ᠤᠯᠠᠭᠠᠶ ᠬᠠᠮᠢᠶᠠᠷᠤᠯᠲᠠᠶᠢᠨ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ ᠠᠴᠠ ᠣᠷᠴᠢᠮ ᠤᠨ | ᠡᠳᠦᠷ ᠤᠳ ᠲᠤ ᠪᠡᠭᠡᠵᠢᠩ ᠬᠤᠲᠠ ᠵᠢᠨᠭᠤᠤᠯᠳᠠᠯᠭᠠ ᠲᠠᠢ ᠭᠠᠵᠠᠷ ᠣᠷᠣᠨ ᠳᠤ ᠬᠦᠷᠦᠭᠰᠡᠨ ᠬᠦᠮᠦᠰ ᠲᠤ ᠦᠨ᠎ᠡ | ᠲᠦᠯᠦᠪᠦᠷᠢ ᠦᠭᠡᠢ ᠪᠠᠷ ᠪᠦᠭᠡᠮ ᠬᠦᠴᠢᠯ ᠤᠨ ᠪᠠᠶᠢᠴᠠᠭᠠᠯᠲᠠ ᠬᠢᠵᠦ ᠥᠭᠬᠦ ᠲᠤᠬᠠᠢ ᠠᠯᠪᠠᠨ ᠵᠠᠷᠯᠠᠯ | ︵ᠬᠤᠷᠢᠳᠤᠭᠠᠷ ᠲᠣᠭᠠᠲᠣ︶ | | | 6 ᠰᠠᠷ᠎ᠠ ᠶᠢᠨ 12 ᠤ ᠡᠳᠦᠷ᠂ ᠪᠡᠭᠡᠵᠢᠩ ᠬᠤᠳᠠ ᠳᠤ 6 ᠨᠡᠷ᠎ᠡ ᠳᠣᠬᠠᠢ ᠶᠢᠨ ᠭᠠᠵᠠᠷ ᠤᠨ ᠬᠦᠮᠦᠨ ᠰᠢᠨ᠎ᠡ | ᠬᠡᠯᠪᠡᠷᠢ ᠶᠢᠨ ᠳᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠡᠪᠡᠳᠴᠢᠨ ᠳᠤ ᠨᠡᠷᠪᠡᠭᠳᠡᠭᠰᠡᠨ ᠢᠶᠠᠷ | ᠳᠣᠳᠣᠯᠠᠭᠳᠠᠵᠠᠢ᠃ ᠬᠢᠵᠢᠭ ᠤᠨ ᠪᠠᠶᠢᠳᠠᠯ ᠬᠠᠮᠢᠶᠠᠷᠤᠯᠲᠠ ᠶᠢᠨ ᠣᠷᠣᠨ ᠳᠤ ᠳᠡᠯᠭᠡᠷᠡᠨ ᠲᠠᠷᠬᠠᠬᠤ ᠲᠦᠭᠰᠢᠭᠦᠷᠢ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠶᠢᠨ ᠲᠦᠯᠦᠭᠡ᠂ ᠬᠠᠮᠢᠶᠠᠷᠤᠯᠲᠠ ᠶᠢᠨ ᠣᠷᠣᠨ ᠤ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠬᠡᠯᠲᠡᠰ ᠠᠴᠠ 5 ᠰᠠᠷ᠎ᠠ ᠶᠢᠨ 31 ᠤ ᠡᠳᠦᠷ ᠠᠴᠠ ᠨᠠᠭᠠᠰᠢ ᠪᠡᠭᠡᠵᠢᠩ ᠬᠤᠲᠠ ᠶᠢᠨ | ᠰᠢᠨ ᠹᠠ ᠳ᠋ᠢ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠣᠯᠣᠨ ᠵᠢᠩ ᠱᠧᠨ ᠲᠠᠯᠠᠢ ᠶᠢᠨ ᠢᠳᠡᠭᠡᠨ ᠤ ᠵᠠᠬ᠎ᠠ | ᠳᠡᠯᠭᠡᠭᠦᠷ ᠲᠤ ᠣᠴᠢᠵᠣ ᠦᠩᠭᠡᠷᠡᠭᠰᠡᠨ ᠤᠯᠠᠭᠠᠢ ᠬᠠᠮᠢᠶᠠᠷᠤᠯᠲᠠ ᠶᠢᠨ ᠣᠷᠣᠨ ᠤ ᠬᠦᠮᠦᠰ ᠲᠤ ᠦᠨ᠎ᠡ ᠲᠦᠯᠦᠪᠦᠷᠢ | ᠦᠭᠡᠢ ᠪᠠᠷ ᠪᠦᠭᠡᠮ ᠬᠦᠴᠢᠯ ᠤᠨ ᠪᠠᠶᠢᠴᠠᠭᠠᠯᠲᠠ ᠬᠢᠵᠦ ᠥᠭᠬᠦ ᠪᠠᠷ ᠲᠣᠭᠲᠠᠵᠠᠢ᠃ ᠳᠡᠭᠡᠷ᠎ᠡ ᠳᠤᠷᠠᠳᠤᠭᠰᠠᠨ ᠬᠦᠮᠦᠰ | ᠳᠠᠷᠤᠶᠢᠬᠠᠨ ᠬᠠᠮᠢᠶᠠᠷᠤᠯᠲᠠ ᠶᠢᠨ ᠣᠷᠣᠨ ᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠷᠢᠯᠴᠠᠵᠤ᠂ | ᠡᠮᠨᠡᠯᠭᠡ ᠶᠢᠨ ᠠᠵᠢᠯᠲᠠᠨ ᠤ ᠬᠡᠷ ᠲᠤᠨᠢ ᠬᠦᠷᠴᠦ ᠶᠠᠩᠵᠤ ᠠᠪᠬᠤ ᠶᠢ ᠬᠦᠯᠢᠶᠡᠬᠦ ᠬᠡᠷᠡᠭᠲᠡᠶ᠃ ᠶᠠᠩᠵᠤ ᠠᠪᠬᠤ ᠵᠢᠴᠢ | ᠪᠠᠶᠢᠴᠠᠭᠠᠨ ᠰᠢᠯᠭᠠᠭᠰᠠᠨ ᠦᠷ᠎ᠡ ᠳ᠋ᠦᠩ ᠭᠠᠷᠬᠤ ᠠᠴᠠ ᠡᠮᠦᠨ᠎ᠡ ᠡᠷᠬᠡᠪᠰᠢ ᠭᠡᠷ ᠲᠡᠭᠡᠨ ᠰᠠᠭᠤᠵᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ ᠬᠡᠷᠡᠭᠲᠡᠢ᠃ | ᠤᠯᠠᠭᠠᠢ ᠬᠠᠮᠢᠶᠠᠷᠤᠯᠲᠠ ᠶᠢᠨ ᠣᠷᠣᠨ ᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠥᠪ ᠤᠨ | ᠬᠠᠷᠢᠯᠴᠠᠬᠤ ᠤᠳᠠᠰᠣ᠄ 13947903680 ᠂ 0479 —3351136 | | | ᠤᠯᠠᠭᠠᠶ ᠬᠠᠮᠢᠶᠠᠷᠤᠯᠲᠠ ᠶᠢᠨ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠲᠡᠰ | 2020 ᠣᠨ ᠤ 6 ᠰᠠᠷ᠎ᠠ ᠶᠢᠨ 15 ᠤ ᠡᠳᠦᠷ | | | | |