ᠤᠯᠠᠭᠠᠶ ᠬᠠᠮᠢᠶᠠᠷᠤᠯᠲᠠ ᠶᠢᠨ ᠣᠷᠣᠨ ᠠᠶᠤᠯᠭᠦᠶ  ᠦᠢᠯᠡᠳᠪᠦᠷᠢᠯᠡᠯ ᠤᠨ ᠵᠥᠪᠯᠡᠯ ᠤᠨ 2020 ᠣᠨ ᠤ  ᠨᠠᠢᠮᠠᠳᠤᠭᠠᠷ  ᠤᠳᠠᠭᠠᠨ ᠤ  ᠲᠣᠭᠲᠠᠮᠠᠯ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/8/13
     8 ᠳ᠋ᠤᠭᠠᠷ ᠰᠠᠷ᠎ᠠ ᠶᠢᠨ 3 ᠤ ᠡᠳᠦᠷ᠂ ᠬᠠᠮᠢᠶᠠᠷᠤᠯᠲᠠ ᠶᠢᠨ ᠣᠷᠣᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ 2020 ᠤᠨ  ᠨᠠᠢᠮᠠᠳᠤᠭᠠᠷ ᠤᠳᠠᠭᠠᠨ ᠤ  ᠲᠣᠭᠲᠠᠮᠠᠯ ᠬᠤᠷᠠᠯ ᠢ ᠬᠤᠷᠠᠯᠳᠤᠭᠤᠯᠵᠤ᠂ ᠪᠦᠬᠦ ᠤᠯᠤᠰ  ᠶᠢᠨ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠪᠣᠯᠤᠨ ᠪᠦᠬᠦ ᠠᠶᠢᠮᠠᠭ ᠤᠨ ᠠᠵᠤ ᠠᠬᠤᠶᠢᠯᠠᠯ ᠤᠨ ᠠᠶᠤᠯ ᠦᠭᠡᠢ  ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠶ ᠶᠢᠨ ᠲᠠᠯᠠᠪᠠᠢ ᠶᠢᠨ ᠲᠣᠭᠤᠷᠢᠨ ᠦᠵᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠬᠦ ᠭᠤᠷᠪᠠᠨ ᠵᠢᠯ ᠤᠨ  ᠠᠵᠢᠯᠯᠠᠭᠠᠨ ᠤ  ᠣᠶᠢᠷ᠎ᠠ ᠶᠢᠨ ᠬᠤᠭᠤᠴᠠᠭᠠᠨ ᠤ ᠠᠵᠢᠯ ᠤᠨ ᠠᠬᠢᠴᠠ ᠶᠢ ᠵᠠᠷᠯᠠᠨ ᠮᠡᠳᠡᠭᠳᠡᠵᠦ᠂  ᠵᠠᠷᠢᠮ ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ  ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠪᠤᠭᠰᠠᠨ  ᠠᠷᠭ᠎ᠠ ᠬᠡᠮᠵᠢᠶ᠎ᠡ ᠵᠢᠴᠢ ᠲᠣᠪᠤᠶᠢᠮ᠎ᠠ  ᠠᠮᠵᠢᠯᠲᠠ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠬᠦᠯᠢᠶᠡᠨ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ  ᠯᠢᠩ ᠵᠦ ᠬᠤᠷᠠᠯ ᠢ ᠡᠷᠭᠢᠯᠡᠵᠦ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠠᠨ ᠯᠢ ᠵᠢᠶᠦ᠋ᠨ ᠬᠤᠷᠠᠯ ᠳᠤ ᠣᠷᠣᠯᠴᠠᠪᠠ᠃
     ᠬᠤᠷᠠᠯ ᠠᠴᠠ ᠴᠢᠬᠤᠯᠠᠴᠢᠯᠠᠭᠰᠠᠨ ᠨᠢ  ᠴᠠᠭ ᠤᠨ ᠪᠠᠶᠢᠳᠠᠯ ᠢ ᠲᠣᠳᠣᠷᠬᠠᠶ ᠲᠠᠨᠢᠵᠤ᠂ ᠠᠮᠤᠷ ᠲᠦᠪᠰᠢᠨ ᠢ ᠬᠠᠮᠠᠭᠠᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ᠂  ᠪᠠᠯᠭᠠᠰᠤ ᠲᠠᠯᠠᠪᠠᠢ᠂ ᠠᠵᠤ ᠠᠬᠤᠶᠢᠯᠠᠯ ︽ᠠᠮᠢ ᠨᠠᠰᠤ ᠡᠷᠬᠢᠮ ᠳᠡᠭᠡᠳᠦ᠂ ᠠᠮᠤᠷ ᠲᠦᠪᠰᠢᠨ ᠨᠢᠭᠡᠳᠦᠭᠡᠷ ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ︾ ᠪᠠ ︽ᠭᠤᠷᠪᠠ ᠶᠢ ᠬᠠᠮᠢᠶᠠᠷᠬᠤ᠂ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠬᠢᠨᠠᠮᠠᠭᠠᠶ ᠦᠢᠯᠡᠳᠦᠯᠭᠡᠵᠢᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠳᠤ ᠣᠷᠣᠯᠴᠠᠵᠤ᠂ ᠠᠮᠤᠷ ᠲᠦᠪᠰᠢᠨ ᠤ ᠡᠨᠡ ᠬᠦ ᠤᠯᠠᠭᠠᠨ ᠱᠤᠭᠤᠮ ᠢ ᠪᠠᠲᠤ ᠰᠠᠬᠢᠵᠤ᠂ ᠬᠠᠮᠢᠶᠠᠷᠤᠯᠲᠠ ᠶᠢᠨ ᠣᠷᠣᠨ ᠤ ᠠᠶᠤᠯᠭᠦᠢ  ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ  ᠪᠠᠲᠤᠯᠠᠬᠤ ᠬᠡᠷᠡᠭᠲᠡᠢ ᠭᠡᠵᠡᠢ᠃      ᠰᠠᠭᠤᠷᠢ ᠪᠠᠨ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠬᠦ ᠭᠤᠷᠪᠠᠨ ᠵᠢᠯ ᠤᠨ  ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠯ᠎ᠡ ᠪᠠᠯᠭᠠᠰᠤ ᠲᠠᠯᠠᠪᠠᠢ᠂ ᠰᠠᠯᠠᠭ᠎ᠠ ᠮᠥᠴᠢᠷ᠂  ᠠᠵᠤ ᠠᠬᠤᠶᠢᠯᠠᠯ ᠶᠡᠷᠦᠩᠬᠡᠶ ᠱᠦᠵᠢ ᠰᠢ ᠶᠢᠨ  ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠤᠬᠠᠭᠤᠯᠵᠤ  ᠲᠤᠭᠤᠰᠢᠯᠠᠭᠤᠯᠤᠨ᠂ ᠲᠤᠰᠬᠠᠶ  ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶᠢᠯᠠᠯ ᠤᠨ ᠠᠶᠤᠯᠭᠦᠶ  ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠡᠯ᠎ᠡ  ᠵᠦᠢᠯ ᠤᠨ ᠠᠵᠢᠯ ᠢ ᠰᠠᠶᠢᠲᠤᠷ ᠠᠳᠬᠤᠵᠤ᠂   ︽ᠭᠤᠷᠪᠠ ᠶᠢ ᠬᠤᠪᠢᠷᠠᠭᠤᠯᠬᠤ︾ ᠶᠢ ᠠᠬᠢᠭᠤᠯᠤᠨ᠂ ︽ᠳᠥᠷᠪᠡᠨ ᠳᠦᠷᠢᠮ ᠤᠨ ᠰᠢᠰᠲ᠋ᠧᠮ︾ ᠢ ᠲᠡᠭᠦᠯᠳᠡᠷᠵᠢᠭᠦᠯᠵᠦ᠂ ︽ᠲᠠᠪᠤ ᠶᠢ ᠪᠠᠶᠢᠩᠭᠤᠵᠢᠭᠤᠯᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠠᠳᠡᠯ ᠤᠨ ᠬᠡᠮ ᠰᠣᠭᠤᠭ ᠢ ᠦᠨᠳᠦᠰᠦᠨ ᠠᠴᠠ ᠨᠢ ᠠᠷᠢᠯᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ  ᠬᠢᠷᠢ ᠬᠡᠮᠵᠢᠶ᠎ᠡ  ᠶᠢ ᠳᠡᠭᠡᠭᠰᠢᠯᠡᠭᠦᠯᠬᠦ ᠬᠡᠷᠡᠭᠲᠡᠢ︔ ᠡᠯ᠎ᠡ ᠪᠠᠯᠭᠠᠰᠤ  ᠲᠠᠯᠠᠪᠠᠢ᠂ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠴᠢᠩᠭ᠎ᠠ  ᠪᠠᠶᠢᠴᠠᠭᠠᠵᠤ᠂ ᠴᠢᠩᠭ᠎ᠠ ᠬᠠᠮᠢᠶᠠᠷᠴᠤ᠂  ᠴᠢᠩᠭ᠎ᠠ ᠪᠠᠷ ᠲᠣᠷᠭᠠᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠢ ᠵᠢᠯᠣᠭᠤᠳᠤᠨ ᠲᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠢ ᠱᠠᠭᠠᠷᠳᠠᠵᠤ ᠪᠠᠶᠢᠭᠠᠳ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠥᠬᠦ ᠲᠠᠯ᠎ᠠ ᠪᠠᠷ ᠪᠠᠶᠢᠴᠠᠭᠠᠵᠤ ᠠᠳᠡᠯ ᠤᠨ ᠳᠠᠯᠳᠠ ᠬᠡᠮ ᠢ ᠴᠡᠭᠴᠡᠯᠡᠨ ᠵᠠᠰᠠᠬᠤ ᠬᠡᠷᠡᠭᠲᠡᠢ︔ ᠡᠯ᠎ᠡ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠪᠡᠶᠡᠴᠢᠯᠡᠨ ᠪᠠᠶᠢᠷᠢᠯᠠᠭᠤᠯᠵᠤ ᠨᠠᠶᠢᠳᠠᠪᠤᠷᠢᠵᠢᠭᠤᠯᠤᠨ᠂ ᠦᠨᠡᠨᠬᠦ ᠪᠠᠶᠢᠴᠠᠭᠠᠬᠤ᠂ ᠦᠨᠡᠨᠬᠦ ᠥᠭᠡᠷᠡᠴᠢᠯᠡᠬᠦ᠂ ᠦᠨᠡᠨᠬᠦ ᠨᠠᠶᠢᠳᠠᠪᠤᠷᠢᠵᠢᠭᠤᠯᠬᠤ ᠶᠢ ᠤᠬᠠᠮᠰᠠᠷ ᠠᠴᠠ ᠪᠠᠨ  ᠪᠡᠶᠡᠯᠡᠭᠦᠯᠵᠦ᠂ ᠠᠵᠤ ᠠᠬᠤᠶᠢᠯᠠᠯ ᠤᠨ ᠠᠶᠤᠯ ᠦᠭᠡᠢ  ᠦᠢᠯᠡᠳᠪᠦᠷᠢᠯᠡᠯ ᠤᠨ ᠤᠷᠲᠤ ᠬᠤᠭᠤᠴᠠᠭᠠᠨ ᠤ ᠪᠦᠲᠦᠮᠵᠢᠲᠡᠶ  ᠬᠠᠮᠢᠶᠠᠷᠤᠯᠲᠠ ᠶᠢᠨ ᠲᠣᠭᠲᠠᠴᠠ  ᠶᠢ ᠪᠦᠷᠢᠯᠳᠦᠭᠦᠯᠬᠦ ᠶᠢ ᠲᠦᠷᠭᠡᠳᠬᠡᠬᠦ ᠬᠡᠷᠡᠭᠲᠡᠶ᠃      ᠬᠤᠷᠠᠯ  ᠠᠴᠠ ᠱᠠᠭᠠᠷᠳᠠᠭᠰᠠᠨ ᠨᠢ ᠰᠠᠶᠢᠨ ᠲᠠᠢ ᠲᠠᠯ᠎ᠠ ᠶᠢ ᠨᠢ ᠰᠣᠷᠣᠯᠴᠠᠵᠤ᠂ ᠳᠤᠲᠠᠭᠳᠠᠯ ᠲᠠᠢ ᠲᠠᠯ᠎ᠠ ᠪᠠᠨ ᠨᠦᠬᠦᠪᠦᠷᠢᠯᠡᠨ᠂ ᠭᠤᠷᠪᠠᠨ ᠵᠢᠯ ᠤᠨ ᠲᠤᠰᠬᠠᠶ ᠴᠡᠭᠴᠡᠯᠡᠬᠦ ᠠᠵᠢᠯ ᠤᠨ ᠠᠮᠵᠢᠯᠲᠠ ᠢ ᠳᠣᠪᠤᠶᠢᠯᠭᠠᠬᠤ ᠬᠡᠷᠡᠭᠲᠡᠶ᠃ ᠡᠯ᠎ᠡ ᠪᠠᠯᠭᠠᠰᠤ ᠲᠠᠯᠠᠪᠠᠢ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ  ᠂ ᠲᠠᠪᠤᠨ ᠤᠳᠤᠷᠢᠳᠤᠮᠵᠢ ᠲᠠᠢ ᠨᠢᠭᠲᠠ ᠤᠶᠠᠯᠳᠤᠭᠤᠯᠵᠤ᠂  ᠪᠠᠶᠢᠴᠠᠭᠠᠨ ᠭᠠᠷᠭᠠᠭᠰᠠᠨ ᠠᠶᠤᠯ ᠲᠦᠭᠰᠢᠭᠦᠷᠢ ᠶᠢᠨ ᠬᠡᠮ ᠰᠣᠭᠤᠭ ᠤᠨ ᠳᠣᠲᠣᠷ᠎ᠠ ᠠᠴᠠ ᠵᠢᠮ᠎ᠡ ᠶᠣᠰᠣᠨ ᠤ ᠣᠨᠴᠠᠯᠢᠭ ᠢ ᠡᠵᠡᠮᠳᠡᠵᠦ᠂ ᠲᠦᠷᠢᠮ ᠲᠣᠭᠲᠠᠭᠠᠯ ᠤᠨ ᠲᠠᠯ᠎ᠠ ᠪᠠᠷ ᠤᠯᠠᠮ ᠨᠢᠭᠡ ᠠᠯᠬᠤᠮ ᠰᠢᠰᠲ᠋ᠧᠮᠵᠢᠭᠦᠯᠦᠨ᠂ ᠦᠨᠳᠦᠰᠦᠨ ᠠᠴᠠ ᠨᠢ ᠵᠠᠰᠠᠬᠤ ᠪᠠᠷ ᠴᠢᠷᠮᠠᠶᠢᠬᠤ ᠬᠡᠷᠡᠭᠲᠡᠶ︔ ᠡᠯ᠎ᠡ ᠬᠤᠰᠢᠭᠤ ᠰᠢᠶᠠᠨ ᠪᠣᠯᠤᠨ ᠲᠡᠷᠢᠭᠦᠨ ᠤ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ᠂ ᠪᠡᠯᠡ  ᠮᠦᠩᠭᠦ ᠶᠢᠨ ᠣᠷᠣᠭᠤᠯᠤᠯᠲᠠ ᠵᠡᠷᠭᠡ ᠲᠠᠯ᠎ᠠ ᠶᠢᠨ ᠰᠠᠶᠢᠨ ᠲᠤᠷᠰᠢᠯᠭ᠎ᠠ᠂  ᠰᠤᠷᠭᠠᠮᠵᠢ ᠪᠠᠷ ᠲᠣᠯᠢ ᠪᠣᠯᠭᠠᠵᠤ᠂ ᠠᠶᠤᠯᠭᠦᠶ  ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ  ᠤᠯᠤᠰ ᠲᠦᠷᠥ᠂ ᠦᠵᠡᠯ ᠰᠠᠨᠠᠭ᠎ᠠ᠂ ᠪᠡᠶᠡᠴᠢ ᠲᠠᠯ᠎ᠠ ᠶᠢᠨ ᠤᠬᠠᠮᠰᠠᠷ ᠢ ᠳᠣᠪᠤᠶᠢᠯᠭᠠᠵᠤ᠂ ᠬᠠᠨᠳᠤᠯᠭᠠᠲᠤ ᠴᠢᠨᠠᠷᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ  ᠠᠮᠵᠢᠯᠲᠠ ᠪᠦᠲᠦᠭᠡᠯ ᠢ ᠳᠣᠪᠤᠶᠢᠯᠭᠠᠵᠤ ᠂  ᠭᠤᠷᠪᠠᠨ ᠵᠢᠯ ᠤᠨ  ᠴᠡᠭᠴᠡᠯᠡᠯᠲᠡ ᠶᠢ ᠪᠦᠲᠦᠭᠡᠯᠴᠢ ᠪᠠᠷ ᠨᠠᠶᠢᠳᠠᠪᠤᠷᠢᠵᠢᠭᠤᠯᠬᠤ ᠶᠢ ᠳᠣᠪᠤᠶᠢᠯᠭᠠᠵᠤ᠂ ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ᠡᠯ᠎ᠡ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠣᠳᠣᠬᠠᠨ ᠳᠤ ᠶᠠᠭ ᠰᠠᠶᠢᠬᠠᠨ ᠵᠢᠭᠤᠯᠴᠢᠯᠠᠯ ᠤᠨ ᠤᠯᠠᠷᠢᠯ ᠪᠣᠯᠵᠤ᠂  ᠨᠠᠭᠠᠰᠢ ᠴᠠᠭᠠᠰᠢ ᠶᠠᠪᠤᠬᠤ ᠲᠡᠷᠭᠡ ᠨᠡᠯᠢᠶᠡᠳ ᠣᠯᠠᠨ ᠪᠣᠢ᠂ ᠡᠭᠦᠨ ᠳᠤ ᠵᠠᠮ ᠬᠠᠷᠢᠯᠴᠠᠭᠠᠨ ᠤ ᠴᠠᠭᠳᠠᠭ᠎ᠠ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃  ᠮᠦᠨ ᠴᠤ ᠪᠣᠷᠣᠭᠠᠨ ᠤ ᠤᠯᠠᠷᠢᠯ  ᠪᠣᠯᠵᠤ ᠪᠠᠶᠢᠬᠤ ᠤᠴᠢᠷ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠶᠡᠷ ᠢ ᠰᠡᠷᠭᠡᠶᠢᠯᠡᠬᠦ ᠠᠵᠢᠯ ᠢ ᠬᠦᠴᠦᠯᠡᠨ ᠰᠠᠶᠢᠲᠤᠷ ᠬᠢᠵᠦ᠂  ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃
     ᠬᠠᠮᠢᠶᠠᠷᠤᠯᠲᠠ ᠶᠢᠨ ᠣᠷᠣᠨ ᠤ ᠡᠯ᠎ᠡ  ᠪᠠᠯᠭᠠᠰᠤ ᠲᠠᠯᠠᠪᠠᠶ ᠵᠢᠴᠢ ᠠᠶᠤᠯ ᠥᠬᠡᠶ  ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ  ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号