ᠪᠠᠶᠠᠨᠬᠤᠰᠢᠭᠤ ᠪᠠᠯᠭᠠᠰᠤ ᠲᠠᠷᠢᠶᠠᠯᠠᠩ ᠤᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ‌‍ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020/7/7
     ︽ᠤᠯᠠᠭᠠᠶ ᠬᠠᠮᠢᠶᠠᠷᠤᠯᠲᠠ ᠶᠢᠨ ᠣᠷᠣᠨ ᠤ 2020 ᠤ ᠲᠠᠷᠢᠶᠠᠯᠠᠩ ᠤᠨ ᠭᠧᠨ  ᠰᠢᠯᠵᠢᠭᠦᠯᠦᠭᠰᠡᠨ ᠠᠮᠢᠳᠤ ᠪᠣᠳᠠᠰ ᠢ ᠬᠢᠨᠠᠨ ᠬᠠᠮᠢᠶᠠᠷᠬᠤ ᠠᠵᠢᠯ ᠤᠨ ᠲᠥᠰᠦᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠠᠮᠢᠶᠠᠷᠤᠯᠲᠠ ᠶᠢᠨ ᠣᠷᠣᠨ ᠤ ᠲᠠᠷᠢᠶᠠᠯᠠᠩ ᠤᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠬᠢᠨᠠᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠴᠢᠩᠭᠠᠳᠬᠠᠵᠤ᠂ ︽ᠲᠠᠷᠢᠶᠠᠯᠠᠩ ᠤᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯᠭᠦᠶ ᠶᠢᠨ ᠬᠠᠮᠢᠶᠠᠷᠤᠯᠲᠠ ᠶᠢᠨ ᠲᠦᠷᠢᠮ︾ ᠢ ᠭᠦᠨᠵᠡᠭᠡᠶ ᠲᠤᠭᠤᠰᠢᠯᠠᠭᠤᠯᠤᠨ ᠬᠡᠷᠡᠭᠵᠢᠭᠦᠯᠦᠨ᠂ ᠲᠠᠷᠢᠶᠠᠯᠠᠩ ᠤᠨ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯᠭᠦᠶ ᠬᠥᠭᠵᠢᠯᠲᠡ ᠶᠢ ᠪᠠᠲᠤᠯᠠᠬᠤ ᠶᠢᠨ ᠲᠦᠯᠦᠭᠡ  ᠂ 6 ᠰᠠᠷ᠎ᠠ ᠶᠢᠨ 30 ᠤ ᠡᠳᠦᠷ ᠠᠴᠠ 7 ᠰᠠᠷ᠎ᠠ ᠶᠢᠨ 1 ᠤ ᠡᠳᠦᠷ ᠪᠣᠯᠲᠠᠯ᠎ᠠ᠂  ᠪᠠᠶᠠᠨᠬᠤᠰᠢᠭᠤ ᠪᠠᠯᠭᠠᠰᠤ ᠠᠵᠢᠯᠲᠠᠨ ᠢᠶᠠᠨ ᠵᠣᠬᠢᠶᠠᠨ ᠪᠠᠶᠢᠭᠤᠯᠵᠤ  ᠲᠠᠷᠢᠶᠠᠨ ᠴᠢᠬᠢ ᠪᠠᠷᠢᠬᠤ ᠬᠤᠭᠤᠴᠠᠭᠠᠨ ᠤ ᠭᠧᠨ ᠰᠢᠯᠵᠢᠭᠦᠯᠦᠭᠰᠡᠨ ᠢ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠲᠣᠰ ᠤᠳᠠᠭ᠎ᠠ ᠨᠡᠶᠢᠲᠡ 63 ᠬᠡᠰᠡᠭ ᠭᠠᠵᠠᠷ ᠪᠠᠶᠢᠴᠠᠭᠠᠨ ᠬᠡᠮᠵᠢᠵᠦ᠂ ᠪᠠᠶᠢᠴᠠᠭᠠᠨ ᠬᠡᠮᠵᠢᠭᠰᠡᠨ ᠭᠠᠵᠠᠷ ᠤᠨ ᠬᠡᠰᠡᠭ ᠢ ᠮᠠᠯᠲᠠᠬᠤ ᠴᠡᠭ ᠤᠨ ᠪᠠᠶᠢᠷᠢ ᠲᠣᠭᠲᠠᠭᠠᠯᠲᠠ ᠬᠢᠬᠦ ᠶᠢᠨ ᠬᠠᠮᠲᠤ ︽ ᠴᠢᠬᠢ ᠪᠠᠷᠢᠬᠤ ᠬᠤᠭᠤᠴᠠᠭᠠᠨ ᠤ ᠭᠧᠨ ᠰᠢᠯᠵᠢᠭᠦᠯᠦᠭᠰᠡᠨ ᠪᠠᠶᠢᠴᠠᠭᠠᠨ ᠬᠡᠮᠵᠢᠭᠰᠡᠨ ᠲᠡᠮᠳᠡᠭᠯᠡᠯ ᠤᠨ ᠬᠦᠰᠦᠨᠦᠭ︾ ᠢ ᠲᠠᠭᠯᠠᠨ ᠪᠢᠴᠢᠵᠦ᠂ ᠦᠯᠢᠭᠡᠷ ᠠᠪᠴᠤ ᠪᠠᠶᠢᠴᠠᠭᠠᠨ ᠬᠡᠮᠵᠢᠭᠡᠳ ᠭᠧᠨ ᠰᠢᠯᠵᠢᠭᠦᠯᠦᠭᠰᠡᠨ ᠦᠯᠢᠭᠡᠷ ᠡᠳ᠋ ᠢ  ᠢᠯᠡᠷᠡᠭᠦᠯᠦᠭᠰᠡᠨ ᠥᠬᠡᠶ᠃ ᠳᠠᠷᠠᠭ᠎ᠠ  ᠪᠠᠷ ᠬᠠᠮᠢᠶ᠎ᠠ ᠪᠥᠬᠦᠶ ᠲᠠᠩᠰᠠ ᠡᠪᠬᠡᠮᠡᠯ ᠢ  ᠡᠮᠬᠢᠯᠡᠵᠦ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠦᠨ᠎ᠡ᠃
 
ᠢᠷᠡᠯᠲᠡ᠄ ᠤᠯᠠᠭᠠᠢ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号