ᠤᠯᠠᠭᠤᠯᠠ ᠵᠤᠭᠠᠴᠠᠵᠦ ᠪᠤᠯᠤᠨ᠎ᠠ᠂ ᠦᠪᠦᠷ ᠮᠤᠩᠭᠤᠯ ᠵᠢᠭᠤᠯᠴᠢᠯᠠᠯ ᠤᠨ ᠪᠡᠯᠡᠭ ᠲᠠᠢ
ᠨᠡᠶᠢᠲᠡᠯᠡᠭᠰᠡᠨ ᠴᠠᠭ᠄
2020/8/5
     ᠤᠯᠤᠰ ᠤᠨ ᠰᠤᠶᠤᠯ ᠵᠢᠭᠤᠯᠴᠢᠯᠠᠯ ᠤᠨ ᠶᠠᠮᠤᠨ ᠤ ᠠᠯᠪᠠᠨ ᠲᠢᠩᠭᠢᠮ ᠦᠨᠦᠭᠡᠨ ︽ᠠᠶᠠᠯᠠᠯ ᠵᠢᠭᠤᠯᠴᠢᠯᠠᠯ ᠤᠨ ᠠᠵᠦ ᠠᠬᠤᠶᠢᠯᠠᠯ ᠤᠨ ᠠᠵᠢᠯ ᠦᠢᠯᠡᠰ ᠢᠶᠠᠨ ᠦᠷᠭᠡᠳᠭᠡᠬᠦ ᠶᠢ ᠠᠬᠢᠭᠤᠯᠬᠤ ᠲᠤᠬᠠᠢ ᠬᠠᠮᠢᠶᠠᠳᠠᠢ ᠮᠡᠳᠡᠭᠳᠡᠯ︾᠎ ᠢ ᠲᠠᠷᠤᠮᠠᠯᠯᠠᠨ ᠲᠠᠷᠬᠠᠭᠠᠵᠦ᠂ ᠮᠤᠵᠢ ᠤᠷᠤᠨ ᠬᠤᠳᠠ ᠰᠤᠨᠳᠠᠯᠠᠨ ᠪᠦᠯᠭᠦᠮ ᠨᠢᠭᠡᠴᠡ ᠪᠠᠷ ᠠᠶᠠᠯᠠᠨ ᠵᠤᠭᠠᠴᠠᠬᠤ ᠶᠢ ᠰᠡᠷᠭᠦᠭᠡᠵᠦ ᠪᠤᠯᠤᠨ᠎ᠠ᠂ ᠡᠯ᠎ᠡ ᠮᠤᠵᠢ ᠤᠷᠤᠨ ᠬᠤᠳᠠ ᠶᠢᠨ ᠰᠤᠶᠤᠯ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠬᠢᠵᠢᠭ ᠢ ᠰᠡᠷᠭᠡᠶᠢᠯᠡᠨ ᠲᠠᠷᠤᠬᠤ ᠠᠵᠢᠯ ᠢ ᠰᠠᠶᠢᠨ ᠬᠢᠭᠰᠡᠨ ᠤᠷᠢᠳᠠᠯ ᠲᠤᠤᠷ᠎ᠠ᠂ ᠦᠵᠡᠮᠵᠢ ᠶᠢᠨ ᠤᠷᠤᠨ ᠤ ᠵᠢᠭᠤᠯᠴᠢᠯᠠᠭᠰᠠᠳ ᠢ ᠬᠦᠯᠢᠶᠡᠨ ᠠᠪᠬᠤ ᠬᠡᠮᠵᠢᠶ᠎ᠡ ᠶᠢ ᠵᠠᠭᠤᠨ ᠤ 50᠎ ᠳᠤ ᠬᠦᠷᠭᠡᠵᠦ ᠪᠤᠯᠤᠨ᠎ᠠ ᠭᠡᠵᠦ ᠵᠢᠭᠠᠬᠰᠠᠨ ᠪᠠᠶᠢᠨ᠎ᠠ᠃      ᠡᠨᠡ ᠨᠢ ᠵᠤᠨ ᠤ ᠠᠭᠠᠬᠢᠮ᠎ᠠ ᠬᠠᠯᠠᠭᠤᠨ ᠠᠴᠠ ᠵᠠᠶᠢᠯᠠᠵᠦ᠂ ᠵᠤᠭᠠᠴᠠᠨ ᠰᠡᠷᠢᠭᠦᠴᠡᠬᠦ ᠬᠦᠰᠡᠯ ᠲᠠᠢ ᠪᠠᠶᠢᠬᠰᠠᠨ ᠬᠦᠮᠦᠰ ᠲᠤ ᠠᠪᠴᠦ ᠬᠡᠯᠡᠪᠡᠯ ᠶᠤᠰᠤᠳᠠᠢ ᠨᠢᠭᠡᠨ ᠪᠠᠶᠠᠷ ᠤᠨ ᠴᠢᠮᠡᠭᠡ ᠪᠤᠯᠤᠨ᠎ᠠ᠃ ᠦᠪᠦᠷ ᠮᠤᠩᠭᠤᠯ ᠤᠨ ᠡᠯ᠎ᠡ ᠠᠶᠢᠮᠠᠭ ᠬᠤᠳᠠ ᠶᠢᠨ ᠬᠢᠨ ᠴᠤ ᠵᠤᠨ ᠤ ᠠᠶᠠᠯᠠᠯ ᠵᠢᠭᠤᠯᠴᠢᠯᠠᠯ ᠢ ᠠᠬᠢᠭᠤᠯᠬᠤ ᠬᠠᠷᠠᠭᠠᠯᠵᠠᠯ ᠲᠠᠢ ᠪᠤᠳᠤᠯᠭ᠎ᠠ ᠬᠡᠷᠡᠭᠵᠢᠭᠦᠯᠵᠦ᠂ ᠤᠯᠠᠨ ᠦᠵᠡᠮᠵᠢ ᠶᠢᠨ ᠤᠷᠤᠨ ᠤ ᠡᠭᠦᠳᠡᠨ ᠪᠢᠯᠧᠲ᠂ ᠵᠤᠴᠢᠳ ᠤᠨ ᠪᠠᠭᠤᠳᠠᠯ ᠤᠨ ᠦᠷᠦᠭᠡᠨ ᠤ ᠦᠨ᠎ᠡ ᠬᠠᠩᠰᠢ᠂ ᠵᠠᠮ ᠬᠠᠷᠢᠯᠴᠠᠭᠠᠨ ᠤ ᠵᠠᠷᠤᠳᠠᠯ ᠰᠦᠢᠳᠭᠡᠯ ᠵᠡᠷᠭᠡ ᠶᠢ ᠪᠦᠷ ᠬᠢᠮᠳᠠᠷᠠᠯ  ᠲᠠᠢ ᠪᠤᠯᠭᠠᠵᠦ ᠪᠠᠶᠢᠨ᠎ᠠ᠃ ᠵᠠᠷᠢᠮ ᠦᠵᠡᠮᠵᠢ ᠶᠢᠨ ᠤᠷᠤᠨ ᠨᠢ ᠪᠠᠰᠠ ᠰᠦᠢᠳᠭᠡᠯ ᠬᠤᠷᠢᠶᠠᠬᠤ ᠦᠭᠡᠢ ᠪᠠᠷ ᠵᠤᠭᠠᠴᠠᠭᠤᠯᠬᠤ ᠪᠤᠯᠤᠨ᠎ᠠ᠃          ᠬᠦᠬᠡᠬᠤᠳᠠ      ᠪᠢᠯᠧᠲ ᠠᠪᠬᠤ ᠦᠭᠡᠢ ᠭᠠᠵᠠᠷ᠄ ᠬᠦᠬᠡᠬᠤᠳᠠ ᠶᠢᠨ ᠮᠧᠩ ᠨᠢᠥ ᠠᠵᠦ ᠦᠢᠯᠡᠳᠪᠦᠷᠢ ᠶᠢᠨ ᠵᠤᠭᠠᠴᠠᠯ ᠤᠨ ᠦᠵᠡᠮᠵᠢ ᠶᠢᠨ ᠤᠷᠤᠨ ᠬᠢᠮᠳᠠᠷᠠᠯ ᠲᠠᠢ ᠭᠠᠵᠠᠷ᠄ ᠱᠧᠨ ᠴᠢᠥᠸᠠᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠤᠷᠤᠨ᠂ ᠮᠤᠨᠢ ᠠᠭᠤᠯᠠ ᠶᠢᠨ ᠪᠡᠶᠡᠳᠦ ᠪᠤᠰᠤ ᠰᠤᠶᠤᠯ ᠤᠨ ᠦᠵᠡᠮᠵᠢ ᠶᠢᠨ ᠭᠠᠵᠠᠷ᠂ ᠣᠤ ᠸᠧᠢ ᠮᠤᠩᠭᠤᠯ ᠶᠤᠸᠠᠨ ᠤ ᠠᠳᠤᠭᠤᠨ ᠰᠤᠶᠤᠯ ᠤᠨ ᠠᠮᠢ ᠠᠬᠤᠢ ᠶᠢᠨ ᠵᠤᠭᠠᠴᠠᠯ ᠤᠨ ᠤᠷᠤᠨ      ᠬᠦᠯᠦᠨ ᠪᠤᠶᠢᠷ      ᠬᠦᠯᠦᠨ ᠪᠤᠶᠢᠷ ᠤᠨ ᠬᠢᠨ 400 ᠲᠦᠮᠡᠨ ᠲᠦᠭᠦᠷᠢᠭ ᠤᠨ ᠰᠤᠶᠤᠯ ᠵᠢᠭᠤᠯᠴᠢᠯᠠᠯ ᠤᠨ ᠬᠡᠷᠡᠭᠯᠡᠬᠡᠨ ᠤ ᠲᠡᠮᠳᠡᠭᠳᠦ ᠲᠠᠷᠬᠠᠭᠠᠨ᠎ᠠ᠂ ᠸᠢᠴᠠᠲ ᠤᠨ ᠢᠶᠠᠨ ︽小程序︾᠎ ᠶᠢ ᠨᠡᠭᠡᠭᠡᠵᠦ ︽呼伦贝尔 mall ︾ ᠭᠡᠵᠦ ᠡᠷᠢᠪᠡᠯ ᠡᠨᠡ ᠬᠡᠷᠡᠭᠯᠡᠬᠡᠨ ᠤ ᠲᠡᠮᠳᠡᠭᠳᠦ ᠶᠢ ᠤᠯᠵᠦ ᠪᠤᠯᠤᠨ᠎ᠠ᠃      ᠬᠢᠩᠭᠠᠨ ᠠᠶᠢᠮᠠᠭ      ᠬᠢᠩᠭᠠᠨ ᠠᠶᠢᠮᠠᠭ ᠤᠨ ᠬᠢᠨ ᠷᠠᠰᠢᠶᠠᠨ ᠤ 5A ᠲᠡᠰ ᠤᠨ ᠴᠠᠷᠠᠰᠤᠨ ᠭᠤᠤᠯ ᠵᠤᠭᠠᠴᠠᠯ ᠤᠨ ᠦᠵᠡᠮᠵᠢ ᠶᠢᠨ ᠤᠷᠤᠨ᠂ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠬᠠᠩᠭᠠᠯ — ᠪᠠᠳᠤᠴᠠᠭᠠᠨ ᠤ ᠵᠤᠭᠠᠴᠠᠯ ᠤᠨ ᠦᠵᠡᠮᠵᠢ ᠶᠢᠨ ᠤᠷᠤᠨ᠂ ᠤᠯᠠᠭᠠᠨᠬᠤᠳᠠ ᠶᠢᠨ ᠴᠢᠩᠭᠢᠰ ᠤᠨ ᠰᠦᠮ᠎ᠡ ᠶᠢᠨ 4A ᠲᠡᠰ ᠤᠨ ᠦᠵᠡᠮᠵᠢ ᠶᠢᠨ ᠤᠷᠤᠨ ᠵᠡᠷᠭᠡ ᠶᠢ ᠦᠪᠦᠷ ᠮᠤᠩᠭᠤᠯ ᠤᠨ ᠬᠦᠮᠦᠰ ᠲᠤ ᠰᠦᠢᠳᠭᠡᠯ ᠬᠤᠷᠢᠶᠠᠬᠤ ᠦᠭᠡᠢ ᠨᠡᠬᠡᠭᠡᠵᠦ ᠵᠤᠭᠠᠴᠠᠭᠤᠯᠬᠤ ᠪᠤᠯᠤᠨ᠎ᠠ᠃      ᠲᠦᠩᠯᠢᠶᠤᠤ ᠬᠤᠳᠠ      ᠲᠦᠩᠯᠢᠶᠤᠤ ᠬᠤᠳᠠ ᠶᠢᠨ ᠬᠢᠨ ᠵᠢᠭᠤᠯᠴᠢᠯᠠᠯ ᠤᠨ ᠺᠤᠮᠫᠠᠨᠢ ᠨᠤᠭᠤᠳ ᠲᠤ ᠱᠠᠩᠨᠠᠯ ᠨᠦᠬᠦᠪᠦᠷᠢ ᠤᠯᠭᠤᠬᠤ ᠵᠡᠷᠭᠡ ᠬᠠᠷᠠᠭᠠᠯᠵᠠᠯ ᠤᠨ ᠪᠤᠳᠤᠯᠭ᠎ᠠ ᠬᠡᠷᠡᠭᠵᠢᠭᠦᠯᠬᠦ ᠠᠴᠠ ᠭᠠᠳᠠᠨ᠎ᠠ᠂ ᠰᠢᠶᠤᠤ ᠵᠤᠸᠠᠩ ᠴᠡᠴᠡᠷᠯᠢᠭ ᠤᠨ ᠦᠵᠡᠮᠵᠢ ᠶᠢᠨ ᠤᠷᠤᠨ ᠤ ᠪᠢᠯᠧᠲ ᠢ ᠬᠢᠮᠳᠠᠷᠠᠭᠤᠯᠤᠨ᠎ᠠ᠃            ᠤᠯᠠᠭᠠᠨᠬᠠᠳᠠ ᠬᠤᠳᠠ      ᠤᠯᠠᠭᠠᠨᠬᠠᠳᠠ ᠬᠤᠳᠠ ᠶᠢᠨ ᠬᠢᠨ 7 ᠳ᠋ᠤᠭᠠᠷ ᠰᠠᠷ᠎ᠠ ᠶᠢᠨ ᠲᠤᠮᠳᠠᠴᠢ ᠠᠴᠠ ᠬᠤᠶᠢᠰᠢ ᠤᠯᠠᠭᠠᠨᠬᠠᠳᠠ ᠬᠤᠳᠠ ᠶᠢᠨ ᠰᠠᠭᠤᠭᠠᠯᠢ ᠠᠷᠠᠳ ᠪᠠ ᠭᠠᠳᠠᠨ᠎ᠠ ᠠᠴᠠ ᠬᠦᠷᠴᠦ ᠵᠤᠭᠠᠴᠠᠬᠤ ᠵᠢᠭᠤᠯᠴᠢᠯᠠᠭᠰᠠᠳ ᠲᠤ ᠵᠤᠷᠢᠭᠤᠯᠵᠦ᠂ 1000 ᠲᠦᠮᠡᠨ ᠲᠦᠭᠦᠷᠢᠭ ᠤᠨ ᠠᠶᠠᠯᠠᠯ ᠵᠢᠭᠤᠯᠴᠢᠯᠠᠯ ᠤᠨ ᠴᠠᠬᠢᠮ ᠬᠡᠷᠡᠭᠯᠡᠬᠡᠨ ᠤ ᠲᠡᠮᠳᠡᠭᠳᠦ ᠶᠢ ᠲᠠᠷᠬᠠᠭᠠᠨ᠎ᠠ᠂ ᠡᠭᠦᠨ ᠢ ︽ᡁᠢ ᠹᠦ᠋ ᠪᠤᠤ︾ ᠪᠤᠶᠤ ︽ᠶᠦᠨ ᠱᠠᠨ ᠹᠦ᠋︾ ᠲᠠᠪᠴᠠᠩ ᠲᠡᠭᠡᠷ᠎ᠡ ᠲᠤᠭᠠᠴᠠᠭ᠎ᠠ ᠬᠢᠵᠦ ᠪᠤᠯᠤᠨ᠎ᠠ᠃ ᠬᠡᠰᠢᠭᠳᠡᠨ ᠤ ᠠᠰᠬᠠᠳᠤ ᠶᠢᠨ ᠦᠵᠡᠮᠵᠢ ᠶᠢᠨ ᠤᠷᠤᠨ ᠳᠤ ᠡᠮᠴᠢ ᠰᠤᠪᠢᠬᠠᠯᠬᠴᠢᠳ ᠢ ᠰᠦᠢᠳᠭᠡᠯ ᠬᠤᠷᠢᠶᠠᠬᠤ ᠦᠭᠡᠢ ᠎ ᠪᠠᠷ ᠵᠤᠭᠠᠴᠠᠭᠤᠯᠬᠤ ᠪᠤᠯᠤᠨ᠎ᠠ᠃      ᠰᠢᠯᠢ ᠶᠢᠨ ᠭᠤᠤᠯ ᠠᠶᠢᠮᠠᠭ      ᠰᠢᠯᠢ ᠶᠢᠨ ᠭᠤᠤᠯ ᠤᠨ ᠪᠦᠭᠦ ᠠᠶᠢᠮᠠᠭ ᠤᠨ 18 ᠦᠵᠡᠮᠵᠢ ᠶᠢᠨ ᠤᠷᠤᠨ 12 ᠳ᠋ᠤᠭᠠᠷ ᠰᠠᠷ᠎ᠠ ᠶᠢᠨ 31᠎ ᠤ ᠡᠳᠦᠷ ᠪᠤᠯᠳᠠᠯ᠎ᠠ᠂ ᠡᠮᠴᠢ ᠰᠤᠪᠢᠯᠠᠬᠴᠢᠳ ᠲᠤ ᠰᠦᠢᠳᠭᠡᠯ ᠬᠤᠷᠢᠶᠠᠬᠤ ᠦᠭᠡᠢ ᠦᠢᠯᠡᠴᠢᠯᠡᠭᠡ ᠬᠠᠩᠭᠠᠨ᠎ᠠ᠃ ᠤᠯᠠᠭᠠᠨ ᠤᠳᠠᠢ ᠦᠵᠡᠮᠵᠢ ᠶᠢᠨ ᠤᠷᠤᠨ᠂ ᠬᠠᠪᠴᠠᠭᠠᠢ ᠦᠵᠡᠮᠵᠢ ᠶᠢᠨ ᠤᠷᠤᠨ᠂ ᠴᠢᠩᠭᠢᠰ ᠬᠠᠭᠠᠨ ᠤ ᠰᠡᠷᠭᠦᠯᠡᠩ ᠬᠠᠷᠠᠭᠠᠳᠤ ᠦᠵᠡᠮᠵᠢ ᠶᠢᠨ ᠤᠷᠤᠨ᠂ ᠨᠡᠭᠦᠳᠡᠯ ᠰᠤᠶᠤᠯ ᠤᠨ ᠬᠠᠮᠠᠭᠠᠯᠠᠯᠳᠠ ᠶᠢᠨ ᠤᠷᠤᠨ᠂ ᠭᠦᠷᠦᠭᠡᠰᠦᠳᠡᠢ ᠶᠢᠨ ᠤᠯᠤᠰ ᠤᠨ ᠲᠡᠰ ᠤᠨ ᠪᠠᠶᠢᠭᠠᠯᠢ ᠶᠢᠨ ᠲᠠᠷᠬᠠᠨ ᠴᠠᠭᠠᠵᠠᠳᠦ ᠤᠷᠤᠨ ᠳᠤ ᠤᠶᠤᠳᠠᠨ ᠢ ᠬᠠᠭᠠᠰ ᠦᠨ᠎ᠡ ᠪᠠᠷ ᠵᠤᠭᠠᠴᠠᠭᠤᠯᠤᠨ᠎ᠠ᠃      ᠤᠯᠠᠭᠠᠨᠴᠠᠪ ᠬᠤᠳᠠ      ᠤᠯᠠᠭᠠᠨᠴᠠᠪ ᠬᠤᠳᠠ ᠶᠢᠨ ᠲᠠᠭ᠎ᠠ ᠶᠢᠨ ᠨᠠᠭᠤᠷ ᠤᠨ ᠵᠤᠭᠠᠴᠠᠯ ᠤᠨ ᠤᠷᠤᠨ᠂ ᠰᠤᠮᠤᠨ ᠠᠭᠤᠯᠠᠨ ᠤ ᠦᠵᠡᠮᠵᠢ ᠶᠢᠨ ᠤᠷᠤᠨ ᠳᠤ᠂ ᠡᠨᠡ ᠵᠢᠯ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠤᠬᠰᠠᠳ ᠢ ᠰᠦᠢᠳᠭᠡᠯ ᠦᠭᠡᠢ ᠪᠠᠷ ᠵᠤᠭᠠᠴᠠᠭᠤᠯᠤᠨ᠎ᠠ︔ ᠬᠦᠢᠳᠡᠨ ᠰᠢᠯᠢ ᠶᠢᠨ ᠬᠤᠩᠬᠢᠯ ᠤᠨ ᠭᠤᠤ ᠶᠢᠨ ᠦᠵᠡᠮᠵᠢ ᠶᠢᠨ ᠤᠷᠤᠨ ᠨᠢ ᠬᠤᠪᠸᠢ ᠶᠢ ᠲᠤᠰᠠᠯᠠᠬᠰᠠᠨ ᠪᠦᠭᠦ ᠤᠯᠤᠰ ᠤᠨ ᠡᠮᠴᠢ ᠰᠤᠪᠢᠯᠠᠬᠴᠢ ᠪᠠ ᠬᠡᠷᠡᠴᠢ ᠦᠨᠡᠮᠯᠡᠯ ᠲᠠᠢ ᠪᠤᠰᠤᠳ ᠡᠮᠴᠢ ᠰᠤᠪᠢᠯᠠᠬᠴᠢ ᠶᠢ ᠰᠦᠢᠳᠭᠡᠯ ᠬᠤᠷᠢᠶᠠᠬᠤ ᠦᠭᠡᠢ ᠪᠠᠷ ᠵᠤᠭᠠᠴᠠᠭᠤᠯᠤᠨ᠎ᠠ᠃      ᠤᠷᠳᠤᠰ ᠬᠤᠳᠠ      ᠤᠷᠳᠤᠰ ᠬᠤᠳᠠ ᠶᠢᠨ ᠬᠢᠨ ᠠᠷᠠᠳ ᠢᠷᠭᠡᠳ ᠲᠡᠭᠡᠨ ᠰᠤᠶᠤᠯ ᠵᠢᠭᠤᠯᠴᠢᠯᠠᠯ ᠤᠨ ᠬᠠᠷᠠᠭᠠᠯᠵᠠᠯ ᠲᠠᠢ ᠺᠠᠷᠲ ᠲᠠᠷᠬᠠᠭᠠᠵᠦ᠂ ᠡᠭᠦᠨ ᠢ ᠤᠷᠳᠤᠰ ᠬᠤᠳᠠ ᠳᠤ ᠨᠢᠭᠡᠨᠳᠡ ᠨᠡᠭᠡᠭᠡᠭᠰᠡᠨ A ᠲᠡᠰ ᠤᠨ 24 ᠦᠵᠡᠮᠵᠢ ᠶᠢᠨ ᠤᠷᠤᠨ᠂ ᠤᠳᠤᠨ ᠲᠡᠰ ᠤᠨ 19 ᠵᠤᠴᠢᠳ ᠤᠨ ᠪᠠᠭᠤᠳᠠᠯ ᠪᠤᠯᠤᠨ ᠰᠤᠶᠤᠯ ᠵᠢᠭᠤᠯᠴᠢᠯᠠᠯ ᠤᠨ ᠪᠤᠰᠤᠳ ᠦᠵᠡᠮᠵᠢ ᠶᠢᠨ ᠤᠷᠤᠨ ᠳᠤ ᠵᠠᠭᠤᠨ ᠤ 20᠎ ᠠᠴᠠ ᠵᠠᠭᠤᠨ ᠤ 70᠎ ᠶᠢᠨ ᠬᠢᠮᠳᠠᠷᠠᠯ ᠲᠠᠢ ᠬᠡᠷᠡᠭᠯᠡᠭᠦᠯᠬᠦ ᠪᠤᠯᠤᠨ᠎ᠠ᠃ ᠴᠢᠩᠭᠢᠰ ᠤᠨ ᠤᠩᠭᠤᠨ ᠤ ᠬᠦᠷᠢᠶᠡᠯᠡᠩ᠂ ᠪᠦᠷᠢᠶ᠎ᠡ ᠮᠠᠩᠬᠠᠨ ᠤ ᠦᠵᠡᠮᠵᠢ ᠶᠢᠨ ᠤᠷᠤᠨ᠂ ᠬᠦᠪᠴᠢ ᠶᠢᠨ ᠡᠯᠡᠰᠦᠨ ᠤ ᠦᠵᠡᠮᠵᠢ ᠶᠢᠨ ᠤᠷᠤᠨ᠂ ᠤᠷᠳᠤᠰ ᠤᠨ ᠬᠡᠭᠡᠷ᠎ᠡ ᠶᠢᠨ ᠠᠷᠢᠶᠠᠳᠠᠨ ᠠᠮᠢᠳᠠᠨ ᠤ ᠴᠡᠴᠡᠷᠯᠢᠭ ᠵᠡᠷᠭᠡ ᠨᠢ ᠵᠢᠭᠤᠯᠴᠢᠯᠠᠭᠰᠠᠳ ᠢ ᠬᠢᠮᠳᠠᠷᠠᠯ ᠲᠠᠢ ᠵᠤᠭᠠᠴᠠᠭᠤᠯᠬᠤ ᠪᠤᠯᠤᠨ᠎ᠠ᠂ ᠡᠭᠦᠨ ᠳᠤ ᠵᠠᠷᠢᠮ ᠦᠵᠡᠮᠵᠢ ᠶᠢᠨ ᠤᠷᠤᠨ ᠨᠢ ᠪᠠᠰᠠ ᠬᠢᠵᠢᠭ ᠲᠠᠢ ᠲᠡᠮᠡᠴᠡᠭᠰᠡᠨ ᠡᠮᠴᠢ ᠰᠤᠪᠢᠯᠠᠬᠴᠢ᠂ ᠪᠠᠭᠰᠢ ᠰᠤᠷᠤᠬᠴᠢᠳ ᠪᠤᠯᠤᠨ ᠴᠡᠷᠢᠭ ᠤᠨ ᠬᠦᠮᠦᠰ ᠢ ᠰᠦᠢᠳᠭᠡᠯ ᠬᠤᠷᠢᠶᠠᠬᠤ ᠦᠭᠡᠢ ᠪᠠᠷ ᠵᠤᠭᠠᠴᠠᠭᠤᠯᠬᠤ ᠪᠤᠯᠤᠨ᠎ᠠ᠃      ᠠᠯᠠᠱᠠ ᠠᠶᠢᠮᠠᠭ      ᠠᠯᠠᠱᠠ ᠠᠶᠢᠮᠠᠭ ᠤᠨ ᠬᠢᠨ ᠤᠳᠤ ᠠᠴᠠ ᠡᠬᠢᠯᠡᠭᠡᠳ ᠵᠢᠯ ᠤᠨ ᠡᠴᠦᠰ ᠪᠤᠯᠳᠠᠯ᠎ᠠ᠂ ᠠᠯᠠᠱᠠ ᠵᠡᠭᠦᠨ ᠬᠤᠰᠢᠭᠤᠨ ᠤ ᠤᠯᠠᠨᠪᠤᠯᠠᠭ ᠤᠨ ᠬᠠᠪᠴᠢᠯ᠂ ᠲᠤᠩᠬᠤ ᠶᠢᠨ ᠲᠠᠯ᠎ᠠ ᠨᠤᠳᠤᠭ᠂ ᠬᠠᠯᠳᠠᠷ ᠨᠠᠭᠤᠷ᠂ ᠬᠤᠨᠳᠤ ᠨᠠᠭᠤᠷ᠂ ᠪᠠᠳᠠᠢ ᠶᠢᠨ ᠵᠢᠷᠠᠨ ᠤ ᠡᠯᠡᠰᠦᠨ ᠴᠦᠯ ᠤᠨ ᠦᠵᠡᠮᠵᠢ ᠶᠢᠨ ᠤᠷᠤᠨ᠂ ᠡᠵᠡᠨ᠎ᠠ ᠬᠤᠰᠢᠭᠤᠨ ᠤ ᠲᠤᠤᠷᠠᠢ ᠶᠢᠨ ᠤᠢ ᠶᠢᠨ ᠦᠵᠡᠮᠵᠢ ᠶᠢᠨ ᠤᠷᠤᠨ ᠵᠡᠷᠭᠡ ᠦᠵᠡᠮᠵᠢ ᠶᠢᠨ ᠤᠷᠤᠨ ᠨᠤᠭᠤᠳ ᠢ ᠰᠦᠢᠳᠭᠡᠯ ᠬᠤᠷᠢᠶᠠᠬᠤ ᠦᠭᠡᠢ ᠪᠠᠷ ᠵᠢᠭᠤᠯᠴᠢᠯᠠᠭᠰᠠᠳ ᠲᠤ ᠵᠤᠷᠢᠭᠤᠯᠵᠦ ᠨᠡᠭᠡᠭᠡᠬᠦ ᠪᠤᠯᠤᠨ᠎ᠠ᠃ ᠮᠠᠨᠵᠤᠤᠷ ᠬᠤᠳᠠ ᠮᠠᠨᠵᠤᠤᠷ ᠬᠤᠳᠠ ᠨᠢ 5A ᠲᠡᠰ ᠤᠨ ᠦᠵᠡᠮᠵᠢ ᠶᠢᠨ ᠤᠷᠤᠨ ᠪᠤᠯᠬᠤ ᠲᠤᠮᠳᠠᠳᠤ ᠤᠷᠤᠰ ᠬᠤᠶᠠᠷ ᠤᠯᠤᠰ ᠤᠨ ᠬᠢᠯᠢ ᠶᠢᠨ ᠵᠤᠭᠠᠴᠠᠯ ᠤᠨ ᠤᠷᠤᠨ ᠤ ᠪᠢᠯᠧᠲ ᠤᠨ ᠦᠨ᠎ᠡ ᠶᠢ ᠬᠢᠮᠳᠠᠷᠠᠭᠤᠯᠤᠨ᠎ᠠ᠂ ᠡᠭᠦᠨ ᠳᠤ ᠤᠯᠤᠰ ᠤᠨ ᠡᠭᠦᠳᠡ ᠶᠢᠨ ᠦᠵᠡᠮᠵᠢ ᠶᠢᠨ ᠤᠷᠤᠨ ᠤ ᠡᠭᠦᠳᠡᠨ ᠪᠢᠯᠧᠲ ᠢ 80 ᠲᠦᠭᠦᠷᠢᠭ ᠪᠠᠶᠢᠬᠰᠠᠨ ᠠᠴᠠ ᠨᠢ 60 ᠲᠦᠭᠦᠷᠢᠭ ᠪᠤᠯᠭᠠᠨ᠎ᠠ᠂ ᠬᠡᠥᠬᠡᠯᠳᠡᠢ ᠶᠢᠨ ᠦᠵᠡᠮᠵᠢ ᠶᠢᠨ ᠤᠷᠤᠨ ᠤ ᠡᠭᠦᠳᠡᠨ ᠪᠢᠯᠧᠲ ᠢ 100 ᠲᠦᠭᠦᠷᠢᠭ ᠠᠴᠠ ᠨᠢ 80 ᠪᠤᠯᠭᠠᠨ᠎ᠠ᠃ ᠡᠭᠦᠨ ᠤ ᠬᠠᠮᠳᠤ ᠡᠮᠴᠢ ᠰᠤᠪᠢᠯᠠᠬᠴᠢᠳ ᠢ ᠰᠦᠢᠳᠭᠡᠯ ᠬᠤᠷᠢᠶᠠᠬᠤ ᠦᠭᠡᠢ ᠪᠠᠷ ᠵᠤᠭᠠᠴᠠᠭᠤᠯᠤᠨ᠎ᠠ᠃     ᠬᠢᠵᠢᠭ ᠲᠠᠬᠤᠯ ᠠᠴᠠ ᠪᠤᠯᠵᠦ ᠨᠦᠯᠦᠭᠡᠯᠡᠭᠳᠡᠭᠰᠡᠨ ᠵᠤᠭᠠᠴᠠᠯ ᠤᠨ ᠦᠢᠯᠡᠰ ᠢ ᠤᠳᠤ ᠰᠡᠷᠭᠦᠭᠡᠬᠦ ᠪᠤᠯᠤᠬᠰᠠᠨ ᠢᠶᠠᠷ᠂ ᠰᠦᠯᠵᠢᠶ᠎ᠡ ᠠᠰᠢᠬᠯᠠᠬᠴᠢᠳ ᠮᠠᠨᠢ ᠬᠡᠷ ᠬᠤᠳᠠᠯᠠᠭᠠᠷ ᠢᠶᠠᠨ ᠬᠠᠮᠳᠤ᠂ ᠨᠡᠶᠢᠵᠠ ᠨᠦᠭᠦᠳ ᠲᠠᠢ ᠪᠠᠨ ᠴᠤᠭ ᠡᠳᠡᠭᠡᠷ ᠦᠵᠡᠮᠵᠢ ᠶᠢᠨ ᠤᠷᠤᠨ ᠢᠶᠠᠷ ᠬᠦᠷᠴᠦ᠂ ᠴᠡᠭᠡᠵᠢ ᠪᠠᠨ ᠠᠭᠤᠵᠢᠷᠠᠳᠠᠯ᠎ᠠ ᠰᠠᠨᠠᠭ᠎ᠠ ᠪᠠᠨ ᠬᠠᠨᠤᠳᠠᠯ᠎ᠠ ᠴᠢᠯᠦᠭᠡ ᠲᠠᠢ ᠰᠠᠶᠢᠬᠠᠨ ᠵᠤᠭᠠᠴᠠᠭᠠᠷᠠᠢ︕
 
ᠢᠷᠡᠯᠲᠡ᠄ ᠲᠤᠮᠳᠠᠳᠤ ᠤᠯᠤᠰ ᠤᠨ ᠮᠤᠩᠭᠤᠯ ᠷᠡᠳᠢᠤ᠋ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号