ᠱᠢ ᠲᠠᠢ ᠹᠧᠩ ᠰᠢᠯᠢ ᠶᠢᠨ ᠭᠤᠤᠯ ᠠᠶᠢᠮᠠᠭ ᠪᠤᠯᠤᠨ ᠤᠯᠠᠭᠠᠨᠬᠠᠳᠠ ᠬᠤᠲᠠ ᠳᠤ ᠭᠦᠨᠵᠡᠭᠡᠶᠢᠷᠡᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/8/4
     7 ᠳ᠋ᠤᠭᠠᠷ ᠰᠠᠷ᠎ᠠ ᠶᠢᠨ 27 ᠤ ᠡᠳᠦᠷ ᠠᠴᠠ 29 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ ᠡᠷᠬᠢᠯᠡᠭᠴᠢ ᠱᠢ ᠲᠠᠢ ᠹᠧᠩ ᠠᠪᠠᠭ᠎ᠠ ᠬᠤᠰᠢᠭᠤ᠂ ᠰᠢᠯᠤᠭᠤᠨ ᠬᠥᠬᠡ ᠬᠤᠰᠢᠭᠤ᠂ ᠳᠣᠯᠣᠨ ᠨᠤᠤᠷ ᠰᠢᠶᠠᠨ ᠪᠣᠯᠤᠨ ᠬᠡᠰᠢᠭᠲᠡᠨ ᠬᠤᠰᠢᠭᠤᠨ ᠳᠤ ᠭᠦᠨᠵᠡᠭᠡᠶᠢᠷᠡᠨ᠂ ᠮᠠᠯᠵᠢᠯ ᠤᠨ ᠲᠠᠯᠠᠪᠤᠷ ᠲᠤ ᠬᠦᠷᠴᠦ᠂ ᠮᠠᠯᠵᠢᠬᠤ ᠡᠷᠦᠬᠡ ᠳᠤ ᠤᠴᠢᠵᠦ᠂ ᠲᠥᠷᠥᠯ ᠵᠦᠢᠯ ᠢ ᠦᠵᠡᠨ᠂ ᠣᠷᠣᠯᠭ᠎ᠠ ᠶᠢ ᠪᠤᠳᠤᠵᠤ᠂ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃      ᠰᠢᠯᠢ ᠶᠢᠨ ᠭᠤᠤᠯ ᠤᠨ ᠲᠠᠯ᠎ᠠ ᠨᠤᠲᠤᠭ ᠲᠤ ᠲᠢᠩ ᠪᠠᠭᠠᠲᠤᠷ ᠤᠨ ᠦᠢᠯᠡ ᠶᠠᠪᠤᠳᠠᠯ   ᠢ ᠬᠥᠮᠦᠨ ᠪᠦᠬᠦᠨ ᠮᠡᠳᠡᠨ᠎ᠡ᠃ ᠱᠢ ᠲᠠᠢ ᠹᠧᠩ ᠡᠩ ᠲᠡᠷᠢᠭᠦᠨ ᠳᠤ ᠲᠡᠭᠦᠨ ᠤ ᠭᠡᠷ ᠲᠤ ᠬᠦᠷᠴᠦ᠂ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠪᠠᠶᠢᠳᠠᠯ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠢᠩ · ᠪᠠᠭᠠᠲᠤᠷ ᠲᠠᠢ ᠭᠦᠨᠵᠡᠭᠡᠶ ᠶᠠᠷᠢᠯᠴᠠᠪᠠ᠃ ᠱᠢ ᠲᠠᠢ ᠹᠧᠩ ᠶᠠᠷᠢᠬᠤ ᠳᠠᠭᠠᠨ᠂ ᠲᠢᠩ ᠪᠠᠭᠠᠲᠤᠷ ᠨᠥᠬᠦᠷ ᠬᠡᠳᠦᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠠᠷᠪᠠᠨ ᠵᠢᠯ ᠤᠨ ᠲᠤᠷᠰᠢ ᠢᠮᠠᠭᠲᠠ ᠪᠠᠷᠢᠮᠲᠠᠯᠠᠵᠤ᠂ ᠪᠣᠳᠠᠲᠤ ᠪᠠᠶᠢᠳᠠᠯ ᠳᠤ ᠰᠠᠭᠤᠷᠢᠯᠠᠨ ᠴᠥᠬᠦᠷᠡᠰᠢ ᠦᠭᠡᠢ ᠬᠠᠶᠢᠨ ᠰᠦᠪᠡᠭᠴᠢᠯᠡᠯᠲᠡ ᠬᠢᠵᠦ᠂ ᠮᠠᠯᠴᠢᠨ ᠲᠦᠮᠡᠨ ᠢ ᠳᠠᠭᠠᠭᠤᠯᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠲᠠᠯ᠎ᠠ ᠨᠤᠲᠤᠭ ᠤᠨ ᠠᠮᠢ ᠠᠬᠤᠶ ᠶᠢ ᠬᠠᠮᠠᠭᠠᠯᠠᠬᠤ᠂ ᠲᠡᠵᠢᠭᠡᠨ ᠦᠷᠡᠵᠢᠭᠦᠯᠵᠦ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠢᠯᠡᠳᠲᠡ ᠠᠮᠵᠢᠯᠲᠠ ᠤᠯᠵᠦ᠂ ᠨᠡᠷ᠎ᠡ ᠨᠢᠳᠡᠷ ᠲᠡᠭᠡᠨ ᠲᠡᠩᠴᠡᠭᠰᠡᠨ ︽ᠴᠠᠭ ᠦᠶ᠎ᠡ ᠶᠢᠨ ᠬᠤᠰᠢᠭᠤᠴᠢ︾ ᠮᠥᠨ᠃ ᠤᠬᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠩ ᠣᠯᠠᠨ ᠮᠠᠯᠴᠢᠨ ᠲᠦᠮᠡᠨ ᠢ ᠬᠥᠲᠥᠯᠥᠨ ᠵᠢᠯᠣᠭᠤᠳᠴᠤ ᠦᠵᠡᠯ ᠪᠤᠳᠤᠯ ᠢ  ᠨᠢ ᠬᠤᠪᠢᠷᠠᠭᠤᠯᠵᠤ᠂ ᠰᠢᠨ᠎ᠡ ᠰᠡᠪᠡᠭᠦᠨ ᠲᠤᠷᠰᠢᠯᠭ᠎ᠠ ᠰᠤᠷᠤᠯᠴᠠᠭᠤᠯᠵᠤ᠂ ᠠᠵᠤ ᠠᠬᠤᠢ ᠶᠢᠨ ᠳᠠᠩᠰᠠ᠂ ᠠᠮᠢ ᠠᠬᠤᠢ ᠶᠢᠨ ᠳᠠᠩᠰᠠ ᠶᠢ ᠪᠣᠳᠣᠵᠤ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠤᠷᠢᠲᠠᠯ ᠳᠣᠤᠷ᠎ᠠ᠂ ᠮᠠᠯ ᠠᠵᠤ ᠠᠬᠤᠢ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠪᠦᠲᠦᠴᠡ ᠪᠠᠨ ᠲᠣᠬᠢᠷᠠᠭᠤᠯᠬᠤ ᠶᠢ ᠲᠦᠷᠭᠡᠳᠬᠡᠨ ᠠᠬᠢᠭᠤᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠪᠦᠲᠦᠮᠵᠢᠲᠡᠶ ᠬᠠᠮᠠᠭᠠᠯᠠᠬᠤ ᠮᠥᠷᠲᠡᠭᠡᠨ ᠮᠠᠯᠴᠢᠳ ᠤᠨ ᠤᠷᠤᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠶ ᠭᠡᠪᠡ᠃ ᠱᠢ ᠲᠠᠢ ᠹᠧᠩ ᠡᠩᠭᠡᠷ ᠪᠤᠯᠠᠭ ᠭᠠᠴᠠᠭᠠᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠬᠦᠷᠴᠦ᠂ ᠬᠠᠷᠢᠭᠤᠴᠠᠯᠭᠠᠲᠠᠨ ᠠᠪᠢᠷᠮᠢᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠦᠬᠡᠷ ᠲᠡᠵᠢᠭᠡᠬᠦ ᠦᠷ᠎ᠡ ᠠᠰᠢᠭ ᠢ ᠨᠠᠷᠢᠨ ᠤᠶᠢᠯᠠᠭᠠᠵᠠᠢ᠃ ᠱᠢ ᠲᠠᠢ ᠹᠧᠩ ᠵᠢᠭᠠᠵᠤ ᠭᠠᠷᠭᠠᠬᠤ ᠳᠠᠭᠠᠨ᠂ ᠲᠠᠯ᠎ᠠ ᠨᠤᠲᠤᠭ ᠪᠣᠯ ᠮᠠᠯᠴᠢᠳ ᠤᠨ ᠠᠮᠢᠨ ᠰᠤᠳᠠᠰᠤ ᠮᠥᠨ᠂ ᠬᠡᠷᠪᠡ ᠲᠠᠯ᠎ᠠ ᠨᠤᠲᠤᠭ ᠤᠨ ᠠᠮᠢ ᠠᠬᠤᠶ ᠡᠪᠳᠡᠭᠳᠡᠪᠡᠯ ᠮᠠᠯᠴᠢᠳ ᠣᠷᠣᠰᠢᠨ ᠲᠣᠭᠲᠠᠨᠢᠬᠤ ᠦᠨᠳᠦᠰᠦ ᠰᠠᠭᠤᠷᠢ ᠪᠠᠨ ᠠᠯᠳᠠᠬᠤ ᠪᠣᠯᠤᠨ᠎ᠠ᠂ ᠭᠠᠭᠴᠠ ᠬᠦ ᠠᠮᠢ ᠠᠬᠤᠶ ᠶᠢ ᠰᠠᠶᠢᠲᠤᠷ ᠬᠠᠮᠠᠭᠠᠯᠠᠪᠠᠯ᠂ ᠮᠠᠯᠴᠢᠨ ᠲᠦᠮᠡᠨ ᠰᠠᠶ᠋ᠢ ᠨᠠᠩ ᠰᠠᠶᠢᠨ ᠠᠮᠢᠳᠤᠷᠠᠵᠤ ᠴᠢᠳᠠᠨ᠎ᠠ ᠭᠡᠪᠡ᠃ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠤᠨ᠂ ᠵᠣᠬᠢᠶᠠᠨ ᠪᠠᠶᠢᠭᠤᠯᠤᠯᠲᠠᠵᠢᠭᠰᠠᠨ᠂ ᠬᠡᠪᠴᠢᠶᠡᠵᠢᠭᠰᠡᠨ ᠡᠵᠡᠩᠨᠡᠯᠲᠡ ᠶᠢᠨ ᠬᠢᠷᠢ ᠲᠦᠪᠰᠢᠨ ᠢᠶᠠᠨ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠴᠢᠳᠠᠪᠤᠷᠢᠲᠠᠨ ᠤ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠣᠯᠠᠨ ᠮᠠᠯᠴᠢᠳ ᠢ ᠵᠢᠯᠣᠭᠤᠳᠤᠨ ᠲᠤᠭ᠎ᠠ ᠬᠡᠮᠵᠢᠶ᠎ᠡ ᠶᠢ ᠪᠠᠭᠠᠰᠬᠠᠵᠤ᠂ ᠥᠨᠳᠥᠷ ᠦᠷ᠎ᠡ ᠪᠦᠲᠦᠮᠵᠢᠲᠡᠶ᠂ ᠨᠠᠷᠢᠯᠢᠭ ᠲᠡᠵᠢᠭᠡᠬᠦ ᠵᠠᠮ ᠢᠶᠠᠷ ᠵᠠᠮᠨᠠᠵᠦ᠂ ᠥᠪᠡᠷ ᠤᠨ ᠥᠷᠲᠡᠭ ᠢ ᠪᠠᠭᠤᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠣᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠠᠢ ᠭᠡᠪᠡ᠃ 20 ᠭᠠᠷᠤᠶ ᠵᠢᠯ ᠤᠨ ᠵᠠᠰᠠᠯᠲᠠ ᠪᠠᠷ ᠳᠠᠮᠵᠢᠭᠠᠳ᠂ ᠥᠩᠭᠡᠷᠡᠭᠰᠡᠨ ᠤ ︽ᠶᠡᠭᠡ ᠡᠯᠡᠰᠦᠨ ᠬᠤᠲᠣᠭᠤᠷ︾ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠨᠢᠭᠡᠨᠲᠡ ᠤᠮᠠᠷᠠᠲᠤ ᠣᠷᠣᠨ ᠢ ᠰᠠᠬᠢᠨ ᠬᠠᠮᠠᠭᠠᠯᠠᠬᠤ ᠪᠣᠬᠢᠷᠲᠤᠯ ᠥᠬᠡᠶ ᠠᠮᠢ ᠠᠬᠤᠶ ᠶᠢᠨ ᠬᠠᠯᠬᠠᠪᠴᠢ ᠪᠣᠯᠵᠠᠶ᠃ ᠱᠢ ᠲᠠᠢ ᠹᠧᠩ ᠤᠷᠢᠳ ᠬᠤᠵᠢᠳ ᠪᠠᠭ᠎ᠠ ᠵᠢᠭᠠᠰᠤᠲᠠᠶ ᠨᠠᠭᠤᠷ᠂ ᠡᠯ ᠳ᠋ᠤᠤ ᠸᠠ᠂ ᠳ᠋ᠠ ᠾᠧ ᠺᠸᠦ᠂ ᠱᠦᠶ ᠴᠢᠤᠸᠠᠨ ᠵᠡᠷᠭᠡ ᠵᠠᠰᠠᠯᠲᠠ ᠶᠢᠨ ᠲᠥᠷᠥᠯ ᠵᠦᠢᠯ ᠤᠨ ᠲᠣᠭᠤᠷᠢᠭ ᠪᠣᠯᠤᠨ ᠭᠦᠸᠧ ᠬᠤᠸᠠ ᠴᠡᠴᠡᠷᠯᠢᠭ ᠤᠨ ᠴᠢᠬᠢ ᠮᠣᠳᠣᠨ ᠤ ᠰᠠᠭᠤᠷᠢᠨ ᠭᠠᠵᠠᠷ ᠲᠤ ᠬᠦᠷᠴᠦ᠂ ᠡᠯᠡᠰᠦᠷᠬᠡᠭ ᠭᠠᠵᠠᠷ ᠵᠢᠴᠢ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠭᠰᠠᠨ᠂ ᠣᠷᠣᠨ ᠪᠦᠰᠡ ᠶᠢ ᠪᠢᠲᠡᠭᠦᠮᠵᠢᠯᠡᠨ ᠬᠠᠮᠠᠭᠠᠯᠠᠭᠰᠠᠨ ᠵᠡᠷᠭᠡ ᠪᠠᠶᠢᠳᠠᠯ ᠢ ᠪᠣᠳᠠᠲᠠᠶ ᠭᠠᠵᠠᠷ ᠲᠤᠨᠢ ᠪᠠᠶᠢᠴᠠᠭᠠᠵᠤ᠂ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠴᠢᠩᠭ᠎ᠠ ᠬᠢᠨᠠᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠬᠢᠨᠠᠮᠠᠭᠠᠶ ᠰᠣᠨᠣᠰᠴᠤ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠂ ᠥᠨᠳᠥᠷ ᠤᠨ ᠬᠡᠮᠵᠢᠶ᠎ᠡ᠂ ᠲᠦᠷᠦᠯ ᠵᠦᠢᠯ ᠤᠨ ᠣᠯᠠᠨ ᠶᠠᠩᠵᠤᠲᠤ ᠴᠢᠨᠠᠷ ᠵᠡᠷᠭᠡ ᠶᠢ ᠪᠠᠶᠢᠴᠠᠭᠠᠨ ᠦᠵᠡᠬᠦ ᠪᠠ ᠣᠶᠢᠯᠠᠭᠠᠬᠤ ᠪᠠᠷ ᠳᠠᠮᠵᠢᠭᠤᠯᠤᠨ ᠠᠮᠢ ᠠᠬᠤᠢ ᠶᠢᠨ ᠵᠠᠰᠠᠨ ᠰᠡᠷᠭᠦᠭᠡᠭᠰᠡᠨ ᠪᠠᠶᠢᠳᠠᠯ ᠢ ᠭᠦᠨᠵᠡᠭᠡᠶ ᠰᠢᠨᠵᠢᠯᠡᠨ ᠪᠠᠶᠢᠴᠠᠭᠠᠵᠠᠢ᠃ ᠲᠡᠷᠡ ᠬᠡᠯᠡᠬᠦ ᠳᠡᠭᠡᠨ᠄ ᠥᠩᠭᠡᠷᠡᠭᠰᠡᠨ ᠳᠤ ᠪᠡᠭᠡᠵᠢᠩ ᠲᠢᠶᠠᠨᠵᠢᠨ ᠤ ᠡᠯᠡᠰᠦᠨ ᠤ ᠡᠬᠢ᠂ ᠥᠨᠥᠳᠦᠷ ᠤᠨ ᠨᠡᠶᠢᠰᠯᠡᠯ ᠤᠨ ︿︿ᠠᠷᠤ ᠴᠡᠴᠡᠷᠯᠢᠭ﹀﹀᠂ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠴᠥᠬᠦᠷᠡᠰᠢ ᠦᠭᠡᠶ ᠵᠠᠰᠠᠵᠤ ᠬᠠᠮᠠᠭᠠᠯᠠᠭᠰᠠᠨ ᠠᠴᠠ᠂ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠢᠯᠡᠳᠲᠡ ᠰᠠᠶᠢᠵᠢᠷᠠᠵᠠᠢ ᠂ ᠡᠯ᠎ᠡ ᠱᠠᠲᠤᠨ ᠤ ᠬᠢᠨ ᠬᠢᠯᠪᠠᠷ ᠪᠤᠰᠤ ᠪᠠᠷ ᠣᠯᠤᠭᠰᠠᠨ ᠦᠷ᠎ᠡ ᠪᠦᠲᠦᠭᠡᠮᠵᠢ ᠪᠠᠨ ᠦᠨᠡᠨᠬᠦ ᠨᠠᠨᠳᠢᠩᠨᠠᠨ ᠪᠠᠬᠢᠵᠢᠭᠦᠯᠵᠦ ᠂ ᠠᠮᠢ ᠠᠬᠤᠢ ᠶᠢᠨ ᠪᠠᠶᠢᠳᠠᠯ ᠤᠨ ᠬᠡᠪᠡᠷᠡᠭ ᠴᠢᠨᠠᠷ ᠢ ᠰᠡᠷᠭᠡᠭ ᠢᠶᠠᠷ ᠲᠠᠨᠢᠵᠤ᠂ ᠲᠤᠰᠢᠶᠠᠯ ᠳᠠᠷᠠᠭᠠᠯᠠᠨ ᠵᠠᠯᠭᠠᠨ ᠬᠢᠵᠦ᠂ ᠲᠠᠯ᠎ᠠ ᠨᠤᠲᠤᠭ ᠤᠨ ᠠᠮᠢ ᠠᠬᠤᠢ ᠶᠢ ᠦᠷᠭᠦᠯᠵᠢᠯᠡᠨ ᠰᠠᠶᠢᠲᠤᠷ ᠬᠠᠮᠠᠭᠠᠯᠬᠤ ᠬᠡᠷᠡᠭᠲᠠᠢ ᠭᠡᠪᠡ᠃ ᠴᠢᠦᠢ ᠤᠪᠤᠭᠲᠦ ᠶᠢᠨ ᠬᠦᠷᠢᠶᠡᠨ ᠤ ᠮᠣᠳᠣᠨ ᠭᠡᠷ ᠨᠢ ᠲᠠᠷᠢ ᠲᠡᠭᠰᠢ᠂ ᠬᠦᠷᠢᠶ᠎ᠡ ᠨᠢ ᠴᠡᠪᠡᠷ ᠰᠠᠶᠢᠬᠠᠨ᠂ ᠭᠡᠷ ᠤᠨ ᠡᠵᠡᠨ ᠯᠢ ᠢᠦᠢ ᠮᠢᠨ ᠱᠢ ᠲᠠᠢ ᠹᠧᠩ ᠢ ᠭᠡᠷ ᠲᠡᠭᠡᠨ ᠵᠠᠯᠠᠵᠤ ᠰᠡᠷᠢᠭᠦᠴᠡᠭᠦᠯᠬᠦ ᠳᠡᠭᠡᠨ᠂ ᠲᠡᠷᠡ ᠪᠠᠶᠠᠷᠲᠠᠢ ᠪᠠᠷ ᠠᠭᠯᠠᠭ ᠠᠭᠤᠯᠠ ᠶᠢ ᠳᠠᠭᠠᠭᠠᠴᠢᠯᠠᠨ ᠮᠣᠳᠣ ᠲᠠᠷᠢᠵᠤ ᠣᠶᠢᠵᠢᠭᠤᠯᠵᠤ ᠴᠢᠬᠢ ᠮᠣᠳᠣ ᠡᠵᠡᠩᠨᠡᠭᠡᠳ ᠵᠤᠭᠤᠰ ᠤᠯᠵᠦ᠂ ᠤᠳᠤ ᠪᠠᠰᠠ ᠲᠠᠷᠢᠶᠠᠴᠢᠨ ᠠᠶᠢᠯ ᠤᠨ ᠵᠤᠭᠠᠴᠠᠯ  ᠬᠢᠵᠦ᠂ ᠠᠮᠢᠳᠤᠷᠠᠯ ᠶᠠᠪᠤᠬᠤ ᠲᠤᠳᠤᠮ ᠰᠠᠶᠢᠵᠢᠷᠠᠭᠰᠠᠨ ᠭᠡᠪᠡ᠃ ᠱᠢ ᠲᠠᠢ ᠹᠧᠩ ᠬᠡᠯᠡᠬᠦ  ᠳᠡᠭᠡᠨ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ  ᠮᠥᠨ᠂ ᠲᠠ ᠨᠠᠷ ᠤᠨ ᠲᠠᠷᠢᠭᠰᠠᠨ ᠮᠣᠳᠣ ᠴᠢᠨᠢ ᠪᠦᠷ ︽ᠨᠤᠭᠤᠭᠠᠨ ᠪᠠᠩᠭᠢ︾ ᠪᠤᠯᠤᠨ᠎ᠠ᠂   ᠣᠳᠣ ᠠᠮᠢ ᠠᠬᠤᠢ ᠶᠢᠨ ᠣᠷᠴᠢᠨ ᠲᠣᠭᠤᠷᠢᠨ ᠤᠯᠠᠮ ᠠᠴᠠ ᠤᠯᠠᠮ ᠰᠠᠶᠢᠨ ᠪᠣᠯᠵᠤ   ᠪᠠᠶᠢᠨ᠎ᠠ᠂ ᠠᠳᠡ ᠢᠷᠡᠵᠦ ᠵᠤᠭᠠᠴᠠᠬᠤ ᠬᠥᠮᠦᠨ ᠤᠯᠠᠮ ᠠᠴᠠ ᠤᠯᠠᠮ ᠠᠷᠪᠢᠨ ᠪᠣᠯᠤᠨ᠎ᠠ᠃ ᠡᠯ᠎ᠡ ᠭᠠᠵᠠᠷ ᠤᠷᠤᠨ ᠨᠢ ᠮᠠᠯᠴᠢᠨ ᠲᠠᠷᠢᠶᠠᠴᠢᠨ ᠤ ᠪᠣᠬᠢᠷᠲᠤᠯ ᠦᠭᠡᠢ ᠭᠡᠷ ᠣᠷᠣᠨ ᠢᠶᠠᠨ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠢᠳᠡᠪᠬᠢᠵᠢᠯ ᠢ ᠰᠠᠶᠢᠲᠤᠷ ᠳᠠᠶᠢᠴᠢᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠠᠮᠢ ᠠᠬᠤᠢ ᠶᠢᠨ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠳ ᠢ ᠦᠨᠡᠨᠬᠦ ᠠᠮᠢ ᠠᠬᠤᠶ ᠶᠢ ᠬᠠᠮᠠᠭᠠᠯᠠᠭᠴᠢ ᠪᠠ ᠠᠰᠢᠭ ᠬᠦᠷᠲᠡᠭᠴᠢ ᠪᠤᠯᠭᠠᠬᠤ ᠬᠡᠷᠡᠭᠲᠠᠢ ᠭᠡᠪᠡ᠃      ᠱᠢ ᠲᠠᠢ ᠹᠧᠩ ᠤᠷᠢᠳ ᠬᠤᠵᠢᠳ ᠤᠯᠠᠭᠠᠨᠪᠤᠲᠤᠩ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠰᠤ ᠮᠣᠳᠣᠨ ᠤ ᠰᠤᠪᠠᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠸᠠᠩ ᠭᠠᠩ ᠯᠢᠶᠠᠩ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶ᠋ᠬᠠᠤᠪᠤᠭ᠎ᠠ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠦᠷᠴᠦ᠂ ᠱᠠᠩᠨᠠᠵᠦ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠠᠶ᠃ ᠲᠡᠷᠡ ᠴᠢᠬᠤᠯᠠᠴᠢᠯᠠᠬᠤ ᠳᠠᠭᠠᠨ᠂ ᠲᠠᠯ᠎ᠠ ᠨᠤᠲᠤᠭ ᠤᠨ ᠠᠮᠢ ᠠᠬᠤᠢ ᠶᠢᠨ ᠴᠢᠳᠠᠮᠵᠢ ᠶᠢ ᠳᠡᠭᠡᠭᠰᠢᠯᠡᠭᠦᠯᠬᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠠᠮᠢ ᠠᠬᠤᠶ ᠶᠢᠨ ᠬᠠᠮᠠᠭᠠᠯᠠᠯᠲᠠ ᠪᠣᠯᠤᠨ ᠰᠡᠷᠭᠦᠭᠡᠯᠲᠡ ᠶᠢ ᠠᠬᠢᠭᠤᠯᠵᠤ᠂ ᠱᠠᠩᠨᠠᠯ ᠨᠥᠬᠦᠪᠥᠷᠢ ᠤᠨ ᠲᠥᠷᠥ ᠶᠢᠨ ᠪᠣᠳᠣᠯᠭ᠎ᠠ ᠶᠢᠨ ᠤᠷᠮᠠᠰᠢᠭᠤᠯᠬᠤ ᠪᠠ ᠬᠦᠯᠢᠶᠡᠰᠦᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠮᠠᠯ ᠤᠨ ᠲᠤᠭ᠎ᠠ ᠶᠢ ᠪᠠᠭᠠᠰᠬᠠᠬᠤ ᠶᠢ ᠮᠠᠯᠴᠢᠨ ᠲᠠᠷᠢᠶᠠᠴᠢᠨ ᠤ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠶ ᠭᠡᠪᠡ᠃ ᠲᠡᠷᠡ ᠵᠢᠭᠠᠵᠤ ᠭᠠᠷᠭᠠᠬᠤ ᠳᠠᠭᠠᠨ᠂ ᠠᠮᠢ ᠠᠬᠤᠢ ᠶᠢᠨ ᠳᠠᠪᠠᠭᠤᠯᠢᠭ ᠪᠣᠯ ᠬᠥᠭᠵᠢᠯᠲᠡ ᠶᠢᠨ ᠳᠠᠪᠠᠭᠤᠯᠢᠭ ᠮᠥᠨ᠂ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ᠲᠠᠲᠠᠬᠤ ᠬᠦᠴᠦᠨ ᠬᠢᠵᠠᠭᠠᠯᠠᠰᠢ ᠦᠭᠡᠢ ᠪᠠᠶᠢᠵᠤ᠂ ᠵᠠᠭᠤᠨ ᠭᠠᠵᠠᠷ ᠤᠨ ᠵᠢᠷᠤᠭ ᠤᠨ ᠬᠤᠩᠬᠢᠯ ᠠᠳᠠᠯᠢ ᠪᠤᠰᠤ ᠦᠵᠡᠮᠵᠢ ᠲᠠᠢ ᠪᠠᠶᠢᠵᠤ᠂ ᠪᠦᠬᠦ ᠣᠷᠣᠨ ᠪᠦᠰᠡ ᠶᠢᠨ ᠵᠤᠭᠠᠴᠠᠯ ᠢ ᠬᠦᠭᠵᠢᠭᠦᠯᠬᠦ ᠨᠢ ᠶᠡᠭᠡ ᠡᠷᠡᠮᠡᠯᠵᠡᠯ ᠲᠠᠢ ᠶᠤᠮ᠃ ᠡᠯ᠎ᠡ ᠭᠠᠵᠠᠷ ᠤᠷᠤᠨ ᠨᠢ ᠪᠠᠶᠢᠷᠢ ᠪᠠᠨ ᠨᠠᠷᠢᠯᠢᠭ ᠤᠨᠤᠪᠴᠢᠲᠠᠢ ᠲᠣᠭᠲᠠᠭᠠᠵᠤ᠂ ᠲᠥᠯᠥᠪᠵᠢᠭᠦᠯᠭᠡ ᠪᠠᠨ ᠰᠠᠶᠢᠲᠤᠷ ᠬᠢᠵᠦ᠂ ᠠᠮᠢ ᠠᠬᠤᠢ ᠶᠢᠨ ᠵᠤᠭᠠᠴᠠᠯ ᠢ ᠶᠡᠬᠡᠪᠡᠷ ᠬᠥᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠢ ᠨᠡᠩ ᠶᠡᠭᠡ ᠠᠵᠤ ᠠᠬᠤᠢ ᠶᠢᠨ ᠦᠷ᠎ᠡ ᠠᠰᠢᠭ ᠪᠣᠯᠭᠠᠨ ᠬᠤᠪᠢᠷᠠᠭᠤᠯᠬᠤ ᠳᠡᠭᠡᠷ᠎ᠡ ᠬᠦᠴᠦ ᠲᠠᠯᠪᠢᠵᠤ᠂ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠠᠢ ᠭᠡᠪᠡ᠃       29 ᠤ ᠡᠳᠦᠷ ᠤᠨ ᠦᠳᠡ ᠶᠢᠨ ᠬᠤᠶᠢᠨ᠎ᠠ᠂ ᠱᠢ ᠲᠠᠢ ᠹᠧᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠱᠠᠩᠨᠠᠵᠦ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ ᠨᠠᠩ ᠰᠠᠶᠢᠨ ᠨᠠᠶᠢᠳᠠᠪᠦᠷᠢᠵᠢᠭᠤᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ ᠬᠤᠪᠢᠰᠬᠠᠯᠲᠦ ᠶᠢᠨ ᠶᠠᠷᠢᠶ᠎ᠠ ᠶᠢ ᠬᠢᠨᠠᠮᠠᠭᠠᠶ ᠰᠣᠨᠣᠰᠴᠤ᠂ ᠰᠢᠯᠢ ᠶᠢᠨ ᠭᠤᠤᠯ ᠠᠶᠢᠮᠠᠭ᠂ ᠤᠯᠠᠭᠠᠨᠬᠠᠳᠠ ᠬᠤᠲᠠ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠳ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠱᠢ ᠲᠠᠢ ᠹᠧᠩ ᠵᠢᠭᠠᠵᠤ ᠭᠠᠷᠭᠠᠬᠤ ᠳᠠᠭᠠᠨ᠂ ᠥᠪᠥᠷ ᠮᠣᠩᠭᠤᠯ ᠤᠨ ᠲᠠᠯ᠎ᠠ ᠨᠤᠲᠤᠭ ᠪᠣᠯ ᠡᠬᠡ ᠪᠠᠶᠢᠭᠠᠯᠢ ᠠᠴᠠ ᠪᠢᠳᠡᠨ ᠳᠤ ᠰᠣᠶᠣᠷᠬᠠᠭᠰᠠᠨ ᠬᠠᠮᠤᠭ ᠤᠨ ᠨᠠᠨᠳᠢᠨ ᠡᠬᠢ ᠪᠠᠶᠠᠯᠢᠭ ᠮᠥᠨ᠂ ᠡᠨᠡ ᠬᠦ ᠲᠠᠯ᠎ᠠ ᠨᠤᠲᠤᠭ ᠢ ᠰᠠᠶᠢᠲᠤᠷ ᠬᠠᠮᠠᠭᠠᠯᠠᠬᠤ ᠪᠣᠯ ᠨᠢᠭᠡᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠶᠡᠭᠡ ᠶᠠᠪᠤᠳᠠᠯ ᠮᠥᠨ᠂ ᠡᠯ᠎ᠡ ᠱᠠᠲᠤᠨ ᠤ ᠬᠢᠨ ᠵᠠᠪᠠᠯ ᠪᠦᠬᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠦᠨᠳᠦᠷᠴᠡ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠦᠨᠳᠤᠷᠴᠡ ᠠᠴᠠ ᠨᠡᠩ ᠶᠡᠭᠡ ᠵᠣᠷᠢᠭ ᠰᠢᠭᠤᠳᠴᠤ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠮᠢ ᠠᠬᠤᠶ ᠶᠢ ᠲᠡᠷᠢᠭᠦᠨ ᠪᠠᠶᠢᠷᠠᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠤᠢ ᠪᠣᠯᠭᠠᠵᠤ᠂ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠬᠤᠷᠠᠮᠳᠤᠯ ᠨᠦᠯᠦᠭᠡ ᠶᠢ ᠰᠠᠶᠢᠲᠤᠷ ᠪᠠᠳᠠᠷᠠᠭᠤᠯᠵᠦ᠂ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠥᠭᠵᠢᠯᠲᠡ᠂ ᠮᠠᠯᠴᠢᠨ ᠲᠠᠷᠢᠶᠠᠴᠢᠨ ᠤ ᠠᠮᠢᠳᠤᠷᠠᠯ ᠢ ᠰᠠᠶᠢᠵᠢᠷᠠᠭᠤᠯᠬᠤ ︽ᠭᠤᠷᠪᠠᠨ ᠲᠠᠯ᠎ᠠ ᠪᠠᠷ ᠬᠠᠮᠲᠦ ᠳᠤᠨᠢ ᠠᠰᠢᠭ ᠬᠦᠷᠲᠡᠭᠡᠬᠦ︾ ᠶᠢ ᠪᠡᠶᠡᠯᠡᠭᠦᠯᠦᠨ᠎ᠡ᠃ ᠳᠦᠷᠢᠮ ᠤᠨ ᠬᠦᠯᠢᠶᠠᠰᠦᠯᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠵᠢᠷᠤᠮᠵᠢᠭᠤᠯᠤᠨ ᠬᠠᠤᠯᠢᠵᠢᠭᠤᠯᠬᠤ ᠲᠦᠪᠰᠢᠨ ᠢ ᠳᠠᠰᠤᠷᠠᠯᠲᠠ ᠦᠭᠡᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠢ ᠨᠠᠩ ᠡᠷᠡᠰ ᠬᠦᠴᠦᠲᠡᠢ ᠰᠠᠶᠢᠲᠤᠷ ᠨᠠᠶᠢᠳᠠᠪᠦᠷᠢᠵᠢᠭᠤᠯᠬᠤ ᠬᠡᠷᠡᠭᠲᠠᠢ᠃ ᠲᠤᠷᠰᠢᠯᠭ᠎ᠠ ᠪᠠᠨ ᠳ᠋ᠦᠩᠨᠡᠬᠦ ᠳᠡᠭᠡᠨ ᠴᠢᠳᠠᠮᠠᠭᠠᠶ ᠪᠠᠶᠢᠵᠤ᠂ ᠨᠡᠶᠢᠲᠡᠯᠢᠭ ᠵᠢᠱᠢᠶ᠎ᠡ ᠶᠢ ᠳ᠋ᠦᠩᠨᠡᠵᠦ᠂ ᠮᠠᠯᠴᠢᠨ ᠲᠠᠷᠢᠶᠠᠴᠢᠳ ᠤᠨ ᠬᠥᠭᠵᠢᠯᠲᠡ ᠶᠢᠨ ᠦᠵᠡᠯᠲᠡ ᠪᠠᠨ ᠬᠤᠪᠢᠷᠠᠭᠤᠯᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠢ ᠨᠠᠷᠢᠨ ᠬᠢᠨᠠᠮᠠᠭᠠᠶ ᠰᠶᠢᠳᠪᠦᠷᠢᠯᠡᠵᠦ᠂ ᠮᠠᠯᠴᠢᠨ ᠲᠠᠷᠢᠶᠠᠴᠢᠳ ᠲᠤ ᠨᠢᠭᠲᠠ ᠲᠦᠰᠢᠭᠯᠡᠨ ᠨᠤᠲᠤᠭ ᠪᠡᠯᠴᠢᠭᠡᠷ ᠤᠨ ᠠᠮᠢ ᠠᠬᠤᠶ ᠶᠢ ᠰᠠᠶᠢᠲᠤᠷ ᠬᠠᠮᠠᠭᠠᠯᠠᠵᠦ᠂ ᠮᠠᠯᠴᠢᠨ ᠲᠠᠷᠢᠶᠠᠴᠢᠳ ᠢ ᠨᠠᠩ ᠰᠠᠶᠢᠲᠤᠷ ᠳᠠᠭᠠᠭᠤᠯᠤᠨ ᠵᠣᠯ ᠵᠢᠷᠭᠠᠯᠲᠤ ᠭᠡᠷ ᠣᠷᠣᠨ ᠢᠶᠠᠨ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠠᠢ ᠭᠡᠪᠡ᠃ ᠬᠤᠷᠠᠯ ᠠᠴᠠ ᠡᠮᠦᠨ᠎ᠡ᠂ ᠱᠢ ᠲᠠᠢ ᠹᠧᠩ ᠬᠤᠪᠢᠰᠬᠠᠯᠲᠦ ᠲᠠᠢ ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠭᠦᠢᠴᠡᠳᠭᠡᠬᠦ ᠠᠵᠢᠯ ᠢ ᠰᠠᠶᠢᠲᠤᠷ ᠬᠢᠬᠦ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠵᠠᠢ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠣᠤ ᠴᠦᠨ᠂ ᠨᠠᠰᠤᠨᠮᠦ᠋ᠩᠬᠡ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号