ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠢ ︽ᠠᠰᠠᠭᠤᠯᠲᠠ ᠳᠤ ᠦᠭᠬᠦ ᠬᠠᠷᠢᠭᠤᠯᠳᠠ︾
ᠨᠡᠶᠢᠲᠡᠯᠡᠭᠰᠡᠨ ᠴᠠᠭ᠄
2020/9/7

     ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ 2020 ᠣᠨ ᠠᠴᠠ ᠡᠬᠢᠯᠡᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ

ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾᠂ ︽ᠶᠤᠰᠤ ᠰᠤᠷᠲᠠᠬᠤᠨ ᠬᠢᠬᠡᠳ ᠬᠠᠤᠯᠢ ᠪᠠᠷ

ᠵᠠᠰᠠᠬᠤᠢ︾᠂ ︽ᠲᠡᠣᠬᠡ︾ ᠶᠢᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠣᠯᠣᠨ᠎ᠠ᠃ ᠡᠭᠦᠨ ᠳᠤ ᠲᠦᠷᠦᠬᠦᠴᠢ ᠶᠢᠨ

ᠬᠤᠭᠤᠴᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯ ᠬᠦᠷᠦᠯᠴᠡᠭᠰᠡᠨ ᠦᠭᠡᠢ ᠠᠴᠠ ᠪᠤᠯᠵᠦ᠂ ᠬᠡᠰᠡᠭ ᠤᠯᠠᠨ

ᠲᠦᠮᠡᠨ᠂ ᠭᠡᠷ ᠤᠨ ᠠᠬᠠᠮᠠᠳ ᠪᠣᠯᠤᠨ ᠪᠠᠭᠰᠢ ᠰᠤᠷᠤᠭᠴᠢᠳ ᠢ ᠲᠦᠭᠡᠷᠢᠭᠳᠡᠯ ᠳᠤ ᠣᠴᠠᠷᠠᠭᠤᠯᠵᠣ᠂ ᠲᠤᠰ

ᠠᠵᠢᠯ ᠤᠨ ᠬᠡᠷᠡᠭᠵᠢᠬᠦᠯᠦᠯᠳᠡ ᠶᠢ ᠨᠦᠯᠦᠭᠡᠯᠡᠭᠰᠡᠨ ᠪᠠᠶᠢᠨ᠎ᠠ᠃ ᠠᠳᠡᠭᠦᠷᠡᠯ ᠢ ᠦᠭᠡᠶᠢᠰᠭᠡᠵᠦ᠂ ᠦᠨᠡᠨ ᠪᠠᠶᠢᠳᠠᠯ ᠢ

ᠤᠨᠤᠪᠴᠢᠳᠠᠢ ᠤᠶᠢᠯᠠᠭᠠᠭᠤᠯᠬᠤ ᠶᠢᠨ ᠲᠣᠰᠠᠳᠠ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ

 ᠠᠴᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠣᠬᠠᠢ ︽ᠠᠰᠠᠭᠤᠯᠲᠠ ᠳᠤ

ᠦᠭᠬᠦ ᠬᠠᠷᠢᠭᠤᠯᠳᠠ︾ ᠭᠠᠷᠭᠠᠵᠦ᠂ ᠣᠯᠠᠨ ᠲᠦᠮᠡᠨ᠂ ᠬᠡᠷ ᠤᠨ ᠠᠬᠠᠮᠠᠳ ᠪᠠ ᠪᠠᠭᠰᠢ ᠰᠤᠷᠤᠭᠴᠢᠳ ᠤᠨ ᠰᠡᠵᠢᠭ

ᠡᠷᠡᠭᠡᠯᠵᠡᠭᠡ ᠶᠢ ᠨᠢ ᠲᠠᠶᠢᠯᠵᠦ᠂ ᠠᠵᠢᠯ ᠢᠶᠠᠨ ᠰᠢᠯᠣᠭᠤᠳᠬᠠᠨ᠂ ᠬᠡᠤᠬᠡᠳ ᠪᠠᠭᠠᠴᠣᠳ ᠤᠨ ᠡᠷᠡᠭᠦᠯ ᠢᠶᠠᠷ ᠦᠰᠦᠨ

ᠪᠤᠶᠢᠵᠢᠬᠤ ᠶᠢ ᠠᠬᠢᠭᠤᠯᠬᠤ ᠪᠠᠷ ᠪᠠᠶᠢᠨ᠎ᠠ᠃

    1. ᠠᠰᠠᠭᠤᠯᠲᠠ᠄ ᠰᠤᠷᠤᠭᠴᠢ᠂ ᠪᠠᠭᠰᠢ ᠪᠤᠯᠤᠨ ᠭᠡᠷ ᠤᠨ ᠠᠬᠠᠮᠠᠳ ᠬᠡᠷᠪᠡ ᠡᠷᠡᠭᠡᠯᠵᠡᠯ ᠲᠠᠢ ᠪᠠᠶᠢᠪᠠᠯ᠂

ᠶᠠᠮᠠᠷ ᠠᠷᠭ᠎ᠠ ᠵᠠᠮ ᠢᠶᠠᠷ ᠳᠠᠮᠵᠢᠭᠤᠯᠤᠨ ᠬᠡᠨ ᠳᠤ ᠲᠤᠰᠬᠠᠬᠤ ᠪᠤᠢ︖

     ᠬᠠᠷᠢᠭᠤᠯᠲᠠ᠄ ᠪᠢᠳᠡ ᠣᠯᠠᠨ ᠲᠦᠮᠡᠨ ᠤ ᠬᠠᠤᠯᠢ ᠶᠣᠰᠣᠭᠠᠷ ᠰᠠᠨᠠᠯ ᠢᠶᠠᠨ ᠲᠤᠰᠬᠠᠬᠤ ᠶᠢ ᠳᠠᠮᠵᠢᠨ᠎ᠠ᠃

ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠶᠠᠪᠤᠴᠠ ᠳᠤ᠂ ᠬᠡᠷᠪᠡ

ᠡᠷᠡᠭᠡᠯᠵᠡᠯ ᠲᠠᠢ ᠠᠰᠠᠭᠤᠲᠠᠯ ᠲᠣᠬᠢᠶᠠᠯᠳᠣᠪᠠᠯ᠂ ᠬᠠᠤᠯᠢ ᠶᠣᠰᠣᠨ ᠤ ᠠᠷᠭ᠎ᠠ ᠵᠠᠮ ᠢᠶᠠᠷ ᠲᠤᠰᠬᠠᠬᠤ ᠬᠡᠷᠡᠭᠲᠡᠢ᠃

ᠵᠢᠱᠢᠶᠡᠯᠡᠪᠡᠯ᠂ ᠰᠤᠷᠤᠭᠴᠢᠳ ᠡᠷᠡᠭᠡᠯᠵᠡᠯ ᠲᠠᠢ ᠠᠰᠠᠭᠤᠲᠠᠯ ᠢᠶᠠᠨ ᠪᠠᠭᠰᠢ ᠳᠠᠭᠠᠨ ᠲᠤᠰᠬᠠᠵᠤ᠂ ᠪᠠᠭᠰᠢ ᠠᠴᠠ

ᠰᠤᠷᠭᠠᠭᠤᠯᠢ ᠳᠤ ᠲᠤᠰᠬᠠᠨ᠎ᠠ︔ ᠪᠠᠭᠰᠢ ᠡᠷᠡᠭᠡᠯᠵᠡᠯ ᠲᠠᠢ ᠠᠰᠠᠭᠤᠳᠠᠯ ᠢᠶᠠᠨ ᠰᠤᠷᠭᠠᠭᠤᠯᠢ ᠳᠤ ᠳᠤᠰᠬᠠᠵᠦ᠂

ᠰᠤᠷᠭᠠᠭᠤᠯᠢ ᠠᠴᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠲᠤᠰᠬᠠᠨ᠎ᠠ︔ ᠭᠡᠷ ᠤᠨ ᠠᠬᠠᠮᠠᠳ ᠡᠷᠡᠭᠡᠯᠵᠡᠯ

 ᠲᠠᠢ ᠠᠰᠠᠭᠤᠲᠠᠯ ᠢᠶᠠᠨ ᠠᠵᠢᠯᠯᠠᠵᠤ ᠪᠠᠶᠢᠭ᠎ᠠ ᠪᠠᠶᠢᠭᠤᠯᠭ᠎ᠠ ᠪᠤᠶᠤ ᠭᠠᠴᠠᠭ᠎ᠠ ᠲᠤᠰᠬᠤᠨ ᠨᠡᠶᠢᠭᠡᠮ ᠲᠣᠭᠤᠷᠢᠭ  ᠲᠤ

ᠲᠤᠰᠬᠠᠵᠦ᠂ ᠪᠠᠶᠢᠭᠤᠯᠭ᠎ᠠ ᠪᠤᠶᠤ ᠭᠠᠴᠠᠭ᠎ᠠ ᠲᠤᠰᠬᠤᠨ ᠨᠡᠶᠢᠭᠡᠮ ᠲᠣᠭᠤᠷᠢᠭ ᠨᠢ ᠳᠡᠭᠡᠳᠦ ᠱᠠᠲᠤᠨ ᠳᠠᠭᠠᠨ ᠲᠤᠰᠬᠠᠨ᠎ᠠ

︔ ᠨᠡᠶᠢᠭᠡᠮ ᠤᠨ ᠡᠯ᠎ᠡ ᠡᠲᠡᠭᠡᠳ ᠤᠨ ᠬᠢᠨ ᠨᠢ ᠡᠷᠡᠭᠡᠯᠵᠡᠯ ᠲᠠᠢ ᠠᠰᠠᠭᠤᠲᠠᠯ ᠢᠶᠠᠨ ᠠᠷᠠᠳ ᠤᠨ ᠰᠦᠯᠵᠢᠶᠡᠨ ᠳᠠᠬᠢ

ᠤᠳᠤᠷᠢᠳᠤᠯᠭ᠎ᠠ ᠳᠤ ᠦᠭᠡ ᠦᠯᠡᠳᠡᠭᠡᠬᠦ ᠪᠤᠯᠤᠩ ︵liuyan.people.com.cn︶ ᠳᠤ ᠠᠶᠢᠮᠠᠭ ᠤᠨ

ᠨᠠᠮ ᠤᠨ ᠬᠤᠷᠢᠶᠠᠨ ᠤ ᠱᠦᠵᠢ ᠳᠤ ᠦᠭᠡ ᠦᠯᠡᠳᠡᠭᠡᠵᠤ ᠪᠤᠯᠬᠤ ᠪᠦᠭᠡᠳ ᠪᠠᠰᠠ ᠰᠢᠯᠢ ᠶᠢᠨ ᠭᠤᠤᠯ ᠠᠶᠢᠮᠠᠭ ᠤᠨ

ᠵᠠᠬᠢᠷᠭ᠎ᠠ ᠶᠢᠨ ᠵᠠᠰᠠᠭ ᠤᠨ ᠶᠠᠪᠤᠳᠠᠯ ᠤᠨ ᠰᠦᠯᠵᠢᠶᠡᠨ ᠳᠠᠬᠢ ︵xlgl.gov.cn︶ ︽ᠠᠶᠢᠮᠠᠭ ᠤᠨ ᠳᠠᠷᠤᠭ᠎ᠠ ᠳᠤ

ᠦᠭᠬᠦ ᠵᠠᠬᠢᠳᠠᠯ ᠤᠨ ᠬᠠᠶᠢᠷᠴᠠᠭ︾ ᠪᠤᠯᠤᠩ ᠳᠤ ᠦᠭᠡ ᠦᠯᠡᠳᠡᠭᠡᠨ ᠠᠰᠠᠭᠤᠵᠤ ᠪᠤᠯᠤᠨ᠎ᠠ︔ ᠠᠷᠡᠳ  ᠤᠨ

ᠲᠦᠯᠤᠭᠡᠯᠡᠭᠴᠢ᠂ ᠤᠯᠤᠰ ᠲᠦᠷᠤ ᠶᠢᠨ ᠵᠦᠪᠯᠡᠯᠭᠡᠨ ᠤ ᠭᠡᠰᠢᠭᠦᠳ ᠨᠢ ᠬᠠᠤᠯᠢ ᠶᠢᠨ ᠠᠷᠭ᠎ᠠ ᠵᠠᠮ ᠢᠶᠠᠷ ᠰᠠᠨᠠᠯ  ᠢᠶᠠᠨ

ᠲᠤᠰᠬᠠᠵᠤ ᠰᠠᠨᠠᠭᠤᠯᠭ᠎ᠠ ᠲᠣᠷᠠᠳᠣᠨ᠎ᠠ᠃ ᠲᠤᠰᠬᠠᠯ ᠢ ᠬᠦᠯᠢᠶᠡᠵᠤ ᠠᠪᠤᠭᠰᠠᠨ ᠤ ᠲᠠᠷᠠᠭ᠎ᠠ᠂ ᠪᠢᠳᠡ ᠬᠠᠤᠯᠢ ᠶᠣᠰᠣᠭᠠᠷ

ᠴᠠᠭ ᠲᠤᠬᠠᠢ ᠳᠤᠨᠢ ᠬᠠᠷᠢᠭᠤᠯᠲᠠ ᠦᠭᠬᠦ ᠪᠣᠯᠣᠨ᠎ᠠ᠃

    2. ᠠᠰᠠᠭᠤᠯᠳᠠ᠄ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠬᠦ ᠶᠢ ᠣᠯᠣᠰ

 ᠠᠴᠠ ᠲᠤᠭᠲᠠᠭᠠᠭᠰᠠᠨ ᠤᠤ︖

      ᠬᠠᠷᠢᠭᠤᠯᠲᠠ᠄ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ

ᠠᠬᠢᠭᠤᠯᠬᠤ ᠪᠤᠯ ᠤᠯᠤᠰ ᠤᠨ ᠡᠷᠬᠡ ᠮᠡᠳᠡᠯ ᠪᠤᠯᠬᠤ ᠪᠦᠭᠡᠳ ᠨᠠᠮ ᠪᠠ ᠣᠯᠣᠰ ᠤᠨ ᠴᠦᠭᠡᠨ ᠲᠤᠭᠠᠲᠤ

ᠦᠨᠳᠦᠰᠦᠲᠡᠨ ᠤ ᠭᠠᠵᠠᠷ ᠤᠷᠤᠨ ᠳᠠᠬᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠨ ᠦᠰᠦᠭ ᠪᠢᠴᠢᠭ ᠤᠨ

ᠰᠤᠷᠭᠠᠨ ᠬᠦᠮᠦᠵᠢᠯ ᠢ ᠴᠢᠩᠭᠠᠳᠬᠠᠬᠤ ᠴᠢᠬᠤᠯᠨ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠤᠯᠤᠨ᠎ᠠ

᠃ 2014 ᠣᠨ ᠤ 9 ᠰᠠᠷ᠎ᠠ ᠶᠢᠨ 28 ᠤ ᠡᠳᠦᠷ᠂ ᠲᠦᠪ ᠤᠨ ᠦᠨᠳᠦᠰᠦᠳᠡᠨ ᠤ ᠠᠵᠢᠯ ᠤᠨ ᠬᠤᠷᠠᠯ ᠳᠡᠭᠡᠷ᠎ᠡ᠂

ᠰᠢ ᠶᠢᠨ ᠫᠢᠩ ᠶᠡᠷᠦᠩᠬᠡᠢ ᠱᠦᠵᠢ ︽ᠦᠭᠡ ᠬᠡᠯᠡ ᠨᠡᠪᠳᠡᠷᠡᠬᠦ ᠪᠣᠯ ᠬᠦᠮᠦᠨ ᠬᠦᠮᠦᠨ ᠤ ᠬᠤᠭᠤᠷᠣᠨᠳᠣ ᠪᠠᠨ

ᠤᠶᠢᠯᠠᠭᠠᠯᠴᠠᠬᠤ ᠴᠢᠬᠤᠯᠠ ᠭᠤᠭᠴᠤᠭ᠎ᠠ ᠮᠦᠨ᠂ ᠬᠡᠯᠡ ᠨᠡᠪᠳᠡᠷᠡᠬᠦ ᠦᠭᠡᠢ ᠪᠣᠯ ᠬᠠᠷᠢᠯᠴᠠᠬᠤ ᠳᠤ ᠬᠦᠴᠢᠷᠳᠡᠬᠦ

ᠪᠣᠯᠣᠨ᠎ᠠ᠃ ᠴᠦᠭᠡᠨ ᠲᠣᠭᠠᠳᠣ ᠦᠨᠳᠦᠰᠦᠳᠡᠨ ᠢ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠣᠷᠬᠤ ᠶᠢ

ᠱᠠᠭᠠᠷᠳᠠᠬᠤ ᠮᠦᠷᠳᠡᠭᠡᠨ ᠦᠨᠳᠦᠰᠦᠳᠡᠨ ᠤ ᠣᠷᠣᠨ ᠳᠤ ᠠᠵᠢᠯᠯᠠᠵᠣ ᠠᠮᠢᠳᠣᠷᠠᠵᠣ ᠪᠠᠶᠢᠭ᠎ᠠ ᠬᠢᠳᠠᠳ ᠦᠨᠳᠦᠰᠦᠳᠡᠨ

 ᠤ ᠣᠯᠠᠨ ᠲᠦᠮᠡᠨ ᠴᠣ᠋ ᠴᠦᠭᠡᠨ ᠲᠣᠭᠠᠳᠣ ᠦᠨᠳᠦᠰᠦᠳᠡᠨ ᠤ ᠦᠭᠡ ᠬᠡᠯᠡ ᠶᠢ ᠰᠣᠷᠬᠤ ᠶᠢ ᠵᠣᠷᠢᠭᠵᠢᠭᠤᠯᠬᠤ

ᠬᠡᠷᠡᠭᠲᠠᠢ᠃ ᠴᠦᠭᠡᠨ ᠲᠣᠭᠠᠳᠣ ᠦᠨᠳᠦᠰᠦᠳᠡᠨ ᠨᠢ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠠᠶᠢᠳᠣᠷ

ᠰᠣᠷᠪᠠᠯ ᠠᠵᠢᠯ ᠣᠯᠬᠤ᠂ ᠣᠳᠣ ᠦᠶ᠎ᠡ ᠶᠢᠨ ᠰᠢᠨᠵᠢᠯᠡᠬᠦ ᠣᠬᠠᠭᠠᠨ ᠰᠣᠶᠣᠯ ᠮᠡᠳᠡᠯᠭᠡ ᠶᠢ ᠬᠦᠯᠢᠶᠡᠨ ᠠᠪᠬᠤ᠂

ᠨᠡᠶᠢᠭᠡᠮ ᠳᠤ ᠵᠣᠬᠢᠴᠠᠬᠤ ᠳᠤ ᠠᠰᠢᠭᠲᠠᠢ ᠶᠤᠮ︾ ᠬᠡᠵᠣ ᠵᠢᠭᠠᠵᠣ ᠭᠠᠷᠭᠠᠭᠰᠠᠨ ᠪᠠᠶᠢᠨ᠎ᠠ᠃ 2019 ᠣᠨ ᠤ 9

ᠰᠠᠷ᠎ᠠ ᠶᠢᠨ 27 ᠤ ᠡᠳᠦᠷ᠂ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠰᠠᠶᠢᠰᠢᠶᠠᠨ

ᠬᠦᠬᠢᠬᠦᠯᠬᠦ ᠶᠡᠭᠡ ᠬᠤᠷᠠᠯ ᠳᠡᠭᠡᠷ᠎ᠡ᠂ ᠰᠢ ᠶᠢᠨ ᠫᠢᠩ ᠶᠡᠷᠦᠩᠭᠡᠢ ᠱᠦᠵᠢ ︽ᠦᠨᠳᠦᠰᠦᠳᠡᠨ ᠤ ᠣᠷᠣᠨ ᠤ ᠡᠯ᠎ᠡ

ᠱᠠᠳᠣᠨ ᠤ ᠡᠯ᠎ᠡ ᠲᠦᠷᠦᠯ ᠤᠨ ᠰᠣᠷᠭᠠᠨ ᠬᠦᠮᠦᠵᠢᠯ ᠢ ᠰᠠᠶᠢᠳᠣᠷ ᠡᠷᠬᠢᠯᠡᠵᠣ᠂ ᠣᠯᠣᠰ ᠤᠨ ᠨᠡᠶᠢᠳᠡᠮ ᠬᠡᠷᠡᠭᠯᠡᠬᠦ ᠦᠬᠡ

ᠬᠡᠯᠡ ᠦᠰᠦᠭ ᠪᠢᠴᠢᠭ ᠤᠨ ᠰᠣᠷᠭᠠᠨ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠵᠣ᠂ ᠡᠯ᠎ᠡ ᠦᠨᠳᠦᠰᠦᠳᠡᠨ  ᠤ

ᠣᠯᠠᠨ ᠲᠦᠮᠡᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠠᠰᠣᠷᠠᠯᠳᠠ ᠦᠭᠡᠢ ᠳᠡᠭᠡᠭᠰᠢᠯᠡᠬᠦᠯᠬᠦ ᠬᠡᠷᠡᠭᠲᠠᠢ︾

ᠬᠡᠵᠣ ᠴᠢᠬᠤᠯᠠᠴᠢᠯᠠᠪᠠ᠃ 2017 — 2018 ᠤᠨ ᠳᠤ᠂ ᠰᠢᠨᠵᠢᠶᠠᠩ᠂ ᠲᠦᠪᠡᠳ ᠵᠡᠷᠭᠡ ᠭᠠᠵᠠᠷ

ᠤᠷᠤᠨ ᠳᠤ ᠨᠢᠭᠡᠨᠳᠡ ᠤᠯᠤᠰ ᠤᠨ ᠨᠢᠭᠡᠳᠣᠯᠲᠠᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠨᠡᠶᠢᠳᠡᠮ

ᠬᠡᠷᠡᠭᠯᠡᠬᠦ ᠦᠭᠡ ᠬᠡᠯᠨ ᠦᠰᠦᠭ ᠪᠢᠴᠢᠭ ᠢᠶᠠᠷ ᠬᠢᠴᠢᠶᠡᠯᠯᠡᠭᠰᠡᠨ ᠪᠠᠶᠢᠨ᠎ᠠ᠃ ᠮᠠᠨ ᠤ ᠣᠷᠣᠨ 2020 ᠤᠨ ᠠᠴᠠ

ᠡᠬᠢᠯᠡᠵᠦ ᠭᠤᠷᠪᠠᠨ ᠵᠢᠯ ᠬᠤᠪᠢᠶᠠᠵᠣ ᠠᠯᠬᠤᠮ ᠠᠯᠬᠤᠮ ᠢᠶᠠᠷ ᠬᠡᠷᠡᠭᠵᠢᠬᠦᠯᠬᠦ ᠪᠣᠯᠣᠨ᠎ᠠ᠂ ᠡᠨᠡ ᠨᠢ ᠨᠠᠮ ᠪᠠ ᠣᠯᠣᠰ

 ᠠᠴᠠ ᠦᠪᠦᠷ ᠮᠣᠩᠭᠤᠯ ᠢ ᠬᠠᠯᠠᠮᠵᠢᠯᠠᠵᠦ ᠪᠠᠶᠢᠭ᠎ᠠ ᠶᠠᠪᠤᠳᠠᠯ ᠪᠣᠯᠣᠨ᠎ᠠ᠃ ᠡᠨᠡᠬᠦ ᠦᠭᠡᠷᠡᠴᠢᠯᠡᠯᠲᠡ ᠪᠤᠯ ᠤᠯᠤᠰ ᠤᠨ

ᠲᠦᠷᠦ ᠶᠢᠨ ᠪᠤᠳᠤᠯᠭ᠎ᠠ ᠪᠠ ᠦᠨᠳᠦᠰᠦᠲᠡᠨ ᠤ ᠶᠡᠭᠡ ᠪᠤᠳᠤᠯᠭ᠎ᠠ ᠪᠤᠯᠬᠤ ᠪᠦᠭᠡᠳ ᠤᠳᠤᠬᠠᠨ ᠳᠤ ᠵᠢᠳᠭᠦᠯ

ᠦᠵᠡᠭᠦᠯᠵᠦ ᠬᠤᠶᠢᠰᠢᠲᠠ ᠠᠰᠢᠭ ᠬᠦᠷᠲᠡᠬᠦ ᠶᠠᠪᠤᠳᠠᠯ ᠪᠤᠯᠬᠤ ᠲᠤᠯᠨ᠂ ᠪᠢᠳᠡ ᠡᠷᠬᠡᠪᠰᠢ ᠡᠨᠡᠬᠦ ᠴᠢᠬᠤᠯᠨ ᠶᠡᠭᠡ

ᠤᠯᠤᠰ ᠲᠦᠷᠦ ᠶᠢᠨ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃

    3. ᠠᠰᠠᠭᠤᠯᠲᠠ᠄ ᠣᠯᠣᠰ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠭᠤᠷᠪᠠᠨ

ᠬᠢᠴᠢᠶᠡᠯ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠢ ᠲᠣᠳᠣᠷᠬᠠᠢ

ᠱᠠᠭᠠᠷᠳᠠᠯᠭ᠎ᠠ ᠪᠠᠶᠢᠨ᠎ᠠ ᠤᠤ︖

     ᠬᠠᠷᠢᠭᠤᠯᠲᠠ᠄ ᠪᠠᠶᠢᠨ᠎ᠠ᠃ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ

ᠡᠬᠢᠯᠡᠨ᠂ ᠪᠥᠬᠦ ᠣᠷᠣᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠪᠠᠭ᠎ᠠ ᠰᠤᠷᠭᠠᠭᠤᠯᠢ ᠶᠢᠨ

ᠨᠢᠭᠡᠳᠦᠭᠡᠷ ᠣᠨ ᠬᠢᠬᠡᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠤᠯᠤᠰ ᠤᠨ

ᠨᠢᠭᠡᠳᠦᠯᠲᠡᠢ ᠨᠠᠶᠢᠷᠠᠭᠤᠯᠤᠬᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠪᠤᠰᠤᠳ ᠬᠢᠴᠢᠶᠡᠯ

ᠳᠦᠷᠦᠯ ᠪᠤᠯᠤᠨ ᠪᠤᠰᠤᠳ ᠠᠩᠬᠢ ᠶᠢᠨ ᠬᠢᠴᠢᠶᠠᠯ ᠤᠨ ᠳᠤᠬᠢᠷᠠᠭᠤᠯᠤᠯᠳᠠ ᠶᠢ ᠬᠤᠪᠢᠷᠠᠭᠤᠯᠬᠤ ᠦᠬᠡᠢ᠂ ᠬᠡᠷᠡᠭᠯᠡᠵᠥ

ᠪᠠᠶᠢᠭ᠎ᠠ ᠵᠢᠭᠠᠬᠤ ᠮᠠᠲ᠋ᠧᠷᠢᠶᠠᠯ ᠢ ᠬᠤᠪᠢᠷᠠᠭᠤᠯᠬᠤ ᠦᠬᠡᠢ᠂ ᠬᠢᠴᠢᠶᠡᠯᠯᠡᠬᠦ ᠦᠬᠡ ᠬᠡᠯᠡ ᠦᠰᠦᠭ ᠪᠢᠴᠢᠭ ᠢ

ᠬᠤᠪᠢᠷᠠᠭᠤᠯᠬᠤ ᠦᠬᠡᠢ᠂ ᠮᠤᠩᠭᠤᠯ ᠬᠡᠯᠡ ᠪᠢᠴᠢᠭ᠂ ᠰᠤᠯᠤᠩᠭᠤᠰ ᠬᠡᠯᠡ ᠪᠢᠴᠢᠭ ᠤᠨ ᠬᠢᠴᠢᠶᠡᠯᠯᠡᠬᠦ ᠴᠠᠬ ᠢ

ᠬᠤᠪᠢᠷᠠᠭᠤᠯᠬᠤ ᠦᠬᠡᠢ᠂ ᠤᠳᠤᠬᠠᠨ ᠤ ᠬᠤᠤᠰ ᠬᠡᠯᠡᠨ ᠤ ᠰᠤᠷᠭᠠᠨ ᠬᠦᠮᠦᠵᠢᠯ ᠤᠨ ᠰᠢᠰᠲ᠋ᠧᠮ ᠢ ᠬᠤᠪᠢᠷᠠᠭᠤᠯᠬᠤ

ᠦᠬᠡᠢ᠃ 2021 ᠣᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠬᠢᠬᠡᠳ ᠠᠩᠬ᠎ᠠ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠨᠢᠭᠡᠳᠦᠭᠡᠷ ᠣᠨ ᠳᠤ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ︽ᠶᠤᠰᠤ ᠰᠤᠷᠲᠠᠬᠤᠨ

ᠬᠢᠬᠡᠳ ᠬᠠᠤᠯᠢ ᠪᠠᠷ ᠵᠠᠰᠠᠬᠤᠢ︾ ︵ᠤᠯᠤᠰ ᠲᠦᠷᠦ︶ ᠶᠢᠨ ᠵᠢᠭᠠᠬᠤ ᠮᠠᠲ᠋ᠧᠷᠢᠶᠠᠯ ᠢ ᠬᠡᠷᠡᠭᠯᠡᠵᠣ᠂ 2022 ᠣᠨ ᠳᠤ

ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ

︽ᠲᠡᠦᠬᠡ︾ ᠶᠢᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ

ᠦᠰᠦᠭ ᠪᠢᠴᠢᠭ ᠢᠶᠠᠷ ᠬᠢᠴᠢᠶᠡᠯᠯᠡᠨ᠎ᠡ᠃

     4. ᠠᠰᠠᠭᠤᠯᠲᠠ᠄ ᠭᠤᠷᠪᠠᠨ ᠬᠢᠴᠢᠶᠡᠯ ᠲᠦᠷᠦᠯ ᠤᠨ ᠵᠢᠭᠠᠬᠤ ᠮᠠᠲ᠋ᠧᠷᠢᠶᠠᠯ ᠤᠨ ᠦᠭᠡᠷᠡᠴᠢᠯᠡᠯᠲᠡ ᠨᠢ

ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠦᠷᠢᠮ ᠯᠦᠭᠡ

ᠵᠦᠷᠢᠴᠡᠯ ᠲᠠᠢ ᠤᠤ︖

     ᠬᠠᠷᠢᠭᠤᠯᠲᠠ᠄ ᠤᠯᠤᠰ ᠠᠴᠠ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠬᠦᠯᠬᠦ ᠨᠢ

ᠤᠯᠤᠰ ᠤᠨ ᠡᠷᠬᠡ ᠮᠡᠳᠡᠯ ᠪᠤᠯᠬᠤ ᠪᠦᠭᠡᠳ ᠲᠦᠪ ᠬᠤᠷᠢᠶ᠎ᠠ ᠠᠴᠠ ᠤᠯᠤᠰ ᠤᠨ ᠬᠠᠤᠯᠢ ᠴᠠᠭᠠᠵᠠ ᠬᠠᠤᠯᠢ ᠲᠦᠷᠢᠮ ᠢ

ᠦᠨᠳᠦᠰᠦᠯᠡᠵᠦ ᠲᠤᠭᠲᠠᠭᠠᠭᠰᠠᠨ ᠪᠤᠯᠬᠤᠷ᠂ ᠲᠦᠪ ᠬᠤᠷᠢᠶᠠᠨ ᠤ ᠲᠤᠭᠲᠠᠭᠠᠭᠰᠠᠨ ᠵᠦᠢᠯᠡᠰ ᠢ ᠦᠪᠡᠷᠲᠡᠭᠡᠨ ᠵᠠᠰᠠᠬᠤ

ᠤᠷᠤᠨ ᠬᠡᠷᠡᠭᠵᠢᠭᠦᠯᠪᠡᠯ ᠵᠣᠬᠢᠬᠤ ᠪᠦᠭᠡᠳ ᠲᠡᠷᠡ ᠨᠢ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ

 ᠲᠠᠢ ᠵᠦᠷᠢᠴᠡᠯᠳᠦᠬᠦ ᠦᠭᠡᠢ ᠶᠤᠮ᠃

     5. ᠠᠰᠠᠭᠤᠯᠲᠠ᠄ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ︽ᠶᠤᠰᠤ ᠰᠤᠷᠲᠠᠬᠤᠨ ᠬᠢᠭᠡᠳ ᠬᠠᠤᠯᠢ ᠪᠠᠷ

ᠵᠠᠰᠠᠬᠤᠢ︾ ᠪᠤᠯᠤᠨ ︽ᠲᠡᠤᠬᠡ︾ ᠶᠢᠨ ᠬᠢᠴᠢᠶᠡᠯ ᠢ ᠰᠤᠷᠤᠭᠰᠠᠨ ᠤ ᠳᠠᠷᠠᠭ᠎ᠠ᠂ ᠬᠢᠲᠠᠳ ᠢᠶᠠᠷ ᠰᠤᠷᠤᠯᠴᠠᠬᠤ

ᠰᠤᠷᠤᠭᠴᠢ ᠯᠤᠭ᠎ᠠ ᠨᠢᠭᠡᠳᠦᠯᠲᠡᠢ ᠰᠢᠯᠭᠠᠯᠲᠠ ᠶᠢᠨ ᠬᠠᠭᠤᠳᠠᠰᠤ ᠬᠡᠷᠡᠭᠯᠡᠬᠦ ᠤᠤ︖ ᠬᠡᠷᠪᠡ ᠲᠡᠶᠢᠮᠦ ᠪᠤᠯ

ᠰᠤᠷᠤᠯᠴᠠᠯᠭ᠎ᠠ ᠶᠢᠨ ᠬᠦᠴᠢᠷᠳᠡᠯ ᠢ ᠨᠡᠮᠡᠭᠳᠡᠭᠦᠯᠵᠦ᠂ ᠰᠢᠯᠭᠠᠯᠲᠠ ᠶᠢᠨ ᠬᠢᠷᠢ ᠪᠦᠲᠦᠮᠵᠢ ᠶᠢ ᠳᠤᠷᠤᠭᠰᠢᠯᠠᠭᠤᠯᠵᠤ᠂

ᠰᠣᠷᠭᠠᠭᠤᠯᠢ ᠳᠠᠪᠰᠢᠬᠤ ᠶᠢ ᠨᠦᠯᠦᠭᠡᠯᠡᠬᠦ ᠤᠤ︖

     ᠬᠠᠷᠢᠭᠤᠯᠲᠠ᠄ ᠤᠳᠤᠬᠠᠨ ᠳᠤ᠂ ᠤᠯᠤᠰ ᠠᠴᠠ ᠵᠤᠬᠢᠶᠠᠨ ᠪᠠᠶᠢᠭᠤᠯᠤᠭᠰᠠᠨ ᠰᠢᠨ᠎ᠡ ᠤᠯᠤᠰ ᠤᠨ

ᠰᠢᠯᠭᠠᠯᠲᠠ ᠶᠢᠨ ᠦᠭᠡᠷᠡᠴᠢᠯᠡᠯᠲᠡ ᠳᠤ᠂ ᠨᠡᠶᠢᠭᠡᠮ ᠤᠨ ᠰᠢᠨᠵᠢᠯᠡᠬᠦ ᠣᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ

 ᠤ ᠬᠢᠴᠢᠶᠡᠯ ᠲᠦᠷᠦᠯ ᠢ ᠳᠠᠬᠢᠵᠤ ᠰᠠᠯᠭᠠᠬᠤ ᠦᠭᠡᠢ ᠪᠤᠯᠵᠤ᠂ ᠤᠯᠤᠰ ᠤᠨ ᠰᠢᠯᠭᠠᠯᠲᠠ ᠳᠤ ︽3+3︾ ᠶᠢᠨ

ᠰᠢᠯᠭᠠᠯᠲᠠ ᠶᠢᠨ ᠬᠡᠯᠪᠡᠷᠢ ᠶᠢ ᠬᠡᠷᠡᠭᠵᠢᠭᠦᠯᠬᠦ ᠪᠤᠯᠤᠨ᠎ᠠ᠂ ᠲᠤᠬᠠᠶᠢᠯᠠᠪᠠᠯ᠄ ᠬᠡᠯᠡ ᠪᠢᠴᠢᠭ ︵ᠤᠯᠤᠰ ᠤᠨ ᠨᠢᠭᠡᠳᠦᠯᠲᠡᠢ

ᠨᠠᠶᠢᠷᠠᠭᠤᠯᠤᠭᠰᠠᠨ ᠬᠡᠯᠡ ᠪᠢᠴᠢᠭ ᠪᠠ ᠮᠤᠩᠭᠤᠯ ᠬᠡᠯᠡ ᠪᠢᠴᠢᠭ︶᠂ ᠲᠤᠭᠠᠨ ᠤ ᠤᠬᠠᠭᠠᠨ᠂ ᠭᠠᠳᠠᠭᠠᠲᠤ ᠬᠡᠯᠡ ᠶᠢ

ᠡᠷᠬᠡᠪᠰᠢ ᠰᠢᠯᠭᠠᠬᠤ ᠬᠢᠴᠢᠶᠡᠯ ᠲᠦᠷᠦᠯ ᠪᠤᠯᠭᠠᠵᠤ᠂ ᠪᠤᠰᠤᠳ 3 ᠬᠢᠴᠢᠶᠡᠯ ᠲᠦᠷᠦᠯ ᠢ ᠰᠢᠯᠭᠠᠭᠤᠯᠣᠭᠰᠠᠳ ᠨᠡᠷ᠎ᠡ

ᠮᠡᠳᠡᠭᠦᠯᠦᠭᠰᠡᠨ ᠳᠡᠭᠡᠳᠦ ᠰᠤᠷᠭᠠᠭᠤᠯᠢ ᠶᠢᠨ ᠱᠠᠭᠠᠷᠳᠠᠯᠭ᠎ᠠ ᠪᠠ ᠲᠤᠰ ᠪᠡᠶ᠎ᠡ ᠶᠢᠨ ᠤᠨᠴᠠᠯᠢᠭ ᠢᠶᠠᠨ ᠦᠨᠳᠦᠰᠦᠯᠡᠵᠦ᠂

ᠦᠵᠡᠯ ᠰᠠᠨᠠᠭ᠎ᠠ ᠤᠯᠤᠰ ᠲᠦᠷᠦ᠂ ᠲᠡᠤᠬᠡ᠂ ᠭᠠᠵᠠᠷ ᠵᠦᠢ᠂ ᠹᠢᠽᠢᠺ᠂ ᠬᠢᠮᠢ᠂ ᠠᠮᠢᠳᠤ ᠪᠤᠳᠠᠰ ᠵᠡᠷᠭᠡ ᠬᠢᠴᠢᠶᠡᠯ

ᠲᠦᠷᠦᠯ ᠤᠨ ᠲᠤᠲᠤᠷ᠎ᠠ ᠠᠴᠠ ᠦᠪᠡᠷᠲᠡᠭᠡᠨ 3 ᠲᠦᠷᠦᠯ ᠢ ᠰᠤᠩᠭᠤᠵᠤ ᠤᠯᠤᠰ ᠤᠨ ᠰᠢᠯᠭᠠᠯᠲᠠ ᠶᠢᠨ ᠶᠡᠷᠦᠩᠬᠡᠢ

ᠬᠢᠷᠢ ᠪᠦᠲᠦᠮᠵᠢ ᠳᠤ ᠤᠷᠤᠭᠤᠯᠤᠨ᠎ᠠ᠂ ᠡᠭᠦᠨ ᠳᠤ᠂ ᠦᠵᠡᠯ ᠰᠠᠨᠠᠭ᠎ᠠ ᠤᠯᠤᠰ ᠲᠦᠷᠦ᠂ ᠲᠡᠤᠬᠡ ᠶᠢᠨ ᠬᠢᠴᠢᠶᠡᠯ ᠳᠤ

︽ᠶᠠᠭᠤ ᠶᠢ ᠰᠤᠷᠪᠠᠯ ᠲᠡᠭᠦᠨ ᠢ ᠰᠢᠯᠭᠠᠬᠤ︾ ᠵᠠᠷᠴᠢᠮ ᠶᠤᠰᠤᠭᠠᠷ᠂ ᠬᠢᠲᠡᠳ ᠢᠶᠠᠷ ᠬᠢᠴᠢᠶᠡᠯᠯᠡᠬᠦ

ᠰᠢᠯᠭᠠᠭᠤᠯᠤᠭᠰᠠᠳ ᠤᠨ ᠨᠢᠭᠡᠳᠦᠯᠲᠡᠢ ᠰᠢᠯᠭᠠᠯᠲᠠ ᠶᠢᠨ ᠬᠠᠭᠤᠳᠠᠰᠤ ᠶᠢ ᠬᠡᠷᠡᠭᠯᠡᠬᠦ ᠪᠤᠯᠤᠨ᠎ᠠ᠃ ᠤᠳᠤᠬᠢ ᠬᠠᠮᠢᠶ᠎ᠠ

ᠪᠦᠬᠦᠢ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠶᠤᠰᠤᠭᠠᠷ᠂ ᠦᠨᠳᠦᠰᠦᠲᠡᠨ ᠤ ᠰᠤᠷᠭᠠᠭᠤᠯᠢ ᠶᠢᠨ

ᠰᠤᠷᠤᠭᠴᠢ ᠶᠢᠨ ᠬᠤᠪᠢ ᠶᠢ ᠲᠤᠰᠠᠭᠠᠷ ᠲᠤᠭᠲᠠᠭᠠᠵᠤ᠂ ᠰᠤᠷᠤᠭᠴᠢ ᠶᠢ ᠲᠤᠰᠠᠭᠠᠷ ᠡᠯᠰᠡᠵᠦ᠂ ᠬᠢᠲᠡᠳ ᠢᠶᠠᠷ

ᠰᠢᠯᠭᠠᠭᠤᠯᠬᠤ ᠰᠤᠷᠤᠭᠴᠢ ᠲᠠᠢ ᠦᠷᠢᠰᠦᠯᠳᠦᠭᠦᠯᠬᠦ ᠦᠭᠡᠢ ᠮᠦᠷᠲᠡᠭᠡᠨ ᠰᠤᠷᠤᠭᠴᠢ ᠡᠯᠰᠡᠬᠦ ᠬᠠᠷᠢᠴᠠᠯ ᠢ ᠲᠤᠭᠲᠠᠭᠤᠨ

ᠪᠠᠶᠢᠯᠭᠠᠬᠤ ᠶᠢ ᠪᠠᠲᠤᠯᠠᠵᠤ᠂ ᠰᠤᠷᠭᠠᠭᠤᠯᠢ ᠳᠠᠪᠰᠢᠬᠤ ᠨᠤᠷᠮ᠎ᠠ ᠶᠢ ᠨᠦᠯᠦᠭᠡᠯᠡᠬᠦ ᠦᠭᠡᠢ ᠶᠤᠮ᠃

    6. ᠠᠰᠠᠭᠤᠯᠲᠠ᠄ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠨ ᠪᠢᠴᠢᠭ︾ ᠤᠨ ᠵᠢᠭᠠᠬᠤ

ᠮᠠᠲ᠋ᠧᠷᠢᠶᠠᠯ ᠢ ᠬᠡᠷᠡᠭᠯᠡᠪᠡᠯ᠂ ᠮᠤᠩᠭᠤᠯ ᠬᠡᠯᠡᠨ ᠤ ᠵᠢᠭᠠᠨ ᠰᠣᠷᠭᠠᠯᠳᠠ ᠶᠢ ᠦᠭᠡᠶᠢᠰᠭᠡᠨ᠎ᠡ ᠤᠤ︖

     ᠬᠠᠷᠢᠭᠤᠯᠲᠠ᠄ ᠦᠭᠡᠶᠢᠰᠭᠡᠬᠦ ᠦᠭᠡᠢ᠃ ᠲᠡᠷᠡ ᠨᠢ ᠮᠠᠨ ᠤ ᠤᠷᠤᠨ ᠤ ᠮᠤᠩᠭᠤᠯ ᠢᠶᠠᠷ ᠬᠢᠴᠢᠶᠡᠯᠯᠡᠬᠦ ᠪᠠᠭ᠎ᠠ

ᠰᠤᠷᠭᠠᠭᠤᠯᠢ ᠶᠢᠨ ᠨᠢᠭᠡᠳᠦᠭᠡᠷ ᠤᠨ ᠪᠠ ᠠᠩᠬ᠎ᠠ ᠳᠤᠮᠳᠠᠳᠤ ᠶᠢᠨ ᠨᠢᠭᠡᠳᠦᠭᠡᠷ ᠤᠨ ᠳᠤ ᠤᠯᠤᠰ ᠤᠨ ᠨᠢᠭᠡᠳᠦᠯᠲᠡᠢ

ᠨᠠᠶᠢᠷᠠᠭᠤᠯᠤᠭᠰᠠᠨ ︽ᠬᠡᠯᠨ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠵᠣ᠂ ᠪᠣᠰᠣᠳ ᠬᠢᠴᠢᠶᠡᠯ ᠲᠦᠷᠦᠯ ᠢ

ᠦᠷᠬᠦᠯᠵᠢᠯᠡᠨ ᠮᠣᠩᠭᠤᠯ ᠬᠡᠯᠡ ᠪᠠᠷ ᠵᠢᠭᠠᠨ ᠰᠣᠷᠭᠠᠬᠤ ᠶᠠᠪᠣᠳᠠᠯ ᠪᠣᠯᠬᠤ ᠠᠴᠠ ᠪᠢᠰᠢ᠂ ᠬᠤᠤᠰ ᠬᠡᠯᠡᠨ ᠤ ᠰᠤᠷᠭᠠᠨ

ᠬᠦᠮᠦᠵᠢᠯ ᠢ ᠦᠭᠡᠶᠢᠰᠭᠡᠬᠦ ᠭᠡᠰᠡᠨ ᠶᠠᠪᠤᠳᠠᠯ ᠪᠢᠰᠢ ᠶᠤᠮ᠂ ᠲᠦᠪ ᠬᠤᠷᠢᠶ᠎ᠠ ᠪᠠ ᠦᠪᠡᠷᠲᠡᠭᠡᠨ ᠵᠠᠰᠬᠠᠤ ᠤᠷᠤᠨ ᠠᠴᠠ

ᠴᠤ ᠮᠤᠩᠭᠤᠯ ᠬᠡᠯᠡᠨ ᠤ ᠵᠢᠭᠠᠨ ᠰᠣᠷᠭᠠᠯᠳᠠ ᠶᠢ ᠦᠭᠡᠶᠢᠰᠭᠡᠨ᠎ᠡ ᠬᠡᠵᠦ ᠶᠡᠷᠦ ᠠᠴᠠ ᠶᠠᠷᠢᠵᠤ ᠦᠩᠭᠡᠷᠡᠭᠡ ᠦᠭᠡᠢ᠃

     7. ᠠᠰᠠᠭᠤᠯᠲᠠ᠄ ᠤᠳᠤᠬᠢ ᠲᠦᠷᠦ ᠶᠢᠨ ᠪᠤᠳᠤᠯᠭ᠎ᠠ ᠶᠢ ᠭᠤᠷᠪᠠᠨ ᠵᠢᠯ ᠬᠤᠪᠢᠶᠠᠵᠤ ᠭᠤᠷᠪᠠᠨ ᠬᠢᠴᠢᠶᠡᠯ

ᠲᠦᠷᠦᠯ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠭᠰᠠᠨ ᠤ ᠳᠠᠷᠠᠭ᠎ᠠ᠂

ᠲᠠᠬᠢᠵᠤ ᠪᠤᠰᠤᠳ ᠲᠦᠷᠦᠯ ᠤᠨ ᠬᠢᠴᠢᠶᠡᠯ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ

ᠵᠢᠭᠠᠨ ᠰᠤᠷᠭᠠᠵᠤ᠂ ᠮᠤᠩᠭᠤᠯ ᠬᠡᠯᠡ ᠪᠠᠷ ᠢᠶᠠᠨ ᠵᠢᠭᠠᠨ ᠰᠤᠷᠭᠠᠬᠤ ᠶᠢ ᠪᠠᠭᠠᠰᠬᠠᠨ᠎ᠠ ᠤᠤ︖

     ᠬᠠᠷᠢᠭᠤᠯᠲᠠ᠄ ᠵᠢᠭᠠᠨ ᠰᠤᠷᠭᠠᠬᠤ ᠮᠠᠲ᠋ᠧᠷᠢᠶᠠᠯ ᠨᠢ ᠢᠷᠡᠭᠡᠲᠦᠢ ᠶᠢ ᠲᠣᠭᠳᠠᠭᠠᠬᠤ ᠴᠢᠳᠠᠪᠬᠢ ᠲᠠᠢ ᠪᠠᠶᠢᠵᠤ᠂

ᠰᠤᠷᠭᠠᠨ ᠬᠦᠮᠦᠵᠢᠯ ᠤᠨ ᠠᠵᠢᠯ ᠤᠨ ᠬᠠᠮᠤᠭ ᠦᠨᠳᠦᠰᠦᠨ ᠵᠢᠷᠤᠮᠯᠠᠯ ᠪᠤᠯᠬᠤᠷ᠂ ᠡᠷᠬᠡᠪᠰᠢ ᠤᠯᠤᠰ ᠤᠨ ᠵᠤᠷᠢᠯᠲᠠ ᠶᠢ

ᠬᠠᠷᠠᠭᠤᠯᠬᠤ ᠬᠡᠷᠡᠭᠲᠡᠢ᠃ ︽ᠬᠡᠯᠡ ᠪᠢᠴᠢᠭ︾᠂ ︽ᠶᠤᠰᠤ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ ︽

ᠲᠡᠤᠬᠡ︾ ᠭᠤᠷᠪᠠᠨ ᠬᠢᠴᠢᠶᠡᠯ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ  ᠨᠢ ᠦᠵᠡᠯ

ᠤᠬᠠᠮᠰᠠᠷ ᠤᠨ ᠬᠡᠯᠪᠡᠷᠢ ᠪᠠ ᠰᠤᠶᠤᠯ ᠤᠨ ᠤᠯᠠᠮᠵᠢᠯᠠᠯ ᠲᠠᠢ ᠨᠢᠭᠲᠠ ᠬᠤᠯᠪᠤᠭᠳᠠᠵᠤ᠂ ᠤᠯᠤᠰ ᠤᠨ ᠭᠤᠤᠯᠯᠠᠭᠴᠢ

ᠵᠢᠭᠠᠬᠤ ᠮᠠᠲ᠋ᠧᠷᠢᠶᠠᠯ ᠪᠣᠯᠬᠤ ᠪᠦᠭᠡᠳ ᠤᠯᠤᠰ ᠠᠴᠠ ᠶᠠᠮᠠᠷ ᠬᠦᠮᠦᠨ ᠢ ᠬᠦᠮᠦᠵᠢᠭᠦᠯᠬᠦ ᠪᠠ ᠶᠠᠮᠠᠷ ᠬᠦᠮᠦᠨ ᠢ

ᠬᠦᠮᠦᠵᠢᠭᠦᠯᠵᠦ ᠴᠢᠳᠠᠬᠤ ᠲᠠᠢ ᠰᠢᠭᠤᠳ ᠬᠤᠯᠪᠤᠭᠳᠠᠬᠤ ᠪᠤᠯᠬᠤᠷ᠂ ᠡᠷᠬᠡᠪᠰᠢ ᠨᠢᠭᠡᠳᠦᠯᠲᠡᠢ ᠴᠢᠨᠠᠷ ᠪᠠ

ᠵᠤᠭᠰᠤᠯᠲᠠ ᠶᠢᠨ ᠦᠨᠳᠦᠰᠦᠨ ᠴᠢᠨᠠᠷ ᠢ ᠪᠠᠲᠤᠯᠠᠬᠤ ᠬᠡᠷᠡᠭᠲᠡᠢ᠃ ᠤᠯᠤᠰ ᠠᠴᠠ ︽ᠬᠡᠯᠡ ᠪᠢᠴᠢᠭ︾᠂ ︽ᠶᠤᠰᠤ

ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ ︽ᠲᠡᠤᠬᠡ︾ ᠭᠤᠷᠪᠠᠨ ᠬᠢᠴᠢᠶᠡᠯ ᠲᠦᠷᠦᠯ ᠤᠨ ᠵᠢᠭᠠᠬᠤ

ᠮᠠᠲ᠋ᠧᠷᠢᠶᠠᠯ ᠢ ᠨᠢᠭᠡᠳᠦᠯᠲᠡᠢ ᠨᠠᠶᠢᠷᠠᠭᠤᠯᠤᠨ᠂ ᠨᠢᠭᠡᠳᠦᠯᠲᠡᠢ ᠬᠢᠨᠠᠨ ᠲᠤᠭᠲᠠᠭᠠᠵᠤ᠂ ᠨᠢᠭᠡᠳᠦᠯᠲᠡᠢ ᠬᠡᠷᠡᠭᠯᠡᠬᠦ ᠶᠢᠨ

ᠬᠠᠮᠲᠤ ᠪᠦᠬᠦ ᠤᠯᠤᠰ ᠤᠨ ᠬᠡᠪᠴᠢᠶᠡᠨ ᠳᠤ ᠨᠢᠭᠡᠳᠦᠯᠲᠡᠢ ᠪᠠᠶᠢᠷᠢᠯᠠᠭᠤᠯᠤᠭᠰᠠᠨ ᠨᠢ ᠨᠠᠮ ᠪᠠ ᠤᠯᠤᠰ ᠤᠨ ᠴᠢᠬᠤᠯᠨ

ᠪᠠᠶᠢᠷᠢᠯᠠᠭᠤᠯᠤᠯᠲᠠ ᠪᠤᠯᠬᠤᠷ᠂ ᠪᠢᠳᠡ ᠡᠷᠬᠡᠪᠰᠢ ᠡᠷᠡᠰ ᠭᠤᠶᠢᠪᠢᠰᠢ ᠦᠭᠡᠢ ᠠᠬᠢᠭᠤᠯᠤᠨ ᠨᠠᠶᠢᠳᠠᠪᠤᠷᠢᠵᠢᠭᠤᠯᠬᠤ

ᠬᠡᠷᠡᠭᠲᠡᠢ᠃ ᠤᠯᠤᠰ ᠠᠴᠠ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠠᠴᠠ

ᠭᠤᠷᠪᠠᠨ ᠬᠢᠴᠢᠶᠡᠯ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ

ᠪᠠᠶᠢᠷᠢᠯᠠᠭᠤᠯᠤᠯᠲᠠ ᠬᠢᠭᠰᠡᠨ ᠠᠴᠠ ᠭᠠᠳᠠᠨ᠎ᠠ᠂ ᠪᠤᠰᠤᠳ ᠬᠢᠴᠢᠶᠡᠯ ᠲᠦᠷᠦᠯ ᠳᠤ ᠤᠯᠤᠰ ᠤᠨ ᠨᠡᠶᠢᠳᠡᠮ ᠬᠡᠷᠡᠭᠯᠡᠬᠦ

ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠶᠢᠷᠢᠯᠠᠭᠤᠯᠤᠯᠲᠠ ᠬᠢᠭᠰᠡᠨ ᠦᠭᠡᠢ ᠪᠦᠭᠡᠳ ᠤᠯᠤᠰ ᠠᠴᠠ

ᠶᠡᠷᠦ ᠠᠴᠠ ᠢᠢᠮᠦᠷᠬᠦ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠪᠠᠶᠢᠬᠤ ᠦᠭᠡᠢ ᠶᠤᠮ᠃ ᠪᠤᠰᠤᠳ ᠬᠢᠴᠢᠶᠡᠯ

ᠲᠦᠷᠦᠯ ᠢ ᠮᠦᠨᠬᠦ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ᠂ ᠦᠨᠳᠦᠰᠦᠲᠡᠨ ᠤ ᠦᠭᠡ ᠬᠡᠯᠡ ᠪᠠᠷ

ᠬᠢᠴᠢᠶᠡᠯᠯᠡᠬᠦ ᠪᠠᠷ ᠭᠤᠤᠯᠳᠠᠯᠭ᠎ᠠ ᠪᠤᠯᠭᠠᠭᠰᠠᠨ ᠬᠤᠤᠰ ᠬᠡᠯᠡᠨ ᠤ ᠰᠤᠷᠭᠠᠨ ᠬᠦᠮᠦᠵᠢᠯ ᠤᠨ ᠰᠢᠰᠲ᠋ᠧᠮ ᠬᠤᠪᠢᠷᠠᠬᠤ

ᠦᠭᠡᠢ᠃ ᠦᠪᠦᠷ ᠮᠤᠩᠭᠤᠯ ᠨᠢ ᠵᠢᠱᠢᠶᠡᠴᠢ ᠦᠪᠡᠷᠲᠡᠭᠡᠨ ᠵᠠᠰᠠᠬᠤ ᠤᠷᠤᠨ ᠪᠤᠯᠤᠭᠰᠠᠨ ᠤ ᠬᠤᠪᠢ ᠳᠤ᠂ ᠤᠯᠤᠰ ᠤᠨ

ᠵᠢᠭᠠᠬᠤ ᠮᠠᠲ᠋ᠧᠷᠢᠶᠠᠯ ᠤᠨ ᠵᠦᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ ᠦᠪᠡᠷᠲᠡᠭᠡᠨ ᠵᠠᠰᠠᠬᠤ

ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠡᠷᠬᠡ ᠲᠡᠭᠰᠢ ᠪᠦᠭᠡᠳ ᠴᠢᠨᠠᠷ ᠰᠠᠶᠢᠳᠠᠢ ᠦᠨᠳᠦᠰᠦᠲᠡᠨ ᠤ

ᠰᠤᠷᠭᠠᠨ ᠬᠦᠮᠦᠵᠢᠯ ᠢ ᠡᠷᠬᠢᠯᠡᠬᠦ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠤᠷᠢᠭ ᠰᠠᠨᠠᠭ᠎ᠠ ᠪᠠᠷ᠂ ᠤᠳᠤᠬᠠᠨ ᠤ

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠪᠠ

ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠰᠤᠷᠭᠠᠭᠤᠯᠢ ᠶᠢᠨ ᠪᠤᠳᠠᠲᠠᠢ ᠪᠠᠶᠢᠳᠠᠯ ᠢ

ᠭᠦᠢᠴᠡᠳ ᠪᠤᠳᠤᠯᠬᠢᠯᠠᠵᠤ᠂ ᠰᠤᠷᠭᠠᠨ ᠬᠦᠮᠦᠵᠢᠯ ᠤᠨ ᠶᠠᠮᠤᠨ ᠤ ᠵᠦᠪᠰᠢᠶᠡᠷᠡᠯ ᠢᠶᠠᠷ ᠮᠠᠨ ᠤ ᠤᠷᠤᠨ ᠳᠤ ︽ᠬᠡᠯᠡ

ᠪᠢᠴᠢᠭ︾᠂ ︽ᠶᠤᠰᠤ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ ︽ᠲᠡᠤᠬᠡ︾ ᠭᠤᠷᠪᠠᠨ ᠬᠢᠴᠢᠶᠡᠯ

ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠤᠷᠪᠠᠨ ᠵᠢᠯ ᠢᠶᠠᠷ ᠠᠯᠬᠤᠮ ᠬᠤᠪᠢᠶᠠᠵᠤ

ᠬᠡᠷᠡᠭᠵᠢᠭᠦᠯᠬᠦ ᠪᠠᠶᠢᠷᠢᠯᠠᠭᠤᠯᠤᠯᠲᠠ ᠨᠢ ᠦᠪᠡᠷᠲᠡᠭᠡᠨ ᠵᠠᠰᠠᠬᠤ ᠤᠷᠤᠨ ᠤ ᠪᠤᠳᠠᠲᠠᠢ ᠲᠠᠢ ᠨᠡᠶᠢᠴᠡᠵᠦ᠂ ᠨᠠᠮ ᠪᠠ

ᠤᠯᠤᠰ ᠠᠴᠠ ᠮᠠᠨ ᠤ ᠤᠷᠤᠨ ᠢ ᠬᠠᠯᠠᠮᠵᠢᠯᠠᠵᠦ ᠪᠠᠶᠢᠭ᠎ᠠ ᠶᠢ ᠬᠠᠷᠠᠭᠤᠯᠵᠦ ᠪᠠᠶᠢᠨ᠎ᠠ᠃

    8 . ᠠᠰᠠᠭᠤᠯᠲᠠ᠄ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠠᠴᠠ ᠤᠯᠤᠰ ᠤᠨ ᠨᠢᠭᠡᠳᠦᠯᠲᠡᠢ

ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠬᠡᠯᠡ ᠪᠢᠴᠢᠭ︾ ᠢ ᠡᠬᠢᠯᠡᠨ ᠰᠤᠷᠤᠯᠴᠠᠪᠠᠯ᠂ ︽ᠮᠣᠩᠭᠤᠯ ᠬᠡᠯᠡ

ᠪᠢᠴᠢᠭ︾ ᠤᠨ ᠬᠢᠴᠢᠶᠡᠯ ᠲᠥᠷᠥᠯ ᠲᠠᠢ ᠬᠤᠳᠬᠤᠯᠳᠤᠵᠤ᠂ ᠰᠤᠷᠤᠭᠴᠢᠳ ᠤᠨ ᠰᠤᠷᠤᠯᠭ᠎ᠠ ᠶᠢᠨ ᠲᠠᠷᠤᠭᠠᠰᠦ ᠶᠢ

ᠨᠡᠮᠡᠭᠳᠡᠭᠦᠯᠵᠦ᠂ ᠰᠤᠷᠤᠯᠭ᠎ᠠ ᠶᠢᠨ ᠦᠷ᠎ᠡ ᠪᠦᠲᠦᠮᠵᠢ ᠶᠢ ᠨᠥᠯᠥᠭᠡᠯᠡᠬᠦ ᠦᠦ︖

     ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ

ᠪᠢᠴᠢᠭ︾ ᠤᠨ ᠵᠢᠭᠠᠬᠤ ᠮᠠᠲ᠋ᠧᠷᠢᠶᠠᠯ ᠤᠨ ᠠᠭᠤᠯᠭ᠎ᠠ ᠪᠠ ᠦᠨᠳᠦᠰᠦᠲᠡᠨ ᠤ ᠬᠡᠯᠡ ᠪᠠᠷ ᠬᠢᠴᠢᠶᠡᠯᠯᠡᠬᠦ

ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠢ ᠭᠦᠨᠵᠡᠭᠡᠶ ᠵᠠᠳᠠᠯᠤᠨ ᠰᠤᠳᠤᠯᠵᠦ᠂ ︽ᠤᠯᠤᠰ ᠠᠴᠠ ᠨᠢᠭᠡᠳᠦᠯᠲᠡᠶ

ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢ ᠵᠢᠯᠣᠭᠤᠳᠬᠤ ᠰᠠᠨᠠᠭᠤᠯᠭ᠎ᠠ︾

 ᠶᠢ ᠨᠠᠶᠢᠷᠠᠭᠤᠯᠤᠨ ᠵᠣᠬᠢᠶᠠᠵᠤ᠂ ᠪᠠᠭ᠎ᠠ ᠰᠤᠷᠭᠠᠭᠤᠯᠢ ᠶᠢᠨ ᠵᠢᠷᠭᠤᠭᠠᠨ ᠵᠢᠯ ᠤᠨ ᠬᠢᠴᠢᠶᠡᠯ ᠢ ᠳᠡᠩᠴᠡᠭᠦᠷᠢᠲᠠᠢ

ᠲᠣᠬᠢᠷᠠᠭᠤᠯᠬᠤ ᠶᠣᠰᠣᠭᠠᠷ᠂ ᠬᠠᠷᠢᠴᠠᠯ ᠢᠶᠠᠷ ᠬᠢᠴᠢᠶᠡᠯ ᠤᠨ ᠴᠠᠭ ᠢ ᠬᠤᠪᠢᠶᠠᠷᠢᠯᠠᠬᠤ ᠰᠡᠳᠬᠢᠮᠵᠢ ᠪᠠᠷ ᠵᠢᠭᠠᠨ

ᠰᠤᠷᠭᠠᠬᠤ ᠠᠬᠢᠴᠠ ᠪᠣᠯᠤᠨ ᠴᠠᠭ ᠤᠨ ᠳᠠᠷᠠᠭᠠᠯᠠᠯ ᠳᠤ ᠲᠣᠬᠢᠷᠠᠭᠤᠯᠤᠯᠲᠠ ᠬᠢᠬᠦ ᠪᠤᠯᠤᠨ᠎ᠠ᠃ ᠵᠢᠱᠢᠶᠡᠯᠡᠪᠡᠯ᠂ ᠴᠠᠭ

ᠵᠦᠷᠢᠬᠦᠯᠦᠨ ᠵᠢᠭᠠᠨ ᠰᠤᠷᠭᠠᠬᠤ ᠠᠷᠭ᠎ᠠ ᠪᠤᠳᠤᠯᠭ᠎ᠠ ᠶᠢ ᠬᠡᠷᠡᠭᠵᠢᠭᠦᠯᠦᠨ᠎ᠡ᠂ ᠲᠤᠬᠠᠶᠢᠯᠠᠪᠠᠯ᠄ ᠮᠣᠩᠭᠤᠯ ᠢᠶᠠᠷ

ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠳᠡᠭᠡᠷ᠎ᠡ ᠬᠤᠭᠤᠴᠠᠭᠠᠨ ᠤ ᠲᠦᠷᠦᠬᠦᠤ ᠬᠠᠭᠠᠰ

ᠰᠤᠷᠤᠯᠭ᠎ᠠ ᠶᠢᠨ ᠬᠤᠭᠤᠴᠠᠭᠠᠨ ᠳᠤ ᠮᠣᠩᠭᠤᠯ ᠬᠡᠯᠡᠨ ᠤ ᠴᠠᠭᠠᠨ ᠲᠤᠯᠤᠭᠠᠢ ᠶᠢ ᠵᠢᠭᠠᠨ ᠰᠤᠷᠭᠠᠵᠦ᠂ ᠳᠣᠣᠷ᠎ᠠ ᠬᠠᠭᠠᠰ

ᠰᠤᠷᠤᠯᠭ᠎ᠠ ᠶᠢᠨ ᠬᠤᠭᠤᠴᠠᠭᠠᠨ ᠳᠤ ᠨᠢᠭᠡᠳᠦᠯᠲᠡᠢ ᠨᠠᠶᠢᠷᠠᠭᠤᠯᠤᠭᠰᠠᠨ ᠬᠡᠯᠡ ᠪᠢᠴᠢᠭ ᠤᠨ ᠠᠪᠢᠶᠠᠨ ᠦᠰᠦᠭ ᠢ ᠵᠢᠭᠠᠨ

ᠰᠤᠷᠭᠠᠵᠦ᠂ ᠬᠢᠲᠠᠳ ᠬᠡᠯᠡᠨ ᠤ ᠠᠪᠢᠶ᠎ᠠ ᠪᠠ ᠮᠣᠩᠭᠤᠯ ᠬᠡᠯᠡᠨ ᠤ ᠴᠠᠭᠠᠨ ᠲᠤᠯᠤᠭᠠᠢ ᠠᠮᠠᠷᠬᠠᠨ ᠬᠤᠳᠬᠤᠯᠳᠤᠬᠤ

ᠠᠰᠠᠭᠤᠳᠠᠯ ᠢ ᠰᠶᠢᠳᠪᠦᠷᠢᠯᠡᠨ᠎ᠡ᠃

    9. ᠠᠰᠠᠭᠤᠯᠲᠠ᠄ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠲᠡᠦᠬᠡ︾ ᠪᠠ

︽ᠶᠤᠰᠤ ᠰᠤᠷᠲᠠᠬᠤᠨ ᠬᠢᠬᠡᠳ ᠬᠠᠤᠯᠢ ᠪᠠᠷ ᠵᠠᠰᠠᠬᠤᠢ︾ ᠳᠤ ᠴᠥᠭᠡᠨ ᠲᠣᠭᠠᠲᠤ ᠦᠨᠳᠦᠰᠦᠲᠡᠨ ᠤ ᠦᠰᠦᠭ

ᠪᠢᠴᠢᠭ ᠤᠨ ᠬᠡᠪᠯᠡᠯ ᠢ ᠬᠡᠷᠡᠭᠯᠡᠵᠦ ᠪᠣᠯᠤᠨ᠎ᠠ ︵ᠲᠠᠷᠣᠢ ᠮᠣᠩᠭᠤᠯ ᠬᠡᠯᠡᠨ ᠤ ᠣᠷᠴᠢᠭᠤᠯᠭ᠎ᠠ ᠶᠢᠨ ᠬᠡᠪᠯᠡᠯ︶ ᠤᠤ︖

     ᠬᠠᠷᠢᠭᠤᠯᠲᠠ᠄ ᠪᠣᠯᠬᠤ ᠦᠭᠡᠢ᠃ ᠭᠤᠷᠪᠠᠨ ᠬᠢᠴᠢᠶᠡᠯ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ

ᠮᠠᠲ᠋ᠧᠷᠢᠶᠠᠯ ᠢ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠡᠪᠯᠡᠵᠣ᠂ ᠤᠯᠤᠰ ᠤᠨ

ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠨ᠎ᠡ᠃ ᠮᠠᠨ ᠤ ᠣᠷᠣᠨ ᠪᠣᠯ ︽ᠵᠢᠱᠢᠶᠡᠴᠢ

ᠥᠪᠡᠷᠲᠡᠭᠡᠨ ᠵᠠᠰᠠᠬᠤ ᠣᠷᠣᠨ︾ ᠪᠣᠯᠬᠤᠷ᠂ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ

ᠨᠠᠶᠢᠳᠠᠪᠣᠷᠢᠵᠢᠭᠤᠯᠬᠤ ᠵᠣᠬᠢᠰᠲᠠᠢ ᠪᠦᠭᠡᠳ ᠬᠤᠪᠢᠷᠠᠭᠤᠯᠵᠤ ᠪᠣᠯᠬᠤ ᠥᠬᠡᠶ᠃

     10. ᠠᠰᠠᠭᠤᠯᠲᠠ᠄ ᠦᠨᠳᠦᠰᠦᠲᠡᠨ ᠤ ᠦᠬᠡ ᠬᠡᠯᠨ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ︽

ᠶᠤᠰᠤ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾ ᠪᠠ ︽ᠲᠡᠤᠬᠡ︾ ᠶᠢᠨ ᠬᠢᠴᠢᠶᠡᠯ ᠢ ᠶᠠᠭᠤᠨ ᠤ ᠤᠴᠢᠷ ᠠᠴᠠ

ᠨᠡᠶᠢᠳᠡᠮ ᠬᠡᠷᠡᠭᠯᠡᠬᠦ ᠦᠭᠡ ᠬᠡᠯᠨ ᠪᠠᠷ ᠵᠢᠭᠠᠨ ᠰᠤᠷᠭᠠᠬᠤ ᠪᠤᠢ︖ ᠦᠨᠳᠦᠰᠦᠲᠡᠨ ᠤ ᠦᠬᠡ ᠬᠡᠯᠨ ᠪᠠᠷ

ᠤᠷᠴᠢᠭᠤᠯᠤᠨ ᠵᠢᠭᠠᠨ ᠰᠤᠷᠭᠠᠬᠤ ᠪᠠ ᠨᠡᠶᠢᠳᠡᠮ ᠬᠡᠷᠡᠭᠯᠡᠬᠦ ᠦᠭᠡ ᠬᠡᠯᠨ ᠪᠠᠷ ᠵᠢᠭᠠᠨ ᠰᠤᠷᠭᠠᠬᠤ ᠶᠢᠨ ᠢᠯᠭᠠᠭ᠎ᠠ ᠨᠢ

ᠶᠠᠭᠤ ᠪᠤᠢ︖

     ᠬᠠᠷᠢᠭᠤᠯᠲᠠ᠄ ᠰᠢ ᠶᠢᠨ ᠫᠢᠩ ᠶᠡᠷᠦᠩᠬᠡᠢ ᠱᠦᠵᠢ ᠠᠴᠠ᠂ ᠦᠭᠡ ᠬᠡᠯᠡ ᠬᠠᠷᠢᠯᠴᠠᠨ ᠨᠡᠪᠲᠡᠷᠡᠬᠦ ᠪᠤᠯ ᠬᠦᠮᠦᠨ

ᠬᠦᠮᠦᠨ ᠤ ᠬᠤᠭᠤᠷᠤᠨᠳᠤ ᠪᠠᠨ ᠤᠶᠢᠯᠠᠭᠠᠯᠴᠠᠬᠤ ᠴᠢᠬᠤᠯᠨ ᠭᠤᠭᠴᠤᠭ᠎ᠠ ᠮᠦᠨ᠂ ᠦᠭᠡ ᠬᠡᠯᠨ ᠨᠡᠪᠲᠡᠷᠡᠬᠦ ᠦᠭᠡᠢ

ᠪᠤᠯ ᠬᠠᠷᠢᠯᠴᠠᠬᠤ ᠳᠤ ᠬᠦᠴᠢᠷᠳᠡᠬᠦ ᠪᠣᠯᠣᠨ᠎ᠠ᠂ ᠬᠠᠷᠢᠯᠴᠠᠨ ᠤᠶᠢᠯᠠᠭᠠᠯᠴᠠᠵᠤ ᠴᠢᠳᠠᠬᠤ ᠦᠭᠡᠢ ᠪᠤᠯ ᠡᠨᠡᠭᠰᠢᠵᠦ

ᠴᠢᠳᠠᠬᠤ ᠦᠭᠡᠢ ᠶᠣᠮ ᠭᠡᠵᠦ ᠴᠢᠬᠤᠯᠠᠴᠢᠯᠠᠭᠰᠠᠨ ᠪᠠᠶᠢᠨ᠎ᠠ᠃ ︽ᠶᠤᠰᠤ ᠰᠤᠷᠲᠠᠬᠤᠨ ᠬᠢᠭᠡᠳ ᠬᠠᠤᠯᠢ ᠪᠠᠷ ᠵᠠᠰᠠᠬᠤᠢ

︾ ᠪᠠ ︽ᠲᠡᠤᠬᠡ︾ ᠪᠤᠯ ︽ᠬᠡᠯᠨ ᠪᠢᠴᠢᠭ︾ ᠤᠨ ᠬᠢᠴᠢᠶᠡᠯ ᠤᠨ ᠦᠷᠭᠦᠯᠵᠢᠯᠡᠯ ᠪᠠ ᠦᠷᠭᠡᠳᠭᠡᠯ ᠪᠤᠯᠤᠨ᠎ᠠ᠃

ᠭᠤᠷᠪᠠᠨ ᠲᠦᠷᠦᠯ ᠤᠨ ᠬᠢᠴᠢᠶᠡᠯ ᠢ ᠢᠵᠢᠯ ᠠᠯᠬᠤᠮ ᠢᠶᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠨ ᠦᠰᠦᠭ

ᠪᠢᠴᠢᠭ ᠢᠶᠠᠷ ᠵᠢᠭᠠᠨ ᠰᠤᠷᠭᠠᠬᠤ ᠨᠢ ᠲᠦᠪ ᠤᠨ ᠨᠢᠭᠡᠳᠦᠯᠲᠠᠢ ᠪᠠᠶᠢᠷᠢᠯᠠᠭᠤᠯᠣᠯᠳᠠ ᠪᠠ ᠱᠠᠭᠠᠷᠳᠠᠯᠭ᠎ᠠ ᠪᠣᠯᠬᠤ ᠠᠴᠠ

ᠪᠢᠰᠢ᠂ ᠵᠦᠪᠬᠡᠨ ᠦᠪᠦᠷ ᠮᠣᠩᠭᠤᠯ ᠳᠠᠬᠢ ᠣᠨᠴᠠᠭᠠᠢ ᠱᠠᠭᠠᠷᠳᠠᠯᠭ᠎ᠠ ᠪᠢᠰᠢ ᠪᠦᠬᠡᠳ ᠦᠬᠡ ᠬᠡᠯᠡ ᠦᠰᠦᠭ

ᠪᠢᠴᠢᠭ ᠤᠨ ᠬᠡᠷᠡᠭᠯᠡᠯᠳᠡ ᠶᠢ ᠴᠢᠩᠭᠠᠳᠬᠠᠬᠤ ᠳᠤ ᠨᠡᠩ ᠠᠰᠢᠭᠲᠠᠢ᠂ ᠦᠨᠳᠦᠰᠦᠲᠡᠨ ᠤ ᠦᠭᠡ ᠬᠡᠯᠨ ᠦᠰᠦᠭ

ᠪᠢᠴᠢᠭ ᠢᠶᠠᠷ ᠬᠢᠴᠢᠶᠡᠯᠯᠡᠬᠦ ᠰᠤᠷᠤᠭᠴᠢ ᠬᠢᠭᠡᠳ ᠪᠤᠰᠤᠳ ᠦᠨᠳᠦᠰᠦᠲᠡᠨ ᠤ ᠰᠤᠷᠤᠭᠴᠢ ᠶᠢᠨ ᠬᠤᠭᠤᠷᠣᠨᠳᠣᠬᠢ

ᠬᠠᠷᠢᠯᠴᠠᠭ᠎ᠠ ᠶᠠᠪᠤᠯᠴᠠᠭ᠎ᠠ ᠶᠢ ᠠᠬᠢᠭᠤᠯᠬᠤ ᠳᠤ ᠨᠡᠩ ᠠᠰᠢᠭᠲᠠᠢ ᠪᠠᠶᠢᠵᠤ᠂ ᠰᠤᠷᠤᠭᠴᠢ ᠶᠢᠨ ᠬᠤᠶᠢᠰᠢᠲᠠ ᠶᠢᠨ

ᠰᠤᠷᠭᠠᠭᠤᠯᠢ ᠳᠠᠪᠰᠢᠵᠤ ᠠᠵᠢᠯ ᠤᠯᠬᠤ ᠪᠠ ᠦᠰᠦᠨ ᠪᠤᠶᠢᠵᠢᠵᠣ ᠠᠯᠬᠤᠮ ᠳᠠᠪᠰᠢᠬᠤ ᠵᠠᠮ ᠢ ᠦᠷᠭᠡᠳᠭᠡᠬᠦ ᠪᠤᠯᠤᠨ᠎ᠠ᠃

ᠤᠯᠤᠰ ᠢᠶᠠᠨ ᠬᠦᠴᠦᠷᠭᠡᠭᠵᠢᠭᠦᠯᠬᠦ ᠳᠤ ᠡᠷᠬᠡᠪᠰᠢ ᠤᠷᠢᠳᠠᠪᠠᠷ ᠦᠭᠡ ᠬᠡᠯᠨ ᠪᠠᠨ ᠬᠦᠴᠦᠷᠭᠡᠭᠵᠢᠭᠦᠯᠵᠦ᠂ ᠦᠭᠡ ᠬᠡᠯᠨ

ᠬᠦᠴᠦᠷᠭᠡᠭ ᠪᠠᠶᠢᠬᠤ ᠨᠢ ᠤᠯᠤᠰ ᠢᠶᠠᠨ ᠬᠦᠴᠦᠷᠭᠡᠭᠵᠢᠭᠦᠯᠬᠦ ᠶᠢ ᠠᠬᠢᠭᠤᠯᠬᠤ ᠪᠤᠯᠤᠨ᠎ᠠ᠃ ᠦᠭᠡᠷᠡᠴᠢᠯᠡᠯᠲᠡ

ᠨᠡᠭᠡᠭᠡᠯᠲᠡ ᠠᠴᠠ ᠨᠠᠰᠢ᠂ ᠬᠡᠳᠦ᠋ᠢᠪᠡᠷ ᠤᠯᠤᠰ ᠠᠴᠠ ᠬᠢᠯᠢ ᠬᠢᠵᠠᠭᠠᠷ ᠤᠨ ᠴᠦᠭᠡᠨ ᠲᠤᠭᠠᠲᠤ ᠦᠨᠳᠦᠰᠦᠲᠡᠨ ᠤ

ᠭᠠᠵᠠᠷ ᠤᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠢ ᠬᠦᠴᠦᠯᠡᠨ ᠠᠬᠢᠭᠤᠯᠵᠤ᠂ ᠦᠨᠳᠦᠰᠦᠲᠡᠨ ᠨᠦᠭᠦᠳ

 ᠤᠨ ᠠᠷᠠᠳ ᠤᠯᠠᠨ ᠤ ᠰᠢᠨᠵᠢᠯᠡᠬᠦ ᠤᠬᠠᠭᠠᠨ ᠰᠤᠶᠤᠯ ᠮᠡᠳᠡᠯᠭᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠭᠰᠡᠨ

ᠪᠤᠯᠪᠠᠴᠤ ᠪᠤᠰᠤᠳᠴᠢ ᠪᠠᠷ ᠠᠪᠴᠣ ᠬᠡᠯᠡᠪᠡᠯ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠢ

ᠪᠠᠭᠲᠠᠭᠠᠭᠰᠠᠨ ᠲᠤᠮᠳᠠ ᠪᠠᠷᠠᠭᠤᠨ ᠬᠡᠰᠡᠭ ᠤᠨ ᠭᠠᠵᠠᠷ ᠤᠷᠤᠨ ᠳᠤ ᠪᠠᠰᠠ ᠮᠠᠰᠢ ᠤᠯᠠᠨ ᠢᠳᠡᠷ ᠵᠠᠯᠠᠭᠤᠴᠤᠳ ᠪᠠ

ᠮᠠᠯᠴᠢᠳ ᠤᠯᠤᠰ ᠤᠨ ᠪᠠᠷᠢᠮᠵᠢᠶ᠎ᠠ ᠬᠡᠯᠡ ᠪᠠᠷ ᠬᠠᠷᠢᠯᠴᠠᠵᠦ ᠴᠢᠳᠠᠬᠤ ᠦᠭᠡᠢ ᠪᠠᠶᠢᠨ᠎ᠠ᠂ ᠡᠨᠡᠬᠦ ᠠᠰᠠᠭᠤᠳᠠᠯ ᠨᠢ

ᠨᠢᠭᠡᠨᠲᠡ ᠬᠤᠪᠢ ᠬᠦᠮᠦᠨ ᠤ ᠲᠠᠪᠰᠢᠯᠳᠠ ᠶᠢ ᠬᠠᠷᠰᠢᠯᠠᠵᠤ᠂ ᠭᠠᠵᠠᠷ ᠤᠷᠤᠨ ᠤ ᠠᠵᠤ ᠠᠬᠤᠢ ᠨᠡᠶᠢᠭᠡᠮ ᠤᠨ

ᠬᠦᠭᠵᠢᠯᠲᠡ ᠶᠢ ᠨᠦᠯᠦᠭᠡᠯᠡᠵᠦ᠂ ᠦᠨᠳᠦᠰᠦᠲᠡᠨ ᠤ ᠭᠠᠵᠠᠷ ᠤᠷᠤᠨ ᠤ ᠪᠦᠯᠬᠦᠮᠳᠡᠯ ᠲᠠᠢ ᠡᠶ᠎ᠡ ᠵᠤᠬᠢᠴᠠᠩᠭᠤᠢ ᠠᠯᠬᠤᠮ

ᠳᠠᠪᠰᠢᠬᠤ ᠶᠢ ᠬᠢᠵᠠᠭᠠᠷᠯᠠᠬᠤ ᠴᠢᠬᠤᠯᠨ ᠡᠯᠧᠮᠧᠨ᠋ᠲ ᠪᠤᠯᠤᠭᠰᠠᠨ ᠪᠠᠶᠢᠨ᠎ᠠ᠃ ︽ᠶᠤᠰᠤ ᠰᠤᠷᠲᠠᠬᠤᠨ ᠬᠢᠭᠡᠳ

ᠬᠠᠤᠯᠢ ᠪᠠᠷ ᠵᠠᠰᠠᠬᠤᠢ︾ ᠪᠣᠯᠣᠨ ︽ᠲᠡᠤᠬᠡ︾ ᠶᠢ ᠨᠡᠶᠢᠳᠡᠮ ᠬᠡᠷᠡᠭᠯᠡᠬᠦ ᠦᠭᠡ ᠬᠡᠯᠨ ᠦᠰᠦᠭ ᠪᠢᠴᠢᠭ ᠢᠶᠠᠷ ᠵᠢᠭᠠᠨ

ᠰᠤᠷᠭᠠᠬᠤ ᠠᠷᠭ᠎ᠠ ᠨᠢ ᠦᠨᠳᠦᠰᠦᠲᠡᠨ ᠤ ᠦᠭᠡ ᠬᠡᠯᠨ ᠪᠠᠷ ᠤᠷᠴᠢᠭᠤᠯᠤᠨ ᠵᠢᠭᠠᠨ ᠰᠤᠷᠭᠠᠬᠤ ᠠᠷᠭ᠎ᠠ ᠶᠢ ᠪᠤᠳᠤᠪᠠᠯ

ᠪᠠᠭᠰᠢ᠂ ᠵᠢᠭᠠᠨ ᠰᠤᠷᠭᠠᠬᠤ ᠮᠠᠲ᠋ᠧᠷᠢᠶᠠᠯ᠂ ᠰᠤᠷᠠᠭ ᠴᠢᠮᠡᠭᠡ ᠵᠡᠷᠭᠡ ᠲᠠᠯ᠎ᠠ ᠪᠠᠷ ᠡᠬᠢ ᠪᠠᠶᠠᠯᠢᠭ ᠤᠨ ᠳᠠᠪᠠᠭᠤᠯᠢᠭ ᠲᠠᠢ

ᠪᠠᠶᠢᠵᠤ᠂ ᠡᠯᠪᠡᠭ ᠪᠠᠶᠠᠯᠢᠭ ᠵᠢᠭᠠᠨ ᠰᠣᠷᠭᠠᠯᠳᠠ ᠶᠢᠨ ᠡᠬᠢ ᠪᠠᠶᠠᠯᠢᠭ ᠨᠢ ᠰᠣᠷᠭᠠᠭᠤᠯᠢ ᠶᠢᠨ ᠵᠢᠭᠠᠨ ᠰᠣᠷᠭᠠᠬᠤ ᠶᠠᠰᠣ

ᠴᠢᠨᠠᠷ ᠢᠶᠠᠨ ᠳᠡᠭᠡᠭᠰᠢᠯᠡᠬᠦᠯᠬᠦ ᠳᠤ ᠠᠰᠢᠭᠲᠠᠢ ᠪᠦᠭᠡᠳ ᠴᠦᠬᠡᠨ ᠲᠤᠭᠠᠲᠤ ᠦᠨᠳᠦᠰᠦᠲᠡᠨ ᠤ ᠰᠤᠷᠤᠭᠴᠢ ᠶᠢᠨ ᠨᠡᠩ

ᠡᠷᠬᠡ ᠲᠡᠭᠰᠢ᠂ ᠨᠡᠩ ᠴᠢᠨᠠᠷ ᠰᠠᠶᠢᠳᠠᠢ ᠰᠤᠷᠭᠠᠨ ᠬᠦᠮᠦᠵᠢᠯ ᠬᠦᠷᠲᠡᠬᠦ ᠳᠤ ᠠᠰᠢᠭᠲᠠᠢ ᠶᠤᠮ᠃

     11. ᠠᠰᠠᠭᠤᠯᠲᠠ᠄ ᠤᠯᠤᠰ ᠠᠴᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ︽ᠬᠡᠯᠡ ᠪᠢᠴᠢᠭ︾ ᠢ

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠬᠤ ᠬᠡᠷᠡᠭᠲᠡᠶ ᠭᠡᠵᠦ ᠱᠠᠭᠠᠷᠳᠠᠭᠰᠠᠨ

ᠪᠠᠶᠢᠨ᠎ᠠ᠂ ᠲᠡᠭᠡᠪᠠᠯ ᠮᠠᠯᠵᠢᠬᠤ ᠣᠷᠣᠨ ᠤ ᠬᠡᠦᠬᠡᠳ ᠪᠠᠭ᠎ᠠ ᠠᠴᠠ ᠪᠠᠨ ᠮᠤᠩᠭᠤᠯ ᠢᠶᠠᠷ ᠶᠠᠷᠢᠵᠤ ᠬᠢᠲᠠᠳ ᠬᠡᠯᠡᠨ ᠤ

ᠰᠠᠭᠤᠷᠢ ᠦᠭᠡᠢ ᠲᠤᠯᠨ᠂ ᠪᠠᠭ᠎ᠠ ᠰᠤᠷᠭᠠᠭᠤᠯᠢ ᠳᠤ ᠣᠷᠣᠮᠠᠭᠴᠠ ᠬᠢᠲᠠᠳ ᠦᠨᠳᠦᠰᠦᠲᠡᠨ ᠤ ᠰᠤᠷᠤᠭᠴᠢᠳ ᠲᠠᠢ

ᠠᠳᠠᠯᠢ ᠪᠠᠷ ᠬᠢᠲᠠᠳ ᠬᠡᠯᠡ ᠰᠤᠷᠪᠡᠯ᠂ ᠰᠤᠷᠤᠯᠭ᠎ᠠ ᠳᠠᠭᠠᠨ ᠬᠦᠴᠢᠷᠳᠠᠵᠤ ᠬᠢᠴᠢᠶᠡᠯ ᠢᠶᠠᠨ ᠳᠠᠭᠠᠵᠤ ᠲᠡᠶᠢᠯᠬᠦ ᠦᠭᠡᠢ

ᠪᠤᠯᠪᠡᠯ ᠶᠠᠭᠠᠬᠢᠬᠤ ᠪᠤᠢ︖

     ᠬᠠᠷᠢᠭᠤᠯᠲᠠ᠄ ᠣᠳᠣᠬᠠᠨ ᠳᠤ᠂ ᠰᠢᠯᠢ ᠶᠢᠨ ᠭᠤᠤᠯ ᠠᠶᠢᠮᠠᠭ ᠤᠨ ᠪᠠᠭ᠎ᠠ ᠰᠤᠷᠭᠠᠭᠤᠯᠢ ᠶᠢᠨ ᠨᠢᠭᠡᠳᠦᠭᠡᠷ

ᠣᠨ ᠳᠤ ᠴᠥᠮ ᠮᠣᠩᠭᠤᠯ ᠬᠢᠲᠠᠳ ᠬᠤᠤᠰ ᠬᠡᠯᠨ ᠲᠠᠢ ᠪᠠᠭᠰᠢ ᠶᠢ ᠳᠣᠭᠢᠷᠠᠭᠤᠯᠵᠤ᠂ ᠬᠢᠲᠠᠳ ᠬᠡᠯᠡᠨ ᠤ ᠵᠢᠭᠠᠨ

ᠰᠤᠷᠭᠠᠯᠲᠠ ᠶᠢᠨ ᠰᠠᠭᠤᠷᠢᠨ ᠳᠡᠭᠡᠷ᠎ᠡ ᠮᠣᠩᠭᠤᠯ ᠬᠡᠯᠡᠨ ᠤ ᠲᠠᠶᠢᠯᠪᠤᠷᠢᠯᠠᠯᠲᠠ ᠬᠢᠬᠦ ᠪᠣᠯᠣᠨ᠎ᠠ᠃ ᠡᠭᠦᠨ ᠤ ᠬᠠᠮᠲᠤ

ᠪᠠᠭᠰᠢ ᠰᠤᠷᠤᠭᠴᠢ ᠪᠣᠯᠤᠨ ᠭᠡᠷ ᠤᠨ ᠠᠬᠠᠮᠠᠳ ᠤᠨ ᠲᠤᠰᠬᠠᠯ ᠢ ᠦᠨᠳᠦᠰᠦᠯᠡᠨ᠂ ᠠᠶᠢᠮᠠᠭ ᠤᠨ ᠨᠠᠮ ᠤᠨ ᠬᠤᠷᠢᠶ᠎ᠠ᠂

ᠵᠠᠬᠢᠷᠭ᠎ᠠ ᠨᠢ ᠣᠳᠣ ᠪᠠᠶᠢᠭ᠎ᠠ ᠬᠤᠤᠰ ᠬᠡᠯᠡᠨ ᠤ ᠪᠠᠭᠰᠢ ᠶᠢ ᠬᠠᠪᠰᠤᠷᠤᠨ ᠵᠢᠯᠣᠭᠤᠳᠤᠭᠴᠢ ᠪᠠᠷ ᠲᠣᠬᠢᠷᠠᠭᠤᠯᠵᠤ᠂

ᠰᠤᠷᠤᠯᠭ᠎ᠠ ᠳᠠᠭᠠᠨ ᠬᠦᠴᠢᠷᠳᠡᠵᠤ ᠪᠠᠶᠢᠭ᠎ᠠ ᠰᠤᠷᠤᠭᠴᠢᠳ ᠢ ᠲᠤᠰᠬᠠᠶ ᠬᠠᠪᠰᠤᠷᠤᠨ ᠳᠡᠮᠵᠢᠵᠣ᠂ ᠰᠤᠷᠤᠭᠴᠢ ᠨᠢᠭᠡᠪᠦᠷᠢ

ᠴᠦᠮ ᠰᠤᠷᠤᠯᠭ᠎ᠠ ᠪᠠᠨ ᠳᠠᠭᠠᠵᠤ ᠳᠡᠶᠢᠯᠬᠦ ᠶᠢ ᠪᠠᠳᠤᠯᠠᠨ᠎ᠠ᠃ ᠬᠠᠪᠰᠤᠷᠤᠨ ᠵᠢᠯᠣᠭᠤᠳᠣᠭᠰᠠᠨ ᠬᠢᠴᠢᠶᠡᠯ ᠤᠨ ᠴᠠᠭ ᠢ

ᠪᠠᠭᠰᠢ ᠶᠢᠨ ᠵᠢᠭᠠᠨ ᠰᠤᠷᠭᠠᠯᠲᠠ ᠶᠢᠨ ᠬᠢᠨᠠᠨ ᠰᠢᠯᠭᠠᠯᠲᠠ ᠳᠤ ᠪᠤᠲᠤᠵᠤ ᠣᠷᠣᠭᠤᠯᠬᠤ ᠶᠢᠨ ᠬᠠᠮᠳᠣ᠂ ᠦᠪᠡᠷᠳᠡᠭᠡᠨ

ᠵᠠᠰᠠᠬᠤ ᠣᠷᠣᠨ ᠨᠢ ︽ᠮᠣᠩᠭᠤᠯ ᠬᠢᠳᠠᠳ ᠰᠣᠷᠣᠭᠴᠢ ᠶᠢᠨ ᠬᠤᠪᠣᠷ ᠲᠣᠬᠢᠶᠠᠯᠳᠣᠬᠤ ᠦᠭᠡᠰ ᠪᠣᠯᠣᠨ ᠬᠡᠪᠰᠢᠮᠡᠯ

ᠦᠭᠡ ᠶᠢᠨ ᠬᠠᠷᠢᠴᠠᠭᠤᠯᠣᠭᠰᠠᠨ ᠲᠣᠯᠢ︾ ᠶᠢ ᠲᠠᠷᠣᠮᠠᠯᠯᠠᠨ ᠲᠠᠷᠬᠠᠭᠠᠵᠣ᠂ ᠰᠣᠷᠣᠭᠴᠢᠳ ᠤᠨ ᠰᠣᠷᠣᠯᠴᠠᠨ

ᠣᠶᠢᠯᠠᠭᠠᠵᠣ ᠬᠡᠷᠡᠭᠯᠡᠬᠦ ᠳᠤ ᠲᠡᠮᠵᠢᠯᠭᠡ ᠦᠵᠡᠬᠦᠯᠦᠨ᠎ᠡ᠃

    12. ᠠᠰᠠᠭᠤᠯᠲᠠ᠄ ᠣᠳᠣᠬᠠᠨ ᠳᠤ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ

ᠰᠤᠷᠭᠠᠭᠤᠯᠢ ᠳᠤ ᠳᠠᠪᠰᠢᠭᠰᠠᠨ ᠰᠤᠷᠤᠭᠴᠢᠳ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠤᠯᠤᠰ ᠠᠴᠠ

ᠨᠢᠭᠡᠳᠦᠯᠲᠡᠶ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠦᠶᠡᠰ᠂ ᠬᠡᠦᠬᠡᠳ ᠤᠳ

 ᠤᠨ ᠪᠠᠭ᠎ᠠ ᠰᠤᠷᠭᠠᠭᠤᠯᠢ ᠶᠢᠨ ᠰᠠᠭᠤᠷᠢ ᠨᠢ ᠨᠡᠯᠢᠶᠡᠳ ᠪᠠᠭᠤᠷᠠᠢ ᠪᠣᠯ᠂ ᠪᠠᠭ᠎ᠠ ᠰᠤᠷᠭᠠᠭᠤᠯᠢ ᠪᠠ ᠠᠩᠬ᠎ᠠ ᠲᠤᠮᠳᠠᠲᠤ

 ᠶᠢᠨ ᠵᠢᠭᠠᠨ ᠰᠤᠷᠭᠠᠯᠲᠠ ᠶᠢ ᠵᠣᠯᠭᠠᠭᠤᠯᠬᠤ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖

     ᠬᠠᠷᠢᠭᠤᠯᠲᠠ᠄ ᠣᠳᠣᠬᠠᠨ ᠳᠤ᠂ ᠰᠢᠯᠢ ᠶᠢᠨ ᠭᠤᠤᠯ ᠠᠶᠢᠮᠠᠭ ᠤᠨ ᠠᠩᠬ᠎ᠠ ᠵᠡᠷᠭᠡ ᠶᠢᠨ ᠳᠤᠮᠳᠠᠳᠤ

ᠰᠤᠷᠭᠠᠭᠤᠯᠢ ᠶᠢᠨ ᠨᠢᠭᠡᠳᠦᠭᠡᠷ ᠣᠨ ᠤ ︽ᠬᠡᠯᠡ ᠪᠢᠴᠢᠭ︾ ᠵᠢᠭᠠᠬᠤ ᠪᠠᠭᠰᠢ ᠶᠢ ᠴᠥᠮ ᠮᠣᠩᠭᠤᠯ ᠬᠢᠲᠠᠳ ᠬᠤᠤᠰ

ᠬᠡᠯᠨ ᠲᠠᠢ ᠪᠠᠭᠰᠢ ᠲᠤᠬᠢᠷᠠᠭᠤᠯᠵᠦ ᠵᠢᠭᠠᠬᠤ ᠶᠢᠨ ᠬᠠᠮᠲᠤ᠂ ᠪᠠᠭᠰᠢ ᠰᠤᠷᠤᠭᠴᠢ ᠪᠣᠯᠤᠨ ᠭᠡᠷ ᠤᠨ ᠠᠬᠠᠮᠠᠳ ᠤᠨ

ᠲᠤᠰᠬᠠᠯ ᠢ ᠦᠡᠳᠤᠰᠤᠯᠡᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠣᠳᠣ ᠪᠠᠶᠢᠭ᠎ᠠ ᠬᠤᠤᠰ ᠬᠡᠯᠡᠨ ᠤ

ᠪᠠᠭᠰᠢ ᠶᠢ ᠬᠠᠪᠰᠤᠷᠤᠨ ᠵᠢᠯᠣᠭᠤᠳᠤᠭᠴᠢ ᠪᠠᠷ ᠲᠣᠬᠢᠷᠠᠭᠤᠯᠵᠤ᠂ ᠰᠤᠷᠤᠯᠭ᠎ᠠ ᠳᠠᠭᠠᠨ ᠬᠦᠴᠢᠷᠳᠡᠵᠤ ᠪᠠᠶᠢᠭ᠎ᠠ

ᠰᠤᠷᠤᠭᠴᠢᠳ ᠢ ᠲᠤᠰᠬᠠᠶ ᠬᠠᠪᠰᠤᠷᠤᠨ ᠵᠢᠯᠤᠭᠤᠳᠴᠦ᠂ ᠰᠤᠷᠤᠭᠴᠢ ᠨᠢᠭᠡᠪᠦᠷᠢ ᠴᠦᠮ ᠰᠤᠷᠤᠯᠭ᠎ᠠ ᠪᠠᠨ ᠳᠠᠭᠠᠵᠤ

ᠳᠡᠶᠢᠯᠬᠦ ᠶᠢ ᠪᠠᠲᠤᠯᠠᠨ᠎ᠠ᠃ ᠬᠠᠪᠰᠤᠷᠤᠨ ᠵᠢᠯᠣᠭᠤᠳᠣᠭᠰᠠᠨ ᠬᠢᠴᠢᠶᠡᠯ ᠤᠨ ᠴᠠᠭ ᠢ ᠪᠠᠭᠰᠢ ᠶᠢᠨ ᠵᠢᠭᠠᠨ

ᠰᠤᠷᠭᠠᠯᠲᠠ ᠶᠢᠨ ᠬᠢᠨᠠᠨ ᠰᠢᠯᠭᠠᠯᠲᠠ ᠳᠤ ᠪᠤᠳᠤᠵᠤ ᠤᠷᠤᠭᠤᠯᠤᠨ᠎ᠠ᠃ ᠡᠬᠦᠨ ᠤ ᠬᠠᠮᠳᠣ᠂ ᠦᠪᠡᠷᠳᠡᠭᠡᠨ ᠵᠠᠰᠠᠬᠤ

ᠣᠷᠣᠨ ᠤ ᠰᠣᠷᠭᠠᠨ ᠬᠦᠮᠦᠵᠢᠯ ᠤᠨ ᠲᠢᠩᠭᠢᠮ ᠨᠢ ᠵᠢᠭᠠᠨ ᠰᠣᠷᠭᠠᠬᠤ ᠵᠢᠯᠣᠭᠤᠳᠣᠯᠭ᠎ᠠ ᠰᠠᠨᠠᠭᠤᠯᠭ᠎ᠠ ᠪᠠ ᠰᠣᠷᠣᠯᠭ᠎ᠠ

 ᠶᠢᠨ ᠦᠨᠡᠯᠡᠯᠳᠡ ᠶᠢᠨ ᠭᠤᠣᠯᠳᠠᠯᠭ᠎ᠠ ᠶᠢ ᠰᠣᠳᠣᠯᠣᠨ ᠲᠣᠭᠳᠠᠭᠠᠵᠣ᠂ ᠵᠢᠭᠠᠨ ᠰᠣᠷᠭᠠᠬᠤ ᠠᠭᠤᠯᠭ᠎ᠠ ᠶᠢ ᠦᠨᠡᠯᠡᠬᠦ

ᠪᠠᠷᠢᠮᠵᠢᠶ᠎ᠠ ᠳᠤ ᠵᠣᠬᠢᠰᠲᠠᠢ ᠲᠣᠬᠢᠷᠠᠭᠤᠯᠣᠯᠳᠠ ᠬᠢᠬᠦ ᠲᠣᠯᠡ᠂ ᠬᠢᠳᠠᠳ ᠢᠶᠠᠷ ᠬᠢᠴᠢᠶᠡᠯᠯᠡᠬᠦ ᠰᠣᠷᠭᠠᠭᠤᠯᠢ ᠲᠠᠢ

ᠬᠠᠷᠢᠴᠠᠭᠤᠯᠪᠠᠯ ᠨᠡᠯᠢᠶᠡᠳ ᠬᠢᠯᠪᠠᠷ ᠶᠣᠮ᠃

    13. ᠠᠰᠠᠭᠤᠯᠲᠠ᠄ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠳᠤ ᠤᠯᠤᠰ ᠤᠨ ᠨᠢᠭᠡᠳᠦᠯᠲᠡᠢ

ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠢ ᠰᠢᠨ᠎ᠡ ᠪᠠᠷ ᠨᠡᠮᠡᠭᠰᠡᠨ ᠤ ᠳᠠᠷᠠᠭ᠎ᠠ᠂ ᠵᠢᠭᠠᠨ

ᠰᠤᠷᠭᠠᠯᠲᠠ ᠶᠢᠨ ᠬᠢᠨᠠᠨ ᠰᠢᠯᠭᠠᠯᠲᠠ ᠶᠢ ᠬᠡᠷᠬᠢᠨ ᠲᠤᠬᠢᠷᠠᠭᠤᠯᠤᠭᠰᠠᠨ ᠪᠤᠢ︖ ᠬᠢᠲᠡᠳ ᠢᠶᠠᠷ ᠬᠢᠴᠢᠶᠡᠯᠯᠡᠬᠦ

ᠰᠤᠷᠭᠠᠭᠤᠯᠢ ᠪᠠᠷ ᠯᠠᠪᠯᠠᠯᠲᠠ ᠪᠤᠯᠭᠠᠨ᠎ᠠ ᠤᠤ︖

     ᠬᠠᠷᠢᠭᠤᠯᠲᠠ᠄ ᠤᠯᠤᠰ ᠠᠴᠠ ᠡᠩ ᠤᠨ ᠬᠢᠲᠡᠳ ᠢᠶᠠᠷ ᠬᠢᠴᠢᠶᠡᠯᠯᠡᠬᠦ ᠰᠤᠷᠭᠠᠭᠤᠯᠢ ᠶᠢᠨ ︽ᠬᠡᠯᠡ ᠪᠢᠴᠢᠭ︾

 ᠤᠨ ᠬᠢᠴᠢᠶᠡᠯ ᠢ ᠨᠢᠭᠡᠳᠦᠭᠡᠷ ᠤᠨ ᠳᠤ ᠭᠠᠷᠠᠭ ᠪᠦᠷᠢ 8 ᠬᠢᠴᠢᠶᠡᠯ ᠲᠤᠬᠢᠷᠠᠭᠤᠯᠬᠤ ᠪᠠᠷ ᠲᠣᠭᠳᠠᠭᠰᠠᠨ ᠶᠣᠮ᠃

ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠤᠭᠴᠢ ᠶᠢᠨ ᠳᠠᠷᠤᠭᠠᠰᠤ ᠶᠢ ᠬᠦᠩᠭᠡᠯᠡᠬᠦ ᠶᠢᠨ ᠲᠤᠰᠠᠳᠠ᠂

ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠳᠠᠷᠤᠮᠠᠯᠯᠠᠨ ᠳᠠᠷᠬᠠᠭᠠᠭᠰᠠᠨ ︽︿ᠦᠪᠦᠷ

ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ

ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠢᠴᠢᠶᠡᠯ ᠤᠨ ᠲᠦᠯᠦᠪᠯᠡᠭᠡ﹀ ᠶᠢ ᠳᠠᠷᠤᠮᠠᠯᠯᠠᠨ ᠳᠠᠷᠬᠠᠭᠠᠬᠤ ᠲᠤᠬᠠᠢ

ᠮᠡᠳᠡᠭᠳᠡᠯ︾ ᠳᠤ᠂ ᠤᠯᠤᠰ ᠠᠴᠠ ᠲᠤᠭᠲᠠᠭᠠᠭᠰᠠᠨ ᠶᠡᠷᠦᠩᠬᠡᠢ ᠬᠢᠴᠢᠶᠡᠯ ᠤᠨ ᠴᠠᠭ ᠤᠨ ᠲᠤᠭ᠎ᠠ ᠬᠡᠮᠵᠢᠶᠡᠨ ᠲᠤᠲᠤᠷ᠎ᠠ᠂

ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ

ᠪᠢᠴᠢᠭ︾ ᠤᠨ ᠬᠢᠴᠢᠶᠡᠯ ᠢ ᠨᠢᠭᠡᠳᠦᠭᠡᠷ ᠤᠨ ᠳᠤ ᠭᠠᠷᠠᠭ ᠪᠦᠷᠢ 5 ᠬᠢᠴᠢᠶᠡᠯ ᠤᠨ ᠴᠠᠭ ᠲᠤᠬᠢᠷᠠᠭᠤᠯᠬᠤ ᠪᠠᠷ

ᠲᠤᠳᠤᠷᠬᠠᠶᠢᠯᠠᠪᠠ᠃ ᠮᠠᠨ ᠤ ᠤᠷᠤᠨ ᠤ ᠠᠶᠢᠮᠠᠭ ᠬᠤᠲᠠ ᠶᠢᠨ ᠬᠤᠭᠤᠷᠤᠨᠳᠤᠬᠢ᠂ ᠬᠤᠲᠠ ᠬᠦᠳᠡᠭᠡ ᠶᠢᠨ

ᠬᠤᠭᠤᠷᠤᠨᠳᠤᠬᠢ᠂ ᠰᠤᠷᠭᠠᠭᠤᠯᠢ ᠶᠢᠨ ᠬᠤᠭᠤᠷᠤᠨᠳᠤᠬᠢ ᠪᠠᠭᠰᠢ ᠪᠠ ᠰᠤᠷᠤᠭᠴᠢ ᠶᠢᠨ ᠦᠭᠡ ᠬᠡᠯᠡᠨ ᠤ ᠰᠠᠭᠤᠷᠢ

ᠲᠡᠩᠴᠡᠭᠦᠷᠢ ᠦᠭᠡᠢ ᠪᠠᠶᠢᠳᠠᠯ ᠢ ᠪᠤᠳᠤᠯᠬᠢᠯᠠᠵᠤ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ

ᠲᠢᠩᠬᠢᠮ ᠠᠴᠠ ︽ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠯᠲᠡᠢ

ᠨᠠᠶᠢᠷᠠᠭᠤᠯᠤᠭᠰᠠᠨ ︿ᠬᠡᠯᠡ ᠪᠢᠴᠢᠭ﹀ ᠤᠨ ᠵᠢᠭᠠᠨ ᠰᠤᠷᠭᠠᠯᠲᠠ ᠵᠢᠴᠢ ᠦᠨᠡᠯᠡᠯᠲᠡ ᠶᠢᠨ ᠭᠤᠤᠯᠳᠠᠯᠭ᠎ᠠ︾ ᠶᠢ ᠴᠠᠭ

ᠲᠤᠬᠠᠢ ᠳᠤᠨᠢ ᠳᠠᠷᠤᠮᠠᠯᠯᠠᠨ ᠭᠠᠷᠭᠠᠵᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠵᠢᠭᠠᠨ ᠰᠤᠷᠭᠠᠯᠲᠠ ᠶᠢ ᠵᠤᠬᠢᠶᠠᠨ

ᠪᠠᠶᠢᠭᠤᠯᠬᠤ ᠪᠠ ᠰᠤᠷᠤᠭᠴᠢ ᠶᠢᠨ ᠬᠢᠴᠢᠶᠡᠯ ᠢ ᠦᠨᠡᠯᠡᠬᠦ ᠦᠨᠳᠦᠰᠦᠨ ᠵᠢᠷᠣᠮᠯᠠᠯ ᠪᠤᠯᠭᠠᠪᠠ᠃ ᠡᠯ᠎ᠡ ᠭᠠᠵᠠᠷ ᠤᠨ ᠡᠯ᠎ᠡ

ᠰᠤᠷᠭᠠᠭᠤᠯᠢ ᠨᠢ ᠪᠠᠰᠠ ᠲᠤᠰ ᠭᠠᠵᠠᠷ ᠲᠤᠰ ᠰᠤᠷᠭᠠᠭᠤᠯᠢ ᠶᠢᠨ ᠪᠤᠳᠠᠲᠠᠢ ᠪᠠᠶᠢᠳᠠᠯ ᠢᠶᠠᠨ ᠦᠨᠳᠦᠰᠦᠯᠡᠵᠦ

ᠠᠮᠢᠳᠤᠯᠢᠭ ᠢᠶᠠᠷ ᠲᠤᠬᠢᠷᠠᠭᠤᠯᠵᠤ ᠪᠤᠯᠤᠨ᠎ᠠ᠃ ᠶᠡᠷᠦᠩᠬᠡᠶᠢᠯᠡᠪᠡᠯ᠂ ᠰᠤᠷᠤᠭᠴᠢ ᠶᠢᠨ ᠰᠤᠷᠤᠯᠭ᠎ᠠ ᠶᠢᠨ ᠬᠢᠷᠢ

ᠲᠦᠪᠰᠢᠨ ᠤ ᠦᠨᠡᠯᠡᠯᠲᠡ ᠶᠢ ᠬᠢᠲᠡᠳ ᠢᠶᠠᠷ ᠬᠢᠴᠢᠶᠡᠯᠯᠡᠬᠦ ᠡᠩ ᠤᠨ ᠰᠤᠷᠭᠠᠭᠤᠯᠢ ᠲᠠᠢ ᠬᠠᠷᠢᠴᠠᠭᠤᠯᠪᠠᠯ᠂

ᠮᠡᠳᠡᠯᠭᠡ ᠶᠢᠨ ᠠᠭᠤᠯᠭ᠎ᠠ ᠶᠢ ᠪᠦᠲᠦᠮᠵᠢᠲᠠᠢ ᠵᠤᠯᠭᠠᠭᠤᠯᠬᠤ ᠶᠢ ᠪᠤᠳᠤᠯᠬᠢᠯᠠᠬᠤ ᠶᠢᠨ ᠬᠠᠮᠲᠤ᠂ ᠦᠨᠳᠦᠰᠦᠲᠡᠨ ᠤ

ᠰᠤᠷᠭᠠᠭᠤᠯᠢ ᠶᠢᠨ ᠪᠠᠭᠰᠢ ᠰᠤᠷᠤᠭᠴᠢ ᠶᠢᠨ ᠪᠤᠳᠠᠲᠠᠢ ᠪᠠᠶᠢᠳᠠᠯ ᠢ ᠪᠤᠳᠤᠯᠬᠢᠯᠠᠭᠰᠠᠨ ᠤᠷᠢᠳᠠᠯ ᠳᠤᠤᠷ᠎ᠠ᠂ ᠵᠢᠭᠠᠨ

ᠰᠤᠷᠭᠠᠬᠤ ᠱᠠᠭᠠᠷᠳᠠᠯᠭ᠎ᠠ᠂ ᠠᠭᠤᠯᠭ᠎ᠠ ᠬᠠᠷᠠᠯᠲᠠ ᠪᠠ ᠵᠢᠭᠠᠨ ᠰᠤᠷᠭᠠᠬᠤ ᠬᠦᠴᠢᠷᠳᠡᠯ ᠢ ᠬᠠᠷᠢᠴᠠᠩᠭᠤᠢ ᠪᠠᠷ

ᠬᠦᠩᠭᠡᠷᠡᠭᠦᠯᠦᠭᠰᠡᠨ ᠲᠤᠯᠠ᠂ ᠬᠢᠲᠡᠳ ᠢᠶᠠᠷ ᠬᠢᠴᠢᠶᠡᠯᠯᠡᠬᠦ ᠰᠤᠷᠭᠠᠭᠤᠯᠢ ᠲᠠᠢ ᠠᠳᠠᠯᠢ ᠦᠭᠡᠢ ᠶᠤᠮ᠃

     14. ᠠᠰᠠᠭᠤᠯᠲᠠ᠄ ᠦᠨᠤ ᠵᠢᠯ ᠤᠨ ᠰᠢᠨ᠎ᠡ ᠮᠣᠩᠭᠤᠯ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ

ᠥᠩᠭᠡᠷᠡᠭᠰᠡᠨ ᠵᠢᠯ ᠤᠨ ᠵᠢᠭᠠᠬᠤ ᠮᠠᠲ᠋ᠧᠷᠢᠶᠠᠯ ᠲᠠᠢ ᠬᠠᠷᠢᠴᠠᠭᠤᠯᠪᠠᠯ᠂ ᠵᠣᠬᠢᠬᠤ ᠬᠤᠪᠢᠷᠡᠯᠲᠠ ᠲᠠᠢ ᠪᠤᠯᠵᠤ᠂

ᠮᠣᠩᠭᠤᠯ ᠤᠨ ᠲᠡᠦᠬᠡ᠂ ᠵᠠᠩ ᠥᠢᠯᠨ᠂ ᠰᠢᠯᠦᠭ ᠳᠠᠭᠤᠯᠠᠯ᠂ ᠤᠯᠠᠮᠵᠢᠯᠠᠯᠲᠤ ᠰᠣᠶᠣᠯ ᠢ ᠲᠤᠰᠬᠠᠭᠰᠠᠨ ᠬᠢᠴᠢᠶᠡᠯ᠂

ᠵᠢᠭᠠᠬᠤ ᠮᠠᠲ᠋ᠧᠷᠢᠶᠠᠯ᠂ ᠭᠡᠷᠡᠯ ᠵᠢᠷᠤᠭ ᠤᠨ ᠬᠡᠰᠡᠭ ᠠᠭᠤᠯᠭ᠎ᠠ ᠶᠢ ᠬᠠᠰᠤᠭᠰᠠᠨ ᠪᠠᠶᠢᠨ᠎ᠠ ᠬᠡᠵᠤ ᠲᠤᠰᠬᠠᠵᠤ ᠪᠤᠢ᠂

ᠡᠨᠡ ᠨᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠲᠠᠢ ᠬᠤᠯᠪᠤᠭᠳᠡᠯ ᠲᠠᠢ

ᠤᠤ︖ ︽ᠦᠨᠳᠦᠰᠦᠳᠡᠨ ᠤ ᠦᠭᠡ ᠬᠡᠯᠡ ᠪᠠᠷ ᠬᠢᠴᠢᠶᠡᠯᠯᠡᠬᠦ ᠲᠣᠮᠳᠠᠳᠣ ᠪᠠᠭ᠎ᠠ ᠰᠣᠷᠭᠠᠭᠤᠯᠢ ᠶᠢᠨ ᠪᠣᠰᠣᠳ

ᠬᠢᠴᠢᠶᠠᠯ ᠲᠦᠷᠦᠯ ᠤᠨ ᠲᠣᠬᠢᠷᠠᠭᠤᠯᠣᠯᠳᠠ ᠶᠢ ᠬᠤᠪᠢᠷᠠᠭᠤᠯᠬᠤ ᠦᠭᠡᠢ︾ ᠭᠡᠰᠡᠨ ᠲᠠᠶᠢᠯᠣᠮᠵᠢ ᠲᠠᠢ ᠵᠦᠷᠢᠴᠡᠯ ᠲᠠᠢ

ᠤᠤ︖

     ᠬᠠᠷᠢᠭᠤᠯᠳᠠ᠄ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠤᠨ 2019 ᠣᠨ ᠳᠤ ᠳᠠᠷᠤᠮᠠᠯᠯᠠᠨ

ᠲᠠᠷᠬᠠᠭᠠᠭᠰᠠᠨ ︽ᠪᠥᠬᠦ ᠤᠯᠤᠰ ᠤᠨ ᠶᠡᠭᠡ ᠲᠣᠮᠳᠠᠳᠣ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ

ᠪᠠᠶᠢᠭᠤᠯᠤᠯᠲᠠ ᠶᠢᠨ ᠲᠥᠯᠥᠪᠵᠢᠭᠦᠯᠭᠡ ︵2019 — 2022︶︾ ᠪᠣᠯᠤᠨ ︽ᠳᠤᠮᠳᠠᠳᠤ ᠪᠠᠭ᠎ᠠ

ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠵᠣ᠂ ᠮᠠᠨ ᠤ ᠣᠷᠣᠨ

 ᠨᠢ ᠦᠨᠦ ᠵᠢᠯ ᠤᠨ 4 ᠰᠠᠷ᠎ᠠ ᠳᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠮᠣᠩᠭᠤᠯ ᠬᠡᠯᠡ ᠪᠢᠴᠢᠭ ᠲᠤ

ᠵᠠᠰᠠᠪᠤᠷᠢ ᠣᠷᠣᠭᠤᠯᠵᠣ᠂ ᠱᠠᠭᠠᠷᠳᠠᠯᠭ᠎ᠠ ᠶᠣᠰᠣᠭᠠᠷ ᠡᠬᠡ ᠣᠷᠣᠨᠴᠢ ᠦᠵᠡᠯ᠂ ᠨᠡᠶᠢᠭᠡᠮ ᠵᠢᠷᠤᠮ ᠤᠨ ᠭᠤᠣᠯᠯᠠᠭᠴᠢ

ᠥᠷᠲᠡᠭ ᠤᠨ ᠦᠵᠡᠯᠲᠡ᠂ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ᠂ ᠬᠤᠪᠢᠰᠬᠠᠯᠲᠤ

ᠤᠯᠠᠮᠵᠢᠯᠠᠯᠲᠤ ᠬᠥᠮᠦᠵᠢᠯ ᠵᠡᠷᠭᠡ ᠠᠭᠤᠯᠭ᠎ᠠ ᠪᠠ ᠵᠣᠬᠢᠶᠠᠯ ᠤᠨ ᠬᠠᠷᠢᠴᠠᠯ ᠢ ᠨᠡᠮᠡᠭᠳᠡᠭᠦᠯᠵᠦ᠂ ᠬᠡᠰᠡᠭ ᠵᠣᠬᠢᠶᠠᠯ ᠢ

ᠬᠠᠰᠣᠭᠰᠠᠨ ᠪᠠᠶᠢᠨ᠎ᠠ᠃ ᠡᠨᠡᠬᠦ ᠠᠵᠢᠯ ᠪᠣᠯ ᠬᠡᠪ ᠤᠨ ᠲᠤᠬᠠᠶᠢᠯᠠᠭᠰᠠᠨ ᠠᠵᠢᠯ ᠳᠤ ᠲᠣᠭᠠᠴᠠᠭᠳᠠᠬᠤ ᠪᠦᠭᠡᠳ ᠵᠤᠷᠰᠢᠯ

ᠶᠣᠰᠣᠭᠠᠷ ᠰᠤᠷᠤᠯᠭ᠎ᠠ ᠶᠢᠨ ᠬᠤᠭᠤᠴᠠᠭ᠎ᠠ ᠪᠦᠷᠢ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠵᠤ᠂ ᠴᠠᠭ

ᠦᠶ᠎ᠡ ᠲᠠᠢ ᠵᠡᠷᠭᠡᠴᠡᠭᠦᠯᠵᠣ ᠨᠠᠷᠢᠨ ᠵᠦᠢᠯᠡᠰ ᠤᠨ ᠲᠠᠯ᠎ᠠ ᠪᠠᠷ ᠰᠢᠯᠢᠳᠡᠭᠵᠢᠬᠦᠯᠦᠭᠰᠡᠨ ᠶᠠᠪᠣᠳᠠᠯ ᠪᠣᠯᠣᠨ᠎ᠠ᠃ ᠦᠨᠦ

ᠵᠢᠯ ᠤᠨ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠣᠭᠰᠠᠨ ᠨᠢ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ

ᠮᠠᠲ᠋ᠧᠷᠢᠶᠠᠯ ᠢ ᠬᠡᠷᠡᠭᠯᠡᠬᠦ ᠪᠣᠯᠤᠨ ︽ᠲᠠᠪᠤ ᠶᠢ ᠬᠤᠪᠢᠷᠠᠭᠤᠯᠬᠤ ᠦᠭᠡᠢ︾ ᠪᠠᠶᠢᠬᠤ ᠲᠠᠢ ᠬᠤᠯᠪᠣᠭ᠎ᠠ ᠦᠭᠡᠢ᠃

     15. ᠠᠰᠠᠭᠤᠯᠲᠠ᠄ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ

ᠳᠠᠷᠠᠭ᠎ᠠ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠬᠢᠭᠡᠳ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ

ᠨᠢᠭᠡᠳᠦᠭᠡᠷ ᠣᠨ ᠤ ᠵᠢᠭᠠᠬᠤ ᠮᠠᠲ᠋ᠧᠷᠢᠶᠠᠯ ᠤᠨ ᠬᠡᠷᠡᠭᠯᠡᠯᠳᠡ ᠶᠢᠨ ᠲᠠᠯ᠎ᠠ ᠪᠠᠷ ᠶᠠᠮᠠᠷ ᠬᠤᠪᠢᠷᠠᠯᠲᠠ ᠭᠠᠷᠤᠭᠰᠠᠨ ᠪᠤᠢ︖

     ᠬᠠᠷᠢᠭᠤᠯᠲᠠ᠄ ᠦᠨᠦ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂

ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠬᠢᠬᠡᠳ ᠠᠩᠬ᠎ᠠ

ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠬᠰᠠᠨ ︽

ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠴᠠ ᠭᠠᠳᠠᠨ᠎ᠠ᠂ ᠪᠤᠰᠤᠳ ᠬᠢᠴᠢᠶᠡᠯ ᠳᠦᠷᠦᠯ ᠤᠨ

ᠳᠤᠬᠢᠷᠠᠭᠤᠯᠤᠯᠳᠠ᠂ ᠬᠡᠷᠡᠭᠯᠡᠵᠥ ᠪᠠᠶᠢᠭ᠎ᠠ ᠵᠢᠭᠠᠬᠤ ᠮᠠᠲ᠋ᠧᠷᠢᠶᠠᠯ ᠪᠤᠯᠤᠨ ᠦᠭᠡ ᠬᠡᠯᠡ ᠦᠰᠦᠭ ᠪᠢᠴᠢᠭ ᠴᠥᠮ

ᠬᠤᠪᠢᠷᠠᠬᠤ ᠦᠭᠡᠢ᠃

     16. ᠠᠰᠠᠭᠤᠯᠲᠠ᠄ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ

ᠳᠠᠷᠠᠭ᠎ᠠ᠂ ᠰᠤᠷᠭᠠᠨ ᠬᠥᠮᠦᠵᠢᠯ ᠤᠨ ᠱᠠᠭᠠᠷᠳᠠᠨ ᠵᠢᠯᠣᠭᠤᠳᠴᠤ ᠦᠨᠡᠯᠡᠨ ᠵᠢᠱᠢᠬᠦ ᠶᠠᠪᠤᠴᠠ ᠳᠤ ᠪᠠᠭᠰᠢ ᠶᠢᠨ

ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠠᠴᠠ ᠵᠢᠭᠠᠨ ᠰᠤᠷᠭᠠᠬᠤ ᠶᠠᠰᠤ ᠴᠢᠨᠠᠷ ᠲᠤ

ᠬᠡᠯᠪᠡᠯᠵᠡᠯ ᠭᠠᠷᠬᠤ ᠠᠰᠠᠭᠤᠳᠠᠯ ᠢ ᠬᠡᠷᠬᠢᠨ ᠰᠶᠢᠳᠪᠦᠷᠢᠯᠡᠬᠦ ᠪᠣᠶ︖

     ᠬᠠᠷᠢᠭᠤᠯᠲᠠ᠄ ᠦᠨᠳᠦᠰᠦᠳᠡᠨ ᠤ ᠰᠤᠷᠭᠠᠭᠤᠯᠢ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ

ᠮᠠᠲ᠋ᠧᠷᠢᠶᠠᠯ ᠢᠶᠠᠷ ᠵᠢᠭᠠᠨ ᠰᠤᠷᠭᠠᠵᠦ᠂ ᠲᠣᠰ ᠬᠢᠴᠢᠶᠠᠯ ᠲᠦᠷᠦᠯ ᠪᠤᠶᠦ ᠲᠤᠰ ᠤᠨ ᠤ ᠠᠶᠢᠮᠠᠭ ᠪᠤᠶᠤ ᠬᠤᠰᠢᠭᠤ ︵

ᠬᠤᠲᠠ᠂ ᠰᠢᠶᠠᠨ︶ ᠱᠠᠲᠤᠨ ᠤ ᠨᠢᠭᠡᠳᠦᠯᠲᠠᠢ ᠰᠢᠯᠭᠠᠯᠲᠠ ᠳᠤ᠂ ᠳᠤᠮᠳᠠᠴᠢ ᠬᠤᠪᠢ ᠨᠢ ᠬᠢᠷᠢ ᠲᠡᠩᠴᠡᠭᠰᠡᠨ ︵

ᠰᠢᠯᠭᠠᠯᠲᠠ ᠶᠢᠨ ᠬᠠᠭᠤᠳᠠᠰᠤᠨ ᠬᠤᠪᠢ ᠶᠢᠨ 60% ︶ ᠪᠤᠯ᠂ ᠳᠠᠷᠤᠶ ᠪᠠᠷᠢᠮᠵᠢᠶ᠎ᠠ ᠳᠤ ᠬᠦᠷᠦᠭᠰᠡᠨ ᠢᠶᠠᠷ

ᠲᠣᠭᠲᠠᠭᠠᠨ᠎ᠠ᠃ ᠪᠦᠬᠦ ᠠᠶᠢᠮᠠᠭ ᠪᠤᠶᠤ ᠪᠦᠬᠦ ᠬᠤᠰᠢᠭᠤᠨ ︵ᠬᠤᠲᠠ᠂ ᠰᠢᠶᠠᠨ︶ ᠤ ᠳᠤᠮᠳᠠᠴᠢ ᠬᠤᠪᠢ ᠨᠢ

ᠪᠠᠷᠢᠮᠵᠢᠶ᠎ᠠ ᠳᠤ ᠬᠦᠷᠦᠭᠰᠡᠨ ᠦᠭᠡᠶ ᠪᠣᠯ ᠲᠤᠰ ᠳᠤᠮᠳᠠᠴᠢ ᠬᠤᠪᠢ ᠪᠠᠷ ᠪᠠᠷᠢᠮᠵᠢᠶ᠎ᠠ ᠬᠤᠪᠢ ᠪᠣᠯᠭᠠᠨ᠎ᠠ᠃ ᠬᠤᠰᠢᠭᠤ ︵

ᠬᠤᠲᠠ᠂ ᠰᠢᠶᠠᠨ︶ ᠱᠠᠲᠤᠨ ᠤ ᠦᠨᠳᠦᠰᠦᠳᠡᠨ ᠤ ᠰᠤᠷᠭᠠᠭᠤᠯᠢ ᠳᠤ ᠬᠤᠭᠤᠴᠠᠭ᠎ᠠ ᠡᠴᠦᠰ ᠤᠨ ᠨᠢᠭᠡᠳᠦᠯᠲᠡᠶ

ᠰᠢᠯᠭᠠᠯᠲᠠ ᠬᠢᠬᠦ ᠦᠭᠡᠢ᠂ ᠰᠤᠷᠤᠭᠴᠢ ᠶᠢᠨ ᠳᠤᠮᠳᠠᠴᠢ ᠬᠢᠷᠢ ᠪᠦᠲᠦᠮᠵᠢ ᠨᠢ ᠬᠢᠷᠢ ᠲᠡᠩᠴᠡᠭᠰᠡᠨ ︵ᠰᠢᠯᠭᠠᠯᠲᠠ ᠶᠢᠨ

ᠬᠠᠭᠤᠳᠠᠰᠦ ᠶᠢᠨ 60% ᠬᠤᠪᠢ︶ ᠦᠭᠡᠢ ᠪᠤᠯ᠂ ᠲᠣᠰ ᠰᠤᠷᠭᠠᠭᠤᠯᠢ ᠶᠢᠨ ᠲᠤᠰ ᠬᠢᠴᠢᠶᠡᠯ ᠲᠥᠷᠥᠯ ᠤᠨ ᠲᠣᠰ

ᠣᠨ ᠤ ᠳᠡᠭᠰᠢᠳᠭᠡᠭᠰᠡᠨ ᠬᠤᠪᠢ ᠪᠠᠷ ᠪᠠᠷᠢᠮᠵᠢᠶ᠎ᠠ ᠬᠤᠪᠢ ᠪᠣᠯᠭᠠᠨ᠎ᠠ᠃ ᠤᠨᠴᠠ ᠵᠠᠷᠢᠮ ᠦᠨᠳᠦᠰᠦᠳᠡᠨ ᠤ

ᠰᠤᠷᠭᠠᠭᠤᠯᠢ ᠳᠤ ᠵᠥᠪᠬᠡᠨ 1 ᠯᠡ ᠠᠩᠭᠢ ᠲᠠᠢ ᠪᠤᠯ ᠰᠤᠷᠭᠠᠭᠤᠯᠢ ᠶᠢᠨ ᠤᠳᠤᠷᠢᠳᠤᠯᠭ᠎ᠠ ᠪᠠ ᠪᠠᠭᠰᠢ ᠶᠢᠨ

ᠲᠦᠯᠦᠭᠡᠯᠡᠭᠴᠢ ᠪᠠᠷ ᠪᠦᠷᠢᠯᠳᠦᠭᠰᠡᠨ ᠦᠨᠡᠯᠡᠨ ᠵᠢᠱᠢᠬᠦ ᠳᠤᠭᠤᠶᠢᠯᠠᠩ ᠨᠢ ᠰᠢᠯᠭᠠᠯᠲᠠ ᠶᠢᠨ ᠰᠡᠳᠦᠪ ᠤᠨ ᠬᠦᠴᠢᠷ ᠤᠨ

ᠬᠡᠮᠵᠢᠶ᠎ᠡ ᠶᠢ ᠦᠨᠳᠦᠰᠦᠯᠡᠵᠦ ᠶᠡᠷᠦᠩᠬᠡᠶᠢᠯᠡᠨ ᠦᠨᠡᠯᠡᠨ ᠲᠤᠭᠲᠠᠭᠠᠨ᠎ᠠ᠃

     17. ᠠᠰᠠᠭᠤᠯᠲᠠ᠄ ᠰᠤᠷᠭᠠᠨ ᠬᠥᠮᠦᠵᠢᠯ ᠤᠨ ᠲᠢᠩᠬᠢᠮ ᠠᠴᠠ ᠪᠠᠭᠤᠯᠭᠠᠭᠰᠠᠨ ᠪᠠᠭ᠎ᠠ ᠰᠤᠷᠭᠠᠭᠤᠯᠢ ᠶᠢᠨ

ᠨᠢᠭᠡᠳᠦᠭᠡᠷ ᠤᠨ ᠤ ᠰᠢᠨ᠎ᠡ ᠰᠤᠷᠤᠭᠴᠢ ᠶᠢᠨ ᠬᠢᠴᠢᠶᠡᠯ ᠤᠨ ᠪᠠᠶᠢᠷᠢᠯᠠᠭᠤᠯᠤᠯᠲᠠ ᠶᠣᠰᠣᠭᠠᠷ᠂ ᠤᠤᠯ ᠤᠨ ᠪᠠᠭ᠎ᠠ

ᠰᠤᠷᠭᠠᠭᠤᠯᠢ ᠶᠢᠨ ᠨᠢᠭᠡᠳᠦᠭᠡᠷ ᠤᠨ ᠤ ᠬᠢᠴᠢᠶᠡᠯ ᠤᠨ ᠪᠠᠶᠢᠷᠢᠯᠠᠭᠤᠯᠤᠯᠲᠠ ᠳᠤ ᠣᠷᠣᠨ ᠨᠤᠲᠤᠭ ᠤᠨ ᠬᠢᠴᠢᠶᠡᠯ

ᠲᠦᠷᠦᠯ ᠤᠨ ︽ᠰᠢᠨᠵᠢᠯᠡᠬᠦ ᠤᠬᠠᠭᠠᠨ︾ ᠤ ᠬᠢᠴᠢᠶᠡᠯ ᠢ ᠬᠠᠰᠤᠭᠰᠠᠨ ᠨᠢ ︽ᠪᠤᠰᠤᠳ ᠬᠢᠴᠢᠶᠡᠯ ᠲᠦᠷᠦᠯ ᠪᠠ

ᠪᠤᠰᠤᠳ ᠣᠨ ᠤ ᠬᠢᠴᠢᠶᠡᠯ ᠤᠨ ᠲᠣᠬᠢᠷᠠᠭᠤᠯᠤᠯᠲᠠ ᠨᠢ ᠬᠤᠪᠢᠷᠠᠬᠤ ᠦᠭᠡᠶ︾ ᠭᠡᠬᠦ ᠲᠠᠶᠢᠯᠪᠤᠷᠢ ᠲᠠᠢ ᠵᠦᠷᠢᠴᠡᠯ ᠲᠠᠢ

ᠦᠦ︖

      ᠬᠠᠷᠢᠭᠤᠯᠲᠠ᠄ 2020 ᠣᠨ ᠤ 8 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ

ᠰᠤᠷᠭᠠᠨ ᠬᠥᠮᠦᠵᠢᠯ ᠤᠨ ᠲᠢᠩᠬᠢᠮ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ

ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ

ᠬᠢᠴᠢᠶᠡᠯ ᠤᠨ ᠲᠥᠯᠥᠪᠯᠡᠭᠡ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠂

ᠡᠭᠦᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠦᠭᠡ ᠬᠡᠯᠡ ᠦᠰᠦᠭ

ᠪᠢᠴᠢᠭ ᠢᠶᠠᠷ ᠬᠢᠴᠢᠶᠡᠯᠯᠡᠬᠦ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ

ᠪᠠᠶᠢᠷᠢᠯᠠᠭᠤᠯᠤᠯᠲᠠ ᠶᠢᠨ ᠬᠦᠰᠦᠨᠦᠭᠲᠦ︾ ᠳᠤ᠂ ᠪᠠᠭ᠎ᠠ ᠰᠤᠷᠭᠠᠭᠤᠯᠢ ᠶᠢᠨ ︽ᠰᠢᠨᠵᠢᠯᠡᠬᠦ ᠤᠬᠠᠭᠠᠨ︾ ᠤ ᠬᠢᠴᠢᠶᠡᠯ ᠢ

ᠭᠤᠷᠪᠠᠳᠤᠭᠠᠷ ᠣᠨ ᠠᠴᠠ ᠡᠬᠢᠯᠡᠵᠦ᠂ ᠭᠠᠷᠠᠭ ᠪᠦᠷᠢ 2 ᠬᠢᠴᠢᠶᠡᠯ ᠤᠨ ᠴᠠᠭ ᠲᠤᠬᠢᠷᠠᠭᠤᠯᠬᠤ ᠪᠠᠷ ᠲᠤᠭᠲᠠᠭᠰᠠᠨ ᠨᠢ

2009 ᠤᠨ ᠤ 9 ᠰᠠᠷ᠎ᠠ ᠶᠢᠨ 3 ᠤ ᠡᠳᠦᠷ᠂ ︽ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︿ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ

ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠯᠥᠪᠯᠡᠭᠡ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾

 ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠲᠣᠬᠢᠷᠠᠭᠤᠯᠬᠤ ᠬᠦᠰᠦᠨᠦᠭᠲᠦ︾ ᠳᠠᠬᠢ ᠪᠠᠭ᠎ᠠ ᠰᠤᠷᠭᠠᠭᠤᠯᠢ ᠶᠢᠨ

ᠭᠤᠷᠪᠠᠳᠤᠭᠠᠷ ᠣᠨ ᠤ ︽ᠰᠢᠨᠵᠢᠯᠡᠬᠦ ᠤᠬᠠᠭᠠᠨ︾ ᠤ ᠬᠢᠴᠢᠶᠡᠯ ᠤᠨ ᠲᠤᠬᠢᠷᠠᠭᠤᠯᠤᠯᠲᠠ ᠪᠠ ᠴᠠᠭ ᠤᠨ ᠲᠤᠭ᠎ᠠ ᠲᠠᠢ

ᠨᠢᠭᠡᠳᠦᠯᠲᠡᠶ ᠪᠤᠢ᠃ 2017 ᠤᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ

︽ᠰᠤᠷᠭᠠᠨ ᠬᠥᠮᠦᠵᠢᠯ ᠤᠨ ᠶᠠᠮᠤᠨ ᠤ ︿ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭ᠎ᠠ ᠰᠤᠷᠭᠠᠭᠤᠯᠢ ᠶᠢᠨ

ᠰᠢᠨᠵᠢᠯᠡᠬᠦ ᠤᠬᠠᠭᠠᠨ ᠤ ᠬᠢᠴᠢᠶᠡᠯ ᠤᠨ ᠪᠠᠷᠢᠮᠵᠢᠶ᠎ᠠ﹀ ᠶᠢ ᠲᠠᠷᠣᠮᠠᠯᠯᠠᠨ ᠲᠠᠷᠬᠠᠭᠠᠬᠤ ᠲᠤᠬᠠᠢ ᠮᠡᠳᠡᠭᠳᠡᠯ﹀﹀ ︵ᠥᠪᠥᠷ

ᠰᠤᠷᠭᠠᠨ ᠬᠥᠮᠦᠵᠢᠯ ᠰᠠᠭᠤᠷᠢ ᠵᠠᠬᠢᠳᠠᠯ ﹇2017﹈ 27 ᠳ᠋ᠤᠭᠠᠷ ᠲᠣᠭᠠᠲᠤ︶ ᠢ ᠤᠯᠠᠮᠵᠢᠯᠠᠨ ᠲᠠᠷᠬᠠᠭᠠᠭᠰᠠᠨ

ᠰᠠᠭᠤᠷᠢᠨ ᠳᠡᠭᠡᠷ᠎ᠡ᠂ ᠪᠠᠰᠠ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠪᠠᠷ

ᠬᠢᠴᠢᠶᠡᠯᠯᠡᠬᠦ ︵ᠮᠣᠩᠭᠤᠯ ᠬᠡᠯᠡ ᠪᠢᠴᠢᠭ ᠨᠡᠮᠡᠵᠦ ᠵᠢᠭᠠᠬᠤ︶ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ

ᠰᠤᠷᠭᠠᠯᠲᠠ ᠳᠤ ᠬᠡᠷᠡᠭᠯᠡᠬᠦ ᠨᠣᠮ ᠤᠨ ᠭᠠᠷᠴᠠᠭ︾ ᠢ ᠳᠤᠭᠲᠠᠭᠠᠵᠦ᠂ ᠪᠠᠭ᠎ᠠ ᠰᠤᠷᠭᠠᠭᠤᠯᠢ ᠶᠢᠨ ᠨᠢᠭᠡᠳᠦᠭᠡᠷ᠂

ᠬᠤᠶᠠᠳᠤᠭᠠᠷ ᠣᠨ ᠨᠢ ︽ᠰᠢᠨᠵᠢᠯᠡᠬᠦ ᠤᠬᠠᠭᠠᠨ︾ ᠤ ᠬᠢᠴᠢᠶᠡᠯ ᠤᠨ ᠵᠢᠭᠠᠬᠤ ᠮᠠᠲ᠋ᠧᠷᠢᠶᠠᠯ ᠢ ᠵᠠᠬᠢᠶᠠᠯᠠᠵᠤ᠂

ᠰᠤᠷᠭᠠᠭᠤᠯᠢ ᠦᠪᠡᠷᠲᠡᠭᠡᠨ ᠬᠢᠴᠢᠶᠡᠯ ᠲᠣᠬᠢᠷᠠᠭᠤᠯᠵᠣ ᠪᠤᠯᠬᠤ ᠪᠣᠯᠪᠠᠴᠤ ᠬᠢᠴᠢᠶᠡᠯ ᠤᠨ ᠲᠥᠯᠥᠪᠯᠡᠭᠡ ᠳᠤ

ᠣᠷᠣᠭᠤᠯᠬᠤ ᠴᠢᠩᠭ᠎ᠠ ᠱᠠᠭᠠᠷᠳᠠᠯᠭ᠎ᠠ ᠪᠠᠶᠢᠬᠤ ᠦᠭᠡᠢ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠨᠢ ᠨᠢᠭᠡᠨᠲᠡ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠴᠢᠶᠡᠯ ᠤᠨ ᠪᠢᠴᠢᠭ ᠵᠠᠬᠢᠶᠠᠯᠠᠬᠤ

ᠲᠥᠯᠥᠪᠯᠡᠭᠡ ᠶᠣᠰᠣᠭᠠᠷ᠂ ᠬᠢᠴᠢᠶᠡᠯᠯᠡᠬᠦ ᠠᠴᠠ ᠡᠮᠦᠨ᠎ᠡ ᠨᠣᠮ ᠢ ᠬᠦᠷᠭᠡᠵᠣ ᠦᠭᠬᠦ ᠪᠦᠭᠡᠳ ︽ᠰᠢᠨᠵᠢᠯᠡᠬᠦ ᠤᠬᠠᠭᠠᠨ︾

 ᠤ ᠵᠢᠭᠠᠬᠤ ᠮᠠᠲ᠋ᠧᠷᠢᠶᠠᠯ ᠳᠤ ᠬᠤᠪᠢᠷᠠᠯᠲᠠ ᠦᠭᠡᠢ᠃

     18 . ᠠᠰᠠᠭᠤᠯᠲᠠ᠄ ᠰᠤᠷᠭᠠᠭᠤᠯᠢ ᠳᠤ ᠬᠤᠤᠰ ᠬᠡᠯᠡ ᠪᠠᠷ ᠬᠢᠴᠢᠶᠡᠯᠯᠡᠬᠦ ᠪᠠᠭᠰᠢ ᠳᠤᠲᠠᠭᠳᠠᠵᠤ ᠪᠠᠶᠢᠪᠠᠯ

ᠣᠷᠣᠨ ᠲᠣᠭᠠᠨ ᠤ ᠠᠰᠠᠭᠤᠳᠠᠯ ᠢ ᠬᠡᠷᠬᠢᠨ ᠲᠦᠷᠭᠡᠬᠡᠨ ᠰᠢᠢᠳᠪᠦᠷᠢᠯᠡᠬᠦ ᠪᠣᠶ︖

      ᠬᠠᠷᠢᠭᠤᠯᠲᠠ᠄ ᠰᠤᠷᠭᠠᠭᠤᠯᠢ ᠳᠤ ᠬᠤᠣᠰ ᠬᠡᠯᠡ ᠪᠠᠷ ᠬᠢᠴᠢᠶᠡᠯᠯᠡᠬᠦ ᠪᠠᠭᠰᠢ ᠲᠣᠳᠠᠭᠳᠠᠬᠤ ᠠᠰᠠᠭᠤᠳᠠᠯ ᠳᠤ᠂

ᠠᠶᠢᠮᠠᠭ ᠠᠴᠠ ᠪᠦᠬᠦ ᠠᠶᠢᠮᠠᠭ ᠤᠨ ᠠᠵᠢᠯ ᠦᠢᠯᠡᠰ ᠤᠨ ᠣᠷᠣᠨ ᠲᠤᠭ᠎ᠠ ᠶᠢ ᠨᠢᠭᠡᠳᠦᠯᠲᠡᠶ ᠲᠦᠯᠦᠪᠵᠢᠭᠦᠯᠵᠣ᠂

ᠰᠢᠯᠭᠠᠵᠤ ᠡᠯᠰᠡᠨ ᠠᠪᠬᠤ ᠬᠡᠯᠪᠡᠷᠢ ᠪᠠᠷ ᠬᠤᠤᠰ ᠬᠡᠯᠡ ᠪᠠᠷ ᠬᠢᠴᠢᠶᠡᠯᠯᠡᠬᠦ ᠪᠠᠭᠰᠢ ᠲᠣᠳᠠᠭᠳᠠᠬᠤ ᠣᠷᠣᠨ ᠲᠣᠭᠠᠨ ᠤ

ᠠᠰᠠᠭᠤᠳᠠᠯ ᠢ ᠲᠦᠷᠭᠡᠬᠡᠨ ᠰᠢᠢᠳᠪᠦᠷᠢᠯᠡᠨ᠎ᠡ᠃

    19. ᠠᠰᠠᠭᠤᠯᠳᠠ᠄ ᠣᠳᠣᠬᠠᠨ ᠳᠤ᠂ ᠮᠠᠨ ᠤ ᠠᠶᠢᠮᠠᠭ ᠤᠨ ᠬᠤᠤᠰ ᠬᠡᠯᠡᠨ ᠤ ᠰᠤᠷᠭᠠᠨ ᠬᠥᠮᠦᠵᠢᠯ ᠤᠨ

ᠪᠠᠭᠰᠢ ᠶᠢᠨ ᠬᠢᠲᠠᠳ ᠬᠡᠯᠡᠨ ᠤ ᠬᠢᠷᠢ ᠬᠡᠮᠵᠢᠶ᠎ᠡ ᠨᠢ ᠨᠡᠶᠢᠳᠡᠮ ᠥᠨᠳᠥᠷ ᠪᠢᠰᠢ ᠪᠣᠯᠬᠤᠷ ᠬᠡᠳᠦ᠋ᠢᠪᠡᠷ ᠣᠬᠤᠷ

ᠬᠤᠭᠤᠴᠠᠭᠠᠨ ᠤ ᠪᠣᠯᠪᠠᠰᠤᠷᠠᠯ ᠳᠤ ᠣᠷᠣᠯᠴᠠᠭᠰᠠᠨ ᠴᠣ᠋᠂ ᠮᠥᠨ ᠯᠡ ᠵᠢᠭᠠᠨ ᠰᠣᠷᠭᠠᠬᠤ ᠬᠦᠴᠢᠷᠳᠡᠯ ᠶᠡᠭᠡ ᠠᠴᠠ

ᠪᠣᠯᠵᠣ ᠵᠢᠭᠠᠨ ᠰᠤᠷᠭᠠᠯᠲᠠ ᠶᠢᠨ ᠬᠢᠷᠢ ᠪᠦᠲᠦᠮᠵᠢ ᠰᠠᠶᠢᠨ ᠪᠣᠰᠣ ᠪᠣᠯ ᠴᠠᠯᠢᠩ ᠣᠯᠭᠤᠮᠵᠢ ᠶᠢ ᠨᠦᠯᠦᠭᠡᠯᠡᠨ᠎ᠡ ᠤᠤ︖

     ᠬᠠᠷᠢᠭᠤᠯᠲᠠ᠄ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠠᠴᠠ ᠨᠢᠭᠡᠨᠲᠡ ᠲᠤᠰᠬᠠᠶ

ᠮᠡᠷᠭᠡᠵᠢᠯᠲᠡᠨ ᠤ ᠡᠩᠨᠡᠭᠡ ᠶᠢ ᠵᠣᠬᠢᠶᠠᠨ ᠪᠠᠶᠢᠭᠤᠯᠵᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠬᠡᠯᠡ ᠪᠢᠴᠢᠭ ᠤᠨ

ᠵᠢᠭᠠᠬᠤ ᠮᠠᠲ᠋ᠧᠷᠢᠶᠠᠯ ᠢ ᠵᠠᠳᠠᠯᠬᠤ ᠠᠵᠢᠯ ᠢ ᠥᠷᠨᠢᠭᠦᠯᠦᠭᠰᠡᠨ ᠪᠥᠭᠡᠳ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ

ᠰᠢᠰᠲ᠋ᠧᠮ ᠪᠣᠯᠤᠨ ᠪᠦᠲᠦᠴᠡ ᠶᠢᠨ ᠠᠭᠤᠯᠭ᠎ᠠ ᠶᠢ ᠦᠨᠳᠦᠰᠦᠯᠡᠨ ᠭᠡᠰᠡᠭ ᠪᠦᠯᠦᠭ ᠬᠤᠪᠢᠶᠠᠵᠣ ᠵᠢᠭᠠᠨ

ᠰᠤᠷᠭᠠᠯᠲᠠ ᠶᠢᠨ ᠵᠢᠯᠣᠭᠤᠳᠬᠤ ᠰᠠᠨᠠᠯ ᠢ ᠲᠣᠭᠲᠠᠭᠠᠵᠤ᠂ ᠵᠢᠭᠠᠨ ᠰᠤᠷᠭᠠᠯᠲᠠ ᠶᠢᠨ ᠬᠠᠷᠠᠯᠳᠠ ᠶᠢ ᠰᠢᠨᠵᠢᠯᠡᠬᠦ

ᠤᠬᠠᠭᠠᠨᠴᠢ ᠪᠠᠷ ᠲᠣᠭᠳᠠᠭᠠᠬᠤ ᠶᠢᠨ ᠬᠠᠮᠲᠤ ᠪᠠᠭᠰᠢ ᠶᠢᠨ ᠪᠣᠯᠪᠠᠰᠤᠷᠠᠯ ᠢ ᠪᠠᠶᠢᠩᠭᠤᠵᠢᠭᠤᠯᠤᠨ ᠴᠢᠩᠭᠠᠳᠬᠠᠵᠤ᠂

ᠵᠣᠩᠬᠢᠯᠠᠬᠤ ᠣᠯᠠᠨ ᠲᠣᠭᠠᠨ ᠤ ᠪᠠᠭᠰᠢ ᠶᠢᠨ ᠠᠵᠢᠯ ᠤᠨ ᠪᠠᠶᠢᠷᠢ ᠪᠠᠨ ᠡᠭᠦᠷᠭᠡᠯᠡᠵᠦ ᠳᠡᠶᠢᠯᠬᠦ ᠶᠢ ᠦᠨᠡᠨᠬᠦ ᠪᠠᠳᠣᠯᠠᠨ᠎ᠠ᠃

ᠪᠣᠯᠪᠠᠰᠤᠷᠠᠭᠤᠯᠤᠭᠰᠠᠨ ᠤ ᠳᠠᠷᠠᠭ᠎ᠠ ᠵᠢᠭᠠᠨ ᠰᠤᠷᠭᠠᠬᠤ ᠳᠤ ᠬᠦᠴᠢᠷᠳᠡᠵᠣ᠂ ᠣᠯᠣᠰ ᠤᠨ ᠨᠢᠭᠡᠳᠣᠯᠲᠠᠢ

ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠨ ᠰᠣᠷᠭᠠᠯᠳᠠ ᠶᠢᠨ ᠱᠠᠭᠠᠷᠳᠠᠯᠭ᠎ᠠ ᠶᠢ ᠲᠦᠷ ᠪᠡᠶᠡᠯᠡᠭᠦᠯᠵᠣ ᠲᠡᠶᠢᠯᠬᠦ

ᠦᠬᠡᠢ ᠪᠠᠭᠰᠢ ᠶᠢᠨ ᠦᠪᠡᠷ ᠤᠨ ᠬᠢᠨᠢ ᠬᠦᠰᠡᠯ ᠡᠷᠡᠮᠡᠯᠵᠡᠯ ᠢ ᠨᠢ ᠬᠦᠨᠳᠦᠳᠬᠡᠵᠦ᠂ ᠰᠤᠷᠤᠯᠴᠠᠯᠭ᠎ᠠ ᠪᠣᠯᠪᠠᠰᠤᠷᠠᠯ

ᠲᠣᠬᠢᠷᠠᠭᠤᠯᠵᠤ᠂ ᠪᠠᠭᠰᠢ ᠶᠢᠨ ᠠᠵᠢᠯᠲᠠᠨ ᠤ ᠶᠠᠪᠤᠳᠠᠯ ᠤᠨ ᠪᠡᠶ᠎ᠡ ᠶᠢᠨ ᠭᠠᠷᠤᠯ᠂ ᠲᠤᠰᠢᠶᠠᠯ ᠮᠡᠷᠭᠡᠵᠢᠯ ᠤᠨ ᠴᠣᠯᠠ᠂

ᠴᠠᠯᠢᠩ ᠣᠯᠭᠤᠮᠵᠢ ᠵᠡᠷᠭᠡ ︽ᠭᠤᠷᠪᠠ ᠶᠢ ᠬᠤᠪᠢᠷᠠᠭᠤᠯᠬᠤ ᠥᠬᠡᠶ︾ ᠪᠠᠶᠢᠬᠤ ᠶᠢ ᠦᠨᠡᠨᠬᠦ ᠪᠠᠲᠤᠯᠠᠵᠤ᠂

ᠦᠨᠳᠦᠰᠦᠲᠡᠨ ᠤ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠬᠦ ᠪᠠᠭᠰᠢ ᠶᠢᠨ ᠬᠠᠤᠯᠢ ᠶᠣᠰᠣᠨ ᠤ ᠡᠷᠬᠡ

ᠠᠰᠢᠭ ᠢ ᠦᠨᠡᠨᠬᠦ ᠪᠠᠲᠤᠯᠠᠨ᠎ᠠ᠃

     20. ᠠᠰᠠᠭᠤᠯᠲᠠ᠄ ᠰᠣᠨᠣᠰᠬᠤᠯᠠᠷ ᠠᠶᠢᠮᠠᠭ ᠠᠴᠠ ᠲᠣᠭᠲᠠᠭᠠᠯ ᠭᠠᠷᠭᠠᠵᠦ᠂ ᠮᠣᠩᠭᠤᠯ ᠬᠢᠲᠠᠳ ᠬᠤᠤᠰ

ᠬᠡᠯᠡᠨ ᠤ ᠪᠠᠭᠰᠢ ᠪᠠᠷ ᠬᠠᠪᠰᠤᠷᠤᠨ ᠵᠢᠯᠣᠭᠤᠳᠣᠭᠴᠢ ᠪᠤᠯᠭᠠᠵᠦ᠂ ᠵᠢᠭᠠᠨ ᠰᠤᠷᠭᠠᠬᠤ ᠡᠭᠦᠷᠭᠡ ᠶᠢ ᠨᠡᠮᠡᠪᠡᠯ ᠪᠠᠭᠰᠢ ᠶᠢᠨ

ᠤᠯᠭᠤᠮᠵᠢ ᠳᠤ ᠬᠤᠪᠢᠷᠠᠯᠲᠠ ᠭᠠᠷᠤᠨ᠎ᠠ ᠦᠦ︖

     ᠬᠠᠷᠢᠭᠤᠯᠲᠠ᠄ ᠮᠣᠩᠭᠤᠯ ᠬᠢᠲᠠᠳ ᠬᠤᠤᠰ ᠬᠡᠯᠡᠨ ᠤ ᠪᠠᠭᠰᠢ ᠶᠢ ᠠᠶᠢᠮᠠᠭ ᠤᠨ ᠰᠤᠷᠭᠠᠨ ᠬᠥᠮᠦᠵᠢᠯ ᠤᠨ

ᠰᠠᠯᠠᠭ᠎ᠠ ᠮᠦᠴᠢᠷ ᠠᠴᠠ ᠬᠢᠨᠠᠨ ᠰᠢᠯᠭᠠᠵᠤ᠂ ᠬᠢᠨᠠᠨ ᠲᠤᠭᠲᠠᠭᠠᠵᠦ᠂ ᠦᠨᠡᠮᠯᠡᠯ ᠣᠯᠭᠤᠨ᠎ᠠ᠃ ᠬᠢᠷᠢ ᠬᠡᠮ ᠬᠦᠷᠳᠡᠭᠰᠡᠨ

ᠬᠤᠤᠰ ᠬᠡᠯᠡᠨ ᠤ ᠪᠠᠭᠰᠢ ᠳᠤ᠂ ᠠᠶᠢᠮᠠᠭ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠮᠡᠷᠭᠡᠵᠢᠯ ᠤᠨ

ᠴᠣᠯᠠ ᠶᠢ ᠰᠢᠯᠭᠠᠨ ᠦᠨᠡᠯᠡᠬᠦ᠂ ᠴᠠᠯᠢᠩ ᠣᠯᠭᠤᠮᠵᠢ ᠶᠢᠨ ᠨᠥᠬᠦᠪᠥᠷᠢ ᠶᠢᠨ ᠲᠠᠯ᠎ᠠ ᠪᠠᠷ ᠵᠤᠷᠢᠭᠵᠢᠭᠤᠯᠬᠤ ᠲᠥᠷᠥ ᠶᠢᠨ

ᠪᠣᠳᠣᠯᠭ᠎ᠠ ᠲᠤᠭᠲᠠᠭᠠᠨ᠎ᠠ᠃ ᠬᠢᠴᠢᠶᠡᠯ ᠤᠨ ᠭᠠᠳᠠᠨ᠎ᠠ ᠬᠠᠪᠰᠤᠷᠤᠨ ᠵᠢᠯᠤᠭᠤᠳᠬᠤ ᠠᠴᠠ ᠪᠣᠯᠵᠤ ᠨᠡᠮᠡᠭᠳᠡᠭᠰᠡᠨ ᠵᠢᠭᠠᠨ

ᠰᠤᠷᠭᠠᠬᠤ ᠡᠭᠦᠷᠭᠡ ᠳᠤ ᠪᠢᠳᠡ ᠢᠯᠡᠭᠦᠤ ᠬᠥᠳᠡᠯᠮᠦᠷᠢᠯᠡᠪᠡᠯ ᠢᠯᠡᠭᠦᠤ ᠤᠯᠬᠤ ᠵᠠᠷᠴᠢᠮ ᠢ ᠪᠠᠷᠢᠮᠲᠠᠯᠠᠵᠤ᠂ ᠬᠠᠪᠰᠤᠷᠤᠨ

ᠵᠢᠯᠣᠭᠤᠳᠣᠭᠰᠠᠨ ᠴᠠᠭ ᠢ ᠪᠠᠭᠰᠢ ᠶᠢᠨ ᠵᠢᠭᠠᠨ ᠰᠤᠷᠭᠠᠬᠤ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ

ᠰᠢᠯᠭᠠᠯᠳᠠ ᠳᠤ ᠪᠤᠳᠤᠵᠤ ᠤᠷᠤᠭᠤᠯᠤᠨ᠎ᠠ᠃ ᠪᠠᠭᠰᠢ ᠶᠢᠨ ᠬᠦᠴᠦ ᠬᠥᠯᠥᠰᠥ ᠪᠠ ᠬᠠᠶᠢᠷ᠎ᠠ ᠰᠡᠳᠬᠢᠯᠭᠡ ᠨᠢ

ᠰᠤᠷᠤᠭᠴᠢᠳ ᠤᠨ ᠨᠢᠭᠡ ᠨᠠᠰᠤᠨ ᠤ ᠠᠯᠬᠤᠮ ᠳᠠᠪᠰᠢᠯᠲᠠ ᠶᠢᠨ ᠬᠥᠳᠡᠯᠭᠡᠬᠦ ᠬᠦᠴᠦᠨ ᠪᠤᠯᠬᠤ ᠲᠤᠯᠠ᠂ ᠪᠢᠳᠡ

ᠬᠠᠮᠲᠦᠪᠡᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ

ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠲᠤ ︽ᠭᠠᠳᠠᠭᠰᠢ ᠭᠠᠷᠬᠤ︾ ᠵᠠᠮ ᠨᠡᠭᠡᠭᠡᠵᠦ᠂

ᠣᠳᠣ ᠦᠶ᠎ᠡ ᠶᠢᠨ ᠪᠣᠯᠪᠠᠰᠤᠨ ᠤ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠲᠣᠬᠢᠶᠠᠯ ᠡᠭᠦᠳᠴᠦ ᠦᠭᠭᠦᠨ᠎ᠡ᠃

    21. ᠠᠰᠠᠭᠤᠯᠲᠠ᠄ ᠥᠩᠭᠡᠷᠡᠭᠰᠡᠨ ᠤ ᠮᠠᠨ ᠤ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ

ᠪᠠᠶᠢᠭᠰᠠᠨ ︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ ︽ᠲᠡᠤᠬᠡ︾ ᠶᠢᠨ ᠵᠢᠭᠠᠬᠤ ᠮᠠᠲ᠋ᠧᠷᠢᠶᠠᠯ ᠨᠢ

ᠤᠯᠤᠰ ᠤᠨ ᠨᠢᠭᠡᠳᠤᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠮᠣᠩᠭᠤᠯ ᠬᠡᠯᠡᠨ ᠤ ᠣᠷᠴᠢᠭᠤᠯᠭ᠎ᠠ ᠶᠢᠨ

ᠬᠡᠪᠯᠡᠯ ᠪᠤᠯᠬᠤ ᠶᠤᠮ᠂ ᠲᠠᠷᠠᠭᠠᠴᠢ ᠶᠢᠨ ᠠᠯᠬᠤᠮ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠵᠢᠭᠠᠨ

ᠰᠤᠷᠭᠠᠬᠤ ᠳᠤ ᠤᠳᠤ ᠪᠠᠶᠢᠭ᠎ᠠ ᠪᠠᠭᠰᠢ ᠶᠢᠨ ᠡᠩᠨᠡᠭᠡ ᠨᠢ ᠵᠢᠭᠠᠨ ᠰᠤᠷᠭᠠᠬᠤ ᠬᠦᠴᠢᠷᠳᠡᠯ ᠲᠣᠯᠭᠠᠷᠠᠵᠣ ᠂ ᠵᠢᠭᠠᠨ

ᠰᠤᠷᠭᠠᠬᠤ ᠶᠠᠰᠤ ᠴᠢᠨᠠᠷ ᠠᠨᠠᠢ᠂ ᠠᠵᠢᠯ ᠤᠨ ᠪᠠᠶᠢᠷᠢ ᠶᠢᠨ ᠬᠡᠷᠡᠭᠴᠡᠭᠡ ᠳᠤ ᠦᠯᠦ ᠬᠦᠷᠬᠦ ᠠᠴᠠ ᠪᠣᠯᠵᠣ᠂ ᠵᠢᠭᠠᠨ

ᠰᠤᠷᠭᠠᠬᠤ ᠲᠣᠬᠢᠶᠠᠯ ᠢᠶᠠᠨ ᠠᠯᠳᠠᠬᠤ ᠠᠴᠠ ᠰᠠᠨᠠᠭᠠᠰᠢᠷᠠᠵᠣ ᠪᠠᠶᠢᠨ᠎ᠠ᠃ ᠡᠨᠡ ᠠᠰᠠᠭᠤᠳᠠᠯ ᠢ ᠶᠠᠭᠠᠬᠢᠵᠤ

ᠰᠢᠢᠳᠪᠦᠷᠢᠯᠡᠬᠦ ᠪᠤᠢ︖

     ᠬᠠᠷᠢᠭᠤᠯᠲᠠ᠄ ᠪᠠᠭᠰᠢ ᠪᠣᠯ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ

ᠵᠠᠩᠭᠢᠯᠠᠭ᠎ᠠ ᠶᠢᠨ ᠪᠠᠲᠤᠯᠠᠭ᠎ᠠ ᠮᠥᠨ᠃ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ︽ᠶᠣᠰᠣ ᠰᠤᠷᠲᠠᠬᠤᠨ ᠬᠢᠭᠡᠳ

ᠬᠠᠤᠯᠢ ᠪᠠᠷ ᠵᠠᠰᠠᠬᠤᠢ︾ ᠪᠠ ︽ᠲᠡᠤᠬᠡ︾ ᠶᠢᠨ ᠵᠢᠭᠠᠬᠤ ᠮᠠᠲ᠋ᠧᠷᠢᠶᠠᠯ ᠢ ᠬᠡᠷᠡᠭᠯᠡᠵᠦ ᠤᠯᠤᠰ ᠤᠨ ᠨᠡᠶᠢᠳᠡᠮ ᠬᠡᠷᠡᠭᠯᠡᠬᠦ

ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠭᠰᠡᠨ ᠤ ᠳᠠᠷᠠᠭ᠎ᠠ᠂ ᠨᠢᠭᠡ ᠪᠦᠯᠦᠭ ᠪᠠᠭᠰᠢ ᠬᠢᠴᠢᠶᠡᠯᠯᠡᠬᠦ ᠬᠡᠯᠨ ᠪᠠᠨ

ᠦᠭᠡᠷᠡᠴᠢᠯᠡᠭᠰᠡᠨ ᠠᠴᠠ᠂ ᠵᠢᠭᠠᠨ ᠰᠤᠷᠭᠠᠯᠲᠠ ᠶᠢᠨ ᠦᠷ᠎ᠡ ᠪᠦᠲᠤᠮᠵᠢ ᠶᠢ ᠨᠥᠯᠥᠭᠡᠯᠡᠵᠦ᠂ ᠴᠢᠨᠠᠭᠰᠢᠯᠠᠪᠠᠯ ᠵᠡᠷᠢᠮ

ᠪᠠᠭᠰᠢ ᠲᠦᠷ ᠴᠠᠭ ᠠᠵᠢᠯ ᠤᠨ ᠪᠠᠶᠢᠷᠢ ᠳᠠᠭᠠᠨ ᠭᠠᠷᠴᠤ ᠲᠡᠶᠢᠯᠬᠦ ᠦᠭᠡᠢ ᠦᠵᠡᠭᠳᠡᠯ ᠭᠠᠷᠬᠤ ᠨᠢ ᠵᠠᠶᠢᠯᠠᠰᠢ ᠦᠭᠡᠢ

ᠶᠤᠮ᠃ ᠡᠨᠡᠬᠦ ᠠᠰᠠᠭᠤᠳᠠᠯ ᠢ ᠭᠤᠣᠯᠳᠠᠭᠤ ᠤᠳᠤ ᠪᠠᠶᠢᠭ᠎ᠠ ᠪᠠᠭᠰᠢ ᠨᠡᠷ ᠢ ᠪᠣᠯᠪᠠᠰᠤᠷᠠᠭᠤᠯᠬᠤ᠂ ᠰᠢᠨ᠎ᠡ ᠪᠠᠭᠰᠢ

ᠨᠦᠭᠦᠪᠤᠷᠢᠯᠡᠬᠦ ᠪᠠ ᠬᠤᠣᠰ ᠬᠡᠯᠡᠨ ᠤ ᠪᠠᠭᠰᠢ ᠶᠢ ᠬᠥᠮᠦᠵᠢᠭᠦᠯᠬᠦ ᠶᠢ ᠴᠢᠩᠭᠠᠳᠬᠠᠬᠤ ᠵᠡᠷᠭᠡ ᠠᠷᠭ᠎ᠠ ᠵᠠᠮ ᠢᠶᠠᠷ

ᠰᠢᠢᠳᠪᠦᠷᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠶᠠᠭ ᠭᠤᠷᠪᠠᠨ

ᠬᠢᠴᠢᠶᠡᠯ ᠲᠦᠷᠤᠯ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢᠨ ᠪᠣᠯᠪᠠᠰᠣᠷᠠᠯ ᠤᠨ ︽

ᠭᠤᠷᠪᠠᠨ ᠵᠢᠯ ᠤᠨ ᠲᠥᠯᠥᠪᠯᠡᠭᠡ︾ ᠶᠢ ᠲᠣᠭᠲᠠᠭᠠᠵᠤ ᠪᠣᠢ᠃ ᠨᠢᠭᠡ ᠳᠤ᠂ ᠦᠨᠦ ᠵᠢᠯ ᠠᠴᠠ ᠡᠬᠢᠯᠡᠨ ᠣᠲᠣ ᠪᠠᠶᠢᠭ᠎ᠠ

ᠪᠠᠭᠰᠢ ᠨᠠᠷ ᠢ ᠰᠤᠷᠭᠠᠭᠤᠯᠢ ᠶᠢᠨ ᠥᠪᠡᠷ ᠤᠨ ᠪᠣᠯᠪᠠᠰᠣᠷᠠᠯ᠂ ᠲᠥᠪᠯᠡᠷᠡᠩᠭᠦᠶ ᠪᠣᠯᠪᠠᠰᠣᠷᠠᠯ᠂ ᠭᠤᠤᠯᠯᠠᠭᠴᠢ

ᠪᠠᠭᠰᠢ ᠶᠢᠨ ᠪᠣᠯᠪᠠᠰᠣᠷᠠᠯ  ᠳᠤ ᠣᠷᠣᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠢᠭᠠᠬᠤ ᠮᠠᠲ᠋ᠧᠷᠢᠶᠠᠯ᠂

ᠬᠢᠴᠢᠶᠡᠯ ᠤᠨ ᠪᠠᠷᠢᠮᠵᠢᠶ᠎ᠠ᠂ ᠵᠢᠭᠠᠨ ᠰᠤᠷᠭᠠᠬᠤ ᠠᠷᠭ᠎ᠠ ᠪᠠ ᠪᠠᠷᠢᠮᠵᠢᠶ᠎ᠠ ᠬᠡᠯᠡ ᠵᠡᠷᠭᠡ ᠪᠠᠷ ᠭᠤᠤᠯ ᠠᠭᠤᠯᠭ᠎ᠠ

ᠪᠣᠯᠭᠠᠭᠰᠠᠨ ᠲᠤᠰᠬᠠᠶ ᠪᠣᠯᠪᠠᠰᠣᠷᠠᠯ ᠢ ᠦᠷᠨᠢᠭᠦᠯᠵᠤ᠂ ᠤᠳᠤ ᠪᠠᠶᠢᠭ᠎ᠠ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ

ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠬᠤ ᠴᠢᠳᠠᠪᠦᠷᠢ ᠪᠠ ᠬᠢᠷᠢ ᠲᠦᠪᠰᠢᠨ ᠤ ᠳᠡᠭᠡᠭᠰᠢᠯᠡᠯᠲᠡ ᠶᠢ

ᠠᠬᠢᠭᠤᠯᠵᠤ᠂ ᠨᠡᠩ ᠤᠯᠠᠨ ᠪᠠᠭᠰᠢ ᠨᠡᠷ ᠢ ᠵᠢᠭᠠᠨ ᠰᠤᠷᠭᠠᠯᠲᠠ ᠶᠢᠨ ᠠᠵᠢᠯ ᠢᠶᠠᠨ ᠡᠭᠦᠷᠭᠡᠯᠡᠵᠦ ᠳᠡᠶᠢᠯᠬᠦ ᠪᠣᠯᠭᠠᠨ᠎ᠠ᠃

ᠬᠤᠶᠠᠷ ᠲᠤ᠂ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢᠨ ᠲᠤᠰᠬᠠᠶ ᠲᠥᠯᠥᠪᠯᠡᠭᠡ ᠲᠣᠭᠲᠠᠭᠠᠬᠤ ᠪᠠ ︽

ᠭᠤᠷᠪᠠᠨ ᠬᠢᠴᠢᠶᠡᠯ ᠲᠦᠷᠤᠯ︾ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢᠨ ︽

ᠬᠥᠳᠡᠯᠦᠩᠭᠦᠶ ᠣᠷᠣᠨ ᠲᠤᠭ᠎ᠠ︾ ᠶᠢ ᠨᠡᠮᠡᠵᠤ ᠲᠤᠬᠢᠷᠡᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽

ᠭᠤᠷᠪᠠᠨ ᠬᠢᠴᠢᠶᠡᠯ ᠲᠦᠷᠤᠯ︾ ᠤᠨ ᠬᠤᠤᠰ ᠬᠡᠯᠡᠨ ᠤ ᠪᠠᠭᠰᠢ ᠶᠢ ᠢᠯᠡ ᠪᠠᠷ ᠣᠷᠢᠨ ᠡᠯᠰᠡᠵᠦ᠂ ᠣᠲᠣ ᠪᠠᠶᠢᠭ᠎ᠠ

ᠪᠠᠭᠰᠢ ᠶᠢᠨ ᠶᠡᠷᠦᠩᠬᠡᠶ ᠲᠤᠭ᠎ᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠢᠢᠳᠪᠤᠷᠢᠯᠠᠨ᠎ᠠ᠃ ᠭᠤᠷᠪᠠ ᠳᠤ᠂

2021 ᠣᠨ ᠠᠴᠠ ᠡᠬᠢᠯᠡᠨ ︽ᠭᠤᠷᠪᠠᠨ ᠬᠢᠴᠢᠶᠡᠯ ᠲᠦᠷᠤᠯ︾ ᠤᠨ ᠪᠠᠭᠰᠢ ᠶᠢᠨ ᠥᠪᠡᠷᠲᠡᠭᠡᠨ ᠵᠠᠰᠠᠬᠤ ᠣᠷᠣᠨ ᠤ

︽ᠠᠯᠪᠠᠨ ᠰᠦᠢᠳᠭᠡᠯ ᠤᠨ ᠪᠠᠭᠰᠢ ᠶᠢᠨ ᠰᠣᠷᠭᠠᠭᠤᠯᠢ ᠶᠢᠨ ᠰᠣᠷᠣᠭᠴᠢ︾ ᠶᠢᠨ ᠲᠤᠰᠬᠠᠶ ᠲᠥᠯᠥᠪᠯᠡᠭᠡ ᠶᠢ

ᠬᠡᠷᠡᠭᠵᠢᠭᠦᠯᠵᠤ᠂ ︽ᠭᠤᠷᠪᠠᠨ ᠬᠢᠴᠢᠶᠡᠯ ᠲᠦᠷᠤᠯ︾ ᠤᠨ ᠬᠤᠤᠰ ᠬᠡᠯᠡᠨ ᠤ ᠪᠠᠭᠰᠢ ᠶᠢ ᠬᠥᠮᠦᠵᠢᠭᠦᠯᠬᠦ ᠡᠷᠴᠢᠮ ᠢ

ᠴᠢᠩᠭᠠᠳᠬᠠᠨ᠎ᠠ᠃ ᠳᠥᠷᠪᠡ ᠳᠤ᠂ ᠪᠣᠯᠪᠠᠰᠤᠷᠠᠯ ᠬᠦᠷᠲᠡᠭᠰᠡᠨ ᠤ ᠳᠠᠷᠠᠭ᠎ᠠ ᠮᠥᠨ ᠯᠡ ᠤᠯᠤᠰ ᠤᠨ ᠨᠡᠶᠢᠳᠡᠮ ᠬᠡᠷᠡᠭᠯᠡᠬᠦ

ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠡᠭᠦᠷᠭᠡᠯᠡᠵᠦ ᠳᠡᠶᠢᠯᠬᠦ ᠦᠭᠡᠢ ᠪᠣᠯ ᠪᠠᠭᠰᠢ ᠶᠢᠨ ᠲᠤᠰ

ᠬᠥᠮᠦᠨ ᠤ ᠬᠦᠰᠡᠯ ᠡᠷᠡᠮᠡᠯᠵᠡᠯ ᠢ ᠬᠦᠨᠳᠤᠳᠭᠡᠵᠤ᠂ ᠳᠠᠬᠢᠨ ᠬᠤᠪᠢᠶᠠᠷᠢᠯᠠᠬᠤ ᠪᠤᠶᠤ ᠠᠵᠢᠯ ᠤᠨ ᠪᠠᠶᠢᠷᠢ ᠶᠢ ᠰᠣᠯᠢᠵᠤ

ᠪᠣᠯᠬᠤ ᠪᠦᠬᠡᠳ ᠪᠠᠰᠠ ᠲᠤᠰ ᠰᠤᠷᠭᠠᠭᠤᠯᠢ ᠪᠤᠶᠤ ᠠᠬ᠎ᠠ ᠳᠡᠭᠦᠦ ᠰᠤᠷᠭᠠᠭᠤᠯᠢ ᠶᠢᠨ ᠠᠵᠢᠯ ᠤᠨ ᠪᠠᠶᠢᠷᠢ ᠳᠤ

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠡᠭᠦᠷᠭᠡᠯᠡᠵᠦ ᠲᠡᠶᠢᠯᠬᠦ

ᠪᠤᠯᠲᠠᠯ᠎ᠠ ᠪᠣᠯᠪᠠᠰᠣᠷᠠᠯ ᠬᠦᠷᠳᠡᠭᠡᠵᠣ᠂ ᠡᠨᠡᠬᠦ ᠬᠤᠭᠤᠴᠠᠭᠠᠨ ᠳᠤ ᠬᠤᠪᠢ ᠬᠥᠮᠦᠨ ᠤ ᠪᠡᠶ᠎ᠡ ᠶᠢᠨ ᠭᠠᠷᠤᠯ᠂

ᠮᠡᠷᠭᠡᠵᠢᠯ ᠤᠨ ᠴᠣᠯᠠ᠂ ᠣᠯᠭᠤᠮᠵᠢ ᠬᠠᠷᠠᠭᠠᠯᠵᠡᠯ ︽ᠭᠤᠷᠪᠠ ᠶᠢ ᠬᠤᠪᠢᠷᠠᠭᠤᠯᠬᠤ ᠦᠭᠡᠢ︾ ᠪᠠᠶᠢᠬᠤ ᠶᠢ ᠪᠠᠲᠤᠯᠠᠬᠤ

ᠪᠣᠯᠤᠨ᠎ᠠ᠃ ᠡᠨᠡᠬᠦ ︽ᠭᠤᠷᠪᠠ ᠶᠢ ᠬᠤᠪᠢᠷᠠᠭᠤᠯᠬᠤ ᠦᠭᠡᠢ︾ ᠲᠥᠷᠥ ᠶᠢᠨ ᠪᠣᠳᠣᠯᠭ᠎ᠠ ᠨᠢ ᠣᠬᠤᠷ ᠬᠤᠭᠤᠴᠠᠭᠠᠨ ᠤ

ᠠᠵᠢᠯ ᠤᠨ ᠬᠡᠷᠡᠭᠴᠡᠭᠡ ᠪᠢᠰᠢ᠂ ᠬᠠᠷᠢᠨ ᠤᠯᠤᠰ ᠤᠨ ᠱᠠᠭᠠᠷᠳᠠᠯᠭ᠎ᠠ ᠪᠠ ᠳᠦᠷᠢᠮ ᠤᠨ ᠪᠠᠶᠢᠷᠢᠯᠠᠭᠤᠯᠣᠯᠳᠠ ᠪᠣᠯᠬᠤ

ᠪᠦᠭᠡᠳ ᠢᠷᠡᠭᠡᠳᠦᠶ ᠳᠤ ᠬᠠᠨᠳᠣᠭᠤᠯᠣᠭᠰᠠᠨ ᠦᠨᠳᠦᠰᠦᠲᠡᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ

ᠬᠥᠭᠵᠢᠯᠲᠡ ᠶᠢ ᠠᠬᠢᠭᠤᠯᠬᠤ ᠪᠣᠳᠣᠯᠬᠢᠯᠠᠯ ᠪᠣᠯᠬᠤ ᠶᠣᠮ᠃ ᠮᠠᠨ ᠤ ᠣᠷᠣᠨ ᠨᠢ ᠡᠷᠬᠡᠪᠰᠢ ᠮᠠᠰᠢ ᠣᠯᠠᠨ ᠮᠣᠩᠭᠤᠯ

ᠬᠢᠲᠠᠳ ᠬᠤᠤᠰ ᠬᠡᠯᠡ ᠪᠠᠷ ᠰᠠᠶᠢᠨ ᠵᠢᠭᠠᠬᠤ ᠪᠠᠭᠰᠢ ᠶᠢ ᠬᠥᠮᠦᠵᠢᠭᠦᠯᠬᠦ ᠬᠡᠷᠡᠭᠲᠡᠶ ᠪᠦᠭᠡᠳ ᠡᠷᠬᠡᠪᠰᠢ ᠦᠨᠡᠨ ᠠᠴᠠ

ᠵᠥᠪ ᠢ ᠡᠷᠢᠵᠣ᠂ ᠪᠣᠯᠪᠠᠰᠤᠷᠠᠯ ᠤᠨ ᠬᠡᠮᠵᠢᠶ᠎ᠡ ᠬᠦᠷᠬᠦ ᠦᠭᠡᠢ ᠠᠴᠠ ᠪᠤᠯᠵᠤ ᠪᠠᠭᠰᠢ ᠶᠢᠨ ᠵᠢᠭᠠᠨ ᠰᠤᠷᠭᠠᠬᠤ

ᠪᠠᠷᠢᠮᠵᠢᠶ᠎ᠠ ᠶᠢ ᠪᠠᠭᠤᠷᠠᠭᠤᠯᠵᠤ ᠪᠣᠯᠬᠤ ᠦᠭᠡᠢ᠃ ᠬᠡᠷᠪᠡ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠪᠠᠭᠰᠢ ᠨᠠᠰᠤ

ᠠᠬᠢᠵᠣ᠂ ᠳᠠᠬᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠵᠦ ᠳᠡᠶᠢᠯᠬᠦ

ᠥᠬᠡᠶ ᠪᠣᠯ᠂ ᠢᠳᠡᠪᠬᠢᠲᠠᠢ ᠪᠠᠷ ᠰᠤᠷᠭᠠᠭᠤᠯᠢ ᠶᠢᠨ ᠳᠣᠲᠣᠷ᠎ᠠ ᠪᠠᠨ ᠲᠣᠬᠢᠷᠠᠭᠤᠯᠣᠯᠳᠠ ᠬᠢᠵᠣ᠂ ᠰᠢᠶᠠᠨ ᠤ

ᠬᠡᠪᠴᠢᠶᠡᠨ ᠳᠤ ᠨᠢᠭᠡᠳᠦᠯᠲᠡᠶ ᠲᠦᠯᠦᠪᠵᠢᠭᠦᠯᠵᠣ᠂ ᠠᠶᠢᠮᠠᠭ ᠬᠤᠲᠠ ᠨᠢᠭᠡᠳᠦᠯᠲᠡᠶ ᠲᠦᠯᠦᠪᠵᠢᠬᠦᠯᠬᠦ ᠠᠷᠭ᠎ᠠ ᠪᠠᠷ

ᠡᠳᠡᠭᠡᠷ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃

     22. ᠠᠰᠠᠭᠤᠯᠲᠠ᠄ ᠣᠳᠣᠬᠠᠨ ᠳᠤ ᠬᠥᠮᠦᠰ ᠤᠨ ᠠᠩᠬᠠᠷᠤᠯ ᠳᠡᠭᠡᠲᠦ ᠬᠡᠮᠵᠢᠶ᠎ᠡ ᠪᠠᠷ ᠪᠠᠭᠰᠢ ᠨᠠᠷ ᠲᠤ

ᠲᠦᠪᠯᠡᠷᠡᠵᠦ᠂ ᠪᠠᠭᠰᠢ ᠨᠠᠷ ᠤᠨ ᠠᠵᠢᠯ ᠪᠠ ᠰᠡᠳᠬᠢᠴᠡ ᠶᠢᠨ ᠳᠠᠷᠤᠯᠲᠠ ᠮᠠᠰᠢ ᠬᠦᠨᠳᠦᠷᠡᠵᠦ ᠪᠠᠶᠢᠬᠤ ᠲᠤᠯᠠ᠂ ᠡᠨᠡᠬᠦ

ᠠᠰᠠᠭᠤᠳᠠᠯ ᠢ ᠬᠡᠷᠬᠢᠨ ᠰᠶᠢᠳᠪᠦᠷᠢᠯᠡᠬᠦ ᠪᠣᠶ︖

     ᠬᠠᠷᠢᠭᠤᠯᠲᠠ᠄ ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠪᠣᠯ ᠮᠠᠨ ᠤ ᠤᠯᠤᠰ ᠤᠨ

ᠤᠯᠠᠮᠵᠢᠯᠠᠯᠲᠦ ᠰᠠᠶᠢᠬᠠᠨ ᠰᠤᠷᠲᠠᠯ ᠪᠣᠯᠬᠤ ᠶᠣᠮ᠃ ᠣᠳᠣᠬᠠᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ

ᠰᠤᠷᠭᠠᠭᠤᠯᠢ ᠶᠢᠨ ᠰᠤᠷᠤᠭᠴᠢᠳ ᠤᠨ ᠨᠡᠷ᠎ᠡ ᠮᠡᠳᠡᠭᠦᠯᠦᠭᠰᠡᠨ ᠨᠣᠷᠮ᠎ᠠ ᠳᠤᠤᠷ᠎ᠠ ᠪᠠᠶᠢᠭ᠎ᠠ ᠪᠠᠶᠢᠳᠠᠯ ᠳᠤ ᠴᠢᠭᠯᠡᠭᠦᠯᠦᠨ᠂

ᠥᠷᠭᠡᠨ ᠣᠯᠠᠨ ᠪᠠᠭᠰᠢ ᠨᠠᠷ ᠲᠥᠷᠥ ᠶᠢᠨ ᠪᠣᠳᠣᠯᠭ᠎ᠠ ᠤᠬᠠᠭᠤᠯᠤᠨ ᠲᠠᠶᠢᠯᠪᠣᠷᠢᠯᠠᠬᠤ ᠪᠠ ᠦᠵᠡᠯ ᠰᠠᠨᠠᠭ᠎ᠠ ᠶᠢ

ᠬᠥᠲᠥᠯᠥᠨ ᠵᠢᠯᠣᠭᠤᠳᠬᠤ ᠵᠡᠷᠭᠡ ᠶᠡᠭᠡ ᠬᠡᠮᠵᠢᠶᠡᠨ ᠤ ᠠᠵᠢᠯ ᠢ ᠭᠦᠨ ᠭᠦᠨᠵᠡᠭᠡᠶ ᠨᠠᠷᠢᠨ ᠨᠢᠮᠪᠠᠶ ᠬᠢᠵᠣ ᠪᠠᠶᠢᠭ᠎ᠠ

ᠲᠣᠯᠡ᠂ ᠨᠡᠶᠢᠭᠡᠮ ᠤᠨ ᠡᠯ᠎ᠡ ᠡᠲᠡᠭᠡᠳ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠲᠡᠳᠡᠨ ᠤ ᠠᠵᠢᠯ ᠢ ᠨᠠᠩ

ᠰᠠᠶᠢᠳᠣᠷ ᠬᠠᠯᠠᠮᠵᠢᠯᠠᠨ ᠳᠡᠮᠵᠢᠵᠦ᠂ ᠪᠠᠭᠰᠢ ᠨᠠᠷ ᠤᠨ ᠰᠡᠳᠬᠢᠴᠡ ᠶᠢ ᠰᠢᠯᠣᠭᠤᠳᠬᠠᠬᠤ ᠠᠵᠢᠯ ᠢ ᠤᠯᠠᠮ ᠰᠠᠶᠢᠨ

ᠬᠢᠵᠦ᠂ ᠲᠡᠳᠡᠨ ᠤ ᠬᠦᠴᠢᠷᠳᠡᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠥᠷᠭᠡᠨ ᠤᠯᠠᠨ ᠪᠠᠭᠰᠢ ᠨᠠᠷ ᠢ

ᠨᠡᠩ ᠰᠠᠨᠠᠭ᠎ᠠ ᠠᠮᠤᠷ ᠪᠦᠭᠡᠳ ᠤᠷᠮ᠎ᠠ ᠵᠤᠷᠢᠭ ᠲᠠᠢ ᠠᠵᠢᠯᠯᠠᠭᠤᠯᠬᠤ ᠪᠣᠯᠣᠨ᠎ᠠ᠃

    23. ᠠᠰᠠᠭᠤᠯᠲᠠ᠄ ᠣᠲᠣ ᠶᠢᠨ ᠬᠡᠷᠡᠭᠵᠢᠭᠦᠯᠵᠦ ᠪᠠᠶᠢᠭ᠎ᠠ ᠦᠨᠳᠦᠷ ᠳᠤᠮᠳᠠᠳᠤ ᠳᠤ ᠳᠠᠪᠰᠢᠬᠤ ᠰᠢᠯᠭᠠᠯᠳᠠ

ᠪᠠ ᠶᠡᠭᠡ ᠳᠡᠭᠡᠳᠣ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠭᠦᠯᠬᠦ

ᠡᠰᠡᠬᠦ ᠪᠠ ᠣᠲᠣ ᠶᠢᠨ ᠬᠡᠷᠡᠭᠵᠢᠭᠦᠯᠵᠦ ᠪᠠᠶᠢᠭ᠎ᠠ ︽ᠮᠣᠩᠭᠤᠯ ᠬᠡᠯᠡ ᠪᠢᠴᠢᠭ︾ ᠤᠨ ᠰᠢᠯᠭᠠᠯᠲᠠ ᠶᠢᠨ ᠬᠤᠪᠢ ᠨᠡᠮᠡᠬᠦ

ᠬᠠᠷᠢᠴᠠᠯ ᠢ ᠬᠢᠲᠠᠳ ᠬᠡᠯᠡᠨ ᠤ ᠬᠢᠴᠢᠶᠡᠯ ᠲᠦᠷᠦᠯ ᠤᠨ ᠬᠤᠪᠢ ᠶᠢᠨ ᠬᠠᠷᠢᠴᠠᠯ ᠢ ᠳᠡᠭᠡᠭᠰᠢᠯᠡᠭᠦᠯᠬᠦ ᠲᠠᠢ

ᠣᠶᠠᠯᠳᠣᠭᠤᠯᠣᠨ ᠳᠣᠭᠢᠷᠠᠭᠤᠯᠤᠨ᠎ᠠ ᠤᠤ︖

     ᠬᠠᠷᠢᠭᠤᠯᠲᠠ᠄ ᠮᠠᠨ ᠤ ᠣᠷᠣᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠣᠷᠭᠠᠭᠤᠯᠢ

 ᠶᠢᠨ ᠰᠢᠯᠭᠠᠭᠤᠯᠤᠭᠰᠠᠳ ᠤᠨ ᠣᠳᠣᠬᠢ ᠶᠡᠭᠡ ᠰᠤᠷᠭᠠᠭᠤᠯᠢ ᠳᠤ ᠳᠠᠪᠰᠢᠬᠤ ᠰᠢᠯᠭᠠᠯᠲᠠ ᠶᠢᠨ ᠬᠤᠪᠢ ᠪᠤᠳᠤᠬᠤ

ᠠᠷᠭ᠎ᠠ ᠪᠣᠯ ᠦᠨᠳᠦᠰᠦᠲᠡᠨ ᠤ ᠬᠢᠲᠠᠳ ᠬᠡᠯᠡᠨ ᠤ ᠰᠢᠯᠭᠠᠯᠲᠠ ᠶᠢᠨ ᠭᠤᠷᠪᠠᠳᠤᠭᠠᠷ ᠳᠡᠰ ︵ᠶᠡᠭᠡ ᠰᠤᠷᠭᠠᠭᠤᠯᠢ ᠳᠤ

ᠳᠠᠪᠰᠢᠬᠤ ᠰᠢᠯᠭᠠᠯᠲᠠ ᠶᠢᠨ ᠬᠢᠲᠠᠳ ᠬᠡᠯᠡᠨ ᠤ ᠬᠤᠪᠢ ᠶᠢ ᠨᠤᠭᠤᠯᠤᠨ ᠪᠤᠳᠤᠨ᠎ᠠ︶ ᠪᠠ ᠭᠠᠳᠠᠭᠠᠳᠤ ᠬᠡᠯᠡᠨ ᠤ

ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠪᠣᠯᠬᠤ ᠪᠦᠬᠡᠳ ᠲᠡᠬᠦᠨ ᠢ 7᠄ 3 ᠶᠢᠨ ᠬᠠᠷᠢᠴᠠᠯ ᠢᠶᠠᠷ

1 ᠬᠢᠴᠢᠶᠡᠯ ᠤᠨ ᠬᠢᠷᠢ ᠪᠦᠲᠦᠮᠵᠢ ᠪᠣᠯᠭᠠᠵᠣ ᠨᠣᠭᠤᠯᠣᠨ ᠪᠣᠳᠣᠵᠣ ᠶᠡᠷᠦᠩᠬᠡᠶ ᠬᠤᠪᠢ ᠳᠤ ᠣᠷᠣᠭᠤᠯᠵᠣ᠂ ︽

ᠮᠣᠩᠭᠤᠯ ᠬᠡᠯᠡ ᠪᠢᠴᠢᠭ ︵ᠬᠥᠬᠡ︶︾ ᠪᠠ ᠪᠤᠰᠤᠳ ᠬᠢᠴᠢᠶᠡᠯ ᠲᠥᠷᠥᠯ ᠤᠨ ᠰᠢᠯᠭᠠᠯᠲᠠ ᠶᠢᠨ ᠬᠢᠷᠢ ᠪᠦᠲᠦᠮᠵᠢ ᠶᠢ

ᠴᠥᠮ 100% ᠪᠠᠷ ᠶᠡᠷᠦᠩᠬᠡᠶ ᠬᠤᠪᠢ ᠳᠤᠨᠢ ᠪᠤᠳᠤᠵᠤ ᠣᠷᠣᠭᠤᠯᠤᠨ᠎ᠠ᠃ ᠤᠯᠤᠰ ᠠᠴᠠ ᠶᠡᠭᠡ ᠰᠤᠷᠭᠠᠭᠤᠯᠢ ᠳᠤ

ᠳᠠᠪᠰᠢᠬᠤ ᠰᠢᠯᠭᠠᠯᠲᠠ ᠶᠢᠨ ᠬᠤᠪᠢ ᠪᠤᠳᠤᠬᠤ ᠰᠢᠨ᠎ᠡ ᠠᠷᠭ᠎ᠠ ᠶᠢ ᠨᠡᠶᠢᠲᠡᠯᠡᠬᠦ ᠠᠴᠠ ᠡᠮᠦᠨ᠎ᠡ᠂ ᠣᠲᠣ ᠶᠢᠨ

ᠬᠡᠷᠡᠭᠵᠢᠭᠦᠯᠵᠦ ᠪᠠᠶᠢᠭ᠎ᠠ ᠬᠤᠪᠢ ᠪᠤᠳᠤᠬᠤ ᠠᠷᠭ᠎ᠠ ᠶᠢ ᠬᠤᠪᠢᠷᠠᠭᠤᠯᠬᠤ ᠥᠬᠡᠶ᠃

    24. ᠠᠰᠠᠭᠤᠯᠲᠠ᠄ ᠵᠠᠷᠢᠮ ᠨᠦᠭᠦᠳ ᠤᠨ ᠬᠡᠯᠡᠬᠦ ᠪᠠᠷ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ

ᠮᠠᠲ᠋ᠧᠷᠢᠶᠠᠯ ᠢ ᠬᠡᠷᠡᠭᠯᠡᠬᠦ ᠶᠢ ᠦᠷᠭᠦᠯᠵᠢᠯᠡᠨ ᠬᠤᠷᠢᠭᠯᠠᠵᠣ᠂ ᠬᠡᠦᠬᠡᠳ ᠢᠶᠠᠨ ᠰᠤᠷᠭᠠᠭᠤᠯᠢ ᠳᠤᠨᠢ ᠬᠦᠷᠭᠡᠬᠦ ᠦᠭᠡᠢ ᠪᠣᠯ

ᠥᠪᠡᠷᠲᠡᠭᠡᠨ ᠵᠠᠰᠠᠬᠤ ᠣᠷᠣᠨ ᠠᠴᠠ ᠤᠤᠯ ᠤᠨ ᠲᠦᠷᠦ ᠶᠢᠨ ᠪᠤᠳᠤᠯᠭ᠎ᠠ ᠪᠠᠨ ᠪᠠᠷᠢᠮᠲᠠᠯᠠᠵᠤ᠂ ᠳᠠᠬᠢᠵᠣ ᠤᠯᠤᠰ ᠤᠨ

ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠᠨ

ᠪᠣᠯᠢᠨ᠎ᠠ ᠬᠡᠵᠣ ᠪᠣᠢ᠂ ᠲᠡᠶᠢᠮᠣ ᠤᠤ︖

     ᠬᠠᠷᠢᠭᠤᠯᠲᠠ᠄ ᠲᠡᠶᠢᠮᠣ ᠪᠢᠰᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ

ᠬᠡᠷᠡᠭᠯᠡᠬᠦ ᠪᠣᠯ ᠤᠯᠤᠰ ᠤᠨ ᠵᠣᠷᠢᠯᠳᠠ ᠪᠣᠯᠣᠨ᠎ᠠ᠃ ᠰᠢᠨᠵᠢᠶᠠᠩ ᠬᠢᠭᠡᠳ ᠲᠥᠪᠡᠳ ᠤᠨ ᠥᠪᠡᠷᠲᠡᠭᠡᠨ ᠵᠠᠰᠠᠬᠤ ᠣᠷᠣᠨ

 ᠨᠢ ᠨᠢᠭᠡᠨᠳᠡ ᠴᠥᠮ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠪᠠᠶᠢᠨ᠎ᠠ᠃

ᠬᠡᠦᠬᠡᠳ ᠢᠶᠠᠨ ᠰᠤᠷᠭᠠᠭᠤᠯᠢ ᠳᠤᠨᠢ ᠭᠦᠷᠭᠡᠬᠦ ᠦᠭᠡᠢ ᠪᠠᠶᠢᠬᠤ ᠨᠢ ᠬᠡᠦᠬᠡᠳ ᠤᠨ ᠢᠶᠠᠨ ᠰᠣᠷᠣᠯᠭ᠎ᠠ ᠶᠢᠨ ᠠᠬᠢᠴᠠ

ᠪᠣᠯᠣᠨ ᠡᠷᠡᠭᠦᠯ ᠢᠶᠠᠷ ᠦᠰᠦᠨ ᠪᠤᠶᠢᠵᠢᠬᠤ ᠶᠢ ᠨᠥᠯᠥᠭᠡᠯᠡᠬᠦ ᠯᠡ ᠶᠠᠪᠣᠳᠠᠯ ᠪᠣᠯᠬᠤ ᠶᠣᠮ᠃

 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号