ᠤᠯᠠᠷᠢᠯ ᠰᠤᠯᠢᠬᠳᠠᠬᠤ ᠦᠶ᠎ᠠ ᠪᠤᠯ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠤᠨ ᠤᠯᠠᠨ ᠡᠬᠦᠰᠬᠦ | ᠬᠤᠭᠤᠴᠠᠭ᠎ᠠ ᠪᠤᠯᠤᠨ᠎ᠠ᠃ ᠬᠠᠮᠠᠷ ᠢᠶᠠᠨ ᠨᠢᠰᠤ ᠲᠠᠢ ᠭᠡᠳ ᠬᠠᠮᠢᠭᠠᠰᠢ ᠪᠠᠨ ᠬᠠᠶᠠᠬᠤᠪ︖ ᠳᠡᠰᠳᠡᠭ ᠯᠡ ᠬᠡᠷᠡᠭ᠂ | ᠬᠠᠷᠢᠨ ᠬᠡᠷᠬᠢᠨ ᠪᠦᠳᠤᠮᠵᠢᠳᠡᠢ ᠰᠡᠷᠭᠡᠶᠢᠯᠡᠬᠦ ᠪᠤᠢ ᠭᠡᠳᠡᠭ ᠨᠢ ᠤᠯᠠᠨ ᠤ ᠬᠠᠮᠤᠭ ᠠᠴᠠ ᠢᠯᠡᠬᠦᠤ ᠠᠩᠬᠠᠷᠴᠤ ᠪᠠᠶᠢᠭ᠎ᠠ | ᠠᠰᠠᠭᠤᠳᠠᠯ ᠪᠤᠯᠵᠡᠢ᠃ | ᠭᠤᠤᠯ ᠢᠯᠡᠷᠡᠯ | ᠬᠡᠨᠡᠳᠳᠡ ᠶᠢᠨ ᠪᠠ ᠳᠠᠬᠢᠨ ᠳᠠᠪᠳᠠᠨ ᠬᠦᠳᠡᠯᠬᠦ᠂ ᠬᠠᠮᠠᠷ ᠪᠦᠭᠯᠡᠷᠡᠬᠦ᠂ ᠬᠠᠮᠠᠷ ᠵᠠᠭᠠᠳᠤᠨᠠᠬᠤ᠂ ᠨᠠᠶᠢᠳᠠᠭᠠᠬᠤ᠂ | ᠨᠢᠰᠤ ᠭᠤᠭᠤᠵᠢᠬᠤ ᠵᠡᠷᠭᠡ ᠢᠯᠡᠷᠡᠯ ᠪᠠᠶᠢᠳᠠᠬ᠃ | ᠲᠦᠷᠦᠯ ᠵᠦᠢᠯ | ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠤᠨ ᠡᠮᠴᠢᠯᠡᠭᠡᠨ ᠤ ᠢᠯᠡᠷᠡᠯ ᠨᠢ ᠤᠯᠠᠷᠢᠯ ᠢ ᠳᠠᠭᠠᠵᠤ | ᠬᠤᠪᠢᠷᠠᠳᠠᠬ ᠡᠰᠡᠬᠦ ᠶᠢ ᠦᠨᠳᠤᠰᠤᠯᠡᠵᠤ᠂ ᠦᠷᠬᠦᠯᠵᠢ ᠶᠢᠨ ᠴᠢᠨᠠᠷᠳᠡᠢ ᠬᠠᠷᠰᠢᠮᠠᠳᠠᠭᠠᠢ ᠴᠢᠨᠠᠷᠳᠡᠢ ᠬᠠᠮᠠᠷ ᠤᠨ | ᠦᠷᠪᠢᠰᠤᠯ ᠪᠠ ᠤᠯᠠᠷᠢᠯ ᠤᠨ ᠴᠢᠨᠠᠷᠳᠡᠢ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠭᠡᠵᠤ ᠬᠤᠪᠢᠶᠠᠳᠠᠬ᠃ | ᠡᠬᠦᠰᠬᠦ ᠴᠠᠬ | ᠦᠷᠬᠦᠯᠵᠢ ᠶᠢᠨ ᠴᠢᠨᠠᠷᠳᠡᠢ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠨᠢ ᠵᠢᠯ ᠤᠨ ᠲᠦᠷᠪᠡᠨ | ᠤᠯᠠᠷᠢᠯ ᠳᠤ ᠪᠦᠷ ᠡᠪᠡᠳᠴᠢᠨ ᠤ ᠢᠯᠡᠷᠡᠯ ᠲᠠᠢ᠃ ᠤᠯᠠᠷᠢᠯ ᠤᠨ ᠴᠢᠨᠠᠷᠳᠡᠢ ᠬᠠᠷᠰᠢᠮᠠᠳᠠᠭᠠᠢ ᠴᠢᠨᠠᠷᠳᠡᠢ ᠬᠠᠮᠠᠷ ᠤᠨ | ᠦᠷᠪᠢᠰᠤᠯ ᠨᠢ ᠤᠯᠠᠷᠢᠯ ᠤᠨ ᠴᠢᠨᠠᠷᠳᠡᠢ ᠡᠬᠦᠰᠴᠤ᠂ ᠤᠯᠠᠩᠭᠢ ᠨᠢ ᠬᠠᠪᠤᠷ᠂ ᠨᠠᠮᠤᠷ ᠤᠨ ᠤᠯᠠᠷᠢᠯ ᠳᠤ ᠡᠬᠦᠰᠳᠡᠭ᠂ | ᠡᠪᠡᠳᠴᠢᠯᠡᠬᠦ ᠦᠶ᠎ᠠ ᠳᠤ ᠦᠳᠳᠡᠷ ᠲᠦᠷᠭᠡᠨ ᠡᠪᠡᠳᠴᠢᠨ ᠤ ᠢᠯᠡᠷᠡᠯ ᠭᠠᠷᠳᠠᠬ᠂ ᠬᠡᠳᠤᠨ ᠴᠠᠬ᠂ ᠬᠡᠳᠤᠨ | ᠡᠳᠤᠷ ᠠᠴᠠ ᠬᠡᠳᠤᠨ ᠭᠠᠷᠠᠬ ᠠᠳᠠᠯᠢ ᠪᠤᠰᠤ ᠦᠷᠬᠦᠯᠵᠢᠯᠡᠵᠤ᠂ ᠬᠦᠳᠡᠯᠬᠦ ᠪᠠ ᠵᠠᠪᠰᠠᠷᠯᠠᠬᠤ ᠬᠤᠭᠤᠴᠠᠭ᠎ᠠ ᠨᠢ | ᠪᠦᠷᠢᠮᠤᠰᠤᠨ ᠬᠡᠪ ᠤᠨ ᠪᠠᠶᠢᠳᠠᠬ᠃ | ᠡᠬᠦᠰᠦᠭᠰᠡᠨ ᠰᠢᠯᠳᠠᠭᠠᠨ | ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠡᠬᠦᠰᠬᠦ ᠶᠢᠨ ᠰᠢᠯᠳᠠᠭᠠᠨ ᠨᠢ ᠦᠯᠦ ᠬᠠᠯᠳᠠᠭᠠᠬᠤ | ᠴᠢᠳᠠᠪᠦᠷᠢ ᠠᠨᠠᠢ ᠠᠴᠠ ᠪᠤᠯᠤᠬᠰᠠᠨ ᠪᠢᠰᠢ᠂ ᠬᠠᠷᠢᠨ ᠪᠡᠶ᠎ᠠ ᠮᠠᠬᠠᠪᠤᠳ ᠤᠨ ᠦᠯᠦ ᠬᠠᠯᠳᠠᠭᠠᠬᠤ ᠢᠯᠭᠠᠨ ᠳᠠᠨᠢᠬᠤ | ᠰᠢᠰᠲ᠋ᠧᠮ ᠳᠤ ᠠᠰᠠᠭᠤᠳᠠᠯ ᠭᠠᠷᠴᠤ᠂ ᠬᠤᠤᠷ ᠦᠬᠡᠢ ᠬᠠᠷᠠᠯᠳᠠ ᠶᠢ ᠬᠤᠤᠷ ᠲᠠᠢ ᠭᠡᠵᠤ ᠦᠵᠡᠭᠡᠳ ᠡᠰᠡᠷᠬᠦᠴᠡᠬᠦ | ᠶᠠᠪᠤᠴᠠ ᠳᠤ ᠪᠠᠨ ᠵᠠᠷᠢᠮ ᠭᠠᠵᠢᠭᠤ ᠤᠷᠪᠠᠯ ᠭᠠᠷᠳᠠᠬ᠂ ᠵᠢᠱᠢᠶᠡᠯᠡᠪᠡᠯ ᠨᠠᠶᠢᠳᠠᠭᠠᠬᠤ᠂ ᠬᠠᠮᠠᠷ ᠪᠦᠭᠯᠡᠷᠡᠬᠦ ᠵᠡᠷᠭᠡ ᠨᠢ | ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠪᠤᠯᠵᠤ ᠬᠤᠪᠢᠷᠠᠳᠠᠬ᠃ | ᠤᠷᠢᠳᠴᠢᠯᠠᠨ ᠰᠡᠷᠭᠡᠶᠢᠯᠡᠬᠦ ᠠᠷᠭ᠎ᠠ | ᠤᠯᠠᠷᠢᠯ ᠤᠨ ᠴᠢᠨᠠᠷᠳᠡᠢ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠢ ᠬᠠᠷᠰᠢᠮᠠᠳᠠᠭᠠᠢ ᠬᠤᠭᠤᠴᠠᠭ᠎ᠠ | ᠪᠤᠯᠬᠤ ᠠᠴᠠ ᠡᠮᠤᠨ᠎ᠠ ᠬᠡᠳᠤᠨ ᠡᠳᠤᠷ ᠠᠴᠠ ᠡᠬᠢᠯᠡᠨ ᠨᠡᠭᠡᠳᠡᠰᠤ ᠶᠢᠨ ᠠᠮᠢᠨ ᠢ ᠡᠰᠡᠷᠭᠦᠴᠡᠬᠦ ᠡᠮ᠂ ᠬᠠᠮᠠᠷ ᠤᠨ | ᠰᠦᠷᠴᠢᠮᠡᠯ ᠬᠤᠷᠮᠤᠨ ᠢ ᠬᠡᠷᠡᠭᠯᠡᠪᠡᠯ ᠡᠪᠡᠳᠴᠢᠨ ᠡᠬᠦᠰᠬᠦ ᠶᠢ ᠰᠡᠷᠭᠡᠶᠢᠯᠡᠬᠦ ᠦᠢᠯᠡᠳᠤᠯ ᠲᠠᠢ ᠶᠤᠮ᠃ | ᠳᠤᠯᠠᠭᠠᠨ ᠤ ᠬᠤᠪᠢᠷᠠᠯᠳᠠ ᠨᠢ ᠬᠠᠮᠠᠷ ᠤᠨ ᠬᠦᠨᠳᠡᠢ ᠳᠤ ᠰᠡᠳᠤᠯᠳᠡ ᠦᠭᠪᠡᠯ ᠴᠠᠬ ᠳᠤᠬᠠᠢ ᠳᠤ ᠨᠢ | ᠬᠠᠯᠠᠭᠤᠨ ᠬᠦᠢᠳᠡᠨ ᠢᠶᠠᠨ ᠳᠡᠩᠴᠡᠬᠦᠯᠵᠤ᠂ ᠰᠡᠳᠬᠢᠴᠡ ᠶᠢᠨ ᠪᠠᠶᠢᠳᠠᠯ ᠢᠶᠠᠨ ᠳᠤᠬᠢᠷᠠᠭᠤᠯᠤᠨ᠂ ᠪᠡᠶ᠎ᠠ ᠶᠢᠨ ᠳᠠᠮᠢᠷ ᠤᠨ | ᠪᠤᠯᠪᠠᠰᠤᠷᠠᠯ ᠢᠶᠠᠨ ᠴᠢᠩᠭᠠᠳᠬᠠᠵᠤ᠂ ᠤᠨᠳᠠᠵᠤ ᠠᠮᠠᠷᠠᠬᠤ ᠴᠠᠬ ᠢᠶᠠᠨ ᠰᠠᠶᠢᠳᠤᠷ ᠳᠤᠬᠢᠷᠠᠭᠤᠯᠵᠤ᠂ ᠪᠡᠶ᠎ᠠ ᠶᠢᠨ | ᠠᠵᠢᠯᠯᠠᠭ᠎ᠠ ᠶᠢᠨ ᠳᠤᠬᠳᠠᠭᠤᠨ ᠪᠠᠶᠢᠬᠤ ᠶᠢ ᠪᠠᠳᠤᠯᠠᠨ᠂ ᠪᠡᠶ᠎ᠠ ᠶᠢᠨ ᠡᠯ᠎ᠠ ᠡᠷᠬᠡᠳᠡᠨ ᠤ ᠬᠤᠭᠤᠷᠤᠨᠳᠤᠬᠢ ᠡᠶ᠎ᠡ | ᠵᠤᠬᠢᠴᠠᠩᠭᠤᠢ ᠬᠠᠷᠢᠴᠠᠭ᠎ᠠ ᠶᠢ ᠳᠡᠭᠡᠭᠰᠢᠯᠡᠬᠦᠯᠵᠤ᠂ ᠬᠠᠷᠰᠢᠮᠠᠳᠠᠭᠠᠢ ᠤᠷᠪᠠᠯ ᠢ ᠡᠬᠦᠰᠭᠡᠵᠤ ᠮᠡᠳᠡᠬᠦ ᠡᠬᠢ | ᠰᠤᠷᠪᠦᠯᠵᠢ ᠠᠴᠠ ᠵᠠᠶᠢᠯᠠᠰᠬᠢᠪᠡᠯ ᠵᠤᠬᠢᠨ᠎ᠠ᠃ ᠤᠯᠠᠷᠢᠯ ᠰᠤᠯᠢᠬᠳᠠᠬᠤ ᠦᠶ᠎ᠠ ᠳᠤ᠂ ᠬᠦᠨᠵᠢᠯᠡ ᠳᠡᠪᠢᠰᠭᠡᠷ ᠬᠤᠪᠴᠠᠰᠤ | ᠬᠤᠨᠠᠷ ᠢᠶᠠᠨ ᠤᠷᠢᠳᠠᠪᠡᠷ ᠤᠬᠢᠶᠠᠵᠤ᠂ ᠨᠠᠷᠠᠨ ᠳᠤ ᠡᠭᠡᠭᠡᠭᠰᠡᠨ ᠤ ᠳᠠᠷᠠᠭ᠎ᠠ ᠬᠡᠷᠡᠭᠯᠡᠪᠡᠯ ᠵᠤᠬᠢᠨ᠎ᠠ᠃ ᠬᠠᠷᠰᠢᠮᠠᠳᠠᠭᠠᠢ | ᠴᠢᠨᠠᠷᠳᠡᠢ ᠬᠠᠮᠠᠷ ᠤᠨ ᠦᠷᠪᠢᠰᠤᠯ ᠲᠠᠢ ᠡᠪᠡᠳᠴᠢᠳᠡᠨ ᠬᠠᠮᠤᠬ ᠤᠨ ᠰᠠᠶᠢᠨ ᠨᠢ ᠡᠩᠭᠦᠷᠠᠢ ᠠᠮᠢᠳᠠᠨ ᠳᠡᠵᠢᠬᠡᠬᠦ ᠦᠬᠡᠢ᠂ | ᠬᠡᠷᠪᠡ ᠳᠡᠵᠢᠭᠡᠭᠰᠡᠨ ᠪᠠᠶᠢᠪᠠᠯ ᠴᠢᠳᠠᠬᠤ ᠶᠢᠨ ᠳᠤᠳᠤᠷ᠎ᠠ ᠡᠩᠭᠦᠷᠠᠢ ᠠᠮᠢᠳᠠᠨ ᠢᠶᠠᠨ ᠤᠨᠳᠠᠬᠤ ᠦᠷᠤᠬᠡᠨ ᠳᠤ ᠪᠠᠨ | ᠤᠷᠤᠭᠤᠯᠬᠤ ᠦᠬᠡᠢ᠃ ᠴᠡᠴᠡᠭ ᠤᠨ ᠳᠤᠭᠤᠰᠤᠨ ᠤ ᠦᠳᠬᠡᠴᠡ ᠶᠢᠨ ᠤᠷᠬᠢᠯ ᠤᠨ ᠬᠤᠭᠤᠴᠠᠭᠠᠨ ᠳᠤ᠂ ᠭᠠᠳᠠᠬᠰᠢ | ᠭᠠᠷᠬᠤ ᠳᠤ ᠪᠠᠨ ᠬᠠᠮᠠᠭᠠᠯᠠᠬᠤ ᠡᠳ᠋ ᠢᠶᠠᠨ ᠰᠠᠶᠢᠳᠤᠷ ᠵᠡᠬᠦᠵᠤ᠂ ᠬᠡᠷ ᠲᠤ ᠪᠠᠨ ᠬᠠᠷᠢᠬᠰᠠᠨ ᠤ ᠳᠠᠷᠠᠭ᠎ᠠ ᠴᠠᠬ | ᠳᠤᠬᠠᠢ ᠳᠤ ᠨᠢ ᠪᠡᠶ᠎ᠠ ᠪᠠᠨ ᠤᠬᠢᠶᠠᠬᠤ ᠶᠢᠨ ᠬᠠᠮᠳᠤ ᠬᠠᠮᠠᠷ ᠤᠨ ᠬᠦᠨᠳᠡᠢ ᠪᠠᠨ ᠤᠬᠢᠶᠠᠨ ᠴᠡᠪᠡᠷᠯᠡᠵᠤ᠂ ᠴᠤᠩᠬᠤ ᠪᠠᠨ | ᠨᠡᠬᠡᠬᠡᠵᠤ ᠰᠠᠯᠬᠢ ᠨᠡᠪᠳᠡᠷᠡᠬᠦᠯᠦᠨ᠎ᠠ᠂ ᠦᠪᠡᠷ ᠤᠨ ᠬᠡᠷᠡᠭᠴᠡᠭᠡ ᠪᠠᠨ ᠦᠨᠳᠤᠰᠤᠯᠡᠨ ᠵᠦᠢ ᠵᠤᠬᠢᠰᠳᠡᠢ ᠡᠮ ᠬᠡᠷᠡᠭᠯᠡᠵᠤ | ᠪᠤᠯᠤᠨ᠎ᠠ᠃ ᠴᠡᠴᠡᠭ ᠤᠨ ᠳᠤᠭᠤᠰᠤᠨ ᠤ ᠤᠷᠬᠢᠯ ᠤᠨ ᠦᠶ᠎ᠠ ᠳᠤ᠂ ᠴᠢᠳᠠᠬᠤ ᠶᠢᠨ ᠳᠤᠳᠤᠷ᠎ᠠ ᠬᠡᠬᠡᠷ᠎ᠠ ᠭᠠᠳᠠᠨ᠎ᠠ | ᠭᠠᠷᠬᠤ ᠦᠬᠡᠢ ᠪᠠᠶᠢᠵᠣ ᠡᠪᠡᠳᠴᠢᠨ ᠤ ᠪᠠᠶᠢᠳᠠᠯ ᠢ ᠬᠦᠨᠳᠤᠷᠡᠬᠦᠯᠬᠦ ᠠᠴᠠ ᠵᠠᠶᠢᠯᠠᠰᠬᠢᠬᠦ ᠬᠡᠷᠡᠭᠳᠡᠢ᠃ | ᠦᠪᠦᠷ ᠮᠤᠩᠭᠤᠯ ᠤᠨ ᠪᠠᠶᠢᠳᠠᠯ | ᠦᠪᠦᠷ ᠮᠤᠩᠭᠤᠯ ᠤᠨ ᠲᠦᠪ ᠬᠤᠳᠠ ᠵᠢᠴᠢ ᠬᠦᠳᠡᠭᠡ ᠳᠤᠰᠬᠤᠨ ᠤ ᠬᠠᠷᠰᠢᠮᠠᠳᠠᠭᠠᠢ ᠴᠢᠨᠠᠷᠳᠡᠢ ᠬᠠᠮᠠᠷ ᠤᠨ | ᠦᠷᠪᠢᠰᠤᠯ ᠢᠶᠠᠷ ᠤᠨᠤᠰᠢᠯᠠᠬᠳᠠᠬᠰᠠᠨ ᠡᠪᠡᠳᠴᠢᠳᠡᠨ ᠤ ᠨᠤᠷᠮ᠎ᠠ 17.10% ᠲᠤ ᠪᠠᠶᠢᠵᠤ᠂ ᠡᠬᠦᠨ ᠳᠤ | ᠡᠮᠡᠭᠳᠡᠢ ᠶᠢᠨ ᠡᠪᠡᠳᠴᠢᠨ ᠤᠯᠬᠤ ᠨᠤᠷᠮ᠎ᠠ ᠨᠢ ᠡᠷᠡᠭᠳᠡᠢ ᠬᠦᠮᠦᠨ ᠤ ᠬᠢ ᠠᠴᠠ ᠵᠢᠭᠠᠬᠠᠨ ᠦᠨᠳᠤᠷ᠂ 6 — 15 | ᠨᠠᠰᠤᠨ ᠤ ᠬᠡᠤᠬᠡᠳ ᠤᠨ ᠡᠪᠡᠳᠴᠢᠯᠡᠬᠦ ᠨᠤᠷᠮ ᠠ ᠨᠢ ᠬᠠᠮᠤᠬ ᠦᠨᠳᠤᠷ᠂ ᠬᠤᠳᠠ ᠳᠤ ᠰᠠᠭᠤᠭ᠎ᠠ ᠬᠦᠮᠦᠰ ᠤᠨ | ᠡᠪᠡᠳᠴᠢᠯᠡᠬᠦ ᠨᠤᠷᠮ᠎ᠠ ᠨᠢ ᠬᠦᠳᠡᠭᠡ ᠳᠤᠰᠬᠤᠨ ᠤ ᠬᠢ ᠠᠴᠠ ᠢᠯᠡᠳᠳᠡ ᠦᠨᠳᠤᠷ ᠪᠠᠶᠢᠨ᠎ᠠ᠃ | ᠰᠢᠷᠠᠯᠵᠢ ᠪᠤᠯ ᠦᠪᠦᠷ ᠮᠤᠩᠭᠤᠯ ᠤᠨ ᠬᠠᠮᠤᠬ ᠤᠨ ᠭᠤᠤᠯ ᠪᠤᠯᠬᠤ ᠴᠡᠴᠡᠭ ᠤᠨ ᠳᠤᠭᠤᠰᠤᠨ ᠤ ᠬᠠᠷᠰᠢᠯ ᠢ | ᠡᠬᠦᠰᠭᠡᠭᠴᠢ ᠮᠦᠨ᠃ ᠦᠪᠦᠷ ᠮᠤᠩᠭᠤᠯ ᠤᠨ ᠬᠠᠷᠰᠢᠮᠠᠳᠠᠭᠠᠢ ᠴᠢᠨᠠᠷᠳᠡᠢ ᠬᠠᠮᠠᠷ ᠤᠨ ᠦᠷᠪᠢᠰᠤᠯ ᠤᠨ ᠡᠪᠡᠳᠴᠢᠳᠡᠨ ᠤ | ᠡᠪᠡᠳᠴᠢᠨ ᠤ ᠢᠯᠡᠷᠡᠯ ᠤᠨ ᠤᠷᠬᠢᠯ ᠤᠨ ᠬᠤᠭᠤᠴᠠᠭ᠎ᠠ ᠨᠢ 7 ᠠᠴᠠ 9 ᠰᠠᠷ᠎ᠠ ᠳᠤ ᠲᠦᠪᠯᠡᠷᠡᠵᠤ᠂ ᠡᠬᠦᠨ ᠳᠤ 8 | ᠰᠠᠷ᠎ᠠ ᠳᠤ ᠤᠷᠬᠢᠯ ᠳᠤ ᠪᠠᠨ ᠬᠦᠷᠳᠡᠭ᠃ | |