ᠱᠢ ᠲᠠᠢ ᠹᠧᠩ ᠰᠢᠯᠢ ᠶᠢᠨ ᠭᠤᠣᠯ ᠠᠶᠢᠮᠠᠭ ᠪᠣᠯᠤᠨ ᠲᠦᠩᠯᠢᠶᠣᠤ ᠬᠤᠳᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/6/30
     6 ᠳ᠋ᠤᠭᠠᠷ ᠰᠠᠷ᠎ᠠ ᠶᠢᠨ 22 ᠤᠨ ᠡᠳᠥᠷ ᠠᠴᠠ 24 ᠤ ᠡᠳᠥᠷ ᠪᠤᠯᠳᠠᠯ᠎ᠠ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠥᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠱᠢ ᠲᠠᠢ ᠹᠧᠩ ᠪᠠᠷᠠᠭᠤᠨ ᠥᠵᠥᠮᠥᠴᠢᠨ ᠬᠤᠰᠢᠭᠤ᠂ ᠵᠡᠭᠦᠨ ᠥᠵᠥᠮᠥᠴᠢᠨ ᠬᠤᠰᠢᠭᠤ᠂ ᠤᠯᠠᠭᠠᠢ ᠬᠠᠮᠢᠶᠠᠷᠤᠯᠳᠠ ᠶᠢᠨ ᠤᠷᠤᠨ ᠪᠤᠯᠤᠨ ᠬᠤᠣᠯᠢᠨ ᠭᠤᠣᠯ ᠬᠤᠳᠠ ᠳᠤ ᠬᠥᠷᠴᠥ᠂ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠯᠳᠠ ᠶᠢᠨ ᠵᠠᠰᠠᠯᠳᠠ ᠪᠤᠯᠤᠨ ᠠᠵᠤ ᠠᠬᠤᠢ ᠨᠡᠶᠢᠭᠡᠮ ᠤᠨ ᠭᠥᠭᠵᠢᠯᠳᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠵᠤ᠂ ᠨᠡᠭᠦᠷᠡᠰᠥᠨ ᠤ ᠡᠭᠢ ᠪᠠᠶᠠᠯᠢᠭ ᠤᠨ ᠬᠥᠷᠢᠶᠡᠨ ᠳᠠᠬᠢ ᠬᠠᠤᠯᠢ ᠲᠥᠷᠢᠮ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠵᠠᠰᠠᠨ ᠴᠡᠭᠴᠡᠯᠡᠭᠰᠡᠨ ᠠᠵᠢᠯ ᠢ ᠱᠠᠯᠠᠪᠳᠠᠭᠤᠯᠣᠨ ᠵᠢᠯᠣᠭᠤᠳᠪᠠ᠃      ᠱᠢ ᠲᠠᠢ ᠹᠧᠩ ᠵᠠᠮ ᠲᠠᠭᠠᠤ ᠪᠠᠷᠠᠭᠤᠨ ᠥᠵᠥᠮᠥᠴᠢᠨ ᠬᠤᠰᠢᠭᠤ᠂ ᠵᠡᠭᠦᠨ ᠥᠵᠥᠮᠥᠴᠢᠨ ᠬᠤᠰᠢᠭᠤᠨ ᠤ ᠨᠤᠳᠤᠭ ᠪᠡᠯᠴᠢᠭᠡᠷ ᠤᠨ ᠠᠮᠢ ᠠᠬᠤᠢ ᠶᠢ ᠪᠠᠶᠢᠴᠠᠭᠠᠨ ᠰᠤᠳᠤᠯᠵᠤ᠂ ᠤᠯᠠᠭᠠᠢ ᠮᠠᠯᠵᠢᠯ ᠤᠨ ᠲᠠᠯᠠᠪᠠᠢ ᠶᠢᠨ ᠪᠥᠷᠢᠨ ᠬᠤᠪᠢᠶᠠᠷᠢ ᠲᠠᠯᠠᠪᠠᠢ᠂ ᠬᠠᠯᠠᠭᠠᠶᠢᠳᠤ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢᠨ ᠴᠡᠷᠢᠭ ᠤᠨ ᠬᠤᠷᠢᠶᠠᠨ ᠤ ᠵᠢᠵᠢᠭ ᠪᠠᠯᠭᠠᠰᠤ ᠪᠤᠯᠤᠨ ᠬᠤᠣᠯᠢᠨ ᠭᠤᠣᠯ ᠬᠤᠳᠠ ᠶᠢᠨ ᠭᠤᠸᠠᠨ ᠶᠢᠨ ᠱᠠᠨ ᠠᠭᠤᠯᠠ ᠵᠡᠷᠭᠡ ᠭᠠᠵᠠᠷ ᠢᠶᠠᠷ ᠬᠥᠨᠵᠡᠭᠡᠶᠢᠷᠡᠨ᠂ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠮᠠᠯ ᠠᠵᠤ ᠠᠬᠤᠢ᠂ ᠵᠢᠭᠤᠯᠴᠢᠯᠠᠯ ᠤᠨ ᠤᠶᠢᠯᠡᠰ ᠤᠨ ᠬᠥᠭᠵᠢᠯᠳᠡ ᠵᠡᠷᠭᠡ ᠪᠠᠶᠢᠳᠠᠯ ᠢ ᠨᠠᠷᠢᠨ ᠣᠶᠢᠯᠠᠭᠠᠵᠠᠢ᠃ ᠱᠢ ᠲᠠᠢ ᠹᠧᠩ ᠵᠢᠭᠠᠬᠤ  ᠳᠠᠭᠠᠨ᠂ ᠨᠤᠳᠤᠭ ᠪᠡᠯᠴᠢᠭᠡᠷ ᠪᠤᠯ ᠥᠷᠭᠡᠨ ᠤᠯᠠᠨ ᠮᠠᠯᠴᠢᠨ ᠲᠥᠮᠡᠨ ᠤ ᠤᠷᠤᠰᠢᠨ ᠠᠮᠢᠳᠤᠷᠠᠬᠤ ᠥᠨᠳᠥᠰᠥ ᠪᠤᠯᠤᠨ ᠤᠶᠤᠨ ᠰᠠᠨᠠᠭᠠᠨ ᠤ ᠭᠡᠷ ᠤᠷᠤᠨ ᠪᠤᠯᠤᠨ᠎ᠠ᠂ ᠥᠪᠥᠷ ᠮᠤᠩᠭᠤᠯ ᠤᠨ ᠲᠠᠯ᠎ᠠ ᠨᠤᠳᠤᠭ ᠪᠤᠯ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠮᠦᠨ ᠪᠣᠯᠬᠤᠷ᠂ ᠮᠠᠯᠵᠢᠬᠤ ᠤᠷᠤᠨ  ᠤ ᠠᠵᠢᠯ ᠢ ᠬᠢᠭᠦ ᠳᠤ ᠡᠷᠭᠡᠪᠰᠢ ᠨᠤᠳᠤᠭ ᠪᠡᠯᠴᠢᠭᠡᠷ ᠤᠨ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠬᠤ ᠭᠡᠷᠡᠭᠳᠡᠢ᠂ ᠠᠵᠤ ᠠᠬᠤᠢ ᠶᠢᠨ ᠪᠠᠶᠢᠭᠤᠯᠤᠯᠳᠠ ᠪᠤᠯᠤᠨ ᠨᠤᠳᠤᠭ ᠪᠡᠯᠴᠢᠭᠡᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠠᠵᠢᠯ ᠵᠥᠷᠢᠴᠡᠯ ᠭᠠᠷᠬᠤ ᠥᠶ᠎ᠡ ᠳᠤ ᠡᠷᠭᠡᠪᠰᠢ ᠲᠤᠭ ᠲᠡᠮᠳᠡᠭ ᠢᠯᠡ ᠲᠣᠳᠣᠷᠬᠠᠢ ᠪᠠᠷ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠶᠢ ᠲᠡᠷᠢᠬᠦᠨ ᠪᠠᠶᠢᠷᠢᠨ ᠳᠤ ᠲᠠᠯᠪᠢᠬᠤ ᠭᠡᠷᠡᠭᠳᠡᠢ᠃ ᠡᠯ᠎ᠡ ᠱᠠᠳᠤ ᠡᠯ᠎ᠡ ᠬᠠᠮᠢᠶᠠᠳᠠᠢ ᠰᠠᠯᠠᠭ᠎ᠠ ᠮᠥᠴᠢᠷ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠥᠴᠥᠭᠡᠨ ᠴᠦ ᠰᠤᠯᠠᠷᠠᠭᠤᠯᠵᠤ ᠪᠤᠯᠬᠤ ᠥᠭᠡᠢ᠂ ᠨᠤᠳᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠵᠢᠮ᠎ᠡ ᠶᠤᠰᠤ ᠶᠢ ᠬᠥᠨᠵᠡᠭᠡᠢ ᠰᠤᠳᠤᠯᠵᠤ᠂ ᠪᠠᠶᠢᠭᠠᠯᠢ ᠶᠢ ᠲᠡᠭᠡᠳᠥᠯᠡᠨ ᠪᠠᠶᠢᠭᠠᠯᠢ ᠲᠠᠢ ᠵᠤᠬᠢᠴᠠᠵᠤ᠂ ᠬᠥᠮᠥᠨ ᠤ ᠬᠥᠴᠥ  ᠪᠠᠷ ᠡᠪᠳᠡᠯᠡᠭᠦ ᠪᠤᠯᠤᠨ ᠬᠠᠷᠰᠢᠯᠠᠬᠤ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠵᠤ᠂ ᠨᠤᠳᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ ᠪᠥᠷᠢᠨ ᠪᠥᠳᠥᠨ ᠪᠤᠯᠤᠨ ᠲᠡᠩᠴᠡᠭᠦᠷᠢ ᠶᠢ ᠰᠠᠶᠢᠳᠤᠷ ᠬᠠᠮᠠᠭᠠᠯᠠᠬᠤ ᠭᠡᠷᠡᠭᠳᠡᠢ᠃ ᠵᠢᠩ ᠨᠧᠩ ᠰᠢᠯᠢ ᠶᠢᠨ ᠭᠤᠤᠯ ᠤᠨ ᠴᠠᠬᠢᠯᠭᠠᠨ ᠭᠠᠷᠭᠠᠬᠤ ᠺᠤᠮᠫᠠᠨᠢ᠂ ᠯᠢᠶᠠᠨ ᠱᠧᠩ ᠰᠢᠨ᠎ᠡ ᠡᠨᠧᠷᠭᠢ ᠶᠢᠨ ᠮᠠᠲ᠋ᠧᠷᠢᠶᠠᠯ  ᠤᠨ ᠺᠤᠮᠫᠠᠨᠢ ᠪᠤᠯᠤᠨ ᠤᠯᠤᠰ ᠤᠨ ᠴᠠᠬᠢᠯᠭᠠᠨ ᠭᠥᠴᠥᠨ ᠤ ᠪᠡᠯᠡ ᠤᠷᠤᠭᠤᠯᠤᠯᠳᠠ ᠶᠢᠨ ᠥᠪᠥᠷ ᠮᠤᠩᠭᠤᠯ ᠤᠨ ᠺᠤᠮᠫᠠᠨᠢ ᠶᠢᠨ ᠤᠮᠠᠷᠠᠳᠤ ᠶᠢᠨ ᠵᠠᠳᠠᠭᠠᠢ ᠨᠡᠭᠦᠷᠡᠰᠥᠨ ᠠᠭᠤᠷᠬᠠᠢ ᠳᠤ᠂ ᠱᠢ ᠲᠠᠢ ᠹᠧᠩ ᠬᠠᠮᠢᠶᠠᠳᠠᠢ ᠬᠠᠷᠢᠭᠤᠴᠠᠯᠭᠠᠳᠠᠨ ᠲᠠᠢ ᠶᠠᠷᠢᠯᠴᠠᠵᠤ᠂ ᠡᠨᠧᠷᠭᠢ ᠡᠭᠢ ᠪᠠᠶᠠᠯᠢᠭ ᠢ ᠶᠡᠷᠥᠩᠭᠡᠶᠢᠯᠡᠨ ᠠᠰᠢᠭᠯᠠᠬᠤ᠂ ᠪᠤᠬᠢᠷᠳᠤᠯ ᠭᠠᠳᠠᠭᠰᠢᠯᠠᠭᠤᠯᠬᠤ᠂ ᠠᠮᠢ ᠠᠬᠤᠢ ᠶᠢ ᠰᠡᠷᠭᠦᠭᠡᠨ ᠵᠠᠰᠠᠬᠤ ᠵᠡᠷᠭᠡ ᠪᠠᠶᠢᠳᠠᠯ ᠢ ᠨᠠᠷᠢᠨ ᠪᠠᠶᠢᠴᠠᠭᠠᠨ ᠰᠣᠳᠣᠯᠵᠠᠢ᠃ ᠲᠡᠷᠡ ᠴᠢᠬᠤᠯᠠᠴᠢᠯᠠᠬᠤ ᠳᠠᠭᠠᠨ᠂ ᠠᠵᠤ ᠤᠶᠢᠯᠡᠰ ᠤᠨ ᠬᠢᠯᠬᠢᠶᠡᠰᠦᠨ ᠤ ᠲᠡᠰ ᠲᠡᠪᠰᠢᠯᠳᠡ ᠶᠢ ᠠᠬᠢᠭᠤᠯᠵᠤ᠂ ᠪᠤᠬᠢᠷᠳᠤᠯ ᠥᠭᠡᠢ᠂ ᠣᠷᠴᠢᠯᠳᠣ᠂ ᠲᠤᠤᠷ᠎ᠠ ᠨᠡᠭᠦᠷᠡᠰᠦᠳᠦ᠋ᠷᠦᠭᠴᠢᠳᠣ ᠬᠥᠭᠵᠢᠯᠳᠡ ᠶᠢ ᠠᠬᠢᠭᠤᠯᠵᠤ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠳᠠ ᠬᠥᠭᠵᠢᠯᠳᠡ ᠶᠢᠨ ᠭᠤᠭᠴᠤᠭ᠎ᠠ ᠪᠤᠯᠭᠠᠨ ᠳᠤ ᠠᠮᠢ ᠠᠬᠤᠢ ᠶᠢᠨ ᠨᠥᠯᠥᠭᠡ ᠶᠢ ᠬᠥᠢᠴᠡᠳ ᠪᠤᠳᠤᠯᠬᠢᠯᠠᠵᠤ᠂ ᠠᠮᠢ ᠠᠬᠤᠢ ᠶᠢ ᠬᠠᠮᠠᠭᠠᠯᠠᠬᠤ ᠱᠠᠭᠠᠷᠳᠠᠯᠭ᠎ᠠ ᠶᠢ ᠨᠡᠶᠢᠴᠡᠭᠦᠯᠬᠦ ᠭᠡᠷᠡᠭᠳᠡᠢ ᠬᠡᠵᠡᠢ᠃ ᠲᠡᠷᠡ ᠵᠢᠭᠠᠬᠤ ᠳᠠᠭᠠᠨ᠂ ᠨᠤᠳᠤᠭ ᠪᠡᠯᠴᠢᠭᠡᠷ ᠲᠡᠭᠡᠷ᠎ᠡ ᠵᠠᠳᠠᠭᠠᠢ ᠨᠡᠭᠦᠷᠡᠰᠥᠨ ᠠᠭᠤᠷᠬᠠᠢ ᠨᠡᠭᠡᠭᠡᠭᠦ ᠨᠢ ᠠᠮᠢ ᠠᠬᠤᠢ ᠳᠤ ᠮᠠᠰᠢ ᠶᠡᠭᠡ ᠡᠪᠳᠡᠯᠭᠡ ᠪᠣᠯᠳᠠᠭ ᠪᠣᠯᠬᠤᠷ᠂ ᠡᠷᠭᠡᠪᠰᠢ ᠬᠠᠮᠤᠭ ᠶᠡᠭᠡ ᠬᠥᠴᠥᠨ ᠢᠶᠠᠷ ᠵᠠᠰᠠᠯᠳᠠ ᠬᠢᠵᠤ᠂ ᠰᠡᠷᠭᠦᠭᠡᠨ ᠬᠠᠮᠠᠭᠠᠯᠠᠬᠤ ᠭᠡᠷᠡᠭᠳᠡᠢ᠂ ᠬᠤᠶᠢᠰᠢᠳᠠ ᠨᠤᠳᠤᠭ ᠪᠡᠯᠴᠢᠭᠡᠷ ᠲᠡᠭᠡᠷ᠎ᠡ ᠰᠢᠨ᠎ᠡ ᠪᠠᠷ ᠠᠭᠤᠷᠬᠠᠢ ᠶᠢᠨ ᠨᠡᠭᠡᠭᠡᠨ ᠠᠰᠢᠭᠯᠠᠯᠳᠠ ᠶᠢᠨ ᠲᠥᠰᠥᠯ ᠭᠠᠷᠭᠠᠬᠤ ᠶᠢ ᠡᠷᠡᠰ ᠬᠤᠷᠢᠭᠯᠠᠬᠤ ᠭᠡᠷᠡᠭᠳᠡᠢ ᠬᠡᠵᠡᠢ᠃      ᠱᠢ ᠲᠠᠢ ᠹᠧᠩ ᠵᠢᠭᠠᠬᠤ ᠳᠠᠭᠠᠨ᠂ ᠨᠤᠳᠤᠭ ᠪᠡᠯᠴᠢᠭᠡᠷ ᠤᠨ ᠢᠵᠠᠭᠤᠷ ᠠᠮᠢ ᠠᠬᠤᠢ ᠬᠠᠮᠤᠭ ᠥᠨ᠎ᠡ ᠥᠷᠳᠡᠭ  ᠲᠠᠢ ᠬᠠᠮᠤᠭ ᠤᠨ ᠶᠡᠭᠡ ᠲᠠᠳᠠᠬᠤ ᠬᠥᠴᠥᠨ ᠲᠠᠢ ᠶᠤᠮ᠂ ᠨᠤᠳᠤᠭ ᠪᠡᠯᠴᠢᠭᠡᠷ ᠤᠨ ᠪᠠᠶᠢᠭᠠᠯᠢ ᠶᠢᠨ ᠠᠮᠢ ᠠᠬᠤᠢ ᠶᠢ ᠰᠠᠶᠢᠳᠤᠷ ᠬᠠᠮᠠᠭᠠᠯᠠᠵᠣ᠂ ᠲᠠᠯ᠎ᠠ ᠨᠤᠳᠤᠭ ᠤᠨ ᠰᠤᠶᠤᠯ ᠤᠨ ᠠᠭᠤᠯᠤᠭᠳᠠᠴᠠ ᠶᠢ ᠬᠥᠨᠵᠡᠭᠡᠢ ᠠᠭᠤᠳᠠᠯᠤᠨ᠂ ᠵᠢᠭᠤᠯᠴᠢᠯᠠᠯ ᠤᠨ ᠤᠶᠢᠯᠡᠰ ᠤᠨ ᠪᠠᠷᠢᠮᠵᠢᠶᠠᠵᠢᠭᠰᠠᠨ ᠤᠶᠢᠯᠡᠴᠢᠯᠡᠭᠡ ᠪᠤᠯᠤᠨ ᠨᠠᠷᠢᠯᠢᠭᠵᠢᠭᠰᠠᠨ ᠬᠠᠮᠢᠶᠠᠷᠤᠯᠳᠠ ᠶᠢ ᠴᠢᠩᠭᠠᠳᠬᠠᠨ᠂ ᠵᠤᠭᠠᠴᠠᠭᠰᠠᠳ ᠲᠤ ᠴᠢᠨᠠᠷ ᠲᠠᠢ ᠭᠤᠴᠤ ᠰᠠᠶᠢᠬᠠᠨ ᠲᠥᠷᠥᠭᠳᠡᠯ ᠥᠭᠭᠦ ᠬᠡᠷᠡᠭᠳᠡᠢ᠃ ᠱᠢ ᠲᠠᠢ ᠹᠧᠩ ᠦ᠋ ᠨᠢᠦ ᠮᠠᠯᠵᠢᠯ ᠤᠨ ᠤᠶᠢᠯᠡᠰ ᠤᠨ ᠺᠤᠮᠫᠠᠨᠢ ᠪᠠᠷ ᠬᠥᠨᠵᠡᠭᠡᠶᠢᠷᠡᠨ᠂ ᠲᠡᠵᠢᠭᠡᠪᠥᠷᠢ ᠶᠢᠨ ᠤᠶᠢᠯᠡᠰ ᠤᠨ ᠡᠵᠡᠩᠨᠡᠯᠳᠡ᠂ ᠮᠠᠯᠴᠢᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠳᠣ ᠵᠤᠬᠢᠴᠠᠮᠵᠢ ᠵᠡᠷᠭᠡ ᠪᠠᠶᠢᠳᠠᠯ ᠢ ᠨᠠᠷᠢᠨ ᠤᠶᠢᠯᠠᠭᠠᠵᠠᠢ᠃ ᠲᠡᠷᠡ ᠴᠢᠬᠤᠯᠠᠴᠢᠯᠠᠬᠤ ᠳᠠᠭᠠᠨ᠂ ᠮᠠᠯ ᠪᠡᠯᠴᠢᠭᠡᠷ ᠤᠨ ᠲᠡᠩᠴᠡᠭᠦᠷᠢ ᠶᠢᠨ ᠲᠥᠷᠥ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠯ ᠲᠡᠵᠢᠭᠡᠪᠥᠷᠢ ᠶᠢᠨ ᠪᠥᠳᠥᠴᠡ ᠪᠠᠨ ᠢᠳᠡᠪᠬᠢᠳᠡᠢ ᠲᠤᠬᠢᠷᠠᠭᠤᠯᠤᠨ᠂ ᠬᠡᠪᠴᠢᠶᠡᠵᠢᠭᠰᠡᠨ᠂ ᠡᠷᠴᠢᠮᠵᠢᠭᠰᠡᠨ ᠡᠵᠡᠩᠨᠡᠯᠳᠡ ᠶᠢ ᠲᠤᠭᠳᠠᠭᠤᠨ ᠢᠶᠠᠷ ᠠᠭᠢᠭᠤᠯᠵᠤ᠂ ᠮᠠᠯᠵᠢᠬᠤ ᠤᠶᠢᠯᠡᠰ ᠤᠨ ᠴᠢᠨᠠᠷᠳᠠᠢ ᠬᠥᠭᠵᠢᠯᠳᠡ ᠶᠢ ᠪᠡᠶᠡᠯᠡᠭᠦᠯᠬᠦ ᠭᠡᠷᠡᠭᠳᠡᠢ ᠬᠡᠵᠡᠢ᠃ ᠪᠠᠶᠠᠨᠰᠤᠪᠤᠳ ᠭᠡᠷ ᠪᠥᠯᠢ ᠶᠢᠨ ᠮᠠᠯᠵᠢᠯ  ᠤᠨ ᠲᠠᠯᠠᠪᠠᠢ ᠳᠤ ᠱᠢ ᠲᠠᠢ ᠹᠧᠩ ᠲᠤᠬᠠᠢ ᠶᠢᠨ ᠭᠠᠵᠠᠷ ᠤᠨ ᠮᠠᠯᠴᠢᠳ ᠤᠨ ᠪᠡᠯᠴᠢᠭᠡᠷ ᠢᠶᠠᠨ ᠨᠡᠶᠢᠯᠡᠭᠦᠯᠥᠨ ᠡᠷᠥᠭᠡ ᠬᠤᠯᠪᠤᠭᠠᠯᠠᠭᠰᠠᠨ ᠡᠵᠡᠩᠨᠡᠯᠳᠡ ᠶᠢᠨ ᠠᠷᠭ᠎ᠠ ᠪᠠᠷᠢᠯ ᠢ ᠬᠥᠢᠴᠡᠳ ᠥᠨᠡᠯᠡᠵᠠᠢ᠃ ᠲᠡᠷᠡ ᠶᠠᠷᠢᠬᠤ ᠳᠠᠭᠠᠨ᠂ ᠲᠠᠨᠠᠷ ᠬᠤᠨᠢ ᠮᠠᠯᠵᠢᠵᠤ ᠪᠠᠶᠢᠭᠰᠠᠨ ᠠᠴᠠ ᠥᠭᠡᠷ ᠮᠠᠯᠵᠢᠬᠤ ᠪᠤᠯᠵᠤ᠂ ᠤᠶᠢᠷ᠎ᠠ ᠬᠠᠪᠢ ᠶᠢᠨ ᠡᠷᠥᠭᠡ ᠲᠠᠢ ᠬᠤᠯᠪᠤᠭᠠᠯᠠᠨ ᠥᠷ᠎ᠡ ᠠᠰᠢᠭ ᠢᠶᠠᠨ ᠨᠡᠮᠡᠭᠳᠡᠭᠦᠯᠥᠭᠰᠡᠨ ᠢᠶᠠᠷ ᠪᠠᠷᠠᠬᠤ ᠥᠭᠡᠢ ᠥᠪᠡᠷ ᠤᠨ ᠥᠷᠳᠡᠭ ᠢ ᠪᠠᠭᠤᠷᠠᠭᠤᠯᠤᠨ᠂ ᠬᠥᠳᠡᠯᠮᠤᠷᠢ ᠬᠥᠴᠥ ᠪᠠᠨ ᠠᠷᠪᠢᠯᠠᠨ᠂ ᠨᠡᠩ ᠴᠢᠬᠤᠯᠠ ᠨᠢ ᠨᠤᠳᠤᠭ ᠪᠡᠯᠴᠢᠭᠡᠷ ᠤᠨ ᠠᠮᠢ ᠠᠬᠤᠢ ᠬᠠᠮᠠᠭᠠᠯᠠᠭᠰᠠᠨ ᠨᠢ᠂ ᠮᠠᠰᠢ ᠰᠠᠶᠢᠨ ᠵᠢᠱᠢᠶ᠎ᠡ ᠦᠵᠡᠬᠦᠯᠬᠦ ᠦᠢᠯᠡᠳᠦᠯ ᠲᠠᠢ ᠪᠣᠯᠬᠤᠷ᠂ ᠲᠤᠷᠰᠢᠯᠭ᠎ᠠ ᠪᠠᠨ ᠳ᠋ᠥᠩᠨᠡᠨ ᠯᠠᠪᠳᠠᠢ ᠪᠠᠳᠤᠳᠠᠢ ᠠᠵᠢᠯᠯᠠᠬᠤ ᠭᠡᠷᠡᠭᠳᠡᠢ ᠬᠡᠵᠡᠢ᠃      ᠠᠷᠠᠳ ᠲᠥᠮᠡᠨ ᠤ ᠤᠶᠢᠯᠡᠳᠪᠤᠷᠢᠯᠡᠯ ᠠᠮᠢᠳᠤᠷᠠᠯ ᠤᠨ ᠪᠠᠶᠢᠳᠠᠯ᠂ ᠥᠨᠳᠥᠰᠥᠨ ᠱᠠᠳᠤᠨ ᠤ ᠨᠠᠮ ᠤᠨ ᠪᠠᠶᠢᠭᠤᠯᠤᠯᠳᠠ ᠶᠢᠨ ᠲᠤᠬᠠᠢ ᠱᠢ ᠲᠠᠢ ᠹᠧᠩ ᠲᠤᠩ ᠠᠩᠬᠠᠷᠴᠤ᠂ ᠲᠡᠷᠡ ᠪᠤᠷᠤᠭᠠᠨ ᠲᠤᠮᠳᠠ ᠱᠠᠩᠳᠤ ᠭᠠᠴᠠᠭᠠᠨ  ᠤ ᠨᠠᠮ ᠤᠨ ᠬᠡᠰᠢᠭᠦᠨ ᠤ ᠭᠤᠤᠯᠯᠠᠭᠴᠢ ᠡᠷᠥᠭᠡ ᠡᠷᠳᠡᠨᠢᠳᠠᠯᠠᠢ ᠶᠢᠨ ᠳᠤ ᠬᠥᠷᠴᠥ ᠬᠢᠯᠢ ᠬᠢᠵᠠᠭᠠᠷ ᠤᠷᠤᠨ ᠤ ᠮᠠᠯᠴᠢᠳ ᠤᠨ ᠤᠶᠢᠯᠡᠳᠪᠤᠷᠢᠯᠡᠯ ᠠᠮᠢᠳᠤᠷᠠᠯ ᠪᠤᠯᠤᠨ ᠥᠨᠳᠥᠰᠥᠨ ᠱᠠᠳᠤᠨ ᠤ ᠨᠠᠮ ᠤᠨ ᠪᠠᠶᠢᠭᠤᠯᠤᠯᠳᠠ ᠶᠢᠨ ᠪᠠᠶᠢᠳᠠᠯ ᠢ ᠨᠠᠷᠢᠨ ᠤᠶᠢᠯᠠᠭᠠᠵᠠᠢ᠃ ᠲᠡᠷᠡ᠂ ᠬᠢᠯᠢ ᠬᠢᠵᠠᠭᠠᠷ ᠤᠷᠤᠨ ᠤ ᠮᠠᠯᠴᠢᠳ ᠡᠭᠡ ᠤᠯᠤᠰ ᠤᠨ ᠤᠮᠠᠷᠠᠳᠤ ᠬᠢᠯᠢ ᠶᠢᠨ ᠲᠤᠭᠳᠠᠭᠤᠨ ᠢ ᠪᠠᠳᠤᠯᠠᠬᠤ ᠶᠢᠨ ᠲᠥᠯᠥᠭᠡ ᠬᠤᠪᠢ ᠨᠡᠮᠡᠷᠢ ᠥᠵᠡᠭᠦᠯᠥᠭᠰᠡᠨ ᠶᠤᠮ᠂ ᠲᠡᠳᠡᠨ ᠤ ᠤᠨᠴᠠᠯᠢᠭᠳᠤ ᠤᠶᠢᠯᠡᠳᠥᠯ ᠢ ᠥᠷᠭᠦᠯᠵᠢᠯᠡᠨ ᠪᠠᠳᠠᠷᠠᠭᠤᠯᠵᠤ᠂ ᠴᠡᠷᠢᠭ ᠴᠠᠭᠳᠠᠭ᠎ᠠ ᠠᠷᠠᠳ ᠬᠤᠯᠪᠤᠭᠠᠯᠠᠨ᠂ ᠬᠢᠯᠢ  ᠪᠠᠨ ᠰᠠᠬᠢᠨ ᠬᠠᠮᠠᠭᠠᠯᠠᠬᠤ ᠭᠡᠷᠡᠭᠳᠡᠢ᠃ ᠥᠨᠳᠥᠰᠥᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢ ᠴᠢᠩᠭᠠᠳᠬᠠᠵᠤ᠂ ᠮᠠᠯᠵᠢᠬᠤ ᠤᠷᠤᠨ ᠤ ᠤᠨᠴᠠᠯᠢᠭ ᠲᠤ ᠰᠠᠭᠤᠷᠢᠯᠠᠨ᠂ ᠠᠷᠠᠳ ᠲᠥᠮᠡᠨ ᠲᠠᠢ ᠬᠤᠯᠪᠤᠭᠠᠯᠠᠨ ᠤᠶᠢᠯᠡᠴᠢᠯᠡᠭᠦ ᠪᠥᠳᠥᠮᠵᠢᠳᠡᠢ ᠵᠤᠬᠢᠴᠠᠮᠵᠢ ᠪᠠᠨ ᠲᠡᠭᠦᠯᠳᠡᠷᠵᠢᠭᠦᠯᠥᠨ᠂ ᠥᠨᠳᠥᠰᠥᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠡᠯᠳᠡ ᠶᠢᠨ ᠤᠶᠢᠯᠡᠳᠥᠯ ᠪᠤᠯᠤᠨ ᠨᠠᠮ ᠤᠨ ᠬᠡᠰᠢᠭᠦᠨ ᠤ ᠭᠤᠤᠯᠯᠠᠭᠴᠢ ᠡᠷᠥᠭᠡ  ᠶᠢᠨ ᠲᠠᠭᠠᠭᠤᠯᠤᠭᠴᠢ ᠤᠶᠢᠯᠡᠳᠥᠯ ᠢ ᠬᠥᠢᠴᠡᠳ ᠪᠠᠳᠠᠷᠠᠭᠤᠯᠬᠤ ᠭᠡᠷᠡᠭᠳᠡᠢ ᠬᠡᠵᠡᠢ᠃ ᠱᠢ ᠲᠠᠢ ᠹᠧᠩ ᠪᠠᠶᠠᠰᠤᠯ ᠨᠠᠰᠤᠳᠠᠶᠢᠴᠤᠳ ᠤᠨ ᠠᠰᠠᠷᠠᠮᠵᠢ ᠶᠢᠨ ᠬᠥᠷᠢᠶᠡᠯᠡᠩ ᠤᠨ ᠨᠠᠰᠤᠳᠠᠶᠢᠴᠤᠳ ᠤᠨ ᠬᠥᠳᠡᠯᠭᠡᠭᠡᠨ ᠤ ᠲᠠᠰᠤᠭ᠂ ᠬᠡᠤᠭᠡᠳ  ᠤᠨ ᠴᠡᠴᠡᠷᠯᠢᠭ ᠤᠨ ᠭᠠᠵᠠᠷ ᠵᠡᠷᠭᠡ ᠪᠠᠷ ᠬᠥᠷᠴᠥ ᠨᠠᠰᠤᠳᠠᠨ ᠪᠠ ᠬᠡᠤᠭᠡᠳ ᠲᠠᠢ ᠲᠤᠳᠤᠨᠤᠰᠤᠭ ᠢᠶᠠᠷ ᠶᠠᠷᠢᠯᠴᠠᠵᠠᠢ᠃ ᠨᠠᠰᠤᠳᠠᠶᠢᠴᠤᠳ ᠤᠨ ᠥᠳᠡᠯᠤᠭᠡ ᠨᠠᠰᠤ ᠪᠠᠨ ᠪᠠᠶᠠᠷ ᠵᠢᠷᠭᠠᠯᠳᠠᠢ ᠥᠩᠭᠡᠷᠡᠭᠦᠯᠵᠤ ᠪᠠᠶᠢᠭ᠎ᠠ ᠶᠢ ᠬᠠᠷᠠᠭᠠᠳ᠂ ᠱᠢ  ᠲᠠᠢ ᠹᠧᠩ ᠲᠤᠩ ᠪᠠᠶᠠᠷᠯᠠᠵᠤ᠂ ᠬᠠᠮᠢᠶᠠᠳᠠᠢ ᠲᠠᠯ᠎ᠠ ᠶᠢᠨ ᠬᠢᠨ ᠢ ᠨᠠᠰᠤᠳᠠᠶᠢᠴᠤᠳ ᠤᠨ ᠠᠮᠢᠳᠤᠷᠠᠯ ᠢ ᠰᠠᠶᠢᠲᠤᠷ ᠬᠠᠷᠠᠭᠠᠯᠵᠠᠵᠤ᠂ ᠲᠡᠳᠡᠨ ᠢ ᠥᠲᠡᠯᠦᠭᠡ ᠨᠠᠰᠤ ᠪᠠᠨ ᠠᠮᠤᠷ ᠵᠢᠷᠭᠠᠯᠲᠠᠢ ᠦᠩᠭᠡᠷᠡᠭᠦᠯᠬᠦ ᠶᠢ ᠪᠠᠳᠣᠯᠠᠬᠤ ᠬᠡᠷᠡᠭᠲᠠᠢ ᠭᠡᠵᠣ ᠵᠠᠬᠢᠵᠠᠢ᠃      ᠱᠢ ᠲᠠᠢ ᠹᠧᠩ ᠪᠠᠰᠠ ᠵᠡᠭᠦᠨ ᠬᠠᠳᠠᠪᠴᠢ ᠪᠤᠭᠤᠮᠳᠠ ᠶᠢᠨ ᠪᠥᠳᠥᠭᠡᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ᠂ ᠥᠪᠡᠷ ᠤᠨ ᠪᠡᠶ᠎ᠡ ᠶᠢᠨ ᠪᠤᠳᠠᠳᠤ ᠨᠥᠭᠦᠴᠡᠯ ᠪᠤᠯᠤᠨ ᠵᠠᠬ᠎ᠠ ᠲᠡᠯᠭᠡᠭᠦᠷ ᠤᠨ ᠪᠤᠳᠠᠳᠠᠢ ᠠᠴᠠ ᠪᠠᠨ ᠡᠭᠦᠰᠴᠥ᠂ ᠰᠢᠨᠵᠢᠯᠡᠭᠦ ᠤᠬᠠᠭᠠᠨᠴᠢ᠂ ᠨᠠᠷᠢᠯᠢᠭ ᠤᠨᠤᠴᠢᠳᠠᠢ ᠪᠠᠷ ᠪᠤᠭᠤᠮᠳᠠ ᠶᠢᠨ ᠬᠥᠭᠵᠢᠯᠳᠡ ᠶᠢ ᠲᠥᠯᠥᠪᠯᠡᠭᠦ ᠭᠡᠷᠡᠭᠳᠡᠢ ᠬᠡᠵᠡᠢ᠃      ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ ᠱᠢ ᠲᠠᠢ ᠹᠧᠩ ᠰᠢᠯᠢ ᠶᠢᠨ ᠭᠤᠤᠯ ᠠᠶᠢᠮᠠᠭ ᠤᠨ ᠨᠡᠭᠦᠷᠡᠰᠥᠨ ᠤ ᠡᠭᠢ ᠪᠠᠶᠠᠯᠢᠭ ᠤᠨ ᠬᠥᠷᠢᠶᠡᠨ ᠳᠠᠬᠢ ᠬᠠᠤᠯᠢ ᠲᠥᠷᠢᠮ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠭᠰᠠᠨ ᠲᠤᠰᠬᠠᠢ ᠲᠥᠷᠥᠯ ᠤᠨ ᠠᠵᠢᠯ ᠤᠨ ᠮᠡᠳᠡᠭᠦᠯᠥᠯᠳᠡ ᠶᠢ ᠰᠤᠨᠤᠰᠴᠠᠢ᠃ ᠲᠡᠷᠡ ᠴᠢᠬᠤᠯᠠᠴᠢᠯᠠᠬᠤ ᠳᠠᠭᠠᠨ᠂ ᠡᠯ᠎ᠡ ᠱᠠᠳᠤᠨ ᠤ ᠤᠳᠤᠷᠢᠳᠬᠤ ᠺᠠᠳ᠋ᠷ ᠵᠤᠭᠰᠤᠴᠠ ᠪᠠᠨ ᠤᠯᠠᠮ ᠪᠠᠳᠤᠵᠢᠭᠤᠯᠵᠤ᠂ ᠵᠤᠬᠢᠶᠠᠨ ᠪᠠᠶᠢᠭᠤᠯᠣᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠢᠯᠵᠢᠷᠡᠯ ᠤᠨ ᠠᠰᠠᠭᠤᠳᠠᠯ ᠪᠣᠯᠤᠨ ᠢᠯᠵᠢᠷᠡᠯ ᠤᠨ ᠡᠲᠡᠭᠡᠳ ᠲᠠᠢ ᠲᠤᠭ ᠲᠡᠮᠳᠡᠭ ᠲᠣᠳᠣᠷᠬᠠᠶ ᠪᠠᠷ ᠡᠷᠡᠰ ᠲᠡᠮᠡᠴᠡᠵᠤ᠂ ᠲᠤᠰᠬᠠᠢ ᠴᠡᠭᠴᠡᠯᠡᠨ ᠵᠠᠰᠠᠬᠤ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ ᠭᠡᠵᠠᠢ᠃      ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ ᠲᠠᠷᠤᠭ᠎ᠠ ᠵᠠᠩ ᠱᠣᠣ ᠴᠦᠨ ᠵᠢᠴᠢ ᠬᠠᠮᠢᠶᠠᠳᠠᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号