ᠪᠦ᠋ ᠰᠢᠶᠤᠤ ᠯᠢᠨ ᠰᠢᠯᠢ ᠶᠢᠨ ᠭᠤᠤᠯ ᠠᠶᠢᠮᠠᠬ ᠲᠤ ᠬᠦᠨᠵᠡᠭᠡᠶᠢᠷᠡᠨ ᠤᠯᠤᠰ ᠤᠨ ᠨᠢᠭᠡᠳᠦᠯᠳᠠᠢ ᠨᠠᠶᠢᠷᠠᠭᠤᠯᠤᠭᠰᠠᠨ ᠭᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠠ ᠶᠢ ᠠᠬᠢᠭᠤᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/9/15
    9 ᠳ᠋ᠤᠭᠡᠷ ᠰᠠᠷ᠎ᠠ ᠶᠢᠨ 13 ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠰᠢᠯᠢ ᠶᠢᠨ ᠭᠤᠤᠯ ᠠᠶᠢᠮᠠᠬ ᠲᠤ ᠬᠦᠨᠵᠡᠭᠡᠶᠢᠷᠡᠨ ᠤᠯᠤᠰ ᠤᠨ ᠨᠢᠭᠡᠳᠦᠯᠳᠠᠢ ᠨᠠᠶᠢᠷᠠᠭᠤᠯᠤᠭᠰᠠᠨ ᠭᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠠ ᠶᠢ ᠠᠬᠢᠭᠤᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ  ᠃      ᠪᠦ᠋ ᠰᠢᠶᠤᠤ ᠯᠢᠨ ᠤᠷᠢᠳ ᠬᠤᠵᠢᠳ ᠰᠢᠯᠢ ᠶᠢᠨ ᠭᠤᠤᠯ ᠠᠶᠢᠮᠠᠬ ᠤᠨ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ᠂ ᠰᠢᠯᠢ ᠶᠢᠨ ᠬᠤᠳᠠ ᠶᠢᠨ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠳᠤ ᠬᠦᠷᠴᠦ᠂ ᠭᠡᠦᠭᠡᠳ  ᠤᠳ ᠤᠨ ᠰᠤᠷᠤᠯᠴᠠᠯᠭ᠎ᠠ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠳᠠ ᠪᠤᠯᠤᠨ ᠤᠯᠤᠰ ᠤᠨ ᠨᠢᠭᠡᠳᠦᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠠ ᠶᠢᠨ ᠪᠠᠶᠢᠳᠠᠯ ᠢ ᠤᠢᠢᠯᠠᠭᠠᠪᠠ᠃ ᠰᠢᠯᠢ ᠶᠢᠨ ᠭᠤᠤᠯ ᠠᠶᠢᠮᠠᠬ ᠤᠨ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠪᠤᠯ ᠰᠢᠯᠢ ᠶᠢᠨ ᠭᠤᠤᠯ ᠤᠨ ᠲᠠᠯ᠎ᠠ ᠨᠤᠳᠤᠭ ᠳᠡᠭᠡᠷᠡᠬᠢ ᠬᠠᠮᠤᠭ ᠠᠩᠬᠠᠨ ᠳᠤ ᠪᠠᠶᠢᠭᠤᠯᠤᠭᠳᠠᠭᠰᠠᠨ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠪᠤᠯᠬᠤ ᠪᠦᠭᠡᠳ ᠮᠤᠩᠭᠤᠯ ᠬᠢᠳᠠᠳ ᠬᠡᠯᠡᠨ ᠤ ᠰᠣᠷᠭᠠᠨ ᠬᠦᠮᠦᠵᠢᠯ ᠬᠠᠮᠳᠤᠷᠠᠭᠰᠠᠨ ᠰᠤᠷᠭᠠᠭᠤᠯᠢ ᠪᠤᠯᠤᠨ᠎ᠠ᠃ ᠪᠦ᠋ ᠰᠢᠶᠤᠤ ᠯᠢᠨ ᠰᠤᠷᠭᠠᠭᠤᠯᠢ ᠶᠢᠨ ᠬᠢᠴᠢᠶᠡᠯ ᠤᠨ ᠭᠡᠷ ᠲᠤ ᠭᠦᠷᠴᠣ᠂ ᠭᠡᠦᠭᠡᠳ ᠤᠳ ᠠᠴᠠ ᠬᠢᠴᠢᠶᠡᠯ ᠤᠨ ᠲᠤᠬᠢᠷᠠᠭᠤᠯᠤᠯᠳᠠ ᠪᠠ ᠰᠤᠷᠤᠯᠴᠠᠯᠭ᠎ᠠ ᠶᠢᠨ ᠪᠠᠶᠢᠳᠠᠯ ᠢ ᠤᠢᠢᠯᠠᠭᠠᠨ᠂ ᠰᠤᠷᠤᠬᠴᠢ ᠶᠢᠨ ᠪᠠᠶᠢᠷᠢ᠂ ᠬᠤᠭᠤᠯᠠᠨ ᠭᠡᠷ ᠲᠤᠨᠢ ᠬᠦᠷᠴᠦ ᠰᠤᠷᠤᠬᠴᠢᠳ ᠤᠨ ᠬᠤᠨᠤᠵᠦ ᠭᠡᠪᠳᠡᠬᠦ ᠨᠦᠬᠦᠴᠡᠯ᠂ ᠰᠤᠷᠭᠠᠭᠤᠯᠢ ᠶᠢᠨ ᠡᠳᠦᠷ ᠳᠤᠳᠤᠮ ᠤᠨ ᠬᠠᠮᠢᠶᠠᠷᠤᠯᠳᠠ ᠪᠠ ᠢᠳᠡᠭᠡᠨ ᠤᠮᠳᠠᠭᠠᠨ ᠤ ᠲᠤᠬᠢᠷᠠᠭᠤᠯᠤᠯᠳᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠡᠢ᠃ ᠪᠠᠭᠰᠢ ᠨᠠᠷ ᠤᠨ ᠠᠯᠪᠡᠨ ᠭᠡᠷ ᠲᠤ᠂ ᠪᠦ᠋ ᠰᠢᠶᠤᠤ ᠯᠢᠨ ᠨᠠᠷ ᠪᠠᠭᠰᠢ ᠪᠤᠯᠤᠨ ᠰᠤᠷᠭᠠᠨ ᠬᠦᠮᠦᠵᠢᠯ ᠤᠨ ᠠᠵᠢᠯᠳᠠᠳ ᠤᠨ ᠲᠦᠯᠦᠭᠡᠯᠡᠭᠴᠢᠳ ᠲᠠᠢ ᠶᠠᠷᠢᠯᠴᠠᠨ ᠰᠠᠨᠠᠯ ᠢᠶᠠᠨ ᠰᠤᠯᠢᠯᠴᠠᠵᠦ᠂ ᠪᠠᠭᠰᠢ ᠨᠠᠷ᠂ ᠭᠡᠷ ᠤᠨ ᠠᠬᠠᠮᠠᠳ ᠪᠤᠯᠤᠨ ᠰᠤᠷᠤᠬᠴᠢᠳ ᠤᠨ ᠤᠯᠤᠰ ᠤᠨ ᠨᠢᠭᠡᠳᠦᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠠᠯ᠎ᠠ ᠪᠠᠷ ᠶᠠᠮᠠᠷ ᠰᠠᠨᠠᠭᠠᠰᠢᠷᠠᠯ ᠪᠠᠶᠢᠬᠤ ᠲᠤᠬᠠᠢ ᠰᠠᠨᠠᠯ ᠢ ᠨᠢ ᠨᠠᠷᠢᠨ ᠬᠢᠨᠠᠮᠠᠭᠠᠢ ᠰᠤᠨᠤᠰᠴᠦ᠂ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠠᠵᠢᠯ ᠳᠤᠮᠳᠠ ᠲᠤᠬᠢᠶᠠᠯᠳᠤᠭᠰᠠᠨ ᠠᠰᠠᠭᠤᠳᠠᠯ ᠢ ᠨᠢ ᠬᠦᠨᠵᠡᠭᠡᠢ ᠤᠢᠢᠯᠠᠭᠠᠨ᠂ ᠮᠠᠳᠠᠬ ᠲᠠᠢ ᠠᠰᠠᠭᠤᠳᠠᠯ ᠢ ᠬᠦᠯᠢᠴᠡᠩᠬᠦᠢ ᠮᠦᠷᠳᠡᠬᠡᠨ ᠨᠢᠮᠪᠠᠢ ᠲᠠᠶᠢᠯᠪᠤᠷᠢᠯᠡᠨ ᠦᠭᠴᠦ᠂ ᠤᠯᠠᠨ ᠤ ᠰᠠᠨᠠᠭᠠᠰᠢᠷᠠᠯ ᠢ ᠲᠠᠶᠢᠯᠠᠵᠠᠢ᠃      ᠰᠢᠯᠢ ᠶᠢᠨ ᠬᠤᠳᠠ ᠶᠢᠨ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ 1949 ᠤᠨ ᠳᠤ ᠪᠠᠶᠢᠭᠤᠯᠣᠭᠳᠠᠵᠣ᠂ ᠪᠦᠬᠦ ᠤᠯᠤᠰ ᠤᠨ ᠲᠤᠮᠳᠠᠳᠤ ᠶᠢᠨ ᠰᠢᠯᠢᠳᠡᠭ ᠰᠤᠶᠤᠯ ᠤᠷᠠᠯᠢᠭ ᠢ ᠤᠯᠠᠮᠵᠢᠯᠠᠠ ᠵᠠᠯᠭᠠᠮᠵᠢᠯᠠᠬᠤ ᠰᠤᠷᠭᠠᠭᠤᠯᠢ ᠪᠤᠯᠤᠨ᠎ᠡ᠃ ᠰᠢᠯᠢ ᠶᠢᠨ ᠬᠤᠳᠠ ᠶᠢᠨ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠳᠤ᠂ ᠪᠦ᠋ ᠰᠢᠶᠤᠤ ᠯᠢᠨ ᠬᠦᠯ ᠪᠦᠮᠪᠦᠭᠡ᠂ ᠤᠷᠠᠨ ᠵᠢᠷᠤᠭ᠂ ᠤᠷᠠᠨ ᠪᠢᠴᠢᠯᠭᠡ ᠵᠡᠷᠭᠡ ᠰᠤᠶᠤᠯ ᠲᠠᠮᠢᠷ ᠤᠨ ᠬᠦᠳᠡᠯᠭᠡᠭᠡᠨ ᠢ ᠦᠷᠨᠢᠬᠦᠯᠵᠤ ᠪᠠᠶᠢᠭ᠎ᠠ ᠪᠠᠶᠢᠳᠠᠯ ᠢ ᠬᠦᠨᠵᠡᠭᠡᠢ ᠤᠢᠢᠯᠠᠭᠠᠵᠤ᠂ ᠪᠠᠭᠰᠢ ᠨᠠᠷ ᠲᠠᠢ ᠬᠦᠨᠵᠡᠭᠡᠢ ᠶᠠᠷᠢᠯᠴᠠᠨ᠂ ᠤᠯᠠᠨ ᠢ ᠪᠢᠴᠢᠭ ᠵᠢᠭᠠᠵᠤ ᠬᠦᠮᠦᠨ ᠬᠦᠮᠦᠵᠢᠬᠦᠯᠬᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠬᠠᠷᠢᠭᠤᠴᠠᠯᠭᠠᠳᠤ ᠰᠡᠳᠬᠢᠯᠭᠡ᠂ ᠡᠭᠦᠷᠭᠡ ᠲᠣᠰᠢᠶᠠᠯᠳᠣ ᠰᠡᠳᠬᠢᠯᠭᠡ ᠪᠠᠨ ᠦᠨᠡᠨᠬᠦ ᠴᠢᠩᠭᠠᠳᠬᠠᠨ᠂ ᠰᠤᠷᠤᠬᠴᠢᠳ ᠤᠨ ᠦᠰᠦᠨ ᠪᠤᠶᠢᠵᠢᠯᠳᠠ ᠳᠤ ᠰᠠᠶᠢᠨ ᠵᠢᠯᠤᠭᠤᠳᠤᠬᠴᠢ ᠪᠠ ᠵᠠᠮᠴᠢᠯᠠᠬᠴᠢ ᠪᠤᠯᠵᠤ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠰᠤᠷᠭᠠᠨ ᠬᠦᠮᠦᠵᠢᠯ ᠪᠤᠯᠤᠨ ᠦᠨᠳᠤᠰᠤᠳᠡᠨ ᠤ ᠤᠯᠠᠮᠵᠢᠯᠠᠯᠳᠤ ᠰᠤᠶᠤᠯ ᠢ ᠬᠠᠮᠠᠭᠠᠯᠠᠵᠤ ᠤᠯᠠᠮᠵᠢᠯᠠᠬᠤ ᠳᠤ ᠬᠤᠪᠢ ᠨᠠᠮᠡᠷᠢ ᠪᠠᠨ ᠦᠵᠡᠬᠦᠯᠳᠦᠬᠡᠢ ᠭᠡᠵᠦ ᠵᠤᠷᠢᠬᠵᠢᠭᠤᠯᠪᠠ᠃       ᠪᠦ᠋ ᠰᠢᠶᠤᠤ ᠯᠢᠨ ᠵᠢᠭᠠᠵᠣ ᠭᠠᠷᠭᠠᠬᠤ ᠳᠠᠭᠠᠨ᠂ ᠴᠠᠭ ᠦᠶ᠎ᠡ ᠤᠷᠤᠬᠰᠢᠯᠠᠵᠤ ᠪᠠᠶᠢᠨ᠎ᠡ᠂ ᠦᠨᠳᠤᠰᠤᠳᠡᠨ ᠤ ᠰᠤᠷᠭᠠᠨ ᠬᠦᠮᠦᠵᠢᠯ ᠪᠠᠰᠠ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠬᠰᠢᠯᠠᠬᠤ ᠭᠡᠷᠡᠭᠳᠠᠢ᠃ ᠴᠦᠭᠡᠨ ᠲᠤᠭᠠᠳᠤ ᠦᠨᠳᠤᠰᠤᠳᠡᠨ ᠤ ᠰᠤᠷᠤᠬᠴᠢᠳ ᠤᠯᠤᠰ ᠤᠨ ᠨᠠᠶᠢᠳᠠᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠳᠤᠷ ᠰᠤᠷᠤᠯᠴᠠᠬᠤ ᠨᠢ ᠤᠳᠤ ᠦᠶ᠎ᠡ ᠶᠢᠨ ᠰᠢᠨᠵᠢᠯᠡᠬᠦ ᠤᠬᠠᠭᠠᠨ ᠤ ᠰᠤᠶᠤᠯ ᠤᠨ ᠮᠡᠳᠡᠯᠭᠡ ᠶᠢ ᠬᠦᠷᠳᠡᠬᠦ᠂ ᠠᠵᠢᠯ ᠤᠯᠬᠤ᠂ ᠨᠡᠶᠢᠭᠡᠮ ᠲᠠᠢ ᠠᠭᠤᠰᠤᠯᠴᠠᠬᠤ ᠳᠤ ᠲᠦᠢᠯ ᠤᠨ ᠠᠰᠢᠬᠳᠠᠢ ᠶᠤᠮ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠦᠨᠳᠤᠰᠤᠳᠡᠨ ᠤ ᠦᠭᠡ ᠬᠡᠯᠡ ᠪᠠᠷ ᠬᠢᠴᠢᠶᠠᠯᠯᠡᠬᠦ ᠰᠤᠷᠭᠠᠭᠤᠯᠢ ᠳᠤ ᠤᠯᠤᠰ ᠤᠨ ᠨᠢᠭᠡᠳᠦᠯᠳᠠᠢ ᠨᠠᠶᠢᠷᠠᠭᠤᠯᠤᠬᠰᠡᠨ ᠵᠢᠭᠠᠬᠤ ᠮᠠᠲ᠋ᠧᠷᠢᠶᠠᠯ ᠢ ᠭᠡᠷᠡᠭᠯᠡᠬᠦ ᠲᠤᠬᠠᠢ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠪᠠᠳᠤ ᠡᠷᠡᠰ ᠭᠤᠶᠢᠪᠢᠰᠢ ᠦᠭᠡᠢ ᠪᠠᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠬᠦᠷᠭᠡᠯᠡᠯ ᠢᠶᠠᠨ ᠴᠢᠩᠭᠠᠳᠬᠠᠨ᠂ ᠠᠵᠢᠯ ᠢᠶᠠᠨ ᠨᠠᠷᠢᠯᠢᠬᠵᠢᠭᠤᠯᠵᠤ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠳᠠᠯᠠᠨ ᠬᠦᠢᠴᠡᠳᠭᠡᠬᠦ ᠭᠡᠷᠡᠭᠳᠠᠢ᠃ ᠲᠤᠮᠳᠠᠳᠤ ᠶᠢᠨ ᠦᠠᠳᠤᠰᠤᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢᠨ ᠲᠤᠭᠤᠷᠢᠨ ᠳᠤ ︽ᠵᠢᠱᠢᠶᠠᠴᠢ ᠦᠪᠡᠷᠳᠡᠭᠡᠨ ᠵᠠᠰᠬᠠᠤ ᠤᠷᠤᠨ︾ ᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠰᠠᠶᠢᠨ ᠰᠠᠶᠢᠬᠠᠨ ᠶᠠᠷᠢᠶ᠎ᠡ ᠬᠡᠯᠡᠯᠴᠡᠭᠡᠨ ᠤ ᠠᠭᠤᠷ ᠠᠮᠢᠰᠬᠤᠯ ᠪᠠ ᠨᠡᠶᠢᠭᠡᠮ ᠤᠨ ᠤᠷᠴᠢᠨ ᠢ ᠪᠤᠢ ᠪᠤᠯᠭᠠᠨ᠂ ᠡᠭᠡ ᠤᠯᠤᠰ ᠤᠨ ᠤᠮᠠᠷᠠᠳᠤ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠭᠡᠷᠡᠭᠳᠠᠢ ᠭᠡᠵᠠᠢ᠃                                                                        
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号