠡ ᠵᠢᠴᠢ ᠲᠠᠯᠠᠪᠠᠢ᠃2020 ᠣᠨ ᠳᠤ᠂ ᠬᠠᠮᠢᠶᠠᠷᠤᠯᠲᠠ ᠶᠢᠨ | ᠣᠷᠣᠨ ᠤ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠯᠡᠭᠡᠲᠦ ᠲᠠᠯᠠᠪᠠᠶ ᠨᠢ | 45 ᠲᠦᠮᠡᠨ ᠮᠥ ᠪᠠᠶᠢᠵᠤ᠂ ᠡᠭᠦᠨ ᠳᠤ ᠪᠦ᠋ ᠶᠢᠨ ᠭᠡᠷᠡᠯᠵᠡᠭᠡᠨᠡ ᠶᠢ 5 ᠲᠦᠮᠡᠨ ᠮᠥ ᠰᠡᠷᠭᠡᠶᠢᠯᠡᠨ ᠵᠠᠰᠠᠵᠤ᠂ | ᠭᠤᠤᠯᠳᠠᠭᠤ ᠤᠯᠠᠭᠠᠶ ᠮᠠᠯᠵᠢᠯ ᠤᠨ ᠲᠠᠯᠠᠪᠠᠶ ᠶᠢᠨ ᠬᠢᠯᠢ ᠳᠣᠲᠣᠷ᠎ᠠ ︵ᠡᠭᠦᠨ ᠳᠤ ᠪᠦᠯᠢᠶᠡᠨ ᠬᠤᠪᠢᠶᠠᠷᠢ ᠲᠠᠯᠠᠪᠠᠶ ᠨᠢ | 3 ᠲᠦᠮᠡᠨ ᠮᠥ ᠰᠡᠷᠭᠡᠶᠢᠯᠡᠨ ᠵᠠᠰᠠᠬᠤ ᠪᠠᠷ ᠲᠥᠯᠥᠪᠯᠡᠵᠦ᠂ ᠨᠦᠩᠨᠠᠢ ᠬᠤᠪᠢᠶᠠᠷᠢ ᠲᠠᠯᠠᠪᠠᠶ ᠨᠢ 2 ᠲᠦᠮᠡᠨ ᠮᠥ | ᠰᠡᠷᠭᠡᠶᠢᠯᠡᠨ ᠵᠠᠰᠠᠬᠤ ᠪᠠᠷ ᠲᠥᠯᠥᠪᠯᠡᠵᠦ ᠪᠣᠶ︶︔ ᠲᠠᠯ᠎ᠠ ᠨᠤᠲᠤᠭ ᠤᠨ ᠨᠣᠮᠣᠨ ᠰᠣᠬᠤᠷ ᠢ 40 ᠲᠦᠮᠡᠨ ᠮᠦ | ᠰᠡᠷᠭᠡᠶᠢᠯᠡᠨ ᠵᠠᠰᠠᠵᠤ᠂ ᠭᠤᠣᠯᠳᠠᠭᠤ ᠬᠠᠯᠠᠭᠠᠶᠢᠲᠦ ᠲᠠᠷᠢᠶᠠᠯᠠᠩ ᠮᠠᠯᠵᠢᠯ ᠤᠨ ᠲᠠᠯᠠᠪᠠᠢ ︵ᠡᠭᠦᠨ ᠳᠤ ᠬᠤᠩᠬᠤᠯᠲᠣ | ᠬᠤᠪᠢᠶᠠᠷᠢ ᠲᠠᠯᠠᠪᠠᠢ 10 ᠲᠦᠮᠡᠨ ᠮᠦ᠂ ᠦᠯᠵᠡᠶᠢᠣᠪᠤᠭᠠ ᠬᠤᠪᠢᠶᠠᠷᠢ ᠲᠠᠯᠠᠪᠠᠢ 10 ᠲᠦᠮᠡᠨ ᠮᠦ ᠶᠢ ᠰᠡᠷᠭᠡᠶᠢᠯᠡᠨ | ᠵᠠᠰᠠᠨ᠎ᠠ︶᠂ ᠬᠡᠰᠡᠭ ᠠᠭᠤᠯᠠ ᠮᠠᠯᠵᠢᠯ ᠤᠨ ᠲᠠᠯᠠᠪᠠᠢ ︵ᠡᠭᠦᠨ ᠳᠤ ᠬᠤᠶᠠᠷᠪᠣᠭᠳᠠ ᠬᠤᠪᠢᠶᠠᠷᠢ ᠲᠠᠯᠠᠪᠠᠢ 4 ᠲᠦᠮᠡᠨ | ᠮᠦ᠂ ᠷᠠᠰᠢᠶᠠᠨᠪᠣᠯᠠᠭ ᠬᠤᠪᠢᠶᠠᠷᠢ ᠲᠠᠯᠠᠪᠠᠢ 6 ᠲᠦᠮᠡᠨ ᠮᠦ᠂ ᠡᠷᠳᠡᠨᠢᠲᠣᠯᠤᠭᠠᠢ ᠬᠤᠪᠢᠶᠠᠷᠢ ᠲᠠᠯᠠᠪᠠᠢ 5 ᠲᠦᠮᠡᠨ ᠮᠦ | ᠰᠡᠷᠭᠡᠶᠢᠯᠡᠨ ᠵᠠᠰᠠᠨ᠎ᠠ) ᠪᠠ ᠪᠠᠶᠠᠨᠬᠤᠰᠢᠭᠤ ᠪᠠᠯᠭᠠᠰᠤ (ᠡᠭᠦᠨ ᠳᠤ ᠰᠡᠷᠡᠩ ᠤᠨ ᠵᠤᠤ ᠲᠤᠰᠬᠤᠨ 3 ᠲᠦᠮᠡᠨ ᠮᠦ᠂ | ᠤᠯᠠᠭᠠᠨᠬᠠᠳᠠ ᠭᠠᠴᠠᠭ᠎ᠠ 2 ᠲᠦᠮᠡᠨ ᠮᠦ ᠰᠡᠷᠭᠡᠶᠢᠯᠡᠨ ᠵᠠᠰᠠᠨ᠎ᠠ ) ᠬᠢᠯᠢ ᠳᠣᠲᠣᠷ᠎ᠠ ᠪᠣᠢ᠃ | ᠬᠤᠶᠠᠷ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ | ᠭᠤᠤᠯᠳᠠᠭᠤ ᠹᠢᠽᠢᠺ ᠤᠨ ᠠᠷᠭ᠎ᠠ ᠪᠠᠷ ᠰᠡᠷᠭᠡᠶᠢᠯᠡᠨ ᠵᠠᠰᠠᠬᠤ ᠪᠠᠷ ᠭᠤᠤᠯ ᠪᠣᠯᠭᠠᠵᠤ᠂ ᠬᠢᠮᠢ ᠶᠢᠨ ᠠᠷᠭ᠎ᠠ ᠪᠠᠷ | ᠰᠡᠷᠭᠡᠶᠢᠯᠡᠨ ᠵᠠᠰᠠᠬᠤ ᠪᠠᠷ ᠬᠠᠪᠰᠤᠷᠤᠮᠵᠢ ᠪᠣᠯᠭᠠᠭᠰᠠᠨ ᠶᠡᠷᠦᠩᠬᠡᠶᠢᠯᠡᠭᠰᠡᠨ | ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠠᠪᠴᠤ᠂ ᠡᠭᠦᠨ ᠳᠤ ᠹᠢᠽᠢᠺ ᠤᠨ ᠠᠷᠭ᠎ᠠ ᠪᠠᠷ ᠰᠡᠷᠭᠡᠶᠢᠯᠡᠨ ᠵᠠᠰᠠᠬᠤ | ᠲᠠᠯᠠᠪᠠᠢ 40 ᠲᠦᠮᠡᠨ ᠮᠥ᠂ ᠬᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ 5 ᠲᠦᠮᠡᠨ ᠮᠥ ᠪᠣᠶ᠃ ᠠᠵᠢᠯᠯᠠᠬᠤ | ᠠᠷᠭ᠎ᠠ ᠮᠠᠶ᠋ᠢᠭ ᠨᠢ ᠭᠤᠤᠯᠳᠠᠭᠤ ᠲᠣᠮᠣ ᠬᠡᠯᠪᠡᠷᠢ ᠶᠢᠨ ᠮᠠᠰᠢᠨ ᠢᠶᠠᠷ ᠬᠢᠮᠢ ᠶᠢᠨ ᠡᠮ ᠰᠦᠷᠴᠢᠬᠦ ᠪᠠ ᠬᠦᠮᠦᠨ ᠤ | ᠬᠦᠴᠦ ᠪᠠᠷ ᠨᠣᠮᠣᠨ ᠰᠣᠬᠤᠷ ᠶᠢ ᠤᠰᠠᠳᠬᠠᠬᠤ ᠵᠡᠪᠡ ᠶᠢ ᠬᠡᠷᠡᠭᠯᠡᠨ ᠬᠤᠯᠤᠭᠠᠨ᠎ᠠ ᠤᠰᠠᠳᠬᠠᠬᠤ ᠠᠵᠢᠯ ᠢ | ᠥᠷᠨᠢᠭᠦᠯᠵᠦ᠂ ᠡᠭᠦᠨ ᠳᠤ ᠬᠥᠮᠦᠨ ᠤ ᠬᠦᠴᠦ ᠪᠠᠷ 40 ᠲᠦᠮᠡᠨ ᠮᠥ᠂ ᠮᠠᠰᠢᠨ ᠢᠶᠠᠷ 5 ᠲᠦᠮᠡᠨ ᠮᠥ ᠰᠡᠷᠭᠡᠶᠢᠯᠡᠨ | ᠵᠠᠰᠠᠨ᠎ᠠ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ 2020 ᠣᠨ ᠤ 1 ᠳ᠋ᠦ᠋ᠭᠡᠷ ᠰᠠᠷ᠎ᠠ ᠳᠤ᠂ ᠬᠡᠷᠡᠭᠵᠢᠭᠦᠯᠬᠦ ᠲᠥᠰᠦᠯ ᠲᠣᠭᠲᠠᠭᠠᠵᠤ᠂ ᠰᠡᠷᠭᠡᠶᠢᠯᠡᠨ | ᠵᠠᠰᠠᠬᠤ ᠲᠥᠯᠥᠪᠯᠡᠭᠡ᠂ ᠲᠥᠰᠦᠪ ᠳᠤᠷᠠᠳᠬᠤ ᠬᠡᠷᠡᠭᠲᠡᠶ᠃ | ︵ᠬᠤᠶᠠᠷ︶ 2020 ᠣᠨ ᠤ 2 ᠳ᠋ᠤᠭᠠᠷ ᠰᠠᠷ᠎ᠠ ᠳᠤ᠂ ᠠᠶᠢᠮᠠᠭ ᠤᠨ ᠨᠤᠲᠤᠭ ᠪᠡᠯᠴᠢᠭᠡᠷ ᠤᠨ ᠠᠵᠢᠯ ᠤᠨ | ᠥᠷᠲᠡᠭᠡ ᠠᠴᠠ ᠰᠡᠷᠭᠡᠶᠢᠯᠡᠨ ᠵᠠᠰᠠᠬᠤ ᠡᠳ᠋ ᠪᠠᠷᠠᠭ᠎ᠠ ᠬᠤᠳᠠᠯᠳᠤᠨ ᠠᠪᠬᠤ ᠬᠡᠷᠡᠭᠲᠡᠶ᠃ | ︵ᠭᠤᠷᠪᠠ︶ 2020 ᠣᠨ ᠤ 3 ᠳ᠋ᠤᠭᠠᠷ ᠰᠠᠷ᠎ᠠ ᠠᠴᠠ 4 ᠳ᠋ᠦ᠋ᠭᠡᠷ ᠰᠠᠷ᠎ᠠ ᠶᠢᠨ ᠡᠬᠢᠨ ᠪᠣᠯᠲᠠᠯ᠎ᠠ᠂ ᠬᠠᠪᠤᠷ | ᠤᠨ ᠤᠯᠠᠷᠢᠯ ᠤᠨ ᠲᠠᠯ᠎ᠠ ᠨᠤᠲᠤᠭ ᠤᠨ ᠬᠤᠯᠤᠭᠠᠨ᠎ᠠ ᠶᠢᠨ ᠭᠠᠮᠰᠢᠭ ᠤᠨ ᠪᠠᠶᠢᠴᠠᠭᠠᠯᠲᠠ ᠶᠢ ᠥᠷᠨᠢᠭᠦᠯᠵᠦ᠂ | ᠬᠤᠯᠤᠭᠠᠨ᠎ᠠ ᠶᠢᠨ ᠭᠠᠮᠰᠢᠭ ᠭᠠᠷᠤᠭᠰᠠᠨ ᠪᠠᠶᠢᠳᠠᠯ ᠢ ᠴᠠᠭ ᠲᠤᠬᠠᠶ ᠳᠤ ᠨᠢ ᠡᠵᠡᠮᠰᠢᠨ᠂ ᠰᠡᠷᠭᠡᠶᠢᠯᠡᠨ ᠵᠠᠰᠠᠬᠤ | ᠡᠭᠦᠷᠭᠡ ᠪᠠᠨ ᠤᠯᠠᠮ ᠨᠢᠭᠡ ᠠᠯᠬᠤᠮ ᠲᠣᠭᠲᠠᠭᠠᠬᠤ ᠬᠡᠷᠡᠭᠲᠡᠶ᠃ ᠮᠠᠰᠢᠨ ᠲᠥᠬᠦᠭᠡᠷᠦᠮᠵᠢ ᠶᠢ ᠰᠡᠯᠪᠢᠨ ᠵᠠᠰᠠᠵᠤ | ᠠᠷᠠᠴᠢᠯᠠᠨ ᠬᠠᠮᠠᠭᠠᠯᠠᠵᠤ᠂ ᠰᠡᠷᠭᠡᠶᠢᠯᠡᠨ ᠵᠠᠰᠠᠬᠤ ᠠᠴᠠ ᠡᠮᠦᠨᠡᠬᠢ ᠡᠯ᠎ᠡ ᠵᠦᠶᠯ ᠤᠨ ᠪᠡᠯᠡᠳᠬᠡᠯ ᠠᠵᠢᠯ ᠢ ᠰᠠᠶᠢᠲᠤᠷ | ᠬᠢᠬᠦ ᠬᠡᠷᠡᠭᠲᠡᠶ᠃ | ︵ᠳᠥᠷᠪᠡ︶ 2020 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ 5 ᠳ᠋ᠤᠭᠠᠷ ᠰᠠᠷ᠎ᠠ ᠶᠢᠨ ᠰᠡᠭᠦᠯᠴᠢ | ᠪᠣᠯᠲᠠᠯ᠎ᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠲᠠᠢ ᠤᠶᠠᠯᠳᠤᠭᠤᠯᠤᠨ᠂ ᠪᠦ᠋ ᠶᠢᠨ ᠭᠡᠷᠡᠯᠵᠡᠭᠡᠨᠡ ᠶᠢ | ᠮᠧᠬᠠᠨᠢᠭ ᠢᠶᠠᠷ ᠬᠢᠮᠢ ᠶᠢᠨ ᠡᠮ ᠰᠠᠴᠤᠨ ᠰᠡᠷᠭᠡᠶᠢᠯᠡᠨ ᠵᠠᠰᠠᠬᠤ ᠠᠵᠢᠯ ᠢ ᠭᠤᠤᠯᠳᠠᠯᠭ᠎ᠠ ᠲᠠᠢ ᠥᠷᠨᠢᠭᠦᠯᠬᠦ ᠬᠡᠷᠡᠭᠲᠡᠶ︔ | ᠲᠤᠰᠬᠠᠶ ᠮᠡᠷᠭᠡᠵᠢᠯᠲᠡᠨ ᠢᠶᠠᠷ ᠲᠤᠬᠠᠶ ᠶᠢᠨ ᠭᠠᠵᠠᠷ ᠲᠤ ᠨᠢ ᠰᠡᠷᠭᠡᠶᠢᠯᠡᠨ ᠵᠠᠰᠠᠬᠤ ᠮᠡᠷᠭᠡᠵᠢᠯ᠂ ᠡᠮ ᠤᠨ ᠵᠦᠶᠯ ᠢ | ᠬᠡᠷᠡᠭᠯᠡᠬᠦ ᠮᠡᠳᠡᠯᠭᠡ ᠶᠢᠨ ᠵᠢᠯᠣᠭᠤᠳᠤᠯᠭ᠎ᠠ ᠶᠢ ᠥᠷᠨᠢᠭᠦᠯᠬᠦ ᠶᠢᠨ ᠬᠠᠮᠲᠤ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ | ᠵᠠᠰᠠᠬᠤ ᠪᠠ ᠰᠡᠷᠭᠡᠶᠢᠯᠡᠨ ᠵᠠᠰᠠᠬᠤ ᠠᠶᠤᠯ ᠦᠭᠡᠶ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ︵ᠲᠠᠪᠤ︶ 2020 ᠣᠨ ᠤ 5 ᠳ᠋ᠤᠭᠠᠷ ᠰᠠᠷ᠎ᠠ ᠶᠢᠨ ᠡᠬᠢᠨ ᠠᠴᠠ 6 ᠳ᠋ᠤᠭᠠᠷ ᠰᠠᠷ᠎ᠠ ᠶᠢᠨ ᠳᠤᠮᠳᠠᠴᠢ | ᠪᠣᠯᠲᠠᠯ᠎ᠠ᠂ ᠲᠠᠯ᠎ᠠ ᠨᠤᠲᠤᠭ ᠤᠨ ᠨᠣᠮᠣᠨ ᠰᠣᠬᠤᠷ ᠢ ᠬᠥᠮᠦᠨ ᠤ ᠬᠦᠴᠦ ᠪᠠᠷ ᠪᠠᠷᠢᠵᠤ ᠤᠰᠠᠳᠬᠠᠬᠤ ᠠᠵᠢᠯ ᠢ ᠪᠦᠬᠦ | ᠲᠠᠯ᠎ᠠ ᠪᠠᠷ ᠥᠷᠨᠢᠭᠦᠯᠬᠦ ᠶᠢᠨ ᠬᠠᠮᠲᠤ ᠲᠤᠰᠬᠠᠶ ᠮᠡᠷᠭᠡᠵᠢᠯᠲᠡᠨ ᠢ ᠤᠷᠢᠵᠤ ᠨᠣᠮᠣᠨ ᠰᠣᠬᠤᠷ ᠢ ᠹᠢᠽᠢᠺ ᠤᠨ ᠤᠬᠠᠭᠠᠨ | ᠢᠶᠠᠷ ᠰᠡᠷᠭᠡᠶᠢᠯᠡᠨ ᠵᠠᠰᠠᠬᠤ ᠠᠵᠢᠯ ᠢ ᠲᠤᠬᠠᠶ ᠶᠢᠨ ᠭᠠᠵᠠᠷ ᠲᠤ ᠨᠢ ᠮᠡᠷᠭᠡᠵᠢᠯ ᠤᠨ ᠵᠢᠯᠣᠭᠤᠳᠣᠯᠭ᠎ᠠ ᠥᠷᠨᠢᠭᠦᠯᠦᠨ᠎ᠡ᠃ | | ᠲᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ | ᠶᠢ ᠴᠢᠩᠭᠠᠳᠬᠠᠨ᠎ᠠ᠃ ᠡᠯ᠎ᠡ ᠲᠠᠯᠠᠪᠠᠢ ᠪᠠᠯᠭᠠᠰᠤ᠂ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠢ | ᠰᠡᠷᠭᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠦᠨᠡᠨᠬᠦ ᠰᠠᠶᠢᠲᠤᠷ | ᠬᠢᠵᠦ᠂ ᠰᠡᠷᠭᠡᠶᠢᠯᠡᠨ ᠵᠠᠰᠠᠬᠤ ᠠᠵᠢᠯ ᠤᠨ ᠡᠮᠬᠢ ᠵᠢᠷᠤᠮ ᠲᠠᠢ ᠪᠥᠭᠡᠳ ᠪᠦᠲᠦᠮᠵᠢᠲᠡᠶ ᠦᠷᠨᠢᠭᠦᠯᠬᠦ ᠶᠢ ᠪᠠᠲᠤᠯᠠᠬᠤ | ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ | ᠵᠠᠰᠠᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠬᠦ ᠬᠡᠷᠡᠭᠲᠡᠶ︔ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠰᠡᠷᠭᠡᠶᠢᠯᠡᠨ ᠵᠠᠰᠠᠬᠤ ᠬᠤᠭᠤᠴᠠᠭᠠᠨ ᠳᠤ ᠮᠠᠯ ᠪᠡᠯᠴᠢᠭᠡᠷᠯᠡᠭᠦᠯᠬᠦ ᠶᠢ ᠴᠠᠭᠠᠵᠠᠯᠠᠬᠤ ᠠᠩᠬᠠᠷᠬᠤ ᠵᠦᠶᠯᠡᠰ ᠢ | ᠰᠠᠶᠢᠲᠤᠷ ᠬᠢᠬᠦ ᠬᠡᠷᠡᠭᠲᠡᠶ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠬᠦ ᠬᠡᠷᠡᠭᠲᠡᠶ︔ ᠵᠠᠮ ᠬᠠᠷᠢᠯᠴᠠᠭᠠᠨ ᠤ ᠰᠠᠯᠠᠭ᠎ᠠ ᠮᠥᠴᠢᠷ ᠡᠳ᠋ ᠪᠠᠷᠠᠭ᠎ᠠ ᠶᠢᠨ ᠲᠡᠭᠡᠭᠡᠪᠦᠷᠢ ᠵᠢᠴᠢ ᠲᠡᠷᠭᠡ | ᠬᠥᠰᠬᠡ ᠶᠢᠨ ᠨᠡᠪᠲᠡᠷᠡᠯᠲᠡ ᠶᠢ ᠰᠡᠷᠭᠡᠶᠢᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ︔ ᠡᠳ᠋ ᠤᠨ ᠵᠠᠰᠠᠭ | ᠤᠨ ᠰᠠᠯᠠᠭ᠎ᠠ ᠮᠥᠴᠢᠷ ᠰᠡᠷᠭᠡᠶᠢᠯᠡᠨ ᠵᠠᠰᠠᠬᠤ ᠵᠠᠷᠤᠳᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ︔ | ᠴᠠᠭ ᠠᠭᠤᠷ ᠤᠨ ᠰᠠᠯᠠᠭ᠎ᠠ ᠮᠥᠴᠢᠷ ᠰᠡᠷᠭᠡᠶᠢᠯᠡᠨ ᠵᠠᠰᠠᠬᠤ ᠬᠤᠭᠤᠴᠠᠭᠠᠨ ᠳᠤ ᠲᠤᠰᠬᠠᠶ ᠵᠦᠶᠯ ᠤᠨ ᠴᠠᠭ ᠠᠭᠤᠷ ᠢ | ᠤᠷᠢᠳᠴᠢᠯᠠᠨ ᠮᠡᠳᠡᠭᠡᠯᠡᠬᠦ ᠦᠶᠯᠡᠴᠢᠯᠡᠭᠡᠨ ᠢ ᠰᠠᠶᠢᠲᠤᠷ ᠬᠢᠬᠦ ᠬᠡᠷᠡᠭᠲᠡᠶ᠃ | ︵ᠬᠤᠶᠠᠷ︶ ᠬᠤᠯᠤᠭᠠᠨ᠎ᠠ ᠶᠢᠨ ᠪᠠᠶᠢᠳᠠᠯ ᠢ ᠬᠢᠨᠠᠨ ᠬᠡᠮᠵᠢᠵᠦ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠯᠤᠭᠠᠨ᠎ᠠ ᠶᠢᠨ ᠪᠠᠶᠢᠳᠠᠯ ᠢ ᠬᠢᠨᠠᠨ ᠬᠡᠮᠵᠢᠭᠰᠡᠨ ᠮᠡᠳᠡᠭᠦᠯᠦᠯᠲᠡ ᠶᠢ ᠴᠢᠩᠭᠠᠳᠬᠠᠵᠤ᠂ ᠬᠥᠭᠵᠢᠯᠲᠡ ᠶᠢᠨ ᠬᠠᠨᠳᠣᠰᠢ | ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠶ ᠳᠤ ᠨᠢ | ᠮᠡᠳᠡᠭᠦᠯᠬᠦ ᠬᠡᠷᠡᠭᠲᠡᠶ᠃ ᠡᠯ᠎ᠡ ᠲᠠᠯᠠᠪᠠᠢ᠂ ᠪᠠᠯᠭᠠᠰᠤ ᠲᠤᠰᠬᠠᠶ ᠲᠤᠰᠢᠶᠠᠯ ᠤᠨ ᠬᠡᠮᠵᠢᠨ ᠮᠡᠳᠡᠭᠦᠯᠦᠭᠴᠢ ᠲᠣᠬᠢᠷᠠᠭᠤᠯᠵᠤ᠂ | ᠬᠤᠯᠤᠭᠠᠨ᠎ᠠ ᠶᠢᠨ ᠭᠠᠮᠰᠢᠭ ᠤᠨ ᠪᠠᠶᠢᠳᠠᠯ ᠢ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠳᠤ ᠴᠠᠭ ᠲᠤᠬᠠᠶ ᠳᠤ | ᠨᠢ ᠮᠡᠳᠡᠭᠦᠯᠬᠦ ᠬᠡᠷᠡᠭᠲᠡᠢ᠃ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠬᠤᠯᠤᠭᠠᠨ᠎ᠠ ᠶᠢᠨ ᠭᠠᠮᠰᠢᠭ ᠢ | ᠪᠠᠶᠢᠴᠠᠭᠠᠨ ᠰᠢᠯᠭᠠᠬᠤ᠂ ᠬᠤᠯᠤᠭᠠᠨ᠎ᠠ ᠶᠢᠨ ᠭᠠᠮᠰᠢᠭ ᠢ ᠰᠡᠷᠡᠮᠵᠢᠯᠡᠭᠦᠯᠬᠦ ᠪᠠ ᠰᠡᠷᠭᠡᠶᠢᠯᠡᠨ ᠵᠠᠰᠠᠬᠤ ᠮᠡᠷᠭᠡᠵᠢᠯ ᠤᠨ | ᠵᠢᠯᠣᠭᠤᠳᠣᠯᠭ᠎ᠠ ᠶᠢ ᠨᠢᠬᠡᠳᠦᠯᠲᠠᠢ ᠥᠷᠨᠢᠭᠦᠯᠦᠨ᠎ᠡ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠬᠤᠯᠤᠭᠠᠨ᠎ᠠ | ᠶᠢᠨ ᠭᠠᠮᠰᠢᠭ ᠭᠡᠨᠡᠳᠲᠡ ᠡᠭᠦᠰᠦᠭᠰᠡᠨ᠂ ᠭᠠᠷᠤᠭᠰᠠᠨ ᠲᠠᠯᠠᠪᠠᠢ ᠨᠢ ᠶᠡᠭᠡ᠂ ᠬᠤᠬᠢᠷᠠᠯ ᠨᠢ ᠬᠦᠨᠳᠦ ᠵᠡᠷᠭᠡ ᠶᠡᠷᠦ ᠪᠤᠰᠤ | ᠶᠢᠨ ᠪᠠᠶᠢᠳᠠᠯ ᠢ ᠣᠯᠵᠤ ᠮᠡᠳᠡᠪᠡᠯ᠂ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠳᠤ ᠴᠠᠭ ᠲᠤᠬᠠᠶ ᠳᠤ ᠨᠢ | ᠮᠡᠳᠡᠭᠦᠯᠬᠦ ᠬᠡᠷᠡᠭᠲᠡᠶ᠃ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ | ᠳᠠᠷᠤᠶᠢᠬᠠᠨ ᠬᠥᠮᠦᠨ ᠲᠣᠮᠢᠯᠠᠨ ᠲᠤᠬᠠᠶ ᠶᠢᠨ ᠭᠠᠵᠠᠷ ᠲᠤ ᠬᠦᠷᠴᠦ ᠪᠠᠶᠢᠴᠠᠭᠠᠨ ᠬᠠᠷᠭᠤᠭᠤᠯᠵᠤ᠂ ᠭᠠᠮᠰᠢᠭ ᠤᠨ | ᠪᠠᠶᠢᠳᠠᠯ ᠢ ᠲᠣᠭᠲᠠᠭᠠᠬᠤ ᠶᠢᠨ ᠬᠠᠮᠲᠤ 2 ᠴᠠᠭ ᠤᠨ ᠳᠣᠲᠣᠷ᠎ᠠ ᠪᠠᠶᠢᠳᠠᠯ ᠢᠶᠠᠨ ᠱᠠᠲᠤ ᠳᠠᠷᠠᠭᠠᠯᠠᠨ ᠳᠡᠭᠡᠭᠰᠢ | ᠮᠡᠳᠡᠭᠦᠯᠬᠦ ᠬᠡᠷᠡᠭᠲᠡᠶ᠃ ᠬᠢᠨᠠᠨ ᠬᠡᠮᠵᠢᠬᠦ ᠶᠠᠪᠤᠴᠠ ᠳᠤᠮᠳᠠ ᠪᠠ ᠰᠡᠷᠭᠡᠶᠢᠯᠡᠨ ᠵᠠᠰᠠᠬᠤ ᠬᠤᠭᠤᠴᠠᠭᠠᠨ ᠳᠤ ᠦᠬᠦᠭᠰᠡᠨ | ᠪᠠ ᠬᠡᠪ ᠤᠨ ᠪᠤᠰᠤ ᠠᠮᠢᠲᠠᠨ ᠪᠠᠶᠢᠬᠤ ᠶᠢ ᠣᠯᠵᠤ ᠮᠡᠳᠡᠪᠡᠯ᠂ ᠣᠶᠢᠷᠠᠳᠴᠤ ᠪᠣᠯᠬᠤ ᠦᠭᠡᠢ᠂ ᠬᠢᠵᠢᠭ ᠢ ᠰᠡᠷᠭᠡᠶᠢᠯᠡᠬᠦ | ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ | ︵ᠭᠤᠷᠪᠠ︶ ᠮᠡᠷᠭᠡᠵᠢᠯ ᠤᠨ ᠪᠣᠯᠪᠠᠰᠤᠷᠠᠭᠤᠯᠤᠯ ᠤᠨ ᠵᠢᠯᠣᠭᠤᠳᠬᠤ ᠠᠵᠢᠯ ᠢ ᠴᠢᠩᠭᠠᠷᠠᠭᠤᠯᠬᠤ ᠬᠡᠷᠡᠭᠲᠡᠶ᠃ | ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠵᠢᠴᠢ ᠮᠡᠷᠭᠡᠵᠢᠯ ᠤᠨ ᠳᠦᠷᠢᠮ ᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃ ᠬᠠᠮᠢᠶᠠᠷᠤᠯᠲᠠ | ᠶᠢᠨ ᠣᠷᠣᠨ ᠤ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠨᠢ ᠸᠢᠴᠠᠲ᠂ ᠳ᠋ᠢᠩ ᠳ᠋ᠢᠩ ᠵᠡᠷᠭᠡ ᠰᠢᠨ᠎ᠡ | ᠵᠠᠭᠤᠴᠢᠯᠠᠭᠤᠷ ᠤᠨ ᠬᠡᠯᠪᠡᠷᠢ ᠪᠠᠷ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠳᠤ ᠣᠷᠣᠯᠴᠠᠭᠰᠠᠨ | ᠮᠡᠷᠭᠡᠵᠢᠯ ᠤᠨ ᠠᠵᠢᠯᠲᠠᠨ ᠳᠤ ᠪᠣᠯᠪᠠᠰᠤᠷᠠᠭᠤᠯᠤᠯ ᠬᠢᠵᠦ᠂ ᠬᠤᠯᠤᠭᠠᠨ᠎ᠠ ᠤᠰᠠᠳᠬᠠᠬᠤ ᠡᠩ ᠤᠨ ᠮᠡᠳᠡᠯᠭᠡ᠂ | ᠬᠤᠯᠤᠭᠠᠨ᠎ᠠ ᠶᠢᠨ ᠬᠢᠵᠢᠭ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠮᠡᠳᠡᠯᠭᠡ ᠪᠠ ᠮᠧᠬᠠᠨᠢᠭ ᠢᠶᠠᠷ | ᠠᠵᠢᠯᠯᠠᠬᠤ᠂ ᠰᠡᠷᠭᠡᠶᠢᠯᠡᠨ ᠵᠠᠰᠠᠬᠤ ᠡᠮ ᠤᠨ ᠵᠦᠶᠯ ᠢ ᠬᠡᠷᠡᠭᠯᠡᠬᠦ ᠵᠡᠷᠭᠡ ᠮᠡᠷᠭᠡᠵᠢᠯ ᠤᠨ ᠳᠦᠷᠢᠮ ᠢ ᠲᠠᠶᠢᠯᠪᠤᠷᠢᠯᠠᠵᠤ᠂ | ᠪᠣᠯᠪᠠᠰᠤᠷᠠᠩᠭᠤᠶ ᠪᠥᠭᠡᠳ ᠵᠢᠷᠤᠮᠵᠢᠯ ᠲᠠᠢ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠲᠥᠷᠪᠡ︶ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠠᠴᠠ ᠬᠤᠯᠪᠣᠭᠳᠠᠯ | ᠪᠦᠬᠦᠢ ᠲᠠᠷᠢᠶᠠᠨ ᠡᠮ ᠢ ᠠᠶᠤᠯ ᠦᠭᠡᠢ ᠬᠡᠷᠡᠭᠯᠡᠬᠦ᠂ ᠵᠦᠶ ᠵᠣᠬᠢᠰᠲᠠᠶ ᠬᠡᠷᠡᠭᠯᠡᠬᠦ ᠳᠦᠷᠢᠮ ᠢ ᠴᠢᠩᠭ᠎ᠠ ᠵᠢᠷᠤᠮᠯᠠᠨ᠂ ᠡᠮ | ᠤᠨ ᠵᠦᠶᠯ ᠢ ᠲᠡᠭᠡᠭᠡᠪᠦᠷᠢᠯᠡᠬᠦ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ | ᠡᠮ ᠬᠡᠷᠡᠭᠯᠡᠬᠦ ᠶᠠᠪᠤᠴᠠ ᠳᠤ ᠮᠡᠷᠭᠡᠵᠢᠯ ᠤᠨ ᠠᠵᠢᠯᠲᠠᠳ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠᠨ ᠰᠠᠶᠢᠲᠤᠷ | ᠬᠢᠵᠦ᠂ ᠰᠡᠷᠭᠡᠶᠢᠯᠡᠨ ᠵᠠᠰᠠᠬᠤ ᠠᠵᠢᠯᠲᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠲᠠᠯᠠᠪᠠᠢ᠂ | ᠪᠠᠯᠭᠠᠰᠤ ᠬᠤᠯᠤᠭᠠᠨ᠎ᠠ ᠶᠢᠨ ᠡᠮ ᠰᠠᠴᠤᠬᠤ ᠣᠷᠣᠨ ᠪᠦᠰᠡ ᠳᠤ ᠰᠡᠷᠡᠮᠵᠢ ᠶᠢᠨ ᠫᠠᠶᠢᠰᠠ ᠪᠤᠰᠬᠠᠵᠤ᠂ 20 ᠡᠳᠦᠷ | ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠠᠮᠢ ᠠᠬᠤᠢ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠨᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ | ᠪᠠᠶᠢᠴᠠᠭᠠᠬᠤ ᠠᠵᠢᠯ ᠢ ᠬᠠᠷᠢᠭᠤᠴᠠᠨ ᠥᠷᠨᠢᠭᠦᠯᠬᠦ ᠬᠡᠷᠡᠭᠲᠡᠶ᠃ ᠬᠥᠮᠦᠨ ᠮᠠᠯ ᠤᠨ ᠬᠤᠤᠷᠳᠠᠭᠳᠠᠯ ᠢ ᠡᠷᠡᠰ | ᠰᠡᠷᠭᠡᠶᠢᠯᠡᠨ ᠬᠤᠷᠢᠭᠯᠠᠵᠤ᠂ ᠲᠤᠬᠠᠶ ᠶᠢᠨ ᠭᠠᠵᠠᠷ ᠤᠨ ᠲᠠᠷᠢᠶᠠᠴᠢᠨ ᠮᠠᠯᠴᠢᠳ ᠤᠨ ᠠᠮᠢᠳᠤᠷᠠᠯ ᠦᠶᠯᠡᠳᠪᠦᠷᠢᠯᠡᠯ ᠤᠨ | ᠠᠶᠤᠯ ᠦᠭᠡᠶ ᠶᠢ ᠦᠨᠡᠨᠬᠦ ᠪᠠᠲᠤᠯᠠᠵᠤ᠂ ᠠᠶᠤᠯ ᠦᠭᠡᠶ ᠪᠠᠷ ᠡᠮ ᠬᠡᠷᠡᠭᠯᠡᠵᠦ᠂ ᠠᠮᠤᠷ ᠲᠦᠪᠰᠢᠨ ᠤ ᠠᠳᠡᠯ ᠭᠠᠷᠬᠤ | ᠶᠢ ᠡᠷᠡᠰ ᠬᠤᠷᠢᠭᠯᠠᠬᠤ ᠬᠡᠷᠡᠭᠲᠡᠶ᠃ | ︵ᠲᠠᠪᠤ︶ ᠤᠬᠠᠭᠤᠯᠤᠨ ᠳᠠᠶᠢᠴᠢᠯᠠᠬᠤ ᠶᠢ ᠥᠷᠭᠡᠨ ᠢᠶᠠᠷ ᠥᠷᠨᠢᠭᠦᠯᠬᠦ ᠬᠡᠷᠡᠭᠲᠡᠶ᠃ ᠲᠣᠤᠷ ᠰᠦᠯᠵᠢᠶ᠎ᠡ᠂ | ᠲᠧᠯᠸᠢᠰ ᠵᠢᠴᠢ ᠮᠡᠳᠡᠭᠡ ᠵᠠᠩᠭᠢ ᠶᠢᠨ ᠲᠠᠪᠴᠠᠩ ᠤᠨ ᠦᠶᠯᠡᠳᠦᠯ ᠢ ᠭᠦᠶᠴᠡᠳ ᠪᠠᠳᠠᠷᠠᠭᠤᠯᠤᠨ᠂ ᠤᠬᠠᠭᠤᠯᠤᠨ | ᠵᠢᠯᠣᠭᠤᠳᠬᠤ ᠡᠷᠴᠢᠮ ᠢᠶᠠᠨ ᠨᠡᠮᠡᠭᠳᠡᠭᠦᠯᠵᠦ᠂ ᠲᠠᠷᠢᠶᠠᠴᠢᠨ ᠮᠠᠯᠴᠢᠳ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ | ᠡᠵᠡᠮᠳᠡᠬᠦ ᠦᠵᠡᠯ ᠤᠬᠠᠮᠰᠠᠷ ᠪᠣᠯᠤᠨ ᠠᠶᠤᠯ ᠦᠭᠡᠢ ᠪᠠᠷ ᠡᠮ ᠬᠡᠷᠡᠭᠯᠡᠬᠦ ᠶᠡᠷᠦ ᠶᠢᠨ ᠮᠡᠳᠡᠯᠭᠡ ᠶᠢ ᠳᠡᠭᠡᠭᠰᠢᠯᠡᠭᠦᠯᠵᠦ᠂ | ᠲᠠᠷᠢᠶᠠᠴᠢᠨ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ | ᠠᠵᠢᠯ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠶ᠃ | ︵ᠵᠢᠷᠭᠤᠭ᠎ᠠ︶ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠢ ᠴᠢᠩᠭᠠᠳᠬᠠᠬᠤ ᠬᠡᠷᠡᠭᠲᠡᠶ᠃ ᠡᠯ᠎ᠡ ᠲᠠᠯᠠᠪᠠᠢ | ᠪᠠᠯᠭᠠᠰᠤ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠵᠢᠵᠢᠭᠦᠷ ᠤᠨ ᠲᠠᠰᠤᠭ ᠢ ᠪᠠᠶᠢᠭᠤᠯᠵᠤ᠂ 3 ᠳ᠋ᠤᠭᠠᠷ | ᠰᠠᠷ᠎ᠠ ᠶᠢᠨ 10 ᠤ ᠡᠳᠦᠷ ᠠᠴᠠ 5 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ 24 ᠴᠠᠭ ᠵᠢᠵᠢᠭᠦᠷᠯᠡᠬᠦ ᠪᠠ | ᠲᠡᠭ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠬᠦᠨᠳᠦ ᠶᠡᠭᠡ ᠭᠠᠮᠰᠢᠭ ᠤᠨ ᠪᠠᠶᠢᠳᠠᠯ ᠭᠠᠷᠤᠭᠰᠠᠨ ᠪᠤᠶᠤ ᠰᠡᠷᠭᠡᠶᠢᠯᠡᠨ | ᠡᠵᠡᠮᠳᠡᠬᠦ ᠠᠳᠡᠯ ᠵᠡᠷᠭᠡ ᠪᠠᠶᠢᠳᠠᠯ ᠢ ᠴᠠᠭ ᠲᠤᠬᠠᠶ ᠳᠤ ᠨᠢ ᠳᠡᠭᠡᠭᠰᠢ ᠮᠡᠳᠡᠭᠦᠯᠬᠦ ᠬᠡᠷᠡᠭᠲᠡᠶ᠃ ᠬᠠᠮᠢᠶᠠᠷᠤᠯᠲᠠ ᠶᠢᠨ | ᠣᠷᠣᠨ ᠤ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠶ ᠵᠢᠵᠢᠭᠦᠷ ᠤᠨ ᠲᠠᠰᠤᠭ ᠢ ᠨᠤᠲᠤᠭ | ᠪᠡᠯᠴᠢᠭᠡᠷ ᠤᠨ ᠠᠵᠢᠯ ᠤᠨ ᠥᠷᠲᠡᠭᠡ ᠳᠤ ᠪᠠᠶᠢᠷᠢᠯᠠᠭᠤᠯᠵᠤ᠂ ᠡᠯ᠎ᠡ ᠲᠠᠯᠠᠪᠠᠢ ᠪᠠᠯᠭᠠᠰᠤ ᠨᠢᠭᠡ ᠲᠤᠰᠬᠠᠶ ᠠᠵᠢᠯᠲᠠᠨ ᠢ | ᠲᠣᠭᠲᠠᠭᠠᠨ ᠡᠳᠦᠷ ᠤᠨ ᠮᠡᠳᠡᠭᠦᠯᠦᠯᠲᠡ ᠶᠢᠨ ᠠᠵᠢᠯ ᠢ ᠬᠠᠷᠢᠭᠤᠴᠠᠭᠤᠯᠵᠤ᠂ ᠬᠠᠷᠢᠶ᠎ᠠ ᠣᠷᠣᠨ ᠤ ᠳᠣᠲᠣᠷᠠᠬᠢ | ᠬᠤᠯᠤᠭᠠᠨ᠎ᠠ ᠤᠰᠠᠳᠬᠠᠬᠤ ᠠᠬᠢᠴᠠ ᠶᠢᠨ ᠪᠠᠶᠢᠳᠠᠯ ᠢ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠳᠤ ᠴᠠᠭ | ᠲᠤᠬᠠᠶ ᠳᠤ ᠨᠢ ᠮᠡᠳᠡᠭᠦᠯᠦᠨ ᠬᠤᠷᠢᠶᠠᠩᠭᠤᠶᠢᠯᠠᠬᠤ ᠬᠡᠷᠡᠭᠲᠡᠶ᠃ | (ᠬᠠᠷᠢᠯᠴᠠᠬᠤ ᠬᠦᠮᠦᠨ᠄ ᠵᠤᠤ ᠯᠢ ᠨᠠ ᠂ ᠬᠠᠷᠢᠯᠴᠠᠬᠤ ᠤᠲᠠᠰᠤ ᠄15804798127︶ | ᠳᠠᠭᠠᠯᠳᠤᠭᠤᠯᠤᠯ᠄ ᠨᠢᠭᠡ᠂ ᠤᠯᠠᠭᠠᠶ ᠬᠠᠮᠢᠶᠠᠷᠤᠯᠲᠠ ᠶᠢᠨ ᠣᠷᠣᠨ ᠤ ᠲᠠᠯ᠎ᠠ ᠨᠤᠲᠤᠭ ᠤᠨ ᠬᠤᠯᠤᠭᠠᠨ᠎ᠠ ᠶᠢᠨ | ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ | ᠬᠤᠶᠠᠷ᠂ ᠤᠯᠠᠭᠠᠶ ᠬᠠᠮᠢᠶᠠᠷᠤᠯᠲᠠ ᠶᠢᠨ ᠣᠷᠣᠨ ᠤ 2020 ᠣᠨ ᠤ ᠪᠠᠶᠢᠭᠠᠯᠢ ᠶᠢᠨ ᠨᠤᠲᠤᠭ ᠪᠡᠯᠴᠢᠭᠡᠷ | ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠯᠡᠭᠡ ᠶᠢᠨ ᠬᠦᠰᠦᠨᠦᠭᠲᠦ | | ᠳᠠᠭᠠᠯᠳᠤᠭᠤᠯᠤᠯ ᠨᠢᠭᠡ᠂ ᠤᠯᠠᠭᠠᠶ ᠬᠠᠮᠢᠶᠠᠷᠤᠯᠲᠠ ᠶᠢᠨ ᠣᠷᠣᠨ ᠤ ᠲᠠᠯ᠎ᠠ ᠨᠤᠲᠤᠭ ᠤᠨ ᠬᠤᠯᠤᠭᠠᠨ᠎ᠠ ᠶᠢᠨ | ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ | | | ᠳᠤᠭᠤᠶᠢᠯᠠᠩ ᠤᠨ ᠳᠠᠷᠤᠭ᠎ᠠ᠄ ᠶᠠᠨ ᠯᠢ ᠵᠢᠶᠦ᠋ᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ ᠮᠥᠷᠡᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ | ᠳᠠᠷᠤᠭ᠎ᠠ᠂ ᠤᠢ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ | ᠭᠡᠰᠢᠭᠦᠨ᠄ ᠪᠣᠤ ᠶᠢᠨ ᠱᠠᠨ ᠲᠠᠷᠢᠶᠠᠯᠠᠩ ᠮᠠᠯ ᠠᠵᠤ ᠠᠬᠤᠶ ᠪᠤᠯᠤᠨ ᠰᠢᠨᠵᠢᠯᠡᠬᠦ ᠮᠡᠷᠭᠡᠵᠢᠯ ᠤᠨ | ᠲᠣᠪᠴᠢᠶᠠᠨ ᠤ ᠳᠡᠳ᠋ ᠳᠠᠷᠤᠭ᠎ᠠ | ᠸᠠᠩ ᠯᠢ ᠵᠢᠦᠸᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠽᠦᠸᠧ ᠭᠦᠸᠧ ᠹᠦ᠋ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ | ᠭᠤᠤ ᠬᠤᠩ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠴᠢᠨ ᡁᠢ ᠬᠤᠢ ᠨᠤᠲᠤᠭ ᠪᠡᠯᠴᠢᠭᠡᠷ ᠠᠮᠢ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠶᠡᠭᠡ ᠠᠩᠭᠢ ᠵᠢᠨᠲ᠋ᠠᠷᠤᠭ᠎ᠠ | ᠳᠡᠯᠡᠬᠡᠢ ᠨᠤᠲᠤᠭ ᠪᠡᠯᠴᠢᠭᠡᠷ ᠤᠨ ᠠᠵᠢᠯ ᠤᠨ ᠥᠷᠲᠡᠭᠡᠨ ᠤ ᠳᠠᠷᠤᠭ᠎ᠠ | ᠪᠣᠤ ᠴᠢᠩ ᠶᠦᠨ ᠬᠠᠯᠠᠭᠠᠶᠢᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠳᠡᠳ᠋ ᠳᠠᠷᠤᠭ᠎ᠠ | ᠨᠥᠣᠣ ᠴᠦᠨ ᠭᠤᠸᠠᠩ ᠤᠯᠠᠭᠠᠶ ᠮᠠᠯᠵᠢᠯ ᠤᠨ ᠲᠠᠯᠠᠪᠠᠢ ᠶᠢᠨ ᠳᠡᠳ᠋ ᠳᠠᠷᠤᠭ᠎ᠠ | ᠯᠢᠦ ᠽᠦᠩ ᠬᠤᠤ ᠬᠡᠰᠡᠭ ᠠᠭᠤᠯᠠ ᠮᠠᠯᠵᠢᠯ ᠤᠨ ᠲᠠᠯᠠᠪᠠᠢ ᠶᠢᠨ ᠳᠡᠳ᠋ ᠳᠠᠷᠤᠭ᠎ᠠ | ᠪᠣᠤ ᠭᠠᠩ ᠪᠠᠶᠠᠨᠬᠤᠰᠢᠭᠤ ᠪᠠᠯᠭᠠᠰᠤᠨ ᠤ ᠳᠡᠳ᠋ ᠳᠠᠷᠤᠭ᠎ᠠ | ᠵᠠᠩ ᠬᠤᠸᠠ ᠴᠠᠭ ᠠᠭᠤᠷ ᠤᠨ ᠲᠣᠪᠴᠢᠶᠠᠨ ᠤ ᠳᠠᠷᠤᠭ᠎ᠠ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠠᠮᠢᠶᠠᠷᠤᠯᠲᠠ ᠶᠢᠨ ᠣᠷᠣᠨ ᠤ ᠨᠤᠲᠤᠭ ᠪᠡᠯᠴᠢᠭᠡᠷ ᠤᠨ | ᠠᠵᠢᠯ ᠤᠨ ᠥᠷᠲᠡᠭᠡ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠵᠢᠴᠢ ᠬᠠᠷᠢᠯᠴᠠᠭᠴᠢ ᠶᠢ ᠳᠡᠯᠡᠬᠡᠢ | ᠬᠠᠪᠰᠤᠷᠭᠠᠨ ᠬᠠᠷᠢᠭᠤᠴᠠᠨ᠎ᠠ᠃ | | | | | | |