ᠾᠥᠸᠧ ᠵᠤᠤ ᠯᠢᠶᠠᠩ ᠪᠠᠷᠠᠭᠤᠨ ᠦᠵᠦᠮᠦᠴᠢᠨ ᠬᠤᠰᠢᠭᠤ᠂ ᠰᠢᠯᠢ ᠶᠢᠨ ᠬᠤᠲᠠ ᠳᠤ ᠵᠠᠳᠠᠭᠠᠶ ᠨᠡᠭᠦᠷᠡᠰᠦᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ‌‍ᠲ᠋ᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020/7/26
     7 ᠳ᠋ᠤᠭᠠᠷ ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠾᠥᠸᠧ ᠵᠤᠤ ᠯᠢᠶᠠᠩ ᠪᠠᠷᠠᠭᠤᠨ ᠦᠵᠦᠮᠦᠴᠢᠨ ᠬᠤᠰᠢᠭᠤ ᠪᠠ ᠰᠢᠯᠢ ᠶᠢᠨ ᠬᠤᠲᠠ ᠳᠤ ᠭᠦᠨᠵᠡᠭᠡᠶᠢᠷᠡᠵᠦ᠂ ᠵᠠᠳᠠᠭᠠᠶ ᠨᠡᠭᠦᠷᠡᠰᠦᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠱᠠᠯᠠᠪᠳᠠᠭᠤᠯᠤᠨ ᠵᠢᠯᠣᠭᠤᠳᠪᠠ᠃ ᠲᠡᠷᠡ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠵᠠᠳᠠᠭᠠᠶ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢᠨ ᠬᠤᠷᠳᠤᠴᠠ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠶᠢ ᠡᠷᠡᠰ ᠪᠤᠢ ᠪᠤᠯᠭᠠᠨ ᠨᠠᠶᠢᠳᠠᠪᠤᠷᠢᠵᠢᠭᠤᠯᠬᠤ ᠬᠡᠷᠡᠭᠲᠡᠢ ᠭᠡᠵᠠᠢ᠃      ᠾᠥᠸᠧ ᠵᠤᠤ ᠯᠢᠶᠠᠩ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠠᠭᠤᠷᠬᠠᠢ ᠶᠢᠨ ᠲᠤᠭᠤᠷᠢᠭ᠂ ᠰᠢᠯᠢ ᠶᠢᠨ ᠬᠤᠲᠠ ᠶᠢᠨ ᠢᠯᠠᠯᠲᠠ ᠠᠭᠤᠷᠬᠠᠢ ᠶᠢᠨ ᠣᠷᠣᠨ ᠤ ᠡᠯ᠎ᠡ ᠵᠠᠳᠠᠭᠠᠶ ᠨᠡᠭᠦᠷᠡᠰᠦᠨ ᠠᠭᠤᠷᠬᠠᠶ ᠪᠠᠷ ᠬᠦᠷᠴᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ᠂ ᠰᠢᠷᠣᠶ ᠭᠠᠳᠠᠭᠰᠢᠭᠤᠯᠤᠭᠰᠠᠨ ᠲᠠᠯᠠᠪᠠᠢ ᠶᠢ ᠰᠢᠷᠣᠶ ᠪᠦᠷᠬᠦᠭᠦᠯᠵᠦ᠂ ᠰᠦᠷᠴᠢᠨ ᠤᠰᠤᠯᠠᠬᠤ ᠬᠤᠭᠤᠯᠠᠶ ᠶᠢᠨ ᠵᠠᠮ ᠳᠡᠪᠢᠰᠦᠭᠰᠡᠨ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠬᠤᠯᠪᠣᠭᠳᠠᠯ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠠᠭᠤᠷᠬᠠᠶ ᠶᠢᠨ ᠣᠷᠣᠨ ᠤ ᠤᠷᠴᠢᠨ ᠲᠣᠭᠤᠷᠢᠨ ᠢ ᠵᠠᠰᠠᠬᠤ ᠲᠥᠯᠥᠪᠵᠢᠭᠦᠯᠭᠡ ᠪᠠ ᠠᠬᠢᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠤᠨᠤᠰᠤᠪᠠ᠃ ᠾᠥᠸᠧ ᠵᠤᠤ ᠯᠢᠶᠠᠩ ᠬᠤᠯᠪᠣᠭᠳᠠᠯ ᠪᠦᠬᠦᠢ ᠭᠠᠵᠠᠷ ᠣᠷᠣᠨ ᠪᠠ ᠡᠯ᠎ᠡ ᠠᠵᠤ ᠠᠬᠤᠶᠢᠯᠠᠯ ᠳᠤ᠂ ᠬᠠᠰᠢ ᠶᠠᠰᠢ ᠪᠠᠷ ᠥᠩᠭᠡᠷᠡᠭᠦᠯᠬᠦ ᠦᠵᠡᠯ ᠰᠠᠨᠠᠭ᠎ᠠ ᠪᠠ ᠠᠵᠠ ᠬᠠᠷᠠᠬᠤ ᠪᠤᠳᠤᠯ ᠢ ᠡᠷᠡᠰ ᠲᠡᠪᠴᠢᠵᠦ᠂ ᠦᠨᠡᠨ ᠪᠣᠳᠠᠲᠠᠶ ᠪᠠᠷ ᠠᠵᠢᠯᠯᠠᠬᠤ ᠶᠢ ᠳᠠᠬᠢᠨ ᠲᠠᠪᠲᠠᠨ ᠵᠠᠬᠢᠵᠦ᠂ ᠵᠢᠩᠬᠢᠨᠢ ᠪᠡᠯᠡ ᠤᠷᠤᠭᠤᠯᠵᠦ᠂ ᠰᠠᠨᠠᠭᠠᠴᠢᠯᠠᠭᠠᠲᠤ ᠪᠤᠰᠤ ᠵᠠᠰᠠᠯᠲᠠ ᠶᠢ ᠰᠠᠨᠠᠭᠠᠴᠢᠯᠠᠭᠠᠲᠤ ᠴᠢᠨᠠᠷᠲᠠᠶ ᠵᠠᠰᠠᠯᠲᠠ ᠪᠣᠯᠭᠠᠨ ᠬᠤᠪᠢᠷᠠᠭᠤᠯᠵᠤ᠂ ᠰᠡᠯᠭᠦᠨ ᠰᠡᠷᠭᠦᠭᠡᠬᠦ ᠴᠢᠨᠠᠷᠲᠠᠶ ᠵᠠᠰᠠᠯᠲᠠ ᠶᠢ ᠬᠠᠮᠠᠭᠠᠯᠠᠬᠤ ᠴᠢᠨᠠᠷᠲᠠᠶ ᠵᠠᠰᠠᠯᠲᠠ ᠪᠣᠯᠭᠠᠨ ᠬᠤᠪᠢᠷᠠᠭᠤᠯᠵᠤ᠂ ᠣᠳᠣᠬᠠᠨ ᠤ ᠨᠣᠭᠤᠭᠠᠷᠠᠭᠤᠯᠤᠯᠲᠠ ᠶᠢᠨ ᠠᠰᠢᠭᠲᠠᠢ ᠬᠤᠭᠤᠴᠠᠭ᠎ᠠ ᠶᠢ ᠠᠳᠬᠤᠵᠤ᠂ ᠪᠠᠷᠢᠯᠭ᠎ᠠ᠂ ᠠᠮᠢᠳᠤ ᠪᠣᠳᠠᠰ᠂ ᠤᠰᠤᠨ ᠠᠰᠢᠭᠯᠠᠯᠲᠠ᠂ ᠮᠡᠷᠭᠡᠵᠢᠯ ᠵᠡᠷᠭᠡ ᠠᠷᠭ᠎ᠠ ᠬᠡᠮᠵᠢᠶ᠎ᠡ ᠶᠢ ᠭᠦᠢᠴᠡᠳ ᠠᠰᠢᠭᠯᠠᠵᠦ᠂ ᠪᠦᠬᠦ ᠴᠢᠳᠠᠯ ᠢᠶᠠᠷ ᠢᠶᠠᠨ ᠳᠡᠦᠬᠡ  ᠶᠢᠨ ︿︿ᠦᠯᠡᠳᠡᠭᠳᠠᠯ ᠠᠰᠠᠭᠤᠳᠠᠯ ᠢ ᠵᠠᠰᠠᠨ﹀﹀ ᠨᠥᠬᠦᠪᠥᠷᠢᠯᠡᠬᠦ ᠬᠡᠷᠡᠭᠲᠡᠶ᠃ ᠨᠣᠭᠤᠭᠠᠷᠠᠭᠤᠯᠪᠠᠰᠤ ᠵᠣᠬᠢᠬᠤ ᠶᠢ ᠨᠢ ᠭᠦᠢᠴᠡᠳ ᠨᠣᠭᠤᠭᠠᠷᠠᠭᠤᠯᠵᠤ᠂ ᠬᠤᠭᠤᠴᠠᠭ᠎ᠠ ᠶᠣᠰᠣᠭᠠᠷ ᠨᠣᠭᠤᠭᠠᠷᠠᠭᠤᠯᠵᠤ᠂ ᠠᠭᠤᠷᠬᠠᠶ ᠨᠢᠭᠡᠪᠦᠷᠢ ᠶᠢ ᠲᠦᠷᠭᠡᠬᠡᠨ ᠨᠤᠭᠤᠭᠠᠷᠠᠭᠤᠯᠵᠦ᠂ ᠭᠤᠶᠦ ᠰᠠᠶᠢᠬᠠᠨ ᠪᠤᠯᠭᠠᠬᠤ ᠬᠡᠷᠡᠭᠲᠡᠶ ᠭᠡᠵᠠᠢ᠃      ᠾᠥᠸᠧ ᠵᠣᠣ ᠯᠢᠶᠠᠩ ᠵᠢᠭᠠᠵᠤ ᠭᠠᠷᠭᠠᠬᠤ ᠳᠠᠭᠠᠨ᠂ ᠲᠦᠷᠦᠭᠦᠬᠡᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ︽ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠣᠭᠲᠠᠭᠠᠯ︾ ᠭᠠᠷᠭᠠᠵᠦ᠂ ︽2020 ᠣᠨ ᠤ ᠵᠢᠯ ᠤᠨ ᠰᠡᠭᠦᠯᠴᠢ ᠠᠴᠠ ᠡᠮᠦᠨ᠎ᠡ ᠪᠣᠶ ᠪᠥᠬᠦᠶ ᠵᠠᠳᠠᠭᠠᠶ ᠨᠡᠭᠦᠷᠡᠰᠦᠨ ᠠᠭᠤᠷᠬᠠᠶ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠬᠥᠮᠥᠷᠭᠡ ᠳᠤ ᠣᠷᠣᠬᠤ ᠪᠠᠷ ᠭᠤᠶᠤᠴᠢᠯᠠᠬᠤ ᠨᠥᠬᠦᠴᠡᠯ ᠢ ᠪᠦᠷᠢᠯᠳᠦᠭᠦᠯᠦᠨ᠎ᠡ︾ ᠭᠡᠵᠦ ᠲᠣᠳᠣᠷᠬᠠᠶ ᠳᠤᠷᠠᠳᠤᠨ ᠭᠠᠷᠭᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠠᠳᠠᠭᠠᠶ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠬᠤᠯᠠ ᠪᠦᠭᠡᠳ ᠲᠤᠯᠭᠠᠮ᠎ᠠ ᠤᠯᠤᠰ ᠲᠥᠷᠥ ᠶᠢᠨ ᠡᠭᠦᠷᠭᠡ ᠪᠣᠯᠭᠠᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠣᠯᠤᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠦᠷᠢᠵᠢᠭᠤᠯᠵᠦ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠵᠠᠰᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠮᠦᠷᠳᠡᠨ ᠱᠠᠯᠠᠪᠳᠠᠭᠤᠯᠵᠦ᠂ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠳᠠᠪᠠᠭᠤᠯᠤᠨ ᠰᠤᠷᠤᠯᠴᠠᠵᠦ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠶ᠃ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠯᠳᠤᠬᠤ ᠪᠣᠳᠣᠯᠭ᠎ᠠ ᠶᠢᠨ ᠲᠤᠭᠲᠠᠯ ᠬᠦᠴᠦᠨ ᠢ ᠦᠷᠭᠦᠯᠵᠢᠯᠡᠨ ᠬᠠᠮᠠᠭᠠᠯᠠᠵᠤ᠂ ᠭᠤᠶᠢᠪᠢᠯᠵᠠᠬᠤ ᠦᠭᠡᠢ᠂ ᠰᠤᠯᠠᠷᠠᠭᠤᠯᠬᠤ ᠦᠭᠡᠢ᠂ ᠵᠠᠮ ᠭᠠᠷᠭᠠᠬᠤ ᠦᠭᠡᠢ ᠪᠠᠶᠢᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠨᠤᠲᠤᠭ ᠪᠡᠯᠴᠢᠭᠡᠷ ᠳᠡᠭᠡᠷ᠎ᠡ ᠠᠭᠤᠷᠬᠠᠶ ᠶᠢ ᠨᠡᠭᠡᠭᠡᠨ ᠠᠰᠢᠭᠯᠠᠬᠤ ᠵᠦᠢᠯᠡᠰ ᠢ ᠳᠠᠬᠢᠨ ᠰᠢᠨ᠎ᠡ ᠪᠠᠷ ᠨᠡᠭᠡᠭᠡᠬᠦ ᠶᠢ ᠡᠷᠡᠰ ᠴᠠᠭᠠᠵᠠᠯᠠᠨ᠎ᠠ᠃      ᠣᠳᠣ ᠪᠠᠶᠢᠭ᠎ᠠ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠨᠡᠩ ᠢᠯᠠᠩᠭᠤᠶ᠎ᠠ ᠲᠣᠮᠣ ᠬᠡᠯᠪᠡᠷᠢ ᠶᠢᠨ ᠣᠳᠣᠬᠢᠴᠢᠯᠠᠭᠰᠠᠨ ᠵᠠᠳᠠᠭᠠᠶ ᠨᠡᠭᠦᠷᠡᠰᠦᠨ ᠠᠭᠤᠷᠬᠠᠶ ᠶᠢᠨ ᠲᠡᠷᠢᠭᠦᠨ ᠤ ᠴᠢᠨᠠᠷ ᠰᠠᠶᠢᠲᠠᠶ ᠦᠢᠯᠡᠳᠪᠦᠷᠢᠯᠡᠬᠦ ᠴᠢᠳᠠᠪᠤᠷᠢ ᠶᠢ ᠡᠮᠬᠢ ᠵᠢᠷᠤᠮ ᠲᠠᠢ ᠪᠠᠷ ᠪᠠᠳᠠᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ ᠬᠢᠷᠢ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠶ ᠶᠢ ᠵᠠᠰᠠᠨ ᠰᠡᠷᠭᠦᠭᠡᠬᠦ ᠶᠢ ᠠᠭᠤᠰᠤᠯᠴᠠᠭᠤᠯᠤᠨ ᠬᠦᠭᠵᠢᠭᠦᠯᠬᠦ ᠰᠢᠨ᠎ᠡ ᠵᠠᠮ ᠢ ᠨᠡᠭᠡᠭᠡᠬᠦ ᠬᠡᠷᠡᠭᠲᠠᠢ ᠭᠡᠵᠠᠢ᠃      ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠯᠭᠠᠲᠠᠳ ᠱᠠᠯᠠᠪᠳᠠᠭᠤᠯᠤᠨ ᠵᠢᠯᠤᠭᠤᠳᠬᠤ ᠳᠤ ᠣᠷᠣᠯᠴᠠᠵᠠᠶ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号