ᠨᠠᠮᠤᠷ ᠤᠨ ᠤᠯᠠᠷᠢᠯ ᠳᠤ ᠢᠳᠡᠬᠦ ᠵᠤᠬᠢᠰᠳᠠᠢ ᠢᠳᠡᠰᠢᠨ ᠨᠤᠭᠤᠭ᠎ᠠ ᠨᠤᠭᠤᠳ
ᠨᠡᠶᠢᠲᠡᠯᠡᠭᠰᠡᠨ ᠴᠠᠭ᠄
2021/10/11
      ᠨᠠᠮᠤᠷ ᠪᠤᠯᠪᠠᠯ ᠠᠭᠤᠷ ᠠᠮᠢᠰᠬᠤᠯ ᠮᠡᠳᠡᠭᠳᠡᠮ᠎ᠡ ᠰᠡᠷᠢᠬᠦᠭᠡᠨ ᠪᠤᠯᠵᠤ᠂ ᠬᠦᠮᠦᠨ ᠤ ᠪᠡᠶ᠎ᠡ ᠶᠢᠨ ᠰᠢᠨ᠎ᠡ ᠬᠠᠭᠤᠴᠢᠨ ᠤ ᠰᠤᠯᠢᠯᠴᠠᠭ᠎ᠠ ᠤᠳᠠᠭᠠᠰᠢᠷᠠᠵᠤ᠂ ᠠᠮᠠᠷᠬᠠᠨ ᠬᠢᠮᠤᠷᠠᠳᠠᠭ᠃ ᠡᠬᠦᠨ ᠠᠴᠠ ᠭᠠᠳᠠᠨ᠎ᠠ ᠪᠠᠰᠠ ᠨᠢᠭᠤᠷ ᠤᠨ ᠠᠷᠠᠰᠤ ᠬᠠᠭᠤᠷᠠᠶᠢᠰᠢᠬᠤ ᠪᠤᠶᠤ ᠬᠡᠳᠡᠰᠣ ᠡᠪᠡᠳᠴᠦ ᠰᠠᠭᠤᠯᠭᠠᠬᠤ ᠵᠡᠷᠬᠡ ᠦᠵᠡᠭᠳᠡᠯ ᠢᠯᠡᠷᠡᠨ᠎ᠠ᠃ ᠢᠳᠡᠰᠢᠨ ᠨᠤᠭᠤᠭ᠎ᠠ ᠨᠢ ᠬᠦᠮᠦᠨ ᠤ ᠪᠡᠶ᠎ᠡ ᠳᠤ ᠰᠢᠮ᠎ᠡ ᠲᠡᠵᠢᠭᠡᠯ ᠨᠦᠬᠦᠳᠡᠭ ᠮᠦᠷᠳᠡᠬᠡᠨ ᠵᠠᠷᠢᠮ ᠡᠪᠡᠳᠴᠢᠨ ᠢ ᠵᠠᠰᠠᠬᠤ ᠤᠨᠴᠠᠭᠠᠢ ᠦᠢᠯᠡᠳᠦᠯ ᠲᠠᠢ ᠪᠠᠶᠢᠳᠠᠭ᠃      1. ᠬᠢᠮᠤᠷᠠᠬᠤ ᠠᠴᠠ ᠰᠡᠷᠬᠡᠶᠢᠯᠡᠬᠦ᠄ ᠡᠰᠢᠨ ᠰᠢᠯᠦᠬᠡᠢ ᠨᠤᠭᠤᠭ᠎ᠠ ᠪᠠ ᠴᠡᠴᠡᠭᠳᠣ ᠴᠠᠭᠠᠨ ᠨᠤᠭᠤᠭ᠎ᠠ ᠨᠢ ᠬᠢᠮᠤᠷᠠᠬᠤ ᠠᠴᠠ ᠰᠡᠷᠬᠡᠶᠢᠯᠡᠬᠦ ᠮᠦᠷᠳᠡᠬᠡᠨ ᠴᠢᠰᠤᠨ ᠰᠤᠳᠠᠯ ᠢ ᠴᠡᠪᠡᠷᠰᠢᠬᠦᠯᠳᠡᠭ᠃ ᠡᠰᠢᠨ ᠰᠢᠯᠦᠬᠡᠢ ᠨᠤᠭᠤᠭᠠᠨ ᠤ ᠲᠤᠳᠤᠷᠠᠬᠢ ᠢᠤᠳ᠋ ᠤᠨ ᠠᠭᠤᠯᠤᠭᠳᠠᠴᠠ ᠨᠢ ᠦᠨᠳᠦᠷ ᠪᠠᠶᠢᠵᠤ᠂ ᠬᠦᠮᠦᠨ ᠤ ᠪᠡᠶ᠎ᠡ ᠶᠢᠨ ᠦᠨᠳᠦᠰᠦᠨ ᠰᠤᠯᠢᠯᠴᠠᠭ᠎ᠠ ᠪᠡ ᠪᠤᠶᠢᠵᠢᠯᠳᠡ ᠳᠤ ᠠᠰᠢᠭᠳᠠᠢ᠃      2. ᠨᠢᠭᠤᠷ ᠲᠡᠬᠡᠷ᠎ᠡ ᠶᠠᠷ᠎ᠠ ᠭᠠᠷᠬᠤ ᠠᠴᠠ ᠰᠡᠷᠬᠡᠶᠢᠯᠡᠬᠦ᠄ ᠲᠦᠬᠦᠬᠡᠢ ᠨᠤᠭᠤᠭ᠎ᠠ ᠶᠢ ᠢᠯᠡᠬᠦᠦ ᠢᠳᠡᠪᠡᠯ ᠠᠷᠠᠰᠤᠨ ᠳᠤ ᠤᠰᠤ ᠨᠦᠬᠦᠪᠦᠷᠢᠯᠡᠵᠤ᠂ ᠶᠠᠷ᠎ᠠ ᠭᠠᠷᠬᠤ ᠠᠴᠠ ᠰᠡᠷᠬᠡᠶᠢᠯᠡᠵᠤ ᠴᠢᠳᠠᠨ᠎ᠠ᠃ ᠭᠠᠰᠢᠭᠤᠨ ᠬᠡᠮᠬᠡ ᠳᠤ ᠦᠮᠡᠨ ᠠᠴᠠ ᠰᠡᠷᠬᠡᠶᠢᠯᠡᠬᠦ ᠡᠯᠧᠮᠧᠨ᠋ᠲ ᠠᠭᠤᠯᠤᠭᠳᠠᠵᠤ᠂ ᠪᠡᠶ᠎ᠡ ᠳᠠᠬᠢ ᠬᠤᠤᠷᠳᠤ ᠡᠯᠧᠮᠧᠨ᠋ᠲ ᠢ ᠠᠷᠢᠯᠭᠠᠬᠤ ᠣᠶᠢᠯᠡᠳᠦᠯ ᠲᠠᠢ ᠪᠠᠶᠢᠳᠠᠭ᠃     3. ᠰᠢᠩᠭᠡᠭᠡᠯᠳᠡ ᠮᠠᠭᠤᠳᠠᠬᠤ ᠠᠴᠠ ᠰᠡᠷᠬᠡᠶᠢᠯᠡᠬᠦ᠄ ᠭᠤᠭᠤᠳ ᠲᠤ ᠬᠤᠯᠤᠤᠪᠠᠩ ᠤᠨ ᠡᠳ᠋᠂ ᠤᠭᠤᠷᠠᠭ᠂ ᠬᠦᠬᠦᠷᠳᠤ ᠨᠢᠬᠡᠳᠪᠤᠷᠢ ᠡᠯᠪᠡᠭ ᠠᠭᠤᠯᠤᠭᠳᠠᠵᠤ᠂ ᠢᠳᠡᠬᠦ ᠲᠤᠷᠠᠰᠢᠯ ᠢ ᠨᠡᠮᠡᠭᠳᠡᠬᠦᠯᠳᠡᠭ᠃ ᠦᠨᠦᠷᠳᠤ ᠨᠤᠭᠤᠭ᠎ᠠ ᠢᠳᠡᠬᠦ ᠲᠤᠷᠠᠰᠢᠯ ᠢ ᠰᠠᠶᠢᠵᠢᠷᠠᠭᠤᠯᠵᠤ᠂ ᠰᠢᠩᠭᠡᠭᠡᠯᠳᠡ ᠶᠢ ᠠᠬᠢᠭᠤᠯᠬᠤ ᠵᠡᠷᠬᠡ ᠤᠶᠢᠯᠡᠳᠦᠯ ᠲᠠᠢ᠃ ᠵᠤᠬᠢᠬᠤ ᠬᠡᠮᠵᠢᠶᠡᠨ ᠤ ᠦᠨᠦᠷᠳᠣ ᠨᠤᠭᠤᠭ᠎ᠠ ᠢᠳᠡᠬᠦ ᠨᠢ ᠬᠤᠳᠤᠭᠤᠳᠤ ᠡᠪᠡᠳᠬᠦ ᠶᠢ ᠨᠠᠮᠳᠠᠭᠠᠬᠤ ᠦᠢᠯᠡᠳᠦᠯ ᠲᠠᠢ᠃     4. ᠬᠠᠯᠠᠭᠤᠳᠠᠬᠤ ᠠᠴᠠ ᠰᠡᠷᠬᠡᠶᠢᠯᠡᠬᠦ᠄ ᠦᠷᠬᠡᠰᠦᠳᠣ ᠨᠤᠭᠤᠭ᠎ᠠ ᠢᠳᠡᠪᠡᠯ ᠵᠠᠪᠠᠵᠢ ᠶᠢᠨ ᠰᠢᠷᠬᠠᠯᠠᠭ᠎ᠠ᠂ ᠤᠷᠤᠭᠤᠯ ᠤᠨ ᠦᠷᠪᠢᠰᠦᠯ᠂ ᠬᠡᠯᠡᠨ ᠤ ᠦᠷᠪᠢᠰᠦᠯ ᠵᠡᠷᠬᠡ ᠶᠢ ᠰᠡᠷᠬᠡᠶᠢᠯᠡᠳᠡᠭ᠃ ᠲᠦᠪᠡᠳ ᠬᠠᠰᠢ ᠨᠢ ᠬᠠᠯᠠᠭᠤᠨ ᠢ ᠲᠠᠭᠤᠵᠤ ᠬᠤᠤᠷ ᠲᠠᠶᠢᠯᠬᠤ᠂ ᠤᠷᠤᠭᠤᠯ ᠠᠮᠠ ᠬᠠᠳᠠᠬᠤ᠂ ᠢᠳᠡᠬᠡᠨ ᠤ ᠲᠤᠷᠠᠰᠢᠯ ᠮᠠᠭᠤᠳᠠᠬᠤ᠂ ᠠᠮᠠ ᠭᠠᠰᠢᠭᠤᠷᠠᠬᠤ ᠵᠡᠷᠬᠡ ᠡᠪᠡᠳᠴᠢᠨ ᠢ ᠡᠳᠡᠬᠡᠬᠦ ᠤᠶᠢᠯᠡᠳᠦᠯ ᠲᠠᠢ᠃     5. ᠰᠡᠷᠢᠬᠦᠨ ᠢ ᠲᠠᠭᠤᠬᠤ᠄ ᠨᠠᠮᠤᠷ ᠤᠨ ᠲᠤᠮᠳᠠᠴᠢ ᠪᠠᠷ ᠰᠡᠷᠢᠬᠦᠨ ᠢ ᠲᠠᠭᠤᠬᠤ ᠴᠠᠭᠠᠨ ᠦᠩᠭᠡᠳᠣ ᠢᠳᠡᠰᠢᠨ ᠨᠤᠭᠤᠭ᠎ᠠ ᠢᠳᠡᠪᠡᠯ ᠵᠤᠬᠢᠨ᠎ᠠ᠃ ᠨᠠᠮᠤᠷ ᠤᠨ ᠤᠯᠠᠷᠢᠯ ᠳᠤ ᠬᠦᠮᠦᠨ ᠡᠷᠬᠡᠪᠰᠢ ᠲᠡᠯᠢᠬᠦᠦ ᠬᠤᠳᠤᠭᠤᠳᠤ ᠪᠠᠨ ᠰᠠᠶᠢᠳᠤᠷ ᠬᠠᠮᠠᠭᠠᠯᠠᠵᠤ ᠡᠪᠤᠯ ᠤᠨ ᠤᠯᠠᠷᠢᠯ ᠳᠤ ᠪᠡᠯᠡᠳᠬᠡᠯ ᠬᠢᠬᠦ ᠬᠡᠷᠡᠭᠳᠡᠢ ᠪᠠᠶᠢᠳᠠᠭ᠃     6. ᠦᠳᠡᠯᠬᠦ ᠠᠴᠠ ᠰᠡᠷᠬᠡᠶᠢᠯᠡᠬᠦ᠄ ᠨᠠᠮᠤᠷ ᠤᠨ ᠤᠯᠠᠷᠢᠯ ᠳᠤ ᠰᠢᠬᠢᠷ ᠯᠤᠤᠪᠠᠩ ᠠᠴᠠ ᠰᠠᠶᠢᠨ ᠢᠳᠡᠭᠡᠨ ᠪᠠᠶᠢᠳᠠᠭ ᠦᠬᠡᠢ᠃ ᠰᠢᠬᠢᠷ ᠯᠤᠤᠪᠠᠩ ᠤᠨ ᠲᠤᠳᠤᠷᠠᠬᠢ ᠰᠢᠬᠢᠷ ᠯᠤᠤᠪᠠᠩ ᠤᠨ ᠱᠦᠯᠳᠦ ᠨᠢ ᠵᠢᠷᠦᠭᠡ ᠪᠡ ᠡᠯᠢᠭᠡᠨ ᠡᠪᠡᠳᠴᠢᠨ ᠤ ᠲᠦᠭᠰᠢᠬᠦᠷᠢ ᠶᠢ ᠪᠠᠭᠤᠷᠠᠭᠤᠯᠬᠤ ᠦᠢᠯᠡᠳᠦᠯ ᠲᠠᠢ︔ ᠰᠢᠬᠢᠷ ᠯᠤᠤᠪᠠᠩ ᠪᠠᠰᠠ ᠠᠽᠤᠲ ᠬᠦᠴᠢᠯ ᠤᠨ ᠲᠠᠪᠤᠰᠦ ᠬᠠᠨᠭ᠍ᠭᠠᠳᠠᠭ ᠠᠴᠠ ᠬᠦᠮᠦᠨ ᠤ ᠪᠡᠶ᠎ᠡ ᠶᠢᠨ ᠶᠡᠭᠡ ᠲᠠᠷᠢᠬᠢᠨ ᠤ ᠴᠢᠰᠤᠨ ᠤ ᠡᠷᠬᠢᠯᠳᠡ ᠶᠢ ᠨᠡᠮᠡᠭᠳᠡᠬᠦᠯᠵᠤ᠂ ᠮᠡᠨᠡᠭ ᠡᠪᠡᠳᠴᠢᠨ ᠡᠬᠦᠰᠬᠦ ᠶᠢ ᠤᠳᠠᠭᠠᠰᠢᠷᠠᠭᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号