ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠧᠯᠸᠢᠰ ᠤᠲᠠᠰᠦᠲᠦ ᠬᠤᠷᠠᠯ ᠬᠤᠷᠠᠯᠳᠤᠭᠤᠯᠵᠤ ᠪᠦ᠋ ᠰᠢᠶᠤᠤ ᠯᠢᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/9/7
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ 9 ᠳ᠋ᠤᠭᠡᠷ ᠰᠠᠷ᠎ᠠ  ᠶᠢᠨ 1 ᠤ ᠣᠷᠣᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠧᠯᠸᠢᠰ ᠤᠲᠠᠰᠦᠲᠦ ᠬᠤᠷᠠᠯ ᠬᠤᠷᠠᠯᠳᠤᠭᠤᠯᠵᠤ᠂ ᠦᠨᠳᠦᠰᠦᠲᠡ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠶᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠦᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠨᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠠᠬᠢᠭᠤᠯᠬᠤ ᠪᠣᠯ ᠨᠠᠮ ᠪᠣᠯᠤᠨ ᠤᠯᠤᠰ ᠠᠴᠠ ᠦᠨᠳᠦᠰᠦᠲᠡᠨ ᠤ ᠭᠠᠵᠠᠷ ᠣᠷᠣᠨ ᠳᠠᠬᠢ ᠬᠠᠯᠠᠮᠵᠢᠯᠠᠯ ᠪᠣᠯᠤᠨ᠎ᠠ᠂ ᠦᠨᠳᠦᠰᠦᠲᠡᠨ ᠤ ᠪᠦᠯᠬᠦᠮᠳᠡᠯ ᠪᠣᠯᠤᠨ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠳᠠᠪᠰᠢᠯᠲᠠ ᠶᠢ ᠠᠬᠢᠭᠤᠯᠬᠤ ᠳᠤ ᠠᠰᠢᠭᠲᠠᠶ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠳᠤ ᠠᠰᠢᠭᠲᠠᠶ᠂ ᠣᠳᠣᠬᠠᠨ ᠤ ᠪᠠᠶᠢᠳᠠᠯ ᠳᠤ ᠠᠰᠢᠭᠲᠠᠶ ᠪᠥᠭᠡᠳ ᠠᠯᠤᠰ ᠢᠷᠡᠭᠡᠳᠦᠶ ᠳᠤ ᠴᠦ ᠠᠰᠢᠭᠲᠠᠶ ᠠᠵᠢᠯ ᠮᠥᠨ᠃ ᠮᠠᠨ ᠤ ᠣᠷᠣᠨ ᠪᠣᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠮᠦᠨ ᠪᠤᠯᠬᠤᠷ᠂ ᠡᠨᠡ ᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠪᠣᠯ ᠪᠢᠳᠡᠨ ᠤ ᠡᠷᠬᠡᠪᠰᠢ ᠪᠡᠶᠡᠯᠡᠭᠦᠯᠬᠦ‍ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠠᠪᠠᠯ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠭ ᠲᠡᠮᠳᠡᠭ ᠲᠣᠳᠣᠷᠬᠠᠢ᠂ ᠡᠷᠡᠰ ᠰᠢᠭᠤᠷᠬᠠᠢ ᠪᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠣᠳᠠᠲᠠᠢ ᠨᠠᠷᠢᠯᠢᠭ ᠪᠡᠶᠡᠯᠡᠭᠦᠯᠵᠦ᠂ ᠣᠯᠠᠨ ᠲᠦᠮᠡᠨ ᠤ ᠲᠠᠨᠢᠯᠲᠠ ᠶᠢ ᠪᠣᠳᠠᠲᠠᠶᠢᠵᠢᠭᠤᠯᠵᠤ᠂ ᠠᠵᠢᠯ ᠤᠨ ᠦᠷ᠎ᠡ ᠪᠦᠲᠦᠮᠵᠢ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠠᠢ ᠭᠡᠪᠡ᠃       ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠦᠷᠢᠵᠢᠭᠤᠯᠵᠦ᠂ ᠤᠯᠤᠰ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠣᠶᠢᠯᠭᠠᠨ ᠡᠵᠡᠮᠰᠢᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ︽ᠲᠠᠪᠤ ᠶᠢ ᠲᠣᠳᠣᠷᠬᠠᠶ ᠶᠠᠷᠢᠬᠤ︾ ᠶᠢ ᠦᠨᠡᠨ ᠬᠦ ᠪᠡᠶᠡᠯᠡᠭᠦᠯᠵᠦ᠂ ︽ᠲᠠᠪᠤ ᠶᠢ ᠬᠤᠪᠢᠷᠠᠭᠤᠯᠬᠤ ᠦᠭᠡᠶ︾ ᠶᠢ ᠲᠣᠳᠣᠷᠬᠠᠶᠢᠯᠠᠨ ᠲᠠᠶᠢᠯᠪᠦᠷᠢᠯᠠᠬᠤ ᠬᠡᠷᠡᠭᠲᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ᠂ ᠰᠤᠷᠭᠠᠭᠤᠯᠢ ᠶᠢᠨ ᠪᠠᠭᠰᠢ ᠨᠠᠷ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠰᠤᠷᠤᠭᠴᠢᠳ᠂ ᠭᠡᠷ ᠤᠨ ᠠᠬᠠᠮᠠᠳ ᠪᠣᠯᠤᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠦᠷᠢᠯᠠᠵᠦ᠂ ᠲᠡᠳᠡᠨ ᠤ ᠰᠠᠨᠠᠭᠠᠰᠢᠷᠠᠯ ᠢ ᠠᠯᠳᠠᠷᠠᠭᠠᠵᠤ᠂ ᠬᠡᠪ ᠤᠨ ᠶᠣᠰᠣᠭᠠᠷ ᠰᠤᠷᠭᠠᠭᠤᠯᠢ ᠡᠬᠢᠯᠡᠬᠦ ᠶᠢ ᠪᠡᠶᠡᠯᠡᠭᠦᠯᠵᠦ᠂ ᠬᠡᠪ ᠤᠨ ᠶᠣᠰᠣᠭᠠᠷ ᠰᠤᠷᠤᠭᠴᠢᠳ ᠤᠨ ᠬᠢᠴᠢᠶᠡᠯ ᠣᠷᠣᠬᠤ ᠶᠢ ᠪᠠᠲᠤᠯᠠᠬᠤ ᠬᠡᠷᠡᠭᠲᠠᠢ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠪᠠᠭᠰᠢ ᠶᠢᠨ ᠪᠠᠲᠤᠯᠠᠭ᠎ᠠ ᠪᠠ ᠪᠤᠯᠪᠠᠰᠤᠷᠠᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠪᠣᠯᠤᠨ ᠢᠯᠭᠠᠨ ᠲᠠᠨᠢᠬᠤ ᠴᠢᠳᠠᠪᠤᠷᠢ ᠶᠢ ᠨᠡᠮᠡᠭᠳᠡᠭᠦᠯᠵᠦ᠂ ᠬᠠᠷᠢᠭᠤᠴᠠᠯᠭ᠎ᠠ ᠪᠠᠨ ᠰᠠᠬᠢᠵᠦ᠂ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠨᠬᠦ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠬᠤ ᠶᠡᠭᠡ ᠰᠠᠶᠢᠨ ᠪᠠᠶᠢᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠠᠢ ᠭᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠱᠣᠤ ᠴᠦᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠡᠸᠤ ᠶᠠᠩ ᠰᠢᠶᠤᠤ ᠬᠤᠶ᠂ ᠯᠢ ᠪᠢᠩ ᠷᠦᠩ᠂ ᠵᠧᠩ ᠬᠤᠩ ᠹᠠᠨ᠂ ᠬᠤᠸᠠᠩ ᡁᠢ ᠴᠢᠶᠠᠩ᠂ ᠾᠧᠩ ᠰᠢᠶᠤᠤ ᠹᠠᠨ᠂ ᠴᠢ᠊᠂ ᠪᠠᠲᠦ ᠬᠤᠷᠠᠯ ᠳᠤ ᠣᠷᠣᠯᠴᠠᠪᠠ᠃ ᠵᠧᠩ ᠬᠤᠩ ᠹᠠᠨ᠂ ᠾᠧᠩ ᠰᠢᠶᠤᠤ ᠹᠠᠨ ᠬᠤᠯᠪᠣᠭᠳᠠᠯ ᠪᠥᠬᠦᠶ ᠪᠠᠶᠢᠳᠠᠯ ᠢ ᠮᠡᠳᠡᠭᠳᠡᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号