ᠾᠦᠸᠧ ᠵᠤᠤ ᠯᠢᠶᠠᠩ ᠤᠯᠠᠭᠠᠶ ᠬᠠᠮᠢᠶᠠᠷᠤᠯᠲᠠ ᠶᠢᠨ ᠣᠷᠣᠨ ᠳᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020/6/23
     6 ᠳ᠋ᠤᠭᠠᠷ ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠾᠦᠸᠧ ᠵᠤᠤ ᠯᠢᠶᠠᠩ ᠤᠯᠠᠭᠠᠶ ᠬᠠᠮᠢᠶᠠᠷᠤᠯᠲᠠ ᠶᠢᠨ ᠣᠷᠣᠨ ᠳᠤ ᠭᠦᠨᠵᠡᠭᠡᠶᠢᠷᠡᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠦᠭᠵᠢᠯᠲᠠ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠪᠠ᠃ ᠲᠡᠷᠡ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠩ ᠴᠢᠩᠭ᠎ᠠ ᠲᠣᠭᠲᠠᠯ ᠬᠦᠴᠦᠨ᠂ ᠨᠠᠩ ᠶᠡᠭᠡ ᠡᠷᠡᠰ ᠵᠣᠷᠢᠭ᠂ ᠨᠠᠩ ᠪᠣᠳᠠᠲᠠᠶ ᠠᠷᠭ᠎ᠠ ᠬᠡᠮᠵᠢᠶ᠎ᠡ ᠠᠪᠴᠤ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠨ ᠠᠰᠢᠭᠯᠠᠬᠤ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠡᠨᠡᠬᠦ ᠨᠣᠮᠢᠨ ᠨᠣᠭᠤᠭᠠᠨ ᠲᠠᠯ᠎ᠠ ᠂ ᠬᠦᠭᠡ ᠴᠡᠩᠭᠡᠷ ᠤᠭᠲᠠᠷᠭᠤᠢ᠂ ᠴᠡᠪᠡᠷ ᠲᠤᠩᠭᠠᠯᠠᠭ ᠤᠰᠤ ᠪᠠᠨ ᠡᠷᠡᠰ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠬᠡᠪᠠ᠃      ᠠᠶᠢᠮᠠᠭ ᠤᠨ ᠳᠠᠷᠤᠭ᠎ᠠ ᠾᠦᠸᠧ ᠵᠤᠤ ᠯᠢᠶᠠᠩ ᠡᠤ ᠨᠢᠤ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠪᠠᠶᠡᠡᠰᠤᠪᠤᠳ ᠭᠡᠷ ᠪᠦᠯᠢ ᠶᠢᠨ ᠮᠠᠯᠵᠢᠯ ᠤᠨ ᠲᠠᠯᠠᠪᠡᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠮᠠᠯ ᠠᠵᠤ ᠠᠬᠤᠶ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠦᠭ᠎ᠠ᠂ ᠡᠷᠦᠬᠡ ᠬᠤᠯᠪᠣᠭᠠᠯᠠᠨ ᠡᠵᠡᠩᠨᠡᠬᠦ᠂ ᠲᠡᠵᠢᠭᠡᠨ ᠦᠷᠡᠵᠢᠭᠦᠯᠬᠦ ᠦᠷ᠎ᠡ ᠠᠰᠢᠭ ᠵᠡᠷᠭᠡ ᠦᠢᠯᠡᠳᠪᠦᠷᠢᠯᠠᠯ ᠡᠵᠡᠩᠨᠡᠯᠲᠡ ᠶᠢᠨ ᠪᠠᠶᠢᠳᠠᠯ ᠢ ᠨᠡᠷᠢᠨ ᠦᠢᠯᠠᠭᠠᠭᠰᠠᠨ ᠤ ᠲᠠᠷᠠᠭ᠎ᠠ ᠴᠢᠬᠤᠯᠡᠴᠢᠯᠠᠬᠤ ᠳᠠᠭᠠᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ︽ᠪᠦᠬᠦ ᠠᠶᠢᠮᠠᠭ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠳᠤ ᠲᠣᠭᠲᠠᠭᠠᠭᠰᠠᠨ ᠬᠠᠷᠠᠯᠲᠠ ᠡᠭᠦᠷᠭᠡ ᠶᠣᠰᠣᠭᠠᠷ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ᠂ ᠲᠤᠯᠤᠭᠠᠶᠢᠯᠠᠭᠴᠢ ᠠᠵᠤ ᠠᠬᠤᠶᠢᠯᠠᠯ ᠢᠶᠠᠷ ᠲᠡᠶᠢᠴᠢᠨ ᠲᠠᠭᠠᠭᠤᠯᠬᠤ᠂ ᠠᠰᠢᠭ ᠲᠤᠰᠠ ᠶᠢ ᠬᠤᠯᠪᠦᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠮᠠᠯᠴᠢᠳ ᠤᠨ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠵᠢᠯᠣᠭᠤᠳᠴᠤ᠂ ᠮᠠᠯ ᠰᠦᠷᠦᠭ ᠮᠠᠯ ᠤᠨ ᠡᠭᠦᠯᠳᠡᠷ ᠤᠨ ᠪᠦᠲᠦᠴᠡ ᠶᠢ ᠰᠢᠯᠢᠳᠡᠭᠵᠢᠭᠦᠯᠵᠦ᠂ ᠣᠯᠠᠨ ᠬᠡᠯᠪᠡᠷᠢ ᠶᠢᠨ ᠵᠤᠬᠢᠬᠤ ᠬᠡᠪᠴᠢᠶᠡᠵᠢᠭᠰᠡᠨ ᠡᠵᠡᠩᠨᠡᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠮᠠᠯᠵᠢᠬᠤ ᠣᠷᠣᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠶᠢ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ᠂ ᠴᠢᠨᠠᠷ ᠰᠡᠶᠢᠲᠡᠢ᠂ ᠨᠡᠷᠡᠲᠤ ᠲᠡᠮᠳᠡᠭᠲᠤ᠂ ᠥᠪᠡᠷᠮᠢᠴᠡ ᠣᠨᠴᠠᠯᠢᠭ ᠢ ᠳᠣᠪᠤᠶᠢᠯᠭᠠᠵᠤ᠂ ᠡᠭᠦᠯᠳᠡᠷ ᠪᠤᠶᠢᠵᠢᠭᠤᠯᠬᠤ᠂ ᠦᠷᠡᠵᠢᠭᠦᠯᠬᠦ ᠶᠢ ᠥᠷᠭᠡᠳᠬᠡᠬᠦ᠂ ᠪᠣᠷᠳᠣᠵᠤ ᠲᠠᠷᠭᠤᠯᠠᠭᠤᠯᠬᠤ ᠠᠴᠠ ᠡᠳ᠋ᠰᠢᠭᠦᠯᠤᠨ ᠪᠤᠯᠪᠠᠰᠤᠷᠡᠭᠤᠯᠬᠤ᠂ ᠪᠣᠷᠣᠯᠠᠭᠤᠯᠬᠤ ᠬᠦᠷᠳᠠᠯᠡᠬᠢ ᠪᠦᠬᠦ ᠠᠵᠤ ᠦᠢᠯᠡᠰ ᠤᠨ ᠬᠡᠯᠬᠡᠵᠢᠶᠡᠯ ᠢ ᠪᠠᠶᠢᠭᠤᠯᠵᠤ᠂ ᠮᠠᠯ ᠠᠵᠤ ᠠᠬᠤᠢ ᠶᠢᠨ ᠨᠢᠭᠡ ᠬᠤᠶᠡᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠤᠯᠤᠰ ᠤᠨ ᠰᠢᠯᠢᠳᠡᠭ ᠰᠠᠶᠢᠨ ᠡᠭᠦᠯᠳᠡᠷ ᠤᠨ ᠢᠳᠡᠰᠢᠨ ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠠ ᠪᠦᠬᠦ ᠠᠵᠤ ᠦᠢᠯᠡᠰ ᠤᠨ ᠬᠡᠯᠬᠢᠶᠡᠰᠤ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠬᠡᠷᠡᠭᠲᠠᠢ ᠬᠡᠪᠠ᠃      ᠾᠦᠸᠧ ᠵᠤᠤ ᠯᠢᠶᠠᠩ ᠬᠡᠰᠡᠭ ᠠᠭᠤᠯᠠ ᠶᠢᠨ ᠡᠮᠤᠨᠡᠬᠢ ᠵᠠᠳᠠᠭᠠᠶ ᠨᠡᠭᠦᠷᠡᠰᠦᠨ ᠠᠭᠤᠷᠬᠠᠶ ᠶᠢᠨ ᠵᠡᠭᠦᠨ ᠰᠢᠷᠣᠶ ᠭᠠᠳᠠᠭᠰᠢᠯᠠᠭᠤᠯᠬᠤ ᠲᠡᠯᠠᠪᠤᠷ᠂ ᠬᠠᠯᠠᠭᠠᠢᠲᠤ ᠲᠠᠷᠢᠶᠠᠯᠠᠩ ᠮᠠᠯᠵᠢᠯ ᠤᠨ ᠲᠡᠯᠠᠪᠤᠷ ᠲᠤ ᠶᠢᠨ ᠴᠢᠯᠠᠭᠤ ᠭᠠᠷᠭᠠᠬᠤ ᠲᠠᠯᠠᠪᠡᠢ  ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠡᠯ ᠢᠶᠠᠨ ᠰᠣᠯᠢᠯᠴᠠᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠠᠷᠭ᠎ᠠ ᠲᠥᠰᠦᠯ ᠢ ᠣᠶᠢᠯᠠᠭᠠᠵᠤ᠂ ᠠᠭᠤᠷᠬᠠᠶ ᠶᠢᠨ ᠣᠷᠣᠨ ᠤ ᠰᠡᠷᠭᠦᠭᠡᠨ ᠨᠤᠭᠤᠭᠠᠷᠡᠭᠤᠯᠤᠭᠰᠠᠨ ᠦᠷ᠎ᠡ ᠪᠦᠲᠦᠮᠵᠢ ᠶᠢ ᠲᠤᠬᠠᠶ ᠶᠢᠨ ᠲᠡᠯᠠᠪᠦᠷ ᠲᠤ ᠪᠠᠶᠢᠴᠠᠭᠠᠨ ᠦᠵᠢᠭᠰᠡᠨ ᠤ ᠲᠠᠷᠠᠭ᠎ᠠ ᠴᠢᠬᠤᠯᠡᠴᠢᠯᠠᠬᠤ ᠳᠠᠭᠠᠨ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠷᠨᠢᠭᠦᠯᠬᠦ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠮᠥᠨ᠂ ᠠᠭᠤᠷᠬᠠᠢ ᠶᠢᠨ ᠦᠢᠯᠡᠰ ᠤᠨ ᠬᠦᠷᠢᠶᠡᠨ ᠳᠠᠬᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠯᠭᠠᠮ᠎ᠠ ᠡᠭᠦᠷᠭᠡ ᠪᠤᠯᠤᠨ᠎ᠠ᠃ ᠡᠯ᠎ᠡ ᠠᠵᠤ ᠠᠬᠤᠶᠢᠯᠠᠯ ᠨᠢ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠪᠣᠯᠤᠨ ᠪᠠᠴᠢᠮ ᠲᠤᠯᠭᠠᠮ᠎ᠠ ᠴᠢᠨᠠᠷ ᠢ ᠭᠦᠡᠵᠡᠭᠡᠢ ᠲᠠᠨᠢᠵᠤ᠂ ᠠᠭᠤᠷᠬᠠᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠤ᠂ ᠤᠯᠤᠰ ᠤᠨ ᠲᠠᠰ ᠤᠨ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠢᠶᠠᠷ ᠪᠠᠷᠢᠮᠵᠢᠶ᠎ᠡ ᠪᠣᠯᠭᠠᠵᠤ᠂ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠶ ᠠᠬᠢᠭᠤᠯᠵᠤ᠂ ᠰᠡᠷᠭᠦᠭᠡᠨ ᠵᠠᠰᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠶᠠᠰᠤ ᠴᠢᠨᠠᠷ ᠲᠠᠢ ᠪᠠᠲᠤᠯᠠᠨ ᠪᠡᠶᠡᠯᠡᠭᠦᠯᠬᠦ ᠬᠡᠷᠡᠭᠲᠡᠢ᠃ ᠬᠠᠮᠢᠶ᠎ᠠ ᠪᠦᠬᠦᠢ ᠭᠠᠵᠠᠷ ᠣᠷᠣᠨ ᠤ ᠰᠠᠯᠠᠭ᠎ᠠ ᠮᠥᠴᠢᠷ ᠤᠳ ᠬᠠᠷᠢᠶ᠎ᠠ ᠤᠷᠤᠨ ᠤ ᠬᠠᠷᠢᠭᠤᠴᠠᠯᠭ᠎ᠠ ᠪᠠᠨ ᠴᠢᠩᠭ᠎ᠠ ᠨᠡᠶᠢᠳᠠᠪᠦᠷᠢᠵᠢᠭᠤᠯᠵᠤ᠂ ᠱᠠᠯᠠᠪᠳᠠᠭᠤᠯᠤᠨ ᠵᠢᠯᠤᠭᠤᠳᠤᠨ ᠪᠠᠶᠢᠴᠠᠭᠠᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠭᠤᠤᠯᠳᠡᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠠᠬᠦ ᠬᠡᠷᠡᠭᠲᠠᠢ᠃ ᠪᠤᠰᠤᠳ ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠪᠠ ᠠᠷᠭ᠎ᠠ ᠪᠠᠷᠢᠯ ᠢ ᠰᠤᠷᠤᠯᠴᠠᠨ ᠯᠠᠪᠯᠠᠯᠲᠠ ᠪᠣᠯᠭᠠᠵᠤ᠂ ᠠᠭᠤᠷᠬᠠᠢ ᠶᠢᠨ ᠣᠷᠣᠨ ᠤ ᠵᠠᠰᠠᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠬᠦ ᠰᠢᠨ᠎ᠡ ᠵᠠᠮ ᠢ ᠨᠡᠭᠡᠭᠡᠬᠦ ᠬᠡᠷᠡᠭᠲᠡᠢ ᠬᠡᠪᠠ᠃      ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠡᠯᠭᠠᠲᠡᠳ ᠪᠠᠶᠢᠴᠡᠭᠠᠨ ᠰᠤᠳᠤᠯᠤᠯᠲᠠ ᠳᠤ ᠣᠷᠣᠯᠴᠠᠵᠠᠶ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号