ᠤᠯᠠᠭᠠᠶ ᠬᠠᠮᠢᠶᠠᠷᠤᠯᠲᠠᠶᠢᠨ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠤ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ | ︵2021ᠣᠨ ᠤ 4 ᠳ᠋ᠦ᠋ᠭᠡᠷ ᠲᠣᠭᠠᠲᠤ︶ | | ᠣᠳᠣᠬᠠᠨ ᠳᠤ᠂ ᠰᠢᠨᠡᠲ᠋ᠢᠲᠢᠮᠯᠢᠭᠠᠭᠤᠰᠬᠢᠨ ᠦᠷᠪᠢᠰᠦᠯ ᠤᠨ ᠬᠢᠵᠢᠭ ᠣᠯᠠᠨ ᠤᠯᠤᠰ ᠲᠤ ᠲᠠᠷᠬᠠᠨ | ᠳᠡᠯᠭᠡᠷᠡᠬᠦ ᠬᠠᠨᠳᠤᠰᠢ ᠢᠯᠡᠷᠡᠵᠦ᠂ ᠤᠯᠤᠰ ᠤᠨ ᠳᠣᠲᠤᠭᠠᠲᠤ ᠳᠤ ᠲᠤᠬᠠᠢ ᠶᠢᠨ ᠭᠠᠵᠠᠷ ᠤᠨ ᠡᠪᠡᠳᠴᠢᠲᠡᠨ | ᠢᠯᠡᠷᠡᠭᠰᠡᠨ ᠪᠤᠯᠤᠨ ᠬᠡᠰᠡᠭ ᠭᠠᠵᠠᠷ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠴᠦ᠂ ᠪᠠᠶᠢᠩᠭᠤᠵᠢᠭᠰᠠᠨ | ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠴᠢᠩᠭ᠎ᠠ ᠬᠠᠲᠠᠭᠤ ᠰᠢᠯᠭᠠᠯᠲᠠ ᠤᠴᠠᠷᠠᠭᠤᠯᠤᠭᠰᠠᠨ ᠪᠠᠶᠢᠨ᠎ᠠ᠃ ᠴᠠᠭᠠᠨ | ᠰᠠᠷ᠎ᠠ ᠂ ᠴᠠᠭᠠᠨ ᠰᠠᠷ᠎ᠠ ᠶᠢᠨ ᠵᠦᠭᠡᠭᠡᠪᠦᠷᠢ ᠶᠢᠨ ᠬᠤᠭᠤᠴᠠᠭᠠᠨ ᠳᠤ᠂ ᠬᠦᠮᠦᠨ ᠬᠠᠷ᠎ᠠ᠂ ᠪᠠᠷᠠᠭᠠᠨ ᠤ ᠭᠦᠢᠯᠭᠡᠭᠡᠨ ᠤ | ᠬᠡᠮᠵᠢᠶ᠎ᠡ ᠨᠡᠮᠡᠭᠳᠡᠬᠦ ᠶᠢ ᠳᠠᠭᠠᠯᠳᠤᠨ᠂ ᠴᠤᠭᠯᠠᠷᠠᠯ ᠤᠨ ᠴᠢᠨᠠᠷᠲᠠᠢ ᠠᠵᠢᠯᠯᠠᠭ᠎ᠠ ᠦᠷᠭᠦᠯᠵᠢᠯᠡᠨ ᠨᠡᠮᠡᠭᠳᠡᠵᠦ᠂ ᠬᠢᠵᠢᠭ ᠢ | ᠰᠡᠷᠭᠡᠶᠢᠯᠡᠨ ᠡᠵᠡᠮᠳᠡᠬᠦ ᠳᠤ ᠨᠡᠩ ᠶᠡᠭᠡ ᠳᠠᠷᠤᠭᠠᠰᠤ ᠤᠴᠠᠷᠠᠭᠤᠯᠬᠤ ᠪᠤᠯᠤᠨ᠎ᠠ᠃ ᠬᠠᠮᠢᠶᠠᠷᠤᠯᠲᠠ ᠶᠢᠨ ᠣᠷᠣᠨ ᠤ | ᠬᠢᠵᠢᠭ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠤᠯᠠᠮ ᠪᠠᠬᠢᠵᠢᠭᠦᠯᠵᠦ᠂ ︽ᠭᠠᠳᠠᠨ᠎ᠠ ᠠᠴᠠ ᠬᠠᠯᠳᠠᠪᠤᠷᠢᠯᠠᠨ | ᠣᠷᠣᠵᠤ ᠢᠷᠡᠬᠦ ᠠᠴᠠ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠬᠠᠯᠳᠠᠪᠤᠷᠢᠯᠠᠬᠤ ᠠᠴᠠ ᠰᠡᠷᠭᠡᠶᠢᠯᠡᠬᠦ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠮᠦᠨ ᠬᠠᠷ᠎ᠠ ᠨᠠᠰᠢ ᠴᠠᠰᠢ ᠶᠠᠪᠤᠬᠤ ᠪᠣᠯᠣᠨ ᠴᠤᠭᠯᠠᠷᠠᠯ ᠤᠨ | ᠴᠢᠨᠠᠷᠲᠠᠢ ᠠᠵᠢᠯᠯᠠᠭ᠎ᠠ ᠶᠢ ᠪᠠᠭᠠᠰᠬᠠᠬᠤ ᠶᠢᠨ ᠲᠦᠯᠦᠭᠡ ᠲᠣᠣᠷᠠᠬᠢ ᠮᠡᠲᠦ ᠠᠯᠪᠠᠨ ᠵᠠᠷᠯᠠᠯ ᠢ ᠨᠡᠶᠢᠲᠡᠯᠡᠶ᠎ᠡ᠄ | ᠨᠢᠭᠡ᠂ 2020 ᠣᠨ ᠤ 12 ᠰᠠᠷ᠎ᠠ ᠶᠢᠨ 6 ᠤ ᠡᠳᠦᠷ ᠠᠴᠠ ᠬᠤᠶᠢᠰᠢ ᠪᠡᠭᠡᠵᠢᠩ ᠬᠤᠲᠠ ᠶᠢᠨ ᠱᠦᠨ | ᠢ ᠲᠣᠭᠤᠷᠢᠭ᠂ ᠴᠣᠤ ᠶᠠᠩ ᠲᠣᠭᠤᠷᠢᠭ᠂ ᠯᠢᠶᠣᠤᠨᠢᠩ ᠮᠤᠵᠢ ᠶᠢᠨ ᠮᠦᠭᠳᠡᠨ ᠬᠤᠲᠠ᠂ ᠳ᠋ᠠᠯᠢᠶᠠᠨ ᠬᠤᠲᠠ᠂ | ᠬᠠᠷᠠᠮᠥ᠋ᠷᠡᠨ ᠮᠤᠵᠢ ᠶᠢᠨ ᠾᠸᠢ ᠾᠧ ᠬᠤᠲᠠ ᠳᠤ᠂ 2020 ᠣᠨ ᠤ 12 ᠰᠠᠷ᠎ᠠ ᠶᠢᠨ 15 ᠤ ᠡᠳᠦᠷ ᠠᠴᠠ | ᠬᠤᠶᠢᠰᠢ ᠾᠧᠪᠧᠶ ᠮᠤᠵᠢ ᠶᠢᠨ ᠱᠢ ᠵᠢᠶᠠ ᠵᠤᠸᠠᠩ ᠬᠤᠲᠠ᠂ ᠰᠢᠩ ᠲᠠᠢ ᠬᠤᠲᠠ ᠪᠠᠷ ᠣᠷᠣᠰᠢᠨ ᠰᠠᠭᠤᠭᠰᠠᠨ | ᠲᠡᠦᠬᠡ ᠲᠠᠢ ᠬᠥᠮᠦᠰ ᠰᠠᠨᠠᠭᠠᠴᠢᠯᠠᠭ᠎ᠠ ᠠᠴᠠ ᠪᠠᠨ ᠦᠪᠡᠷ ᠤᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ( ᠭᠠᠴᠠᠭ᠎ᠠ | ᠲᠣᠰᠬᠤᠨ᠂ ᠬᠤᠪᠢᠶᠠᠷᠢ ᠲᠠᠯᠠᠪᠠᠶ ) ᠲᠤ ᠮᠡᠳᠡᠭᠦᠯᠬᠦ ᠬᠡᠷᠡᠭᠲᠡᠶ᠃ | ᠬᠤᠶᠠᠷ᠂ ᠬᠢᠯᠢ ᠳᠤ ᠣᠷᠣᠵᠤ ᠤᠯᠤᠰ ᠲᠠᠭᠠᠨ ᠪᠤᠴᠠᠵᠤ ᠤᠯᠠᠭᠠᠢ ᠳᠤ ᠢᠷᠡᠭᠰᠡᠨ ᠬᠥᠮᠦᠰ ᠢ᠂ ᠬᠢᠯᠢ ᠳᠤ | ᠣᠷᠣᠵᠤ ᠢᠷᠡᠭᠰᠡᠨ ᠭᠠᠵᠠᠷ ᠲᠤ 14 ᠡᠳᠦᠷ ᠲᠥᠪᠯᠡᠷᠡᠭᠦᠯᠦᠨ ᠲᠤᠰᠠᠭᠠᠷᠯᠠᠬᠤ ᠪᠠ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ + ᠤᠯᠠᠭᠠᠢ ᠳᠤ ᠪᠤᠴᠠᠵᠤ ᠢᠷᠡᠭᠰᠡᠨ ᠲᠤᠬᠠᠶ ᠶᠢᠨ | ᠡᠳᠦᠷ ᠲᠤ ᠪᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ + 14 ᠡᠳᠦᠷ ᠤᠨ ᠬᠡᠷ ᠲᠡᠭᠡᠨ ᠰᠠᠭᠤᠵᠤ | ᠲᠤᠰᠠᠭᠠᠷᠯᠠᠬᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠭᠤᠷᠪᠠ᠂ ᠦᠨᠳᠦᠷ ᠲᠦᠭᠰᠢᠭᠦᠷᠢᠲᠦ ᠭᠠᠵᠠᠷ ᠣᠷᠣᠨ ᠠᠴᠠ ᠤᠯᠠᠭᠠᠢ ᠳᠤ ᠪᠤᠴᠠᠵᠤ ᠢᠷᠡᠭᠰᠡᠳ ᠲᠤ | 14 ᠡᠳᠦᠷ ᠲᠥᠪᠯᠡᠷᠡᠭᠦᠯᠦᠨ ᠲᠤᠰᠠᠭᠠᠷᠯᠠᠬᠤ + 3 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ︵ ᠤᠯᠠᠭᠠᠢ ᠳᠤ ᠪᠤᠴᠠᠵᠤ ᠢᠷᠡᠭᠰᠡᠨ ᠲᠤᠬᠠᠶ ᠶᠢᠨ ᠡᠳᠦᠷ ᠲᠤ | ᠠᠩᠬᠠᠳᠤᠭᠠᠷ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠨᠢᠭᠡ ᠡᠳᠦᠷ ᠠᠯᠤᠰᠯᠠᠬᠤ ᠪᠠ | 14 ᠳ᠋ᠦ᠋ᠭᠡᠷ ᠡᠳᠦᠷ ᠳᠠᠭᠤᠰᠬᠤ ᠦᠶ᠎ᠡ ᠳᠤ ᠲᠣᠰ ᠲᠣᠰ ᠬᠤᠶᠠᠳᠤᠭᠠᠷ᠂ ᠭᠤᠷᠪᠠᠳᠤᠭᠠᠷ ᠤᠳᠠᠭᠠᠨ ᠤ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ︶ + 14 ᠡᠳᠦᠷ ᠤᠨ ᠬᠡᠷ ᠲᠡᠭᠡᠨ ᠰᠠᠭᠤᠵᠤ ᠲᠤᠰᠠᠭᠠᠷᠯᠠᠬᠤ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠳᠥᠷᠪᠡ᠂ ᠳᠤᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠠᠴᠠ ᠤᠯᠠᠭᠠᠢ ᠳᠤ ᠪᠤᠴᠠᠵᠤ | ᠢᠷᠡᠭᠰᠡᠳ ᠲᠤ᠂ ᠤᠯᠠᠭᠠᠢ ᠳᠤ ᠪᠤᠴᠠᠵᠤ ᠢᠷᠡᠬᠦ ᠠᠴᠠ ᠡᠮᠦᠨ᠎ᠡ 7 ᠡᠳᠦᠷ ᠤᠨ ᠲᠣᠲᠤᠷᠠᠬᠢ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ + ᠤᠯᠠᠭᠠᠢ ᠳᠤ ᠪᠤᠴᠠᠵᠤ ᠢᠷᠡᠭᠰᠡᠨ ᠲᠤᠬᠠᠶ ᠶᠢᠨ | ᠡᠳᠦᠷ ᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠯᠭᠡᠵᠦ +14 ᠡᠳᠦᠷ ᠤᠨ ᠬᠡᠷ ᠲᠡᠭᠡᠨ ᠰᠠᠭᠤᠵᠤ | ᠲᠤᠰᠠᠭᠠᠷᠯᠠᠬᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠬᠠᠩᠭᠠᠵᠤ ᠳᠡᠶᠢᠯᠬᠦ ᠥᠬᠡᠶ ᠬᠥᠮᠦᠰ | ᠢ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠦᠷ᠎ᠡ ᠳ᠋ᠦᠩ ᠨᠢ ᠪᠢᠯᠢᠭ ᠴᠢᠨᠠᠷᠲᠠᠶ ᠪᠥᠭᠡᠳ ᠪᠡᠶ᠎ᠡ ᠶᠢᠨ | ᠳᠤᠯᠠᠭᠠᠨ ᠨᠢ ᠬᠡᠪ ᠤᠨ ᠬᠥᠮᠦᠰ ᠢ ᠪᠣᠯ 14 ᠡᠳᠦᠷ ᠤᠨ ᠬᠡᠷ ᠲᠡᠭᠡᠨ ᠰᠠᠭᠤᠵᠤ ᠲᠤᠰᠠᠭᠠᠷᠯᠠᠬᠤ ᠡᠷᠡᠭᠦᠯ ᠮᠡᠨᠳᠦ | ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠲᠠᠪᠤ᠂ ᠳᠤᠮᠳᠠᠦᠨᠳᠦᠷ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠤ ᠪᠠᠶᠢᠭ᠎ᠠ ᠭᠠᠵᠠᠷ ᠠᠴᠠ | ᠤᠯᠠᠭᠠᠢ ᠳᠤ ᠪᠤᠴᠠᠵᠤ ᠢᠷᠡᠭᠰᠡᠳ ᠲᠤ᠂ ᠤᠯᠠᠭᠠᠢ ᠳᠤ ᠪᠤᠴᠠᠵᠤ ᠢᠷᠡᠬᠦ ᠠᠴᠠ ᠡᠮᠦᠨ᠎ᠡ 7 ᠡᠳᠦᠷ ᠤᠨ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷᠲᠠᠶ ᠭᠡᠷᠡᠴᠢ + ᠤᠯᠠᠭᠠᠢ ᠳᠤ ᠪᠤᠴᠠᠵᠤ ᠢᠷᠡᠭᠰᠡᠨ | ᠲᠤᠬᠠᠶ ᠶᠢᠨ ᠡᠳᠦᠷ ᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠯᠭᠡᠵᠦ +14 ᠡᠳᠦᠷ ᠤᠨ ᠬᠡᠷ ᠲᠡᠭᠡᠨ | ᠰᠠᠭᠤᠵᠤ ᠲᠤᠰᠠᠭᠠᠷᠯᠠᠬᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠮᠡᠳᠡᠭᠦᠯᠦᠯᠲᠡ ᠬᠠᠩᠭᠠᠵᠤ ᠳᠡᠶᠢᠯᠬᠦ ᠥᠬᠡᠶ | ᠬᠥᠮᠦᠰ ᠢ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ | ᠬᠠᠮᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠨᠢ ᠪᠢᠯᠢᠭ | ᠴᠢᠨᠠᠷᠲᠠᠶ ᠪᠥᠭᠡᠳ ᠪᠡᠶ᠎ᠡ ᠶᠢᠨ ᠳᠤᠯᠠᠭᠠᠨ ᠨᠢ ᠬᠡᠪ ᠤᠨ ᠬᠥᠮᠦᠰ ᠢ ᠪᠣᠯ 14 ᠡᠳᠦᠷ ᠬᠡᠷ ᠲᠡᠭᠡᠨ ᠰᠠᠭᠤᠵᠤ | ᠲᠤᠰᠠᠭᠠᠷᠯᠠᠬᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠵᠢᠷᠭᠤᠭ᠎ᠠ᠂ ᠠᠶᠤᠯ ᠲᠦᠭᠰᠢᠭᠦᠷᠢ ᠪᠠᠭᠠᠲᠠᠶ ᠭᠠᠵᠠᠷ ᠣᠷᠣᠨ ᠠᠴᠠ ᠤᠯᠠᠭᠠᠢ ᠳᠤ ᠪᠤᠴᠠᠵᠤ ᠢᠷᠡᠭᠰᠡᠳ | ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠲᠠᠢ ᠪᠥᠭᠡᠳ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠵᠤ᠂ | ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠶᠠᠪᠤᠵᠤ | ᠰᠠᠭᠤᠵᠤ ᠪᠣᠯᠤᠨ᠎ᠠ᠃ | ᠲᠤᠯᠤᠭ᠎ᠠ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠭᠦᠯ ᠮᠡᠨᠳᠦ᠂ ᠠᠯᠪᠠᠨ ᠪᠠᠶᠢᠭᠤᠯᠤᠯᠭ᠎ᠠ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠲᠣᠭᠤᠷᠢᠭ ᠵᠢᠴᠢ ᠮᠠᠰᠢᠨ ᠲᠡᠷᠭᠡᠨ ᠦᠷᠲᠡᠭᠡ᠂ | ᠪᠠᠭᠤᠳᠠᠯ᠂ ᠠᠷᠢᠬᠢᠨ ᠮᠤᠬᠤᠯᠠᠭ᠂ ᠵᠡᠷᠭᠡ ᠨᠡᠶᠢᠭᠡᠮ ᠤᠨ ᠬᠠᠮᠢᠶᠠᠷᠤᠨ ᠡᠵᠡᠮᠳᠡᠬᠦ ᠨᠢᠭᠡᠴᠡ ᠠᠴᠠ ᠤᠯᠤᠰ ᠥᠪᠡᠷᠲᠡᠭᠡᠨ | ᠵᠠᠰᠠᠬᠤ ᠣᠷᠣᠨ ᠤ ᠬᠢᠯᠢ ᠶᠢᠨ ᠭᠠᠳᠠᠨ᠎ᠠ ᠪᠤᠯᠤᠨ ᠣᠯᠣᠰ ᠤᠨ ᠲᠣᠲᠣᠭᠠᠳᠤ ᠶᠢᠨ ᠳᠤᠮᠳᠠ ᠦᠨᠳᠦᠷ ᠲᠦᠭᠰᠢᠭᠦᠷᠢᠲᠦ | ᠣᠷᠣᠨ ᠠᠴᠠ ᠢᠷᠡᠭᠰᠡᠳ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠵᠦ᠂ ᠤᠯᠠᠭᠠᠢ ᠳᠤ | ᠢᠷᠡᠭᠰᠡᠳ ᠢ ᠵᠢᠭᠰᠠᠭᠠᠨ ᠪᠠᠶᠢᠴᠠᠭᠠᠬᠤ ᠦᠢᠯᠡᠴᠢᠯᠡᠭᠡ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠣᠨᠤᠴᠠᠲᠠᠢ | ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠬᠠᠮᠵᠢᠯᠴᠠᠨ ᠪᠠᠶᠢᠴᠠᠭᠠᠬᠤ ᠮᠡᠳᠡᠭᠡ ᠵᠠᠩᠭᠢ ᠶᠢ ᠦᠨᠳᠦᠰᠦᠯᠡᠵᠦ᠂ | ᠣᠨᠤᠰᠢᠯᠠᠭᠳᠠᠭᠰᠠᠨ ᠡᠪᠡᠳᠴᠢᠲᠡᠨ᠂ ᠢᠯᠡᠷᠡᠯ ᠦᠭᠡᠢ ᠬᠠᠯᠳᠠᠪᠤᠷᠢᠯᠠᠭᠰᠠᠳ ᠲᠠᠢ ᠨᠢᠭᠲᠠ ᠣᠶᠢᠷᠠᠲᠤᠭᠰᠠᠳ ᠵᠢᠴᠢ | ᠬᠠᠮᠢᠶ᠎ᠠ ᠪᠦᠬᠦᠢ ᠬᠦᠮᠦᠰ ᠢ ᠵᠢᠭᠰᠠᠠᠭᠠᠨ ᠪᠠᠶᠢᠴᠠᠭᠠᠬᠤ᠂ ᠲᠤᠰᠠᠭᠠᠷᠯᠠᠨ ᠠᠵᠢᠭᠯᠠᠯᠲᠠ ᠬᠢᠬᠦ᠂ ᠲᠠᠬᠤᠯ ᠡᠪᠡᠳᠴᠢᠨ ᠤ | ᠰᠣᠳᠣᠯᠣᠯ ᠤᠨ ᠪᠠᠶᠢᠴᠠᠭᠠᠯᠲᠠ ᠦᠷᠨᠢᠭᠦᠯᠬᠦ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠵᠡᠷᠭᠡ ᠠᠵᠢᠯ ᠢ | ᠳᠠᠷᠤᠢ ᠲᠦᠷᠭᠡᠨ᠂ ᠳᠦᠷᠢᠮᠵᠢᠭᠦᠨ᠂ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠢ᠃ | ᠨᠠᠢᠮᠠ᠂ ᠡᠯ᠎ᠡ ᠲᠦᠷᠦᠯ ᠤᠨ ᠡᠮᠴᠢᠯᠡᠭᠡᠨ ᠤ ᠪᠠᠶᠢᠭᠤᠯᠤᠮᠵᠢ ︽ᠬᠤᠰᠢᠭᠤᠴᠢ︾ ᠶᠢᠨ ᠦᠢᠯᠡᠳᠦᠯ ᠢᠶᠠᠨ | ᠰᠠᠶᠢᠲᠤᠷ ᠪᠠᠳᠠᠷᠠᠭᠤᠯᠵᠤ᠂ ᠤᠷᠢᠳᠴᠢᠯᠠᠨ ᠪᠠᠶᠢᠴᠠᠭᠠᠵᠤ ᠰᠠᠯᠭᠠᠨ ᠡᠮᠴᠢᠯᠡᠬᠦ᠂ ᠬᠠᠯᠠᠭᠤᠷᠠᠬᠤ ᠡᠭᠦᠳᠡᠨ ᠡᠮᠨᠡᠯᠭᠡ᠂ | ᠠᠩᠬᠠᠨ ᠤ ᠡᠮᠴᠢᠯᠡᠭᠡᠨ ᠤ ᠬᠠᠷᠢᠭᠤᠴᠠᠬᠤ᠂ ᠰᠢᠯᠵᠢᠯᠲᠡ ᠶᠢᠨ ᠡᠪᠡᠳᠴᠢᠲᠡᠨ ᠤ ᠦᠷᠦᠭᠡ ᠲᠣᠬᠢᠷᠠᠭᠤᠯᠬᠤ᠂ ᠡᠷᠭᠢᠨ | ᠦᠵᠡᠬᠦ ᠪᠠᠷ᠎ᠠ ᠪᠣᠯᠤᠭᠴᠢ ᠶᠢᠨ ᠬᠠᠮᠢᠶᠠᠷᠤᠯᠲᠠ᠂ ᠪᠣᠯᠪᠠᠰᠤᠷᠠᠯ ᠰᠣᠷᠢᠯᠲᠠ ᠵᠡᠷᠭᠡ ᠳᠦᠷᠢᠮ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠬᠠᠯᠳᠠᠪᠤᠷᠢᠯᠠᠯ ᠢ ᠡᠵᠡᠮᠳᠡᠬᠦ ᠪᠤᠯᠤᠨ ᠤᠷᠢᠳᠴᠢᠯᠠᠨ ᠰᠡᠷᠭᠡᠶᠢᠯᠡᠬᠦ | ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠮᠴᠢᠯᠡᠭᠡᠨ ᠤ ᠠᠵᠢᠯᠲᠠᠳ ᠤᠨ ᠬᠢᠵᠢᠭ ᠤᠨ ᠪᠠᠶᠢᠳᠠᠯ ᠢ | ᠢᠯᠭᠠᠨ ᠲᠠᠨᠢᠬᠤ ᠮᠠᠭᠠᠳᠯᠠᠬᠤ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠰᠢᠢᠳᠪᠦᠷᠢᠯᠡᠬᠦ ᠴᠢᠲᠠᠪᠤᠷᠢ ᠶᠢ | ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶᠠᠨ ᠤ ᠲᠣᠲᠤᠷ᠎ᠠ ᠪᠠᠨ ᠬᠠᠯᠳᠠᠪᠤᠷᠢᠯᠠᠬᠤ ᠶᠢ ᠡᠷᠡᠰ ᠬᠤᠷᠢᠭᠯᠠᠬᠤ ᠬᠡᠷᠡᠭᠲᠡᠢ᠃ | ᠬᠤᠪᠢ ᠶᠢᠨ ᠡᠮᠨᠡᠯᠭᠡ ᠶᠢᠨ ᠭᠠᠵᠠᠷ ᠪᠤᠯᠤᠨ ᠦᠨᠳᠦᠰᠦᠨ ᠱᠠᠲᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠬᠠᠯᠠᠭᠤᠷᠠᠵᠤ ᠪᠠᠶᠢᠭ᠎ᠠ ᠡᠪᠡᠳᠴᠢᠲᠡᠨ ᠳᠠᠬᠢ ᠪᠠᠶᠢᠴᠠᠭᠠᠯᠲᠠ ᠪᠠᠨ ᠴᠢᠩᠭᠠᠳᠬᠠᠵᠤ᠂ ᠰᠢᠯᠲᠠᠭᠠᠨ ᠨᠢ | ᠲᠤᠳᠤᠷᠬᠠᠢ ᠦᠭᠡᠢ ᠬᠠᠯᠠᠭᠤᠷᠠᠵᠤ ᠪᠠᠶᠢᠭ᠎ᠠ ᠡᠪᠡᠳᠴᠢᠲᠡᠨ ᠢ ᠪᠠᠶᠢᠴᠠᠭᠠᠨ ᠢᠯᠡᠷᠡᠭᠦᠯᠪᠡᠯ᠂ ᠳᠠᠷᠤᠶᠢᠬᠠᠨ ᠠᠷᠠᠳ ᠤᠨ | ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠡᠮᠨᠡᠭᠦᠯᠬᠦ ᠶᠢᠨ ᠬᠠᠮᠲᠦ᠂ ᠡᠪᠡᠳᠴᠢᠲᠡᠨ ᠤ ᠮᠡᠳᠡᠭᠡ ᠵᠠᠩᠭᠢ ᠶᠢ | ᠪᠦᠷᠢᠳᠭᠡᠬᠦ ᠠᠵᠢᠯ ᠢ ᠰᠠᠶᠢᠲᠤᠷ ᠬᠢᠵᠦ᠂ ᠦᠯᠡᠳᠡᠭᠡᠵᠦ ᠡᠮᠴᠢᠯᠡᠬᠦ ᠪᠠ ᠡᠮᠴᠢᠯᠡᠭᠦᠯᠬᠦ ᠶᠢ ᠲᠡᠪᠴᠢᠵᠦ ᠪᠣᠯᠬᠤ ᠦᠭᠡᠢ᠃ | ᠶᠢᠰᠦ᠂ ︽ᠴᠢᠬᠤᠯᠠ ᠦᠭᠡᠢ ᠪᠣᠯ ᠤᠯᠠᠭᠠᠢ ᠠᠴᠠ ᠭᠠᠷᠬᠤ ᠦᠭᠡᠢ︾ ᠪᠠᠶᠢᠬᠤ ᠶᠢ ᠰᠠᠨᠠᠭᠠᠴᠢᠯᠠᠵᠤ᠂ ᠡᠯ᠎ᠡ | ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠲᠠᠷ ᠠᠵᠢᠯᠲᠠᠳ | ᠲᠦᠷᠦᠭᠦᠯᠡᠨ ᠤᠯᠠᠭᠠᠢ ᠳᠤ ᠵᠢᠯ ᠴᠠᠭᠠᠨ ᠰᠠᠷ᠎ᠠ ᠪᠠᠨ ᠦᠩᠭᠡᠷᠡᠭᠦᠯᠬᠦ ᠶᠢ ᠵᠣᠷᠢᠭᠵᠢᠭᠤᠯᠵᠤ᠂ ᠵᠠᠷᠴᠢᠮ ᠳᠡᠭᠡᠷ᠎ᠡ ᠪᠠᠨ | ᠭᠠᠳᠠᠭᠰᠢ ᠭᠠᠷᠬᠤ ᠦᠭᠡᠢ ᠪᠠᠶᠢᠵᠤ᠂ ᠬᠡᠷᠪᠡ ᠤᠯᠠᠭᠠᠢ ᠠᠴᠠ ᠭᠠᠷᠬᠤ ᠴᠢᠬᠤᠯᠠ ᠲᠠᠢ ᠪᠣᠯ ᠪᠠᠶᠢᠭᠤᠯᠤᠯᠭ᠎ᠠ ᠳᠤ ᠪᠠᠨ | ᠮᠡᠳᠡᠭᠦᠯᠵᠦ ᠵᠦᠪᠰᠢᠶᠡᠷᠡᠭᠦᠯᠦᠭᠰᠡᠨ ᠤ ᠳᠠᠷᠠᠭ᠎ᠠ᠂ ᠤᠷᠢᠳᠠᠪᠡᠷ ᠰᠠᠭᠤᠭ᠎ᠠ ᠨᠡᠶᠢᠭᠡᠮ ᠲᠤᠭᠤᠷᠢᠭ ︵ᠭᠠᠴᠠᠭ᠎ᠠ ᠲᠤᠰᠬᠤᠨ | ᠂ ᠬᠤᠪᠢᠶᠠᠷᠢ ᠲᠠᠯᠠᠪᠠᠢ︶ ᠳᠤ ᠮᠡᠳᠡᠭᠦᠯᠬᠦ ᠬᠡᠷᠡᠭᠲᠡᠢ᠃ ᠬᠠᠮᠢᠶᠠᠷᠤᠯᠲᠠ ᠶᠢᠨ ᠣᠷᠣᠨ ᠤ ᠬᠦᠮᠦᠰ ᠭᠠᠳᠠᠭᠰᠢ | ᠭᠠᠷᠬᠤ ᠪᠠᠨ ᠪᠠᠭᠠᠰᠬᠠᠵᠤ᠂ ᠬᠠᠮᠢᠶᠠᠷᠤᠯᠲᠠ ᠶᠢᠨ ᠣᠷᠣᠨ ᠳᠤ ᠪᠠᠨ ᠵᠢᠯ ᠴᠠᠭᠠᠨ ᠰᠠᠷ᠎ᠠ ᠦᠩᠭᠡᠷᠡᠭᠦᠯᠵᠦ᠂ | ᠭᠠᠳᠠᠭᠠᠳᠤ ᠳᠤ ᠭᠠᠷᠬᠤ ᠪᠣᠶᠣ ᠤᠯᠤᠰ ᠤᠨ ᠳᠣᠲᠤᠭᠠᠳᠤ ᠶᠢᠨ ᠳᠤᠮᠳᠠ ᠦᠨᠳᠦᠷ ᠲᠦᠭᠰᠢᠭᠦᠷᠢᠲᠦ ᠣᠷᠣᠨ ᠳᠤ | ᠣᠴᠢᠬᠤ ᠦᠭᠡᠢ ᠪᠠᠶᠢᠬᠤ ᠶᠢ ᠰᠠᠨᠠᠭᠤᠯᠵᠤ᠂ ᠬᠡᠷᠪᠡ ᠭᠠᠳᠠᠭᠰᠢ ᠭᠠᠷᠬᠤ ᠴᠢᠬᠤᠯᠠ ᠲᠠᠢ ᠪᠣᠯ᠂ ᠡᠷᠬᠡᠪᠡᠰᠢ ᠤᠷᠢᠳᠠᠪᠡᠷ | ᠰᠠᠭᠤᠭ᠎ᠠ ᠨᠡᠶᠢᠭᠡᠮ ᠲᠤᠭᠤᠷᠢᠭ ︵ᠭᠠᠴᠠᠭ᠎ᠠ ᠲᠤᠰᠬᠤᠨ᠂ ᠬᠤᠪᠢᠶᠠᠷᠢ ᠲᠠᠯᠠᠪᠠᠢ︶ ᠳᠤ ᠮᠡᠳᠡᠭᠦᠯᠬᠦ ᠬᠡᠷᠡᠭᠲᠡᠢ᠃ | ᠭᠠᠳᠠᠭᠰᠢ ᠭᠠᠷᠬᠤ ᠬᠦᠮᠦᠰ ᠪᠦᠬᠦ ᠶᠠᠪᠤᠴᠠ ᠳᠤ ᠬᠤᠪᠢ ᠬᠦᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ | ᠬᠢᠵᠦ᠂ ᠤᠯᠠᠭᠠᠢ ᠳᠤ ᠪᠤᠴᠠᠵᠤ ᠢᠷᠡᠭᠰᠡᠨ ᠤ ᠳᠠᠷᠠᠭ᠎ᠠ ᠳᠠᠷᠤᠶᠢᠬᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠬᠠᠷᠢᠶ᠎ᠠ | ᠭᠠᠵᠠᠷ ᠤᠨ ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠤᠭᠠᠷ᠂ ᠤᠬᠠᠮᠰᠠᠷ ᠠᠴᠠ ᠪᠠᠨ ᠬᠠᠮᠢᠶᠠᠷᠤᠯᠲᠠ ᠶᠢ | ᠬᠦᠯᠢᠶᠡᠬᠦ ᠬᠡᠷᠡᠭᠲᠡᠢ᠃ | ᠠᠷᠪᠠ᠂ ︽ᠴᠢᠬᠤᠯᠠ ᠦᠭᠡᠢ ᠪᠣᠯ ᠨᠣᠲᠤᠭ ᠲᠠᠭᠠᠨ ᠪᠤᠴᠠᠬᠤ ᠦᠭᠡᠢ ᠪᠠᠶᠢᠬᠤ︾ ᠶᠢ ᠰᠠᠨᠠᠭᠠᠴᠢᠯᠠᠵᠤ᠂ | ᠭᠠᠳᠠᠨ᠎ᠠ ᠭᠠᠵᠠᠷ ᠰᠤᠷᠤᠯᠴᠠᠵᠤ᠂ ᠠᠵᠢᠯᠯᠠᠵᠤ᠂ ᠠᠮᠢᠳᠤᠷᠠᠵᠤ ᠪᠠᠶᠢᠭ᠎ᠠ ᠮᠠᠨ ᠤ ᠣᠷᠣᠨ ᠤ ᠬᠦᠮᠦᠰ ᠴᠢᠳᠠᠬᠤ ᠶᠢᠨ | ᠬᠢᠷᠢ ᠲᠣᠬᠠᠢ ᠶᠢᠨ ᠭᠠᠵᠠᠷ ᠲᠤ ᠦᠯᠡᠳᠡᠵᠦ ᠵᠢᠯ ᠴᠠᠭᠠᠨ ᠰᠠᠷ᠎ᠠ ᠦᠩᠭᠡᠷᠡᠭᠦᠯᠬᠦ ᠶᠢ ᠵᠣᠷᠢᠭᠵᠢᠭᠤᠯᠵᠤ᠂ ᠠᠶᠠᠨ | ᠵᠠᠮ ᠳᠠᠬᠢ ᠬᠠᠯᠳᠠᠪᠤᠷᠢᠯᠠᠯ ᠤᠨ ᠲᠦᠭᠰᠢᠭᠦᠷᠢ ᠶᠢ ᠪᠠᠭᠠᠰᠬᠠᠵᠤ᠂ ᠲᠤᠬᠠᠢ ᠶᠢᠨ ᠭᠠᠵᠠᠷ ᠲᠠᠢ ᠬᠠᠮᠵᠢᠯᠴᠠᠨ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠬᠡᠷᠪᠡ ᠨᠤᠲᠤᠭ ᠲᠠᠭᠠᠨ ᠪᠤᠴᠠᠬᠤ ᠴᠢᠬᠤᠯᠠ ᠲᠠᠢ | ᠦᠶ᠎ᠡ ᠳᠤ᠂ ᠨᠤᠲᠤᠭ ᠲᠠᠭᠠᠨ ᠪᠤᠴᠠᠬᠤ ᠠᠴᠠ ᠡᠮᠦᠨ᠎ᠡ ᠤᠯᠠᠭᠠᠢ ᠳᠤ ᠰᠠᠭᠤᠭ᠎ᠠ ︵ᠲᠦᠷ ᠰᠠᠭᠤᠭ᠎ᠠ︶ ᠭᠠᠵᠠᠷ ᠤᠨ | ᠨᠡᠶᠢᠭᠡᠮ ᠲᠣᠭᠤᠷᠢᠭ ︵ᠭᠠᠴᠠᠭ᠎ᠠ ᠲᠤᠰᠬᠤᠨ᠂ ᠬᠤᠪᠢᠶᠠᠷᠢ ᠲᠠᠯᠠᠪᠠᠢ︶ ᠲᠤ ᠮᠡᠳᠡᠭᠦᠯᠬᠦ ᠬᠡᠷᠡᠭᠲᠡᠢ᠃ ᠨᠤᠲᠤᠭ ᠲᠠᠭᠠᠨ | ᠪᠤᠴᠠᠬᠤ ᠵᠠᠮ ᠳᠤᠮᠳᠠ᠂ ᠱᠠᠭᠠᠷᠳᠠᠯᠭ᠎ᠠ ᠶᠣᠰᠤᠭᠠᠷ ᠦᠪᠡᠷ ᠤᠨ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠬᠦ | ᠬᠡᠷᠡᠭᠲᠡᠢ᠃ ᠨᠤᠲᠤᠭ ᠲᠠᠭᠠᠨ ᠪᠤᠴᠠᠭᠰᠠᠨ ᠤ ᠳᠠᠷᠠᠭ᠎ᠠ᠂ ᠡᠳᠦᠷ ᠲᠤᠲᠤᠮ ᠤᠨ ᠡᠷᠡᠭᠦᠯ ᠮᠡᠨᠳᠦ ᠶᠢᠨ ᠬᠢᠨᠠᠨ | ᠬᠡᠮᠵᠢᠯᠲᠡ ᠶᠢ ᠰᠠᠶᠢᠲᠤᠷ ᠬᠢᠵᠦ᠂ ᠭᠡᠷ ᠲᠡᠭᠡᠨ ᠪᠠᠶᠢᠵᠤ᠂ ᠠᠶᠢᠯᠴᠢᠯᠠᠨ ᠲᠣᠭᠤᠷᠢᠬᠤ ᠦᠭᠡᠢ ᠪᠠᠶᠢᠬᠤ᠂ | ᠴᠤᠭᠯᠠᠷᠠᠯ ᠳᠤ ᠣᠷᠣᠯᠴᠠᠬᠤ ᠦᠭᠡᠢ ᠪᠠᠶᠢᠬᠤ ᠶᠢ ᠰᠠᠨᠠᠭᠤᠯᠵᠤ᠂ ᠬᠠᠯᠠᠭᠤᠷᠠᠬᠤ ᠵᠡᠷᠭᠡ ᠢᠯᠡᠷᠡᠯ ᠡᠭᠦᠰᠪᠡᠯ | ᠦᠪᠡᠷ ᠢᠶᠠᠨ ᠲᠤᠰᠠᠭᠠᠷᠯᠠᠬᠤ ᠶᠢᠨ ᠬᠠᠮᠲᠤ ᠳᠡᠭᠡᠭᠰᠢ ᠮᠡᠳᠡᠭᠦᠯᠵᠦ᠂ ᠠᠷᠠᠳ ᠤᠨ ᠡᠮᠨᠡᠯᠭᠡ ᠶᠢᠨ ᠬᠤᠷᠢᠶ᠎ᠠ ᠶᠢᠨ | ᠬᠠᠯᠠᠭᠤᠷᠠᠬᠤ ᠡᠭᠦᠳᠡᠨ ᠡᠮᠨᠡᠯᠭᠡ ᠳᠤ ᠣᠴᠢᠵᠣ ᠡᠮᠴᠢᠯᠡᠭᠦᠯᠬᠦ ᠬᠡᠷᠡᠭᠲᠡᠢ᠃ | ᠠᠷᠪᠠᠨ ᠨᠢᠭᠡ᠂ ᠮᠠᠰᠢᠨ ᠲᠡᠷᠭᠡᠨ ᠦᠷᠲᠡᠭᠡ ᠠᠶᠠᠨᠴᠢᠳ ᠤᠨ ᠮᠡᠳᠡᠭᠡ ᠵᠠᠩᠭᠢ ᠶᠢ ᠬᠢᠨᠠᠮᠠᠭᠠᠢ ᠬᠠᠷᠭᠤᠭᠤᠯᠵᠤ | ᠂ ᠠᠮᠠᠪᠴᠢ ᠵᠡᠭᠦᠬᠦ᠂ ᠡᠷᠡᠭᠦᠯ ᠮᠡᠨᠳᠦ ᠶᠢᠨ ᠺᠣᠳ᠋ ᠢ ᠰᠢᠯᠭᠠᠭᠤᠯᠬᠤ᠂ ᠪᠡᠶ᠎ᠡ ᠶᠢᠨ ᠳᠤᠯᠠᠭᠠᠨ ᠢ ᠬᠡᠮᠵᠢᠭᠦᠯᠬᠦ᠂ | ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ | ᠲᠠᠢ ᠬᠦᠮᠦᠰ ᠪᠤᠶᠤ ᠰᠡᠵᠢᠭᠯᠡᠯᠲᠡᠢ ᠡᠪᠡᠳᠴᠢᠲᠡᠨ ᠢ ᠪᠠᠶᠢᠴᠠᠭᠠᠨ ᠢᠯᠡᠷᠡᠭᠦᠯᠪᠡᠯ ᠳᠦᠷᠢᠮᠵᠢᠭᠦᠯᠦᠨ ᠰᠢᠢᠳᠪᠦᠷᠢᠯᠡᠭᠦᠯᠵᠦ | ᠂ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠪᠢᠯᠧᠲ ᠬᠤᠳᠠᠯᠳᠤᠬᠤ ᠬᠠᠮᠢᠶᠠᠷᠤᠯᠲᠠ ᠪᠤᠯᠤᠨ ᠲᠡᠷᠭᠡᠨ ᠳᠤ ᠰᠠᠭᠤᠬᠤ | ᠬᠢᠨᠠᠯᠲᠠ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠠᠶᠠᠨᠴᠢᠳ ᠤᠨ ᠲᠠᠭᠡᠪᠦᠷᠢ ᠶᠢᠨ | ᠬᠡᠮᠵᠢᠶ᠎ᠡ ᠠᠴᠠ ᠬᠡᠲᠦᠷᠡᠬᠦ ᠶᠢ ᠴᠢᠩᠭ᠎ᠠ ᠬᠤᠷᠢᠭᠯᠠᠬᠤ ᠬᠡᠷᠡᠭᠲᠡᠢ᠃ ᠵᠠᠮ ᠬᠠᠷᠢᠯᠴᠠᠭᠠᠨ ᠤ ᠪᠠᠭᠠᠵᠢ ᠳᠤ ᠪᠠᠶᠢᠩᠭᠤ | ᠰᠠᠯᠬᠢ ᠨᠡᠪᠲᠡᠷᠡᠭᠦᠯᠵᠦ᠂ ᠬᠦᠮᠦᠨ ᠬᠠᠷ᠎ᠠ᠂ ᠪᠠᠷᠠᠭᠠᠨ ᠤ ᠴᠤᠭᠯᠠᠷᠠᠯ ᠢ ᠪᠠᠭᠠᠰᠬᠠᠬᠤ ᠬᠡᠷᠡᠭᠲᠡᠢ᠃ ᠨᠡᠶᠢᠲᠡ ᠶᠢᠨ | ᠮᠠᠰᠢᠨ ᠲᠡᠷᠭᠡ ᠲᠦᠷᠢᠶᠡᠰᠦᠨ ᠮᠠᠰᠢᠨ ᠲᠡᠷᠭᠡ ᠵᠡᠷᠭᠡ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢᠨ ᠬᠢᠵᠢᠭ ᠢ | ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠣᠷᠴᠢᠭᠴᠢᠳ | ᠡᠷᠬᠡᠲᠦ ᠠᠷᠠᠳ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠢ ᠰᠠᠶᠢᠲᠤᠷ ᠬᠢᠬᠦ ᠳᠤ ᠬᠠᠮᠵᠢᠯᠴᠠᠬᠤ ᠬᠡᠷᠡᠭᠲᠡᠢ᠃ | ᠠᠷᠪᠠᠨ ᠬᠤᠶᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ | ᠶᠢᠨ ᠰᠠᠯᠠᠭ᠎ᠠ ᠮᠥᠴᠢᠷ ᠤᠳ 《 ᠬᠤᠶᠠᠷ ᠦᠨᠡᠮᠯᠡᠯ 》 ᠢ ( ᠬᠦᠶᠲᠡᠨ ᠬᠡᠯᠬᠢᠶ᠎ᠡ ᠶᠢᠨ ᠢᠳᠡᠭᠡᠨ ᠤ ᠲᠦᠷᠦᠯ ᠤᠨ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠭᠡᠷᠡᠴᠢ ᠪᠠ ᠠᠷᠢᠭᠤᠳᠬᠠᠯ ᠤᠨ ᠭᠡᠷᠡᠴᠢ ) | ᠠᠪᠬᠤ ᠪᠠ 《 ᠭᠤᠷᠪᠠᠨ ᠲᠤᠰᠬᠠᠶ 》 ᠵᠢᠷᠤᠮᠵᠢᠯ ( ᠬᠦᠶᠲᠡᠨ ᠬᠡᠯᠬᠢᠶ᠎ᠡ ᠶᠢᠨ ᠢᠳᠡᠭᠡᠨ ᠤ ᠲᠦᠷᠦᠯ ᠤᠨ ᠲᠤᠰᠬᠠᠶ | ᠵᠦᠭᠡᠭᠡᠪᠦᠷᠢ ᠶᠢᠨ ᠱᠤᠭᠤᠮ᠂ ᠪᠠᠷᠠᠭ᠎ᠠ ᠣᠷᠣᠭᠤᠯᠬᠤ ᠲᠤᠰᠬᠠᠶ ᠲᠣᠭᠤᠷᠢᠭ ᠲᠤᠰᠬᠠᠶ ᠬᠥᠮᠥᠷᠭᠡ ᠪᠠ ᠲᠤᠰᠬᠠᠶ | ᠪᠣᠷᠣᠯᠠᠭᠤᠯᠬᠤ ᠭᠠᠵᠠᠷ ) ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ | ᠢᠳᠡᠭᠡᠨ ᠤ ᠲᠦᠷᠦᠯ ᠤᠨ ᠶᠠᠩᠵᠤ ᠬᠡᠪ᠂ ᠣᠷᠴᠢᠨ ᠲᠤᠭᠤᠷᠢᠨ ᠤ ᠶᠠᠩᠵᠤ ᠬᠡᠪ ᠵᠡᠷᠭᠡ ᠶᠢ ᠬᠢᠨᠠᠨ ᠪᠠᠶᠢᠴᠠᠭᠠᠬᠤ ᠪᠠᠨ | ᠴᠢᠩᠭᠠᠳᠬᠠᠵᠤ᠂ ᠰᠢᠨ᠎ᠡ ᠲᠢᠲᠢᠮᠯᠢᠭ ᠸᠢᠷᠦ᠋ᠰ ᠤᠨ ᠭᠠᠳᠠᠭᠠᠳᠤ ᠠᠴᠠ ᠣᠷᠣᠭᠤᠯᠣᠭᠰᠠᠨ ᠬᠦᠢᠲᠡᠨ ᠬᠡᠯᠬᠢᠶ᠎ᠡ ᠶᠢᠨ | ᠢᠳᠡᠭᠡᠨ ᠤ ᠵᠦᠢᠯᠡᠰ ᠢᠶᠠᠷ ᠳᠠᠮᠵᠢᠨ ᠬᠠᠯᠳᠠᠪᠤᠷᠢᠯᠠᠨ ᠣᠷᠣᠵᠣ ᠢᠷᠡᠬᠦ ᠠᠶᠤᠯ ᠲᠦᠭᠰᠢᠭᠦᠷᠢ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ᠃ | ᠠᠷᠪᠠᠨ ᠭᠤᠷᠪᠠ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠬᠠᠮᠢᠶᠠᠷᠤᠨ ᠡᠵᠡᠮᠳᠡᠯ᠂ | ᠭᠠᠳᠠᠭᠠᠳᠤ ᠲᠠᠢ ᠬᠤᠯᠪᠣᠭᠳᠠᠬᠤ ᠠᠵᠢᠯ ᠤᠨ ᠳᠤᠭᠤᠶᠢᠯᠠᠩ ᠵᠢᠴᠢ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ | ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠨ ᠬᠢᠨ ᠡᠭᠦᠷᠬᠡ ᠴᠢᠳᠠᠪᠬᠢ ᠪᠠᠨ ᠨᠠᠷᠢᠨ ᠬᠢᠨᠠᠮᠠᠭᠠᠶ | ᠭᠦᠶᠴᠡᠳᠬᠡᠵᠦ᠂ ᠮᠣᠩᠭᠤᠯ ᠤᠯᠤᠰ ᠤᠨ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠴᠠᠭ ᠲᠤᠬᠠᠶ ᠳᠤᠨᠢ | ᠰᠤᠳᠤᠯᠤᠨ ᠮᠠᠭᠠᠳᠯᠠᠵᠤ᠂ ᠲᠣᠭᠲᠠᠮᠠᠯ ᠬᠤᠭᠤᠴᠠᠭ᠎ᠠ ᠲᠠᠢ ᠵᠣᠷᠰᠢᠯ ᠬᠤᠷᠠᠯ ᠬᠤᠷᠠᠯᠳᠤᠭᠤᠯᠬᠤ᠂ ᠮᠡᠳᠡᠭᠡ ᠵᠠᠩᠭᠢ | ᠶᠢ ᠮᠡᠳᠡᠭᠳᠡᠬᠦ᠂ ᠲᠤᠰᠬᠠᠶ ᠮᠡᠷᠭᠡᠵᠢᠯᠲᠡᠳ ᠵᠦᠪᠳᠡᠬᠦ ᠵᠡᠷᠭᠡ ᠲᠦᠷᠢᠮ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠬᠢᠯᠢ ᠶᠢᠨ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠡᠷᠡᠰ | ᠬᠤᠷᠢᠭᠯᠠᠬᠤ ᠬᠡᠷᠡᠭᠲᠡᠶ᠃ | ᠠᠷᠪᠠᠨ ᠲᠥᠷᠪᠡ᠂ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠡᠯ᠎ᠡ ᠰᠤᠷᠭᠠᠭᠤᠯᠢ ᠰᠤᠷᠤᠭᠴᠢᠳ ᠤᠨ | ᠰᠤᠷᠭᠠᠭᠤᠯᠢ ᠳᠤ ᠪᠠᠨ ᠪᠤᠴᠠᠬᠤ ᠠᠵᠢᠯᠯᠠᠭ᠎ᠠ ᠲᠣᠬᠢᠷᠠᠭᠤᠯᠵᠤ ᠪᠤᠯᠠᠬᠤ ᠦᠭᠡᠢ᠃ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ ᠬᠦᠮᠦᠨ ᠬᠠᠷ᠎ᠠ ᠶᠢᠨ ᠬᠠᠮᠢᠶᠠᠷᠤᠯᠲᠠ᠂ ᠡᠷᠭᠦᠯ ᠮᠡᠨᠳᠦ ᠶᠢᠨ ᠬᠢᠨᠠᠨ ᠪᠠᠶᠢᠴᠠᠭᠠᠯᠲᠠ᠂ | ᠰᠠᠯᠬᠢ ᠨᠠᠪᠲᠡᠷᠡᠭᠦᠯᠦᠨ ᠠᠷᠢᠭᠤᠳᠬᠠᠬᠤ ᠵᠡᠷᠭᠡ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠢ᠃ | ᠠᠷᠪᠠᠨ ᠲᠠᠪᠤ᠂ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ᠂ ᠨᠡᠶᠢᠭᠡᠮ ᠦᠨᠠᠰᠠᠷᠠᠮᠵᠢ ᠶᠢᠨ | ᠬᠦᠷᠢᠶᠡᠯᠡᠩ ᠪᠣᠯᠣᠨ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠵᠡᠷᠭᠡ ᠭᠤᠤᠯᠳᠠᠯᠭ᠎ᠠ ᠲᠠᠢ ᠲᠠᠯᠠᠪᠤᠷ᠂ ᠪᠠᠶᠠᠷ ᠤᠨ | ᠡᠳᠦᠷ ᠤᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠪᠢᠲᠡᠭᠦᠮᠵᠢᠯᠡᠭᠰᠡᠨ ᠬᠠᠮᠢᠶᠠᠷᠤᠯᠲᠠ ᠶᠠᠪᠤᠭᠤᠯᠤᠨ᠎ᠠ᠃ ᠬᠡᠷᠪᠡ | ᠭᠠᠳᠠᠭᠰᠢ ᠭᠠᠷᠬᠤ ᠪᠣᠶᠣ ᠪᠤᠴᠠᠵᠤ ᠢᠷᠡᠬᠦ ᠴᠢᠬᠤᠯᠠᠲᠠᠢ ᠪᠣᠯ᠂ ᠪᠡᠶ᠎ᠡ ᠶᠢᠨ ᠳᠤᠯᠠᠭᠠᠨ ᠢᠶᠠᠨ ᠬᠡᠮᠵᠢᠭᠦᠯᠬᠦ ᠪᠤᠯᠤᠨ | ᠡᠷᠡᠭᠦᠯ ᠮᠡᠨᠳᠦ ᠶᠢᠨ ᠺᠣᠳ᠋ ᠢ ᠰᠢᠯᠭᠠᠭᠤᠯᠬᠤ ᠶᠢ ᠴᠢᠩᠭ᠎ᠠ ᠬᠡᠷᠡᠭᠵᠢᠭᠦᠯᠵᠦ᠂7 ᠡᠳᠦᠷ ᠤᠨ ᠳᠣᠲᠣᠷᠠᠬᠢ ᠪᠦᠭᠡᠮ | ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠬᠤ ᠬᠡᠷᠡᠭᠲᠡᠢ ᠃ | ᠠᠵᠢᠯᠲᠠᠳ ᠤᠨ ᠡᠳᠦᠷ ᠪᠣᠯᠭᠠᠨ ᠤ ᠡᠷᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠲᠤᠬᠠᠶᠢᠯᠠᠭᠰᠠᠨ | ᠠᠵᠢᠯ ᠤᠨ ᠰᠢᠰᠲ᠋ᠧᠮ ᠤᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ | ᠠᠷᠪᠠᠨ ᠵᠢᠷᠭᠤᠭ᠎ᠠ᠂ ᠨᠣᠮ ᠤᠨ ᠰᠠᠩ᠂ ᠲᠠᠮᠢᠷ ᠤᠨ ᠣᠷᠳᠣᠨ ᠵᠡᠷᠭᠡ ᠭᠡᠷ ᠲᠣᠲᠤᠷᠠᠬᠢ ᠲᠠᠯᠠᠪᠤᠷ᠂ | ᠰᠣᠶᠣᠯ ᠤᠨ ᠣᠷᠳᠣᠨ ᠵᠡᠷᠭᠡ ᠲᠣᠭᠯᠠᠯᠲᠠ ᠶᠢᠨ ᠲᠠᠯᠠᠪᠤᠷ ᠵᠢᠴᠢ ᠰᠦᠯᠵᠢᠶᠡᠨ ᠤ ᠦᠢᠯᠡᠴᠢᠯᠡᠭᠡᠨ ᠤ ᠲᠠᠯᠠᠪᠤᠷ᠂ | ᠳᠠᠭᠤᠤ ᠪᠦᠵᠢᠭ ᠴᠡᠩᠬᠡᠭᠦᠨ ᠤ ᠭᠠᠵᠠᠷ᠂ ᠲᠤᠭᠯᠠᠭᠠᠮ ᠴᠡᠩᠬᠡᠬᠦᠨ ᠤ ᠲᠠᠯᠠᠪᠤᠷ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠪᠠᠶᠢᠭᠤᠯᠤᠮᠵᠢ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠤᠷᠢᠳᠠᠯ ᠳᠣᠣᠷ᠎ᠠ᠂ ᠬᠦᠯᠢᠶᠡᠨ ᠠᠪᠬᠤ ᠬᠦᠮᠦᠨ ᠤ ᠲᠤᠭ᠎ᠠ ᠶᠢ ᠲᠣᠭᠲᠠᠭᠰᠠᠨ ᠬᠦᠮᠦᠨ ᠤ | ᠲᠤᠭ᠎ᠠ ᠶᠢᠨ 75 % ᠠᠴᠠ ᠬᠡᠲᠦᠷᠡᠭᠦᠯᠵᠦ ᠪᠣᠯᠬᠤ ᠦᠭᠡᠢ᠃ ᠳᠡᠭᠡᠷ᠎ᠡ ᠳᠤᠷᠠᠳᠤᠭᠰᠠᠨ ᠡᠯ᠎ᠡ ᠲᠠᠯᠠᠪᠤᠷ ᠣᠷᠣᠬᠤ | ᠡᠭᠦᠳᠡᠨ ᠳᠡᠭᠡᠷ᠎ᠡ ᠪᠠᠨ ᠲᠤᠰᠬᠠᠢ ᠬᠦᠮᠦᠨ ᠲᠣᠬᠢᠷᠠᠭᠤᠯᠵᠤ᠂ ᠲᠠᠯᠠᠪᠤᠷ ᠲᠤ ᠣᠷᠣᠬᠤ ᠬᠦᠮᠦᠰ ᠤᠨ ᠪᠡᠶ᠎ᠡ ᠶᠢᠨ | ᠳᠤᠯᠠᠭᠠᠨ ᠢ ᠬᠡᠮᠵᠢᠭᠦᠯᠵᠦ᠂ ᠡᠷᠡᠭᠦᠯ ᠮᠡᠨᠳᠦ ᠶᠢᠨ ᠺᠣᠳ᠋ ᠢ ᠰᠢᠯᠭᠠᠭᠤᠯᠤᠨ᠂ ᠦᠷᠭᠦᠯᠵᠢ ᠰᠠᠯᠬᠢ ᠨᠡᠪᠲᠡᠷᠡᠭᠦᠯᠦᠨ᠂ | ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠠᠷᠪᠠᠨ ᠳᠣᠯᠤᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠢᠳᠡᠭᠡᠨ | ᠤᠮᠳᠠᠭᠠᠨ ᠤ ᠦᠶᠯᠡᠴᠢᠯᠡᠭᠡᠨ ᠤ ᠪᠠᠶᠢᠭᠤᠯᠤᠯᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠢᠳᠡᠭᠡᠨ | ᠤᠮᠳᠠᠭᠠᠨ ᠤ ᠦᠢᠯᠡᠴᠢᠯᠡᠭᠡᠨ ᠤ ᠪᠠᠶᠢᠭᠤᠯᠤᠯᠭ᠎ᠠ ᠳᠣᠲᠣᠭᠠᠳᠤ ᠶᠢᠨ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ | ᠣᠷᠴᠢᠨ ᠲᠤᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠢᠳᠡᠭᠡᠨ ᠤ ᠲᠦᠷᠦᠯ ᠢ ᠬᠤᠳᠠᠯᠳᠤᠨ ᠠᠪᠬᠤ ᠡᠳ᠋ᠰᠢᠭᠦᠯᠦᠨ | ᠪᠣᠯᠪᠠᠰᠤᠷᠠᠭᠤᠯᠬᠤ ᠶᠢ ᠴᠢᠩᠭᠠᠳᠬᠠᠵᠤ᠂ ᠦᠢᠯᠡᠴᠢᠯᠡᠭᠡᠨ ᠤ ᠠᠵᠢᠯᠯᠠᠭ᠎ᠠ ᠪᠠᠨ ᠳᠦᠷᠢᠮᠵᠢᠭᠦᠯᠦᠨ᠂ ᠡᠯ᠎ᠡ ᠲᠦᠷᠦᠯ ᠤᠨ | ᠰᠡᠷᠭᠡᠶᠢᠯᠡᠨ ᠡᠵᠡᠮᠳᠡᠬᠦ ᠠᠷᠠᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠬᠡᠷᠡᠭᠯᠡᠭᠴᠢᠳ ᠤᠨ | ᠪᠡᠶ᠎ᠡ ᠶᠢᠨ ᠳᠤᠯᠠᠭᠠᠨ ᠢ ᠬᠡᠮᠵᠢᠬᠦ ᠪᠤᠯᠤᠨ ᠡᠷᠡᠭᠦᠯ ᠮᠡᠨᠳᠦ ᠶᠢᠨ ᠺᠣᠳ᠋ ᠢ ᠰᠢᠯᠭᠠᠭᠤᠯᠬᠤ ᠠᠵᠢᠯ ᠢ ᠰᠠᠶᠢᠲᠤᠷ ᠬᠢᠵᠦ᠂ | ᠬᠤᠭᠤᠯᠠᠯᠠᠬᠤ ᠴᠠᠭ ᠠᠴᠠ ᠪᠣᠰᠣᠳ ᠦᠶ᠎ᠡ ᠳᠤ ᠠᠮᠠᠪᠴᠢ ᠵᠡᠭᠦᠵᠦ ᠂ ᠬᠤᠭᠤᠯᠠᠯᠠᠬᠤ ᠦᠶ᠎ᠡ ᠳᠤ ᠵᠤᠬᠢᠬᠤ ᠵᠠᠢ | ᠪᠠᠲᠤᠯᠠᠬᠤ ᠶᠢ ᠰᠠᠨᠠᠭᠤᠯᠬᠤ ᠬᠡᠷᠡᠭᠲᠡᠢ᠃ ᠬᠡᠷᠡᠭᠯᠡᠭᠴᠢᠳ ᠵᠢᠴᠢ ᠬᠤᠭᠤᠯᠠᠨ ᠭᠡᠷ ᠲᠤ ᠣᠷᠣᠭᠰᠠᠨ ᠬᠦᠮᠦᠰ ᠤᠨ ᠨᠡᠷ᠎ᠡ᠂ | ᠬᠠᠷᠢᠯᠴᠠᠬᠤ ᠤᠳᠠᠰᠤ ᠪᠣᠯᠣᠨ ᠬᠤᠭᠤᠯᠠᠨ ᠭᠡᠷ ᠲᠤ ᠢᠷᠡᠭᠰᠡᠨ ᠴᠠᠭ ᠬᠤᠭᠤᠴᠠᠭ᠎ᠠ ᠵᠡᠷᠡᠭᠡ ᠮᠡᠳᠡᠭᠡ ᠵᠠᠩᠬᠢ ᠶᠢ ᠪᠦᠬᠦ | ᠲᠠᠯ᠎ᠠ ᠪᠠᠷ ᠲᠡᠮᠳᠡᠭᠯᠡᠵᠦ᠂ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠠᠵᠢᠯ ᠢ ᠬᠠᠤᠯᠢ ᠶᠣᠰᠤᠭᠠᠷ ᠰᠠᠶᠢᠲᠤᠷ | ᠬᠢᠬᠦ ᠬᠡᠷᠡᠭᠲᠡᠢ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠪᠠᠶᠢᠭᠤᠯᠭ᠎ᠠ100 ᠬᠦᠮᠦᠨ ᠠᠴᠠ ᠳᠡᠭᠡᠭᠰᠢᠬᠢ | ᠬᠠᠮᠲᠣ ᠶᠢᠨ ᠴᠤᠭᠯᠠᠭᠠᠨ ︵ᠬᠤᠷᠢᠮ ᠪᠡᠯᠪᠡᠰᠦᠷᠡᠯ᠂ ᠲᠥᠷᠥᠭᠰᠡᠨ ᠡᠳᠦᠷ ᠤᠨ ᠪᠠᠶᠠᠷ᠂ ᠬᠤᠷᠠᠯ ᠴᠤᠭᠯᠠᠭᠠᠨ ᠵᠡᠷᠭᠡ︶ | ᠢ ᠬᠦᠯᠢᠶᠡᠨ ᠠᠪᠬᠤ ᠂ ᠬᠦᠳᠡᠭᠡ ᠲᠤᠰᠬᠤᠨ ᠮᠠᠯᠵᠢᠬᠤ ᠣᠷᠣᠨ ᠳᠤ 40 ᠬᠦᠮᠦᠨ ᠠᠴᠠ ᠳᠡᠭᠡᠭᠰᠢᠬᠢ ᠬᠠᠮᠲᠤ ᠶᠢᠨ | ᠴᠤᠭᠯᠠᠭᠠᠨ ᠡᠷᠬᠢᠯᠡᠬᠦ ᠳᠤ ᠡᠷᠬᠡᠪᠡᠰᠢ ᠳᠠᠪᠤᠨ ᠡᠳᠦᠷ ᠤᠨ ᠡᠮᠦᠨ᠎ᠡ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠬᠤᠷᠢᠮ ᠨᠠᠶᠢᠷ | ᠵᠡᠷᠭᠡ ᠬᠠᠮᠲᠤ ᠶᠢᠨ ᠴᠤᠭᠯᠠᠭᠠᠨ ᠡᠷᠬᠢᠯᠡᠬᠦ ᠳᠤ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ | ᠪᠢᠴᠢᠭ︾ ᠲᠤ ᠭᠠᠷ ᠤᠨ ᠦᠰᠦᠭ ᠵᠢᠷᠤᠵᠤ᠂ ᠵᠣᠴᠢᠳ ᠤᠨ ᠲᠤᠭ᠎ᠠ ᠶᠢ ᠪᠠᠭᠠᠰᠬᠠᠬᠤ᠂ ᠤᠯᠠᠭᠠᠢ ᠶᠢᠨ ᠭᠠᠳᠠᠨᠠᠬᠢ | ᠬᠥᠮᠦᠰ ᠢ ᠤᠷᠢᠵᠤ ᠣᠷᠣᠯᠴᠠᠭᠤᠯᠬᠤ ᠦᠭᠡᠢ ᠪᠠᠶᠢᠬᠤ ᠶᠢ ᠰᠠᠨᠠᠭᠤᠯᠬᠤ ᠬᠡᠷᠡᠭᠲᠡᠢ᠃ ᠭᠡᠷ ᠪᠦᠯᠢ ᠪᠠᠷ ᠢᠶᠠᠨ | ᠬᠤᠭᠤᠯᠠᠯᠠᠬᠤ ᠴᠤᠭᠯᠠᠭᠠᠨ ᠢ10 ᠬᠦᠮᠦᠨ ᠤ ᠳᠣᠲᠣᠷ᠎ᠠ ᠬᠢᠵᠠᠭᠠᠷᠯᠠᠬᠤ ᠬᠡᠷᠡᠭᠲᠡᠢ᠃ ᠬᠠᠮᠲᠤ ᠪᠠᠷ ᠬᠤᠭᠤᠯᠠᠯᠠᠬᠤ ᠳᠤ | ᠨᠡᠶᠢᠲᠡ ᠶᠢᠨ ᠰᠠᠪᠬ᠎ᠠ ᠨᠡᠶᠢᠲᠡ ᠶᠢᠨ ᠰᠢᠨᠠᠭ᠎ᠠ ᠶᠢ ᠬᠡᠷᠡᠭᠯᠡᠵᠦ᠂ ᠰᠠᠯᠭᠠᠨ ᠬᠤᠭᠤᠯᠠᠯᠠᠬᠤ ᠳᠦᠷᠢᠮ ᠢ ᠰᠠᠨᠠᠭᠠᠴᠢᠯᠠᠵᠤ᠂ | ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠢ᠃ | ᠠᠷᠪᠠᠨ ᠨᠠᠢᠮᠠ᠂ ᠴᠢᠳᠠᠬᠤ ᠶᠢᠨ ᠬᠢᠷᠢ ᠰᠦᠯᠵᠢᠶᠡᠨ ᠳᠡᠭᠡᠷ᠎ᠡ ᠪᠣᠶᠣ ᠸᠢᠳᠢᠣ᠋ ᠬᠡᠯᠪᠡᠷᠢ ᠪᠠᠷ ᠬᠤᠷᠠᠯ | ᠬᠤᠷᠠᠯᠳᠤᠭᠤᠯᠵᠤ᠂ ᠬᠡᠷᠪᠡ ᠰᠦᠯᠵᠢᠶᠡᠨ ᠭᠠᠳᠠᠨ᠎ᠠ ᠬᠤᠷᠠᠯ ᠬᠤᠷᠠᠯᠳᠤᠬᠤ ᠴᠢᠬᠤᠯᠠ ᠲᠠᠢ ᠪᠣᠯ᠂ ᠬᠤᠷᠠᠯ ᠤᠨ | ᠬᠡᠪᠴᠢᠶᠡᠵᠢᠯ ᠢ ᠴᠢᠩᠭ᠎ᠠ ᠬᠢᠵᠠᠭᠠᠷᠯᠠᠬᠤ ᠬᠡᠷᠡᠭᠲᠡᠢ᠃ 50 ᠬᠦᠮᠦᠨ ᠠᠴᠠ ᠳᠡᠭᠡᠭᠰᠢ ᠬᠦᠮᠦᠨ ᠤ ᠬᠤᠷᠠᠯ | ᠬᠤᠷᠠᠯᠳᠤᠭᠤᠯᠬᠤ ᠳᠤ᠂ ︽ᠬᠡᠨ ᠭᠤᠣᠯᠯᠠᠨ ᠡᠷᠬᠢᠯᠡᠪᠡᠯ ᠬᠡᠨ ᠬᠠᠷᠢᠭᠤᠴᠠᠬᠤ︾᠂ ︽ᠬᠡᠨ ᠭᠤᠣᠯᠯᠠᠨ ᠡᠷᠬᠢᠯᠡᠪᠡᠯ | ᠬᠡᠨ ᠬᠢᠨᠠᠨ ᠵᠦᠪᠰᠢᠶᠡᠷᠡᠬᠦ︾ ᠵᠠᠷᠴᠢᠮ ᠶᠣᠰᠣᠭᠠᠷ ᠭᠤᠣᠯᠯᠠᠨ ᠡᠷᠬᠢᠯᠡᠬᠦ ᠨᠢᠭᠡᠴᠡ ᠠᠴᠠ ᠰᠡᠷᠭᠡᠶᠢᠯᠡᠨ ᠡᠵᠡᠮᠳᠡᠬᠦ | ᠲᠦᠰᠦᠯ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠲᠣᠭᠲᠠᠭᠠᠵᠤ᠂ ᠬᠢᠵᠢᠭ ᠢ ᠰᠡᠷᠭᠡᠶᠢᠯᠡᠨ ᠡᠵᠡᠮᠳᠡᠬᠦ | ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠠᠮᠲᠣ ᠶᠢᠨ ᠵᠣᠯᠭᠠᠯᠲᠠ᠂ | ᠲᠤᠮᠤ ᠬᠡᠯᠪᠡᠷᠢ ᠶᠢᠨ ᠲᠣᠬᠤᠨᠢᠭᠤᠯᠭ᠎ᠠ᠂ ᠦᠳᠡᠰᠢᠯᠡᠭᠡ᠂ ᠴᠤᠭᠯᠠᠭᠠᠨ ᠵᠡᠷᠡᠭᠡ ᠠᠵᠢᠯᠯᠠᠭ᠎ᠠ ᠶᠢ ᠵᠠᠷᠴᠢᠮ ᠳᠡᠭᠡᠷ᠎ᠡ ᠪᠠᠨ | ᠥᠷᠨᠢᠭᠦᠯᠬᠦ ᠦᠭᠡᠢ ᠪᠠᠶᠢᠵᠤ᠂ ᠰᠦᠯᠵᠢᠶ᠎ᠡ ᠪᠠᠷ ᠵᠣᠯᠭᠠᠯᠲᠠ ᠬᠢᠬᠦ ᠶᠢ ᠤᠷᠢᠶᠠᠯᠠᠵᠤ᠂ ᠰᠦᠯᠵᠢᠶᠡᠨ ᠭᠠᠳᠠᠨᠠᠬᠢ ᠣᠨ ᠤ | ᠬᠤᠷᠠᠯ᠂ ᠴᠠᠶᠢᠯᠠᠯᠭ᠎ᠠ᠂ ᠦᠳᠡᠰᠢᠯᠡᠭᠡ ᠵᠡᠷᠭᠡ ᠪᠠᠶᠠᠷ ᠤᠨ ᠡᠳᠦᠷ ᠤᠨ ᠠᠵᠢᠯᠯᠠᠭ᠎ᠠ ᠶᠢᠨ ᠬᠡᠪᠴᠢᠶ᠎ᠡ ᠪᠣᠯᠣᠨ | ᠤᠳᠠᠭ᠎ᠠ ᠶᠢ ᠪᠠᠭᠠᠰᠬᠠᠬᠤ ᠬᠡᠷᠡᠭᠲᠡᠢ᠃ ᠰᠤᠷᠭᠠᠨ ᠬᠦᠮᠦᠵᠢᠯ ᠤᠨ ᠪᠣᠯᠪᠠᠰᠤᠷᠠᠯ᠂ ᠰᠣᠳᠤᠯᠤᠨ ᠶᠠᠷᠢᠯᠴᠠᠬᠤ | ᠰᠠᠭᠤᠳᠠᠯ ᠤᠨ ᠬᠤᠷᠠᠯ ᠂ ᠤᠷᠠᠨ ᠰᠠᠶᠢᠬᠠᠨ ᠤ ᠲᠣᠭᠯᠠᠯᠲᠠ᠂ ᠪᠡᠶ᠎ᠡ ᠲᠠᠮᠢᠷ ᠤᠨ ᠤᠷᠤᠯᠳᠤᠭᠠᠨ᠂ ᠳᠡᠯᠭᠡᠨ | ᠦᠵᠡᠭᠦᠯᠦᠯᠭᠡ ᠳᠡᠯᠭᠡᠨ ᠪᠣᠷᠤᠯᠠᠭᠤᠯᠭ᠎ᠠ ᠵᠡᠷᠭᠡ ᠠᠵᠢᠯ ᠢ ᠴᠢᠩᠭ᠎ᠠ ᠡᠵᠡᠮᠳᠡᠵᠦ᠂ ᠬᠦᠮᠦᠨ ᠬᠠᠷ᠎ᠠ ᠶᠢᠨ ᠭᠠᠷᠴᠤ | ᠣᠷᠣᠬᠤ ᠲᠣᠰᠬᠠᠢ ᠵᠠᠮ ᠢ ᠲᠣᠬᠢᠷᠠᠭᠤᠯᠵᠤ᠂ ᠪᠡᠶ᠎ᠡ ᠶᠢᠨ ᠳᠤᠯᠠᠭᠠᠨ ᠢ ᠬᠡᠮᠵᠢᠭᠦᠯᠬᠦ ᠪᠤᠯᠤᠨ ᠪᠠᠴᠢᠮ ᠪᠠᠶᠢᠳᠠᠯ ᠢ | ᠠᠷᠭᠠᠴᠠᠭᠠᠬᠤ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ | ᠠᠷᠪᠠ ᠶᠢᠰᠦ᠂ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠨᠢ ᠬᠡᠲᠦ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠬᠡᠲᠦ ᠳᠡᠯᠭᠡᠭᠦᠷ ᠨᠢ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ | ᠺᠣᠳ᠋ ᠢ ᠰᠢᠯᠭᠠᠭᠤᠯᠬᠤ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠭᠱᠠᠨ ᠵᠠᠭᠤᠷ᠎ᠠ ᠶᠢᠨ ᠬᠡᠷᠡᠭᠯᠡᠭᠴᠢᠳ ᠤᠨ ᠲᠤᠭ᠎ᠠ ᠶᠢ ᠬᠢᠵᠠᠭᠠᠷᠯᠠᠬᠤ ᠬᠡᠷᠡᠭᠲᠡᠶ᠃ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠣᠯᠠᠨ ᠲᠦᠮᠡᠨ ᠤ ᠬᠤᠳᠠᠯᠳᠤᠨ ᠠᠪᠬᠤ ᠳᠤ ᠲᠥᠬᠦᠮ | ᠦᠵᠡᠭᠦᠯᠬᠦ ᠶᠢ ᠢᠳᠡᠪᠬᠢᠲᠡᠢ ᠵᠢᠯᠤᠭᠤᠳᠴᠤ᠂ ᠰᠦᠯᠵᠢᠶᠡᠨ ᠳᠡᠭᠡᠷᠡᠰᠦ᠋ᠯᠵᠢᠶᠡᠨ ᠭᠠᠳᠠᠨᠠᠬᠢ ᠶᠢ ᠤᠶᠠᠯᠳᠤᠭᠤᠯᠬᠤ | ᠬᠡᠯᠪᠡᠷᠢ ᠶᠢᠨ ᠬᠡᠷᠡᠭᠯᠡᠭᠡ ᠶᠢ ᠤᠷᠢᠶᠠᠯᠠᠵᠤ ᠂ ᠴᠠᠭᠠᠨ ᠰᠠᠷ᠎ᠠ ᠶᠢᠨ ᠪᠠᠷᠠᠭ᠎ᠠ ᠬᠤᠳᠠᠯᠳᠣᠨ ᠠᠪᠬᠤ ᠦᠶ᠎ᠡ ᠶᠢᠨ | ᠬᠦᠮᠦᠨ ᠬᠠᠷ᠎ᠠ ᠶᠢᠨ ᠴᠤᠭᠯᠠᠷᠠᠯ ᠢ ᠪᠠᠭᠠᠰᠬᠠᠬᠤ ᠬᠡᠷᠡᠭᠲᠡᠢ᠃ | ᠬᠤᠷᠢ᠂ ᠡᠯ᠎ᠡ ᠲᠦᠷᠦᠯ ᠤᠨ ᠡᠮ ᠤᠨ ᠳᠡᠯᠭᠡᠭᠦᠷ ᠣᠷᠣᠵᠣ ᠭᠠᠷᠬᠤ ᠬᠦᠮᠦᠨ ᠤ ᠪᠡᠶ᠎ᠡ ᠶᠢᠨ ᠳᠤᠯᠠᠭᠠᠨ ᠢ | ᠬᠡᠮᠵᠢᠵᠦ᠂ ᠠᠮᠠᠪᠴᠢ ᠵᠡᠭᠦᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠯᠠᠭᠤᠨ ᠢ ᠪᠠᠭᠤᠷᠠᠭᠤᠯᠬᠤ ᠡᠮ᠂ | ᠬᠠᠨᠢᠶᠠᠳᠤ ᠶᠢ ᠵᠣᠭᠰᠤᠭᠠᠬᠤ ᠡᠮ ᠬᠤᠳᠠᠯᠳᠤᠨ ᠠᠪᠤᠭᠴᠢᠳ ᠢ ᠦᠨᠡᠨ ᠨᠡᠷ᠎ᠡ ᠪᠠᠷ ᠪᠦᠷᠢᠳᠬᠡᠨ ᠳᠠᠩᠰᠠᠯᠠᠭᠤᠯᠵᠤ᠂ | ᠬᠠᠷᠢᠶᠠᠨ ᠳᠠᠬᠢ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠡᠷᠡᠭᠦᠯ | ᠬᠠᠮᠠᠭᠠᠯᠠᠯ ᠤᠨ ᠬᠤᠷᠢᠶ᠎ᠠ︶ ᠲᠤ ᠮᠡᠳᠡᠭᠦᠯᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ︵ᠡᠷᠡᠭᠦᠯ ᠬᠠᠮᠠᠭᠠᠯᠠᠯ ᠤᠨ ᠬᠤᠷᠢᠶ᠎ᠠ︶ ᠰᠠᠯᠭᠠᠨ ᠡᠮᠴᠢᠯᠡᠬᠦ ᠪᠠᠷ ᠳᠠᠮᠵᠢᠭᠤᠯᠵᠤ ᠠᠷᠠᠳ ᠤᠨ ᠡᠮᠨᠡᠯᠭᠡ ᠶᠢᠨ | ᠬᠤᠷᠢᠶᠠᠨ ᠤ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠭᠡᠨ᠎ᠡ᠃ | ᠬᠤᠷᠢᠨ ᠨᠢᠭᠡ᠂ ᠡᠯ᠎ᠡ ᠠᠯᠪᠠᠨ ᠪᠠᠶᠢᠭᠤᠯᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ | ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠡᠷᠭᠡᠶᠢᠯᠡᠨ ᠬᠠᠮᠠᠭᠠᠯᠠᠯᠲᠠ ᠶᠢᠨ ᠬᠦᠲᠦᠯᠪᠦᠷᠢ ᠲᠠᠢ ᠪᠠᠶᠢᠬᠤ᠂ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠳᠦᠷᠢᠮ | ᠪᠣᠯᠣᠨ ᠬᠠᠷᠢᠭᠤᠴᠠᠯᠭᠠᠲᠤ ᠬᠦᠮᠦᠨ ᠲᠠᠢ ᠪᠠᠶᠢᠬᠤ᠂ ᠰᠡᠷᠭᠡᠶᠢᠯᠡᠨ ᠬᠠᠮᠠᠭᠠᠯᠠᠯᠲᠠ ᠶᠢᠨ ᠡᠳ᠋ ᠪᠤᠳᠠᠰ ᠲᠣᠨᠣᠭᠯᠠᠯ ᠲᠠᠢ | ᠪᠠᠶᠢᠬᠤ᠂ ᠡᠮ ᠡᠮᠨᠡᠯᠭᠡ ᠶᠢᠨ ᠠᠵᠢᠯᠲᠠᠳ ᠤᠨ ᠳᠡᠮᠵᠢᠯᠭᠡ ᠲᠠᠢ ᠪᠠᠶᠢᠬᠤ᠂ ᠦᠯᠡᠳᠡᠭᠡᠨ ᠠᠵᠢᠭᠯᠠᠬᠤ ᠲᠠᠰᠤᠭ ᠪᠣᠯᠣᠨ | ᠰᠢᠯᠵᠢᠭᠦᠯᠡᠨ ᠡᠮᠨᠡᠭᠦᠯᠬᠦ ᠲᠣᠬᠢᠷᠠᠭᠤᠯᠤᠯᠲᠠ ᠲᠠᠢ ᠪᠠᠶᠢᠬᠤ ᠶᠢ ᠪᠡᠶᠡᠯᠡᠭᠦᠯᠵᠦ᠂ ᠡᠷᠡᠭᠦᠯ ᠮᠡᠨᠳᠦ ᠶᠢ ᠠᠬᠢᠭᠤᠯᠬᠤ | ᠬᠦᠮᠦᠵᠢᠯ ᠢ ᠴᠢᠩᠭᠠᠳᠬᠠᠨ᠂ ᠠᠵᠢᠯᠲᠠᠨ ᠠᠵᠢᠯᠲᠠᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠂ | ᠬᠦᠮᠦᠨ ᠬᠠᠷ᠎ᠠ ᠶᠢᠨ ᠣᠷᠣᠵᠣ ᠭᠠᠷᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠢᠨᠠᠨ ᠬᠠᠮᠢᠶᠠᠷᠤᠭᠴᠢ ᠠᠵᠢᠯᠲᠠᠳ ᠢ ᠰᠤᠩᠭᠤᠨ ᠲᠣᠬᠢᠷᠠᠭᠤᠯᠵᠤ᠂ ᠪᠣᠯᠪᠠᠰᠤᠷᠠᠯ ᠳᠤ | ᠣᠷᠣᠯᠴᠠᠵᠤ ᠠᠵᠢᠯ ᠳᠤ ᠭᠠᠷᠬᠤ ᠶᠢ ᠬᠡᠷᠡᠭᠵᠢᠭᠦᠯᠦᠨ᠂ ᠴᠠᠭ ᠲᠤᠬᠠᠶ ᠳᠤᠨᠢ ᠬᠢᠨᠠᠯᠲᠠ ᠲᠠᠯᠪᠢᠵᠤ ᠪᠠᠶᠢᠴᠠᠭᠠᠬᠤ ᠪᠠ | ᠵᠠᠯᠠᠷᠠᠭᠤᠯᠤᠨ᠂ ᠰᠡᠷᠭᠡᠶᠢᠯᠡᠯᠲᠡ ᠶᠢᠨ ᠲᠤᠭᠲᠠᠴᠠ ᠠᠷᠠᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ | ᠬᠤᠷᠢᠨ ᠬᠤᠶᠠᠷ᠂ ᠡᠯ᠎ᠡ ᠪᠠᠯᠭᠠᠰᠣ ᠲᠠᠯᠠᠪᠠᠢ ᠡᠯ᠎ᠡ ᠰᠠᠯᠠᠭ᠎ᠠ ᠮᠦᠴᠢᠷ ᠬᠦᠳᠡᠭᠡ ᠲᠣᠰᠬᠤᠨ ᠮᠠᠯᠵᠢᠬᠤ | ᠣᠷᠣᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠣᠲᠤᠭ ᠲᠠᠭᠠᠨ | ᠪᠣᠴᠠᠬᠤ ᠠᠴᠠ ᠡᠮᠦᠨ᠎ᠡ᠂ ᠨᠤᠲᠤᠭ ᠲᠠᠭᠠᠨ ᠪᠤᠴᠠᠬᠤ ᠬᠦᠯᠦᠰᠦᠨ ᠠᠵᠢᠯᠲᠠᠳ ᠢ ᠪᠤᠯᠠᠬᠤ ᠶᠢᠨ ᠬᠢᠷᠢ ᠠᠵᠢᠯᠯᠠᠵᠤ | ᠪᠠᠶᠢᠭ᠎ᠠ ᠲᠤᠬᠠᠢ ᠶᠢᠨ ᠭᠠᠵᠠᠷ ᠲᠠᠭᠠᠨ ᠦᠯᠡᠳᠡᠵᠦ᠂ ᠬᠢᠵᠢᠭ ᠢ ᠬᠦᠳᠡᠭᠡ ᠲᠣᠰᠬᠤᠨ ᠮᠠᠯᠵᠢᠬᠤ ᠣᠷᠣᠨ ᠳᠤ | ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠶᠢ ᠢᠳᠡᠪᠬᠢᠲᠡᠢ ᠵᠢᠯᠣᠭᠤᠳᠤᠨ ᠤᠬᠠᠭᠤᠯᠬᠤ ᠬᠡᠷᠡᠭᠲᠡᠢ᠃ | ᠨᠤᠲᠤᠭ ᠲᠠᠭᠠᠨ ᠪᠤᠴᠠᠬᠤ ᠵᠠᠮ ᠵᠠᠭᠤᠷ᠎ᠠ᠂ ᠬᠤᠪᠢ ᠬᠦᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ | ᠠᠶᠠᠨ ᠵᠠᠮ ᠳᠤ ᠪᠠᠨ ᠬᠢᠵᠢᠭ ᠢ ᠳᠠᠮᠵᠢᠭᠤᠯᠬᠤ ᠲᠦᠭᠰᠢᠭᠦᠷᠢ ᠶᠢ ᠪᠠᠭᠠᠰᠬᠠᠬᠤ ᠶᠢ ᠢᠳᠡᠪᠬᠢᠲᠡᠢ ᠤᠬᠠᠭᠤᠯᠤᠨ | ᠵᠢᠯᠣᠭᠤᠳᠬᠤ ᠬᠡᠷᠡᠭᠲᠡᠢ᠃ ᠨᠤᠲᠤᠭ ᠲᠠᠭᠠᠨ ᠪᠤᠴᠠᠭᠰᠠᠨ ᠤ ᠳᠠᠷᠠᠭ᠎ᠠ᠂ ᠠᠶᠢᠯᠴᠢᠯᠠᠵᠤ ᠲᠣᠭᠤᠷᠢᠬᠤ ᠦᠭᠡᠢ | ᠪᠠᠶᠢᠬᠤ ᠶᠢ ᠰᠠᠨᠠᠭᠠᠴᠢᠯᠠᠵᠤ᠂ ᠬᠠᠮᠲᠤ ᠶᠢᠨ ᠨᠠᠶᠢᠷ ᠴᠤᠭᠯᠠᠭᠠᠨ ᠳᠤ ᠣᠷᠣᠯᠴᠠᠬᠤ ᠬᠦᠮᠦᠨ ᠤ ᠲᠤᠭ᠎ᠠ ᠶᠢ ᠡᠵᠡᠮᠳᠡᠵᠦ᠂ | ᠬᠤᠪᠢ ᠬᠦᠮᠦᠨ ᠤ ᠡᠷᠡᠭᠦᠯ ᠮᠡᠨᠳᠦ ᠶᠢᠨ ᠮᠡᠳᠡᠭᠦᠯᠦᠯᠲᠡ ᠪᠠᠨ ᠴᠢᠩᠭᠠᠳᠬᠠᠬᠤ ᠬᠡᠷᠡᠭᠲᠡᠢ᠃ ᠲᠣᠣᠷᠴᠢᠯᠠᠭᠰᠠᠨ | ᠬᠠᠮᠢᠶᠠᠷᠣᠯᠲᠠ ᠶᠢᠨ ᠲᠣᠭᠲᠠᠴᠠ ᠳᠤ ᠲᠦᠰᠢᠭᠯᠡᠨ᠂ ᠬᠢᠯᠢ ᠪᠠᠷ ᠣᠷᠣᠵᠣ ᠢᠷᠡᠭᠰᠡᠳ᠂ ᠳᠤᠮᠳᠠ ᠦᠨᠳᠦᠷ | ᠲᠦᠭᠰᠢᠭᠦᠷᠢᠲᠦ ᠣᠷᠣᠨ ᠠᠴᠠ ᠪᠤᠴᠠᠵᠤ ᠢᠷᠡᠭᠰᠡᠳ᠂ ᠨᠤᠲᠤᠭ ᠲᠠᠭᠠᠨ ᠪᠤᠴᠠᠭᠰᠠᠳ᠂ ᠭᠠᠳᠠᠨ᠎ᠠ ᠭᠠᠵᠠᠷ ᠠᠴᠠ | ᠢᠷᠡᠭᠰᠡᠳ ᠵᠡᠷᠭᠡ ᠭᠤᠣᠯᠳᠠᠯᠭ᠎ᠠ ᠲᠠᠢ ᠬᠦᠮᠦᠰ ᠤᠨ ᠮᠡᠳᠡᠭᠡ ᠵᠠᠩᠬᠢ ᠶᠢ ᠪᠦᠷᠢᠳᠭᠡᠭᠦᠯᠬᠦ᠂ ᠨᠠᠷᠢᠨ ᠪᠠᠶᠢᠳᠠᠯ ᠢ | ᠣᠶᠢᠯᠭᠠᠨ ᠵᠢᠭᠰᠠᠭᠠᠨ ᠪᠠᠶᠢᠴᠠᠭᠠᠬᠤ ᠪᠣᠯᠣᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠠᠵᠢᠯ ᠢ ᠰᠠᠶᠢᠲᠤᠷ ᠬᠢᠬᠦ | ᠬᠡᠷᠡᠭᠲᠡᠢ᠃ ᠡᠯ᠎ᠡ ᠪᠠᠯᠭᠠᠰᠤ ᠲᠠᠯᠠᠪᠠᠢ᠂ ᠡᠯ᠎ᠡ ᠨᠡᠶᠢᠭᠡᠮ ᠲᠣᠭᠤᠷᠢᠭ ︵ᠭᠠᠴᠠᠭ᠎ᠠ ᠲᠤᠰᠬᠤᠨ᠂ ᠬᠤᠪᠢᠶᠠᠷᠢ ᠲᠠᠯᠠᠪᠠᠢ︶ | ᠲᠣᠭᠤᠷᠢᠨ ᠪᠠᠶᠢᠴᠠᠭᠠᠬᠤ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠬᠠᠯᠠᠭᠤᠷᠠᠬᠤ᠂ ᠬᠠᠨᠢᠶᠠᠯᠭᠠᠬᠤ | ᠵᠡᠷᠭᠡ ᠢᠯᠡᠷᠡᠯ ᠲᠠᠢ ᠬᠦᠮᠦᠰ ᠢ ᠭᠡᠷ ᠲᠡᠭᠡᠨ ᠰᠠᠭᠤᠵᠤ ᠭᠠᠭᠴᠠ ᠬᠦᠮᠦᠨ ᠤ ᠥᠷᠦᠭᠡᠨ ᠳᠤ ᠲᠤᠰᠠᠭᠠᠷᠯᠠᠵᠤ᠂ | ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠪᠠᠶᠢᠳᠠᠯ ᠢ ᠮᠡᠳᠡᠭᠦᠯᠬᠦ ᠶᠢ ᠱᠠᠭᠠᠷᠳᠠᠬᠤ ᠬᠡᠷᠡᠭᠲᠡᠢ᠃ ᠡᠷᠡᠭᠦᠯ | ᠬᠠᠮᠠᠭᠠᠯᠠᠯ ᠤᠨ ᠰᠠᠯᠭ᠎ᠠ ᠮᠦᠴᠢᠷ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠦᠯᠦᠪᠵᠢᠭᠦᠯᠵᠦ᠂ ᠲᠦᠪᠯᠡᠷᠡᠭᠦᠯᠦᠨ | ᠲᠤᠰᠠᠭᠠᠷᠯᠠᠯᠲᠠ ᠶᠢᠨ ᠲᠠᠯᠠᠪᠤᠷ ᠢ ᠵᠤᠬᠢᠰᠲᠠᠢ ᠲᠣᠬᠢᠷᠠᠭᠤᠯᠵᠤ᠂ ᠡᠯ᠎ᠡ ᠪᠠᠯᠭᠠᠰᠣ ᠲᠠᠯᠠᠪᠠᠢ᠂ ᠨᠡᠶᠢᠭᠡᠮ ᠲᠣᠭᠤᠷᠢᠭ ︵ | ᠭᠠᠴᠠᠭ᠎ᠠ ᠲᠣᠰᠬᠤᠨ᠂ ᠬᠤᠪᠢᠶᠠᠷᠢ ᠲᠠᠯᠠᠪᠠᠢ︶ ᠳᠠᠬᠢ ᠭᠡᠷ ᠲᠡᠭᠡᠨ ᠰᠠᠭᠤᠬᠤ ᠡᠷᠡᠭᠦᠯ ᠮᠡᠨᠳᠦ ᠶᠢᠨ ᠬᠠᠮᠢᠶᠠᠷᠤᠯᠲᠠ ︵ | ᠬᠢᠨᠠᠨ ᠬᠡᠮᠵᠢᠯᠲᠡ︶ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠬᠤᠷᠢᠨ ᠭᠤᠷᠪᠠ᠂ ᠬᠠᠮᠢᠶᠠᠷᠤᠯᠲᠠ ᠶᠢᠨ ᠣᠷᠣᠨ ᠤ ᠵᠢᠯᠣᠭᠤᠳᠬᠤ ᠬᠡᠯᠲᠡᠰ ᠠᠴᠠ ᠬᠠᠷᠢᠶ᠎ᠠ ᠣᠷᠣᠨ ᠤ | ᠠᠷᠠᠳ ᠲᠦᠮᠡᠨ᠂ ᠰᠠᠭᠤᠭᠠᠯᠢ ᠠᠷᠠᠳ ᠤᠨ ᠭᠡᠷ ᠪᠦᠯᠢ ᠶᠢᠨ ᠪᠡᠶ᠎ᠡ ᠶᠢᠨ ᠳᠤᠯᠠᠭᠠᠨ ᠤ ᠬᠡᠮᠵᠢᠭᠦᠷ᠂ ᠠᠮᠠᠪᠴᠢ | ᠪᠣᠯᠤᠨ ᠠᠷᠢᠭᠤᠳᠬᠠᠯ ᠤᠨ ᠪᠦᠲᠦᠭᠡᠭᠳᠡᠭᠦᠨ ᠵᠡᠷᠭᠡ ᠰᠡᠷᠭᠡᠶᠢᠯᠡᠯᠲᠡ ᠬᠠᠮᠠᠭᠠᠯᠠᠯᠲᠠ ᠶᠢᠨ ᠡᠳ᠋ ᠪᠠᠷᠠᠭ᠎ᠠ ᠶᠢ | ᠪᠡᠯᠡᠳᠬᠡᠵᠦ ᠨᠥᠭᠡᠴᠡᠯᠡᠨ᠂ ᠭᠡᠷ ᠳᠣᠲᠣᠷ᠎ᠠ ᠪᠠᠨ ᠪᠠᠶᠢᠩᠭᠤ ᠰᠠᠯᠬᠢ ᠨᠠᠪᠲᠡᠷᠡᠭᠦᠯᠦᠨ᠂ ᠠᠷᠢᠭᠤᠨ ᠴᠡᠪᠡᠷ ᠢ | ᠠᠩᠬᠠᠷᠴᠤ᠂ ᠲᠦᠷᠭᠡᠨ ᠭᠤᠪᠢᠭᠤᠯᠭ᠎ᠠ ᠶᠢᠨ ᠪᠣᠭᠤᠳᠠᠯ ᠪᠠᠭᠯᠠᠭ᠎ᠠ᠂ ᠬᠦᠢᠲᠡᠨ ᠬᠡᠯᠬᠢᠶ᠎ᠡ ᠶᠢᠨ ᠢᠳᠡᠭᠡᠨ ᠤ ᠲᠦᠷᠦᠯ᠂ | ᠳᠠᠯᠠᠢ ᠶᠢᠨ ᠠᠮᠢᠲᠠᠨ ᠤ ᠪᠦᠲᠦᠭᠡᠭᠳᠡᠭᠦᠨ ᠢ ᠴᠠᠭ ᠲᠤᠬᠠᠶ ᠳᠤᠨᠢ ᠠᠷᠢᠭᠤᠳᠬᠠᠨ ᠰᠢᠢᠳᠪᠦᠷᠢᠯᠡᠵᠦ᠂ ᠢᠷᠡᠯᠲᠡ ᠨᠢ | ᠲᠣᠳᠣᠷᠬᠠᠶ ᠦᠭᠡᠶ ᠲᠦᠭᠦᠬᠡᠶ ᠰᠢᠨ᠎ᠡ ᠰᠣᠷᠭᠤᠭ ᠬᠥᠯᠳᠡᠭᠡᠭᠰᠡᠨ ᠢᠳᠡᠭᠡᠨ ᠪᠣᠯᠤᠨ ᠠᠮᠢᠲᠠᠨ ᠵᠢᠭᠦᠷᠲᠡᠨ ᠤ ᠮᠢᠬ᠎ᠠ ᠶᠢ | ᠬᠤᠳᠠᠯᠳᠤᠨ ᠠᠪᠬᠤ ᠦᠭᠡᠶ ᠪᠠᠶᠢᠬᠤ ᠬᠡᠷᠡᠭᠲᠡᠶ᠃ ᠬᠦᠮᠦᠨ ᠬᠠᠷ᠎ᠠ ᠴᠤᠭᠯᠠᠷᠠᠭᠰᠠᠨ ᠣᠯᠠᠨ ᠨᠡᠶᠢᠲᠡ ᠶᠢᠨ ᠲᠠᠯᠠᠪᠤᠷ ᠲᠤ | ᠣᠴᠢᠬᠤ ᠶᠢ ᠪᠠᠭᠠᠰᠬᠠᠵᠤ᠂ ᠤᠬᠠᠮᠰᠠᠷ ᠠᠴᠠ ᠪᠠᠨᠪᠡᠶᠡ ᠶᠢᠨ ᠳᠤᠯᠠᠭᠠᠨ ᠢᠶᠠᠨ ᠬᠡᠮᠵᠢᠭᠦᠯᠬᠦ᠂ ᠺᠣᠳ᠋ ᠰᠢᠷᠪᠢᠭᠦᠯᠬᠦ᠂ | ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠲᠣᠭᠲᠠᠭᠠᠯ ᠢ ᠵᠢᠷᠤᠮᠯᠠᠵᠤ᠂ ᠨᠢᠭᠡ ᠮᠧᠲᠷ ᠠᠴᠠ ᠳᠡᠭᠡᠭᠰᠢᠬᠢ | ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠶᠢ ᠠᠩᠬᠠᠷᠬᠤ ᠬᠡᠷᠡᠭᠲᠡᠶ᠃ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ᠂ ᠴᠠᠬᠢᠯᠭᠠᠨ ᠱᠠᠲᠤ ᠵᠡᠷᠭᠡ ᠪᠢᠲᠡᠭᠦᠮᠵᠢᠯᠡᠭᠰᠡᠨ ᠲᠠᠯᠠᠪᠤᠷ ᠲᠤ ᠰᠢᠨᠵᠢᠯᠡᠬᠦ ᠤᠬᠠᠭᠠᠨᠴᠢ ᠪᠠᠷ | ᠠᠮᠠᠪᠴᠢ ᠵᠡᠭᠦᠬᠦ ᠬᠡᠷᠡᠭᠲᠡᠶ᠃ ᠣᠬᠢ ᠰᠠᠶᠢᠨ ᠡᠷᠡᠭᠦᠯ ᠬᠠᠮᠠᠭᠠᠯᠠᠯ ᠤᠨ ᠳᠠᠳᠬᠠᠯ ᠢ ᠪᠣᠶ ᠪᠣᠯᠭᠠᠵᠤ᠂ ᠭᠠᠷ ᠢᠶᠠᠨ | ᠦᠷᠭᠦᠯᠵᠢ ᠤᠭᠢᠶᠠᠨ᠂ ᠭᠠᠷ ᠢᠶᠠᠷ ᠢᠶᠠᠨ ᠠᠮᠠ ᠬᠠᠮᠠᠷ ᠨᠢᠳᠦ ᠲᠠᠢ ᠬᠦᠷᠦᠯᠴᠡᠬᠦ ᠠᠴᠠ ᠵᠠᠶᠢᠯᠠᠰᠬᠢᠵᠦ᠂ ᠬᠠᠨᠢᠶᠠᠬᠤ᠂ | ᠨᠠᠶᠢᠲᠠᠭᠠᠬᠤ ᠦᠶ᠎ᠡ ᠳᠤ ᠴᠢᠳᠠᠬᠤ ᠶᠢᠨ ᠬᠢᠷᠢ ᠬᠠᠯᠬᠠᠯᠠᠬᠤ ᠶᠢ ᠠᠩᠬᠠᠷᠬᠤ ᠬᠡᠷᠡᠭᠲᠡᠶ᠃ ᠬᠡᠷᠪᠡ ᠬᠠᠯᠠᠭᠤᠷᠠᠬᠤ᠂ | ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠢᠯᠡᠷᠡᠯ ᠲᠠᠢ ᠪᠣᠯ᠂ ᠴᠠᠭ ᠲᠤᠬᠠᠶ ᠳᠤᠨᠢ ᠬᠠᠯᠠᠭᠤᠷᠠᠬᠤ ᠡᠭᠦᠳᠡᠨ | ᠡᠮᠨᠡᠯᠭᠡ ᠳᠤ ᠬᠦᠷᠴᠦ ᠪᠠᠶᠢᠴᠠᠭᠠᠯᠲᠠ ᠬᠢᠯᠭᠡᠬᠦ ᠪᠠ ᠣᠨᠣᠰᠢᠯᠠᠨ ᠡᠮᠴᠢᠯᠡᠭᠦᠯᠬᠦ ᠬᠡᠷᠡᠭᠲᠡᠶ᠂ ᠡᠮᠨᠡᠭᠦᠯᠬᠦ ᠶᠠᠪᠤᠴᠠ ᠳᠤ | ᠠᠮᠠᠪᠴᠢ ᠵᠡᠭᠦᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ | ᠵᠠᠶᠢᠯᠠᠰᠬᠢᠬᠦ ᠬᠡᠷᠡᠭᠲᠡᠶ᠃ | ᠬᠤᠷᠢᠨ ᠳᠥᠷᠪᠡ᠂ ᠥᠷᠭᠡᠨ ᠣᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠣᠰᠣᠭᠠᠷ ᠰᠠᠨᠠᠭᠠᠴᠢᠯᠠᠭ᠎ᠠ ᠠᠴᠠ ᠪᠠᠨ ᠳᠡᠩᠰᠡᠯᠡᠨ ᠲᠡᠮᠳᠡᠭᠯᠡᠭᠦᠯᠬᠦ ᠥᠬᠡᠶ᠂ ᠭᠠᠳᠠᠭᠰᠢ ᠭᠠᠷᠤᠭᠰᠠᠨ | ᠵᠠᠮ ᠮᠦᠷ᠂ ᠳᠤᠮᠳᠠ ᠥᠨᠳᠥᠷ ᠠᠶᠤᠯ ᠲᠦᠭᠰᠢᠭᠦᠷᠢᠲᠦ ᠭᠠᠵᠠᠷ ᠣᠷᠣᠨ ᠳᠤ ᠬᠦᠷᠴᠦ ᠬᠦᠳᠡᠯᠭᠡᠭᠡᠨ ᠬᠢᠭᠰᠡᠨ | ᠵᠠᠮ ᠮᠥᠷ ᠤᠨ ᠮᠡᠳᠡᠭᠡ ᠵᠠᠩᠭᠢ ᠶᠢ ᠵᠣᠷᠢᠭᠤᠳᠠ ᠨᠢᠭᠤᠨ ᠳᠠᠯᠳᠠᠯᠠᠭᠰᠠᠨ ᠦᠶᠯᠡ ᠠᠵᠢᠯᠯᠠᠭ᠎ᠠ ᠰᠡᠵᠢᠭᠯᠡᠯᠲᠡᠶ ᠪᠤᠶᠤ | ᠣᠨᠣᠰᠢᠯᠠᠭᠰᠠᠨ ᠡᠪᠡᠳᠴᠢᠲᠡᠨ ᠲᠠᠢ ᠬᠠᠮᠲᠤ ᠨᠢᠭᠡ ᠲᠡᠷᠭᠡᠨ ᠳᠤ ᠰᠠᠭᠤᠭᠰᠠᠨ᠂ ᠨᠢᠭᠡ ᠥᠷᠥᠭᠡᠨ ᠳᠤ ᠰᠠᠭᠤᠭᠰᠠᠨ᠂ | ᠨᠢᠭᠲᠠ ᠣᠶᠢᠷᠠᠲᠤᠭᠰᠠᠨ ᠮᠡᠳᠡᠭᠡ ᠵᠠᠩᠭᠢ ᠵᠢᠴᠢ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ ᠳᠤ | ᠵᠢᠭᠤᠯᠴᠢᠯᠠᠭᠰᠠᠨ ᠲᠡᠦᠬᠡ ᠪᠠᠨ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠦᠶᠯᠡ ᠠᠵᠢᠯᠯᠠᠭ᠎ᠠ᠂ ᠠᠷᠢᠬᠢᠨ | ᠮᠤᠬᠤᠯᠠᠭ᠂ ᠪᠠᠭᠤᠳᠠᠯ᠂ ᠲᠦᠷᠢᠶᠡᠰᠦᠨ ᠭᠡᠷ᠂ ᠭᠠᠭᠴᠠ ᠪᠡᠶ᠎ᠡ ᠶᠢᠨ ᠨᠡᠶᠢᠲᠡ ᠶᠢᠨ ᠪᠠᠶᠢᠷᠢ ᠵᠡᠷᠭᠡ ᠭᠠᠵᠠᠷ ᠲᠤ ᠬᠢᠵᠢᠭ | ᠤᠨ ᠪᠠᠶᠢᠳᠠᠯ ᠤᠨ ᠭᠤᠣᠯᠳᠠᠯᠭ᠎ᠠ ᠲᠠᠢ ᠣᠷᠣᠨ ᠪᠦᠰᠡ ᠳᠤ ᠣᠷᠣᠰᠢᠨ ᠰᠠᠭᠤᠭᠰᠠᠨ ᠲᠡᠦᠬᠡ ᠲᠠᠢ ᠬᠥᠮᠦᠰ ᠢ ᠳᠤᠷ᠎ᠠ | ᠪᠠᠷ ᠢᠶᠠᠨ ᠬᠦᠯᠢᠶᠡᠨ ᠠᠪᠴᠤ ᠭᠡᠷ ᠲᠡᠭᠡᠨ ᠰᠠᠭᠤᠯᠭᠠᠭᠰᠠᠨ ᠢᠶᠠᠨ ᠨᠢᠭᠤᠨ ᠳᠠᠷᠤᠭᠠᠳ ᠮᠡᠳᠡᠭᠦᠯᠬᠦ ᠦᠭᠡᠢ | ᠵᠡᠷᠭᠡᠦᠢᠯᠡ ᠠᠵᠢᠯᠯᠠᠭ᠎ᠠᠶᠢ ᠢᠳᠡᠪᠬᠢᠲᠡᠶ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ ᠡᠳᠡᠭᠡᠷ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠬᠢᠨᠠᠨ ᠪᠠᠶᠢᠴᠠᠭᠠᠭᠠᠳ ᠦᠨᠡᠨ ᠪᠣᠳᠠᠲᠠᠶ ᠪᠣᠯ᠂ ᠨᠡᠶᠢᠭᠡᠮ ᠤᠨ | ᠬᠠᠮᠢᠶᠠᠷᠤᠨ ᠡᠵᠡᠮᠳᠡᠬᠦ ᠳᠤᠭᠤᠶᠢᠯᠠᠩ ᠠᠴᠠ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠦᠨ᠎ᠡ᠃ ᠬᠢᠵᠢᠭ ᠢ | ᠰᠡᠷᠭᠡᠶᠢᠯᠡᠬᠦ ᠠᠯᠪᠠᠨ ᠵᠠᠷ ᠢ ᠵᠥᠷᠢᠴᠡᠭᠰᠡᠨ᠂ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠪᠣᠶ ᠪᠣᠯᠭᠠᠭᠰᠠᠨ᠂ ᠬᠢᠵᠢᠭ | ᠲᠠᠷᠬᠠᠭᠠᠭᠰᠠᠨ ᠵᠡᠷᠭᠡ ᠬᠥᠮᠦᠰ ᠠᠴᠠ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠶᠢᠨ | ᠬᠠᠮᠲᠤ ᠢᠲᠡᠭᠡᠯ ᠠᠯᠳᠠᠭᠰᠠᠳ ᠤᠨ ᠬᠤᠪᠢ ᠪᠠᠷ ᠬᠤᠪᠢ ᠬᠥᠮᠦᠨ ᠤ ᠢᠲᠡᠭᠡᠮᠵᠢ ᠶᠢᠨ ᠲᠠᠩᠰᠠ ᠡᠪᠬᠡᠮᠡᠯ ᠳᠤ | ᠣᠷᠣᠭᠤᠯᠤᠨ᠎ᠠ᠃ | ᠬᠤᠷᠢᠨ ᠲᠠᠪᠤ᠂ ᠬᠠᠮᠢᠶᠠᠷᠤᠯᠲᠠ ᠶᠢᠨ ᠣᠷᠣᠨ ᠤ ᠵᠢᠯᠣᠭᠤᠳᠬᠤ ᠬᠡᠯᠲᠡᠰ ᠤᠨ 1 ᠳ᠋ᠦ᠋ᠭᠡᠷ᠂ 2 ᠳ᠋ᠤᠭᠠᠷ | ᠠᠯᠪᠠᠨ ᠵᠠᠷ ᠨᠢ ᠲᠤᠰ ᠠᠯᠪᠠᠨ ᠵᠠᠷ ᠤᠨ ᠱᠠᠭᠠᠷᠳᠠᠯᠭ᠎ᠠ ᠯᠤᠭ᠎ᠠ ᠨᠢᠭᠡᠳᠦᠯ ᠦᠭᠡᠶ ᠪᠣᠯ᠂ ᠲᠤᠰ ᠠᠯᠪᠠᠨ ᠵᠠᠷ ᠢᠶᠠᠷ | ᠪᠠᠷᠢᠮᠵᠢᠶ᠎ᠠ ᠪᠣᠯᠭᠠᠨ᠎ᠠ᠃ | | ᠬᠠᠷᠢᠯᠴᠠᠬᠤ ᠤᠲᠠᠰᠤ᠄ | ᠬᠠᠮᠢᠶᠠᠷᠤᠯᠲᠠ ᠶᠢᠨ ᠣᠷᠣᠨ ᠤ ᠵᠢᠯᠣᠭᠤᠳᠬᠤ ᠬᠡᠯᠲᠡᠰ ᠤᠨ ᠶᠡᠷᠦᠩᠬᠡᠶᠢᠯᠡᠭᠰᠡᠨ ᠳᠤᠭᠤᠶᠢᠯᠠᠩ᠄ | 04793351373᠂ 15004791256 | ᠬᠠᠮᠢᠶᠠᠷᠤᠯᠲᠠ ᠶᠢᠨ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ | ᠄ 0479 - 3353001᠂ 13947912289 | ᠬᠠᠮᠢᠶᠠᠷᠤᠯᠲᠠ ᠶᠢᠨ ᠣᠷᠣᠨ ᠤ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠄ 110᠂ | 04793351406 | ᠬᠠᠮᠢᠶᠠᠷᠤᠯᠲᠠ ᠶᠢᠨ ᠣᠷᠣᠨ ᠤ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ᠄ 0479353016᠂ | 18647903973 | ᠬᠠᠮᠢᠶᠠᠷᠤᠯᠲᠠ ᠶᠢᠨ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠄ | 0479351136᠂ 13947903680 | ᠪᠠᠶᠠᠨᠬᠤᠰᠢᠭᠤ ᠪᠠᠯᠭᠠᠰᠤ᠄ 04792289072᠂ 15048949247 | ᠬᠠᠯᠠᠭᠠᠢᠢᠳᠤ ᠲᠠᠷᠢᠶᠠᠯᠠᠩ ᠮᠠᠯᠵᠢᠯ ᠤᠨ ᠲᠠᠯᠠᠪᠠᠢ᠄ 047933366᠂ 13947967327 | ᠤᠯᠠᠭᠠᠶ ᠮᠠᠯᠵᠢᠯ ᠤᠨ ᠲᠠᠯᠠᠪᠠᠶ᠄ 138479959 | ᠬᠡᠰᠡᠭᠡᠭᠤᠯᠠ ᠮᠠᠯᠵᠢᠯ ᠤᠨ ᠲᠠᠯᠠᠪᠠᠢ᠄ 13947967567᠂ 13947903635 | ᠬᠠᠯᠠᠭᠠᠢᠢᠳᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠄ | 18204799099 | ᠬᠡᠰᠡᠭᠡᠭᠤᠯᠠ ᠮᠠᠯᠵᠢᠯ ᠤᠨ ᠲᠠᠯᠠᠪᠠᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠄ 13947983590 | | | ᠤᠯᠠᠭᠠᠶ ᠬᠠᠮᠢᠶᠠᠷᠤᠯᠲᠠᠶᠢᠨ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ | 2021 ᠣᠨ ᠤ1 ᠰᠠᠷ᠎ᠠ ᠶᠢᠨ 9 ᠤ ᠡᠳᠦᠷ | | | | |