ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠭᠡᠳᠡᠭ ᠨᠢ ᠨᠠᠰᠤ ᠠᠭᠢᠭᠰᠠᠨ᠂ ᠡᠪᠡᠳᠴᠢᠨ ᠡᠮᠭᠡᠭ | ᠪᠤᠶᠤ ᠵᠡᠮᠳᠡᠭ ᠠᠴᠠ ᠪᠣᠯᠵᠣ ᠡᠳᠦᠷ ᠲᠤᠲᠤᠮ ᠤᠨ ᠠᠮᠢᠳᠤᠷᠠᠯ ᠢᠶᠠᠨ ᠥᠪᠡᠰᠦᠪᠡᠨ ᠠᠷᠭᠠᠴᠠᠬᠤ ᠴᠢᠳᠠᠪᠤᠷᠢ ᠪᠠᠨ | ᠠᠯᠳᠠᠭᠰᠠᠨ᠂ ᠣᠷᠳᠣ ᠬᠤᠭᠤᠴᠠᠭ᠎ᠠ ᠪᠠᠷ ᠬᠠᠷᠠᠭᠠᠯᠵᠠᠬᠤ ᠴᠢᠬᠤᠯᠠᠲᠠᠶ ᠬᠥᠮᠦᠨ ᠤ ᠰᠤᠪᠢᠯᠠᠯᠲᠠ ᠶᠢᠨ ᠵᠠᠷᠤᠳᠠᠯ ᠪᠤᠶᠤ | ᠰᠤᠪᠢᠯᠠᠯᠲᠠ ᠶᠢᠨ ᠦᠶ᠋ᠯᠡᠴᠢᠯᠡᠭᠡ ᠬᠠᠩᠭᠠᠭᠰᠠᠨ ᠳᠠᠭᠠᠳᠬᠠᠯ ᠢ ᠵᠢᠭᠠᠨ᠎ᠠ᠂ ᠡᠭᠦᠨ ᠢ ︽ᠨᠡᠶᠢᠭᠡᠮ ᠤᠨ ᠳᠠᠭᠠᠳᠬᠠᠯ ᠤᠨ | ᠵᠢᠷᠭᠤᠳᠤᠭᠠᠷ ᠳᠠᠭᠠᠳᠬᠠᠯ ᠭᠡᠳᠡᠭ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠠᠷᠠᠭᠠᠯᠵᠠᠯ ᠢ | ᠭᠥᠷᠳᠡᠭᠰᠡᠨ ᠤ ᠳᠠᠷᠠᠭ᠎ᠠ᠂ ᠰᠤᠪᠢᠯᠠᠯᠲᠠ ᠶᠢᠨ ᠪᠠᠶᠢᠭᠤᠯᠤᠮᠵᠢ ᠰᠠᠷ᠎ᠠ ᠪᠦᠷᠢ 12 ᠴᠠᠭ ᠬᠡᠷ ᠲᠤᠨᠢ ᠬᠦᠷᠴᠦ | ᠦᠶ᠋ᠯᠡᠴᠢᠯᠡᠨᠡ᠂ ᠬᠡᠷ ᠤᠨ ᠬᠥᠮᠦᠰ ᠨᠢ ᠥᠪᠡᠷ ᠤᠨ ᠪᠠᠶᠢᠳᠠᠯ ᠢᠶᠠᠨ ᠦᠨᠳᠦᠰᠦᠯᠡᠨ ᠤᠳᠠᠭ᠎ᠠ ᠪᠦᠷᠢ ᠬᠡᠷ ᠲᠤᠨᠢ | ᠣᠴᠢᠬᠤ ᠴᠠᠭ ᠤᠨ ᠣᠷᠳᠣ ᠶᠢ ᠵᠥᠪᠳᠡᠯᠴᠡᠵᠦ ᠪᠠᠶᠢᠭᠠᠳ ᠨᠠᠰᠤᠲᠠᠨ ᠢᠶᠠᠨ ᠠᠷᠢᠭᠤᠨ ᠴᠡᠪᠡᠷ ᠢᠶᠠᠷ ᠬᠠᠷᠠᠭᠠᠯᠵᠠᠬᠤ᠂ | ᠡᠷᠡᠭᠦᠯᠵᠢᠭᠦᠯᠬᠦ ᠰᠤᠪᠢᠯᠠᠯᠲᠠ ᠬᠢᠬᠦ ᠵᠡᠷᠭᠡ 32 ᠵᠦᠶ᠋ᠯ ᠤᠨ ᠰᠤᠪᠢᠯᠠᠯᠲᠠ ᠬᠢᠵᠦ ᠪᠣᠯᠤᠨ᠎ᠠ᠃ ᠨᠠᠰᠤᠲᠠᠨ ᠢ | ᠬᠠᠷᠠᠭᠠᠯᠵᠠᠬᠤ ᠳᠤ ᠬᠠᠮᠤᠭ ᠤᠨ ᠬᠦᠴᠢᠷᠲᠡᠶ ᠪᠥᠭᠡᠳ ᠬᠠᠮᠤᠭ ᠤᠨ ᠮᠡᠷᠭᠡᠵᠢᠯ ᠲᠠᠢ ᠬᠡᠰᠡᠭ ᠢ ᠨᠢ ᠦᠨᠳᠦᠰᠦᠨ ᠳᠡᠭᠡᠨ | ᠪᠦᠷ ᠠᠰᠠᠷᠠᠭᠴᠢ ᠳᠤ ᠲᠤᠰᠢᠶᠠᠵᠤ᠂ ᠭᠡᠷ ᠪᠦᠯᠢ ᠶᠢᠨ ᠬᠢᠨᠢ ᠬᠠᠷᠠᠭᠠᠯᠵᠠᠬᠤ ᠳᠠᠷᠤᠭᠠᠰᠤ ᠶᠢ ᠲᠦᠢᠯ ᠤᠨ ᠶᠡᠭᠡ ᠪᠠᠷ | ᠬᠥᠩᠭᠡᠷᠡᠭᠦᠯᠪᠡ ᠭᠡᠵᠦ ᠬᠡᠯᠡᠵᠦ ᠪᠣᠯᠤᠨ᠎ᠠ᠃ ᠡᠭᠦᠨ ᠠᠴᠠ ᠭᠠᠳᠠᠨ᠎ᠠ᠂ ᠰᠠᠷ᠎ᠠ ᠪᠦᠷᠢ ᠪᠠᠰᠠ 1000 ᠭᠠᠷᠤᠢ | ᠲᠥᠭᠦᠷᠢᠭ ᠤᠨ ᠭᠡᠷ ᠪᠦᠯᠢ ᠶᠢᠨ ᠰᠤᠪᠢᠯᠠᠯᠲᠠ ᠶᠢᠨ ᠨᠥᠬᠦᠪᠥᠷᠢ ᠣᠯᠵᠤ᠂ ᠴᠢᠳᠠᠯ ᠲᠡᠩᠬᠡᠭᠡ ᠪᠠᠨ ᠠᠯᠳᠠᠭᠰᠠᠳ ᠤᠨ | ᠭᠡᠷ ᠪᠦᠯᠢ ᠶᠢᠨ ᠬᠢᠨ ᠤ ᠠᠵᠤ ᠠᠬᠤᠢ ᠶᠢᠨ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ᠃ ᠲᠠ ᠲᠤᠬᠠᠶ ᠶᠢᠨ | ᠭᠠᠵᠠᠷ ᠤᠨ ᠡᠮᠨᠡᠯᠭᠡ ᠶᠢᠨ ᠳᠠᠭᠠᠳᠬᠠᠯ ᠳᠤ ᠣᠷᠣᠪᠠᠯ᠂ ᠰᠤᠷᠤᠭᠴᠢ᠂ ᠬᠡᠦᠬᠡᠳ ᠠᠴᠠ ᠭᠠᠳᠠᠨ᠎ᠠ ᠪᠦᠷ ᠤᠷᠳᠤ | ᠬᠤᠭᠤᠴᠠᠭᠠᠨ ᠤ ᠬᠠᠮᠠᠭᠠᠯᠠᠬᠤ ᠳᠠᠭᠠᠳᠬᠠᠯ ᠭᠤᠶᠤᠴᠢᠯᠠᠵᠤ ᠪᠣᠯᠤᠨ᠎ᠠ᠃ ᠳᠠᠭᠠᠳᠬᠠᠯ ᠳᠤ ᠣᠷᠣᠯᠴᠠᠬᠤ ᠵᠠᠷᠤᠳᠠᠯ ᠨᠢ | ᠵᠢᠯ ᠪᠦᠷᠢ 90 ᠲᠥᠭᠦᠷᠢᠭ᠃ |