ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/5
     ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠪᠠ ᠵᠠᠰᠠᠭ ᠤᠨ ᠣᠷᠳᠣᠨ ᠤ ᠪᠡᠯᠡ ᠮᠥᠩᠭᠦ ᠶᠢ ᠰᠠᠶᠢᠲᠤᠷ ᠬᠡᠷᠡᠭᠯᠡᠬᠦ ᠶᠢᠨ ᠲᠣᠭᠤᠷᠢᠨ ᠳᠤ ᠠᠵᠢᠯ ᠢᠶᠠᠨ ᠪᠣᠳᠠᠲᠠᠢ ᠪᠠᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃

    ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ

ᠣᠳᠣᠬᠢᠴᠢᠯᠠᠯᠲᠠ ᠶᠢ ᠠᠬᠢᠭᠤᠯᠬᠤ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠬᠥᠳᠡᠭᠡ ᠲᠣᠰᠬᠤᠨ ᠢ

ᠬᠥᠭᠵᠢᠭᠦᠯᠦᠨ ᠮᠠᠨᠳᠤᠭᠤᠯᠬᠤ ᠪᠠ ᠲᠠᠷᠢᠶᠠᠴᠢᠳ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠠᠬᠢᠭᠤᠯᠬᠤ

ᠬᠡᠷᠡᠭᠲᠡᠢ ᠭᠡᠵᠡᠢ᠃

    ᠰᠢᠨᠬᠤᠸᠠ ᠬᠤᠷᠢᠶᠠᠨ ᠤ ᠪᠡᠭᠡᠵᠢᠩ ᠤᠨ 11 ᠳ᠋ᠦ᠋ᠭᠡᠷ ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ

ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 11 ᠳ᠋ᠦ᠋ᠭᠡᠷ ᠰᠠᠷ᠎ᠠ ᠶᠢᠨ 2 ᠤᠨ

ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ

ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ ᠶᠢᠨ ᠪᠠᠶᠢᠳᠠᠯ ᠤᠨ

ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ᠂ ᠤᠯᠠᠨ

ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠪᠠ ᠵᠠᠰᠠᠭ ᠤᠨ ᠣᠷᠳᠣᠨ ᠤ ᠪᠡᠯᠡ ᠮᠥᠩᠭᠦ ᠶᠢ ᠰᠠᠶᠢᠲᠤᠷ ᠬᠡᠷᠡᠭᠯᠡᠬᠦ ᠶᠢᠨ

ᠲᠣᠭᠤᠷᠢᠨ ᠳᠤ ᠠᠵᠢᠯ ᠢᠶᠠᠨ ᠪᠣᠳᠠᠲᠠᠢ ᠳᠤ ᠠᠳᠬᠤᠬᠤ ᠬᠡᠷᠡᠭᠲᠡᠢ ᠭᠡᠵᠦ ᠱᠠᠭᠠᠷᠳᠠᠪᠠ︔ ︽ᠠᠷᠪᠠᠨ ᠳᠥᠷᠪᠡᠳᠦᠭᠡᠷ

ᠲᠠᠪᠤᠨ ᠵᠢᠯ︾ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ

ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ

ᠲᠠᠷᠢᠶᠠᠴᠢᠳ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠡᠢ᠃

    ᠬᠤᠷᠠᠯ ᠠᠴᠠ ᠵᠢᠭᠠᠬᠤ ᠳᠤ ᠪᠠᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠵᠠᠰᠠᠭ ᠤᠨ

ᠣᠷᠳᠣᠨ ᠤ ᠠᠵᠢᠯ ᠤᠨ ᠢᠯᠡᠳᠬᠡᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ

ᠲᠣᠭᠤᠷᠢᠨ ᠳᠤ᠂ ᠤᠢᠢᠷ᠎ᠠ ᠶᠢᠨ ᠬᠤᠭᠤᠴᠠᠭᠠᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠪᠦᠬᠦ ᠤᠯᠤᠰ ᠤᠨ 16

ᠮᠤᠵᠢ ︵ᠣᠷᠣᠨ᠂ ᠬᠤᠳᠠ︶ ᠳᠤ ᠲᠤᠬᠠᠢ ᠶᠢᠨ ᠭᠠᠵᠠᠷ ᠤᠨ ᠰᠢᠮᠳᠠᠭᠤᠯᠤᠨ ᠪᠠᠶᠢᠴᠠᠭᠠᠯᠲᠠ ᠥᠷᠨᠢᠭᠦᠯᠵᠡᠢ᠃

ᠰᠢᠮᠳᠠᠭᠤᠯᠤᠨ ᠪᠠᠶᠢᠴᠠᠭᠠᠬᠤ ᠠᠵᠢᠯ ᠨᠢ ᠠᠷᠭ᠎ᠠ ᠮᠠᠶ᠋ᠢᠭ ᠲᠤ ᠪᠠᠨ ᠰᠢᠨ᠎ᠡ ᠶᠢ ᠡᠭᠦᠳᠦᠨ ᠦᠨᠳᠦᠰᠦᠨ ᠱᠠᠲᠤᠨ ᠳᠤ

ᠰᠢᠭᠤᠳ ᠬᠦᠷᠴᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠬᠤ ᠶᠢ

ᠴᠢᠬᠤᠯᠠᠴᠢᠯᠠᠭᠰᠠᠨ ᠪᠠᠷ ᠪᠠᠷᠠᠬᠤ ᠥᠬᠡᠶ ᠣᠷᠣᠨ ᠨᠤᠲᠤᠭ᠂ ᠠᠵᠤ ᠠᠬᠤᠶᠢᠯᠠᠯ ᠤᠨ ᠠᠰᠠᠭᠤᠳᠠᠯ ᠢ ᠬᠠᠪᠰᠤᠷᠤᠨ

ᠰᠢᠢᠳᠪᠦᠷᠢᠯᠡᠬᠦ ᠶᠢ ᠴᠢᠬᠤᠯᠠᠴᠢᠯᠠᠪᠠ᠃ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠡᠨᠡ ᠵᠢᠯ ᠠᠴᠠ

ᠨᠠᠭᠠᠰᠢ ᠡᠯ᠎ᠡ ᠭᠠᠵᠠᠷ ᠤᠨ ᠬᠢᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ

ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠡᠯ᠎ᠡ ᠵᠦᠢᠯ ᠤᠨ ᠠᠵᠢᠯ ᠳᠤ ᠪᠠᠨ ᠢᠳᠡᠪᠬᠢᠲᠡᠶ

ᠦᠷ᠎ᠡ ᠪᠦᠲᠦᠮᠵᠢ ᠣᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠡᠯ᠎ᠡ ᠭᠠᠵᠠᠷ ᠡᠯ᠎ᠡ ᠰᠠᠯᠠᠭ᠎ᠠ

ᠮᠥᠴᠢᠷ ᠤᠳ ᠨᠢᠭᠡᠨᠲᠡ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠰᠢᠮᠳᠠᠭᠤᠯᠤᠨ

ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠬᠠᠤᠯᠢ

ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ

ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠢᠯ ᠤᠨ ᠴᠢᠭᠯᠡᠭᠦᠯᠤᠯᠳᠤ ᠴᠢᠨᠠᠷ᠂ ᠪᠦᠳᠤᠮᠵᠢᠳᠤ ᠴᠢᠨᠠᠷ ᠢ ᠤᠯᠠᠮ ᠨᠢᠭᠡ

ᠠᠯᠬᠤᠮ ᠴᠢᠩᠭᠠᠳᠬᠠᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ

ᠪᠠᠲᠤᠯᠠᠬᠤ ᠬᠡᠷᠡᠭᠲᠡᠢ᠃ ᠨᠢᠭᠡ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠦᠨᠡᠨ ᠬᠦ ᠬᠠᠪᠰᠤᠷᠴᠤ

ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠶ᠃ ᠵᠠᠷᠢᠮ ᠭᠠᠵᠠᠷ ᠣᠷᠣᠨ ᠤ ᠭᠠᠶᠢᠯᠢ ᠶᠢ ᠬᠥᠩᠭᠡᠯᠡᠵᠦ

ᠰᠦᠢᠳᠬᠡᠯ ᠢ ᠪᠠᠭᠤᠷᠠᠭᠤᠯᠬᠤ ᠬᠦᠴᠦᠯᠡᠴᠡ ᠴᠢᠩᠭ᠎ᠠ ᠪᠤᠰᠤ ᠠᠴᠠ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ

ᠥᠰᠴᠦ ᠥᠪᠡᠷ ᠤᠨ ᠦᠷᠳᠡᠭ ᠨᠢ ᠨᠡᠮᠡᠭᠳᠡᠭᠰᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠠᠩᠰᠠᠨ ᠤ

ᠵᠣᠭᠤᠰ ᠥᠷᠢᠲᠦᠭᠰᠡᠨ ᠵᠡᠷᠭᠡ ᠠᠰᠠᠭᠤᠳᠠᠯ ᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠶᠢ ᠠᠬᠢᠭᠤᠯᠬᠤ

ᠬᠡᠷᠡᠭᠲᠡᠶ᠃ ᠠᠵᠤ ᠠᠬᠤᠶ ᠶᠢᠨ ᠪᠠᠭᠤᠷᠠᠯᠲᠠ ᠶᠢᠨ ᠰᠢᠨ᠎ᠡ ᠳᠠᠷᠤᠯᠲᠠ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ

ᠰᠢᠨ᠎ᠡ ᠬᠦᠴᠢᠷᠳᠡᠯ ᠤᠨ ᠡᠮᠦᠨ᠎ᠡ᠂ ᠤᠷᠢᠳᠴᠢᠯᠠᠭᠰᠠᠨ ᠲᠣᠬᠢᠷᠠᠭᠤᠯᠤᠯᠲᠠ ᠪᠠ ᠪᠢᠴᠢᠯ ᠲᠣᠬᠢᠷᠠᠭᠤᠯᠤᠯᠲᠠ ᠶᠢ

ᠪᠦᠲᠦᠮᠵᠢᠲᠡᠶ ᠪᠠᠷ ᠬᠡᠷᠡᠭᠵᠢᠭᠦᠯᠬᠦ ᠬᠡᠷᠡᠭᠲᠡᠢ᠃ ᠬᠤᠶᠠᠷ ᠲᠤ᠂ ᠠᠷᠠᠳ ᠤᠨ ᠠᠮᠢᠳᠤᠷᠠᠯ ᠤᠨ ᠬᠦᠴᠢᠷᠳᠡᠯ ᠲᠦᠪᠡᠭᠳᠡᠯ ᠢ

ᠴᠢᠷᠮᠠᠶᠢᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠢ ᠦᠨᠡᠨ ᠬᠦ ᠪᠣᠳᠣᠯᠬᠢᠯᠠᠵᠤ᠂

ᠰᠢᠮᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠵᠠᠷᠢᠮ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ

ᠬᠥᠮᠦᠵᠢᠯ ᠤᠨ ᠪᠠᠭᠰᠢ ᠶᠢᠨ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ᠂ ᠡᠮᠴᠢᠯᠡᠭᠡ᠂ ᠬᠠᠭᠤᠴᠢᠨ

ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠲᠠᠯ᠎ᠠ ᠶᠢᠨ ᠠᠷᠠᠳ ᠤᠨ

ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠢ ᠪᠠᠷ ᠰᠠᠶᠢᠲᠤᠷ ᠬᠢᠵᠦ ᠴᠢᠳᠠᠭ᠎ᠠ ᠦᠭᠡᠢ ᠠᠰᠠᠭᠤᠳᠠᠯ ᠢ ᠰᠠᠶᠢᠲᠤᠷ

ᠰᠢᠢᠳᠪᠦᠷᠢᠯᠡᠬᠦ ᠬᠡᠷᠡᠭᠲᠡᠢ᠃ ᠣᠯᠠᠨ ᠲᠦᠮᠡᠨ ᠤ ᠠᠩᠬᠠᠷᠤᠯ ᠳᠤ ᠬᠠᠷᠢᠭᠤ ᠲᠤᠰᠬᠠᠯ ᠭᠠᠷᠭᠠᠵᠤ᠂ ᠬᠤᠲᠠ ᠶᠢᠨ

ᠳᠠᠷᠤᠭ᠎ᠠ ᠶᠢᠨ ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠨ᠂ ᠮᠢᠬ᠎ᠠ ᠥᠨᠳᠡᠭᠡ

ᠨᠣᠭᠤᠭ᠎ᠠ ᠪᠠ ᠪᠤᠰᠤᠳ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠵᠤ ᠦᠨ᠎ᠡ

ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ

ᠪᠠᠶᠢᠭᠠᠳ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠵᠤ᠂ ᠠᠵᠤ ᠠᠬᠤᠶ ᠶᠢᠨ ᠲᠣᠭᠲᠠᠭᠤᠨ

ᠠᠵᠢᠯᠯᠠᠭᠠᠨ ᠪᠠ ᠠᠵᠢᠯ ᠣᠯᠭᠤᠯᠲᠠ ᠶᠢᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ᠃ ᠭᠤᠷᠪᠠ ᠳᠤ᠂

ᠵᠠᠰᠠᠭ ᠤᠨ ᠣᠷᠳᠣᠨ ᠤ ᠤᠯᠠᠨ ᠨᠡᠶᠢᠲᠡ ᠶᠢᠨ ᠵᠠᠷᠤᠯᠭ᠎ᠠ ᠶᠢ ᠵᠢᠷᠤᠮᠵᠢᠭᠤᠨ ᠪᠦᠲᠦᠮᠵᠢᠲᠡᠶ ᠪᠠᠷ ᠰᠠᠶᠢᠲᠤᠷ ᠬᠡᠷᠡᠭᠯᠡᠬᠦ

ᠬᠡᠷᠡᠭᠲᠡᠶ᠃ ︽ᠥᠩᠭᠡᠨ ᠲᠠᠯ᠎ᠠ︾ ᠶᠢᠨ ᠢᠨᠵᠧᠨᠧᠷᠢᠩ ᠢ ᠡᠷᠡᠰ ᠲᠠᠰᠤ ᠵᠣᠭᠰᠣᠭᠠᠵᠤ᠂ ︽ᠦᠨᠡᠨ ᠪᠣᠳᠠᠲᠠᠢ︾

ᠪᠥᠲᠥᠭᠡᠨ ᠪᠠᠶᠢᠭᠤᠯᠤᠯᠲᠠ ᠶᠢ ᠴᠢᠬᠤᠯᠠᠴᠢᠯᠠᠵᠤ᠂ ᠡᠳ᠋ ᠤᠨ ᠵᠠᠰᠠᠭ ᠤᠨ ᠬᠤᠪᠣᠷ ᠨᠠᠨᠳᠢᠨ ᠪᠠᠯᠠ ᠮᠥᠩᠭᠦ ᠶᠢ ᠵᠠᠬ᠎ᠠ

ᠳᠡᠯᠭᠡᠭᠦᠷ ᠤᠨ ᠭᠤᠤᠯ ᠴᠣᠭᠴᠠ ᠶᠢ ᠳᠡᠮᠵᠢᠬᠦ ᠪᠠ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠳᠤ ᠬᠡᠷᠡᠭᠯᠡᠬᠦ

ᠬᠡᠷᠡᠭᠲᠡᠢ ᠭᠡᠵᠡᠢ᠃ ᠬᠤᠷᠠᠯ ᠠᠴᠠ ᠱᠠᠭᠠᠷᠳᠠᠭᠰᠠᠨ ᠨᠢ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ

ᠴᠡᠭᠡᠷᠯᠡᠵᠦ᠂ ᠥᠯᠥ ᠦᠢᠯᠡᠳᠬᠦᠢ᠂ ᠳᠤᠷ᠎ᠠ ᠪᠠᠷ ᠦᠢᠯᠡᠳᠬᠦᠢ᠂ ︽ᠦᠬᠡᠨᠴᠡ ᠵᠠᠰᠠᠭ︾᠂ ︽ᠬᠤᠶᠢᠷᠭᠤ ᠵᠠᠰᠠᠭ︾

ᠵᠡᠷᠭᠡ ᠠᠵᠢᠯᠯᠠᠭ᠎ᠠ ᠶᠢ ᠡᠷᠡᠰ ᠡᠰᠡᠷᠭᠦᠴᠡᠬᠦ ᠬᠡᠷᠡᠭᠲᠡᠢ᠃ ᠣᠷᠣᠨ ᠨᠤᠲᠤᠭ ᠤᠨ ᠬᠡᠷᠡᠭᠵᠢᠭᠦᠯᠦᠭᠰᠡᠨ ᠦᠷ᠎ᠡ

ᠪᠦᠲᠦᠮᠵᠢ ᠪᠠᠷ ᠶᠡᠭᠡ᠂ ᠠᠵᠤ ᠠᠬᠤᠶᠢᠯᠠᠯ ᠪᠠ ᠤᠯᠠᠨ ᠲᠦᠮᠡᠨ ᠤ ᠬᠦᠷᠢᠶᠡᠯᠡᠯ ᠢ ᠣᠯᠤᠭᠰᠠᠨ ᠠᠷᠭ᠎ᠠ ᠬᠡᠮᠵᠢᠶ᠎ᠡ ᠶᠢ

ᠳᠡᠯᠭᠡᠷᠡᠭᠦᠯᠵᠦ᠂ ᠣᠷᠣᠨ ᠨᠤᠲᠤᠭ ᠤᠨ ᠲᠤᠰᠬᠠᠭᠰᠠᠨ ᠬᠠᠪᠰᠤᠷᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠤᠳᠤᠯᠵᠤ ᠪᠠᠶᠢᠭᠠᠳ ᠠᠷᠭ᠎ᠠ ᠬᠡᠮᠵᠢᠶ᠎ᠡ ᠠᠪᠬᠤ ᠬᠡᠷᠡᠭᠲᠡᠶ᠃

    ᠬᠤᠷᠠᠯ ᠠᠴᠠ ᠵᠢᠭᠠᠬᠤ ᠳᠤ ᠪᠠᠨ᠂ ︽ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠨ︾ ᠤ ᠠᠵᠢᠯ ᠪᠣᠯ

ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ

ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠵᠦᠢᠯ ᠮᠥᠨ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ

ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠯᠤᠰ ᠤᠨ ᠪᠠᠶᠢᠳᠠᠯ ᠪᠠ ᠲᠠᠷᠢᠶᠠᠯᠠᠩ ᠤᠨ ᠪᠠᠶᠢᠳᠠᠯ ᠳᠤ ᠰᠠᠭᠤᠷᠢᠯᠠᠨ᠂

ᠵᠢᠮ᠎ᠡ ᠶᠣᠰᠣ ᠶᠢ ᠵᠢᠷᠤᠮᠯᠠᠨ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠠᠷᠢᠶᠠᠯᠠᠩ ᠪᠠ ᠬᠥᠳᠡᠭᠡ

ᠲᠣᠰᠬᠤᠨ ᠤ ᠣᠳᠣᠬᠢᠴᠢᠯᠠᠯᠲᠠ ᠶᠢ ᠠᠬᠢᠭᠤᠯᠵᠤ᠂ ᠲᠠᠷᠢᠶᠠᠯᠠᠩ ᠤᠨ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠨ

ᠪᠠᠲᠤᠯᠠᠬᠤ ᠴᠢᠳᠠᠪᠤᠷᠢ ᠶᠢ ᠨᠡᠮᠡᠭᠳᠡᠭᠦᠯᠵᠦ᠂ ᠲᠠᠷᠢᠶᠠᠴᠢᠳ ᠤᠨ ᠠᠮᠢᠳᠤᠷᠠᠯ ᠤᠨ ᠬᠢᠷᠢ ᠲᠦᠪᠰᠢᠨ ᠢ ᠦᠷᠭᠦᠯᠵᠢᠯᠡᠨ

ᠳᠡᠭᠡᠭᠰᠢᠯᠡᠭᠦᠯᠦᠨ᠎ᠡ᠃ ᠨᠢᠭᠡ ᠳᠤ᠂ ᠲᠠᠷᠢᠶᠠᠯᠠᠩ ᠤᠨ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠎ᠠ᠃ ᠲᠠᠷᠢᠶᠠᠨ

ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭ᠎ᠠ ᠲᠠᠷᠢᠬᠤ

ᠲᠠᠯᠠᠪᠠᠢ ᠶᠢ ᠲᠣᠭᠲᠠᠪᠤᠷᠢᠵᠢᠭᠤᠯᠤᠨ᠂ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ

ᠳᠡᠭᠡᠭᠰᠢ ᠪᠠᠶᠢᠯᠭᠠᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ

ᠪᠠᠲᠤᠯᠠᠵᠤ᠂ ᠨᠥᠭᠡᠴᠡᠯᠡᠬᠦ ᠪᠠ ᠵᠠᠬ᠎ᠠ ᠳᠡᠯᠭᠡᠭᠦᠷ ᠤᠨ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃

ᠬᠤᠶᠠᠷ ᠲᠤ᠂ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠰᠢᠨᠵᠢᠯᠡᠬᠦ

ᠤᠬᠠᠭᠠᠨ ᠮᠡᠷᠭᠡᠵᠢᠯ ᠤᠨ ᠰᠠᠭᠤᠷᠢ ᠰᠤᠳᠤᠯᠭᠠᠨ ᠢ ᠳᠡᠮᠵᠢᠨ᠎ᠡ᠃ ᠦᠷ᠎ᠡ ᠶᠢᠨ ᠦᠢᠯᠡᠰ᠂ ᠲᠠᠷᠢᠶᠠᠯᠠᠩ ᠤᠨ ᠮᠠᠰᠢᠨ

ᠲᠣᠨᠣᠭᠯᠠᠯ ᠵᠡᠷᠭᠡ ᠶᠢ ᠲᠥᠷᠭᠡᠪᠴᠢᠯᠡᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ

ᠲᠥᠪᠯᠡᠷᠡᠭᠦᠯᠦᠨ᠎ᠡ᠃ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠤᠨ

ᠪᠤᠵᠠᠭᠠᠶᠢᠷᠠᠭᠤᠯᠵᠤ᠂ ᠲᠤᠰᠬᠠᠶᠢᠵᠢᠭᠰᠠᠨ ᠮᠥᠷᠲᠡᠭᠡᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ

ᠲᠡᠭᠦᠯᠳᠡᠷᠵᠢᠭᠦᠯᠦᠨ᠎ᠡ᠃ ᠭᠤᠷᠪᠠ ᠳᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ

ᠦᠢᠯᠡᠰ ᠤᠨ ᠠᠭᠤᠰᠤᠯᠴᠠᠨ ᠬᠥᠭᠵᠢᠬᠦ ᠶᠢ ᠲᠥᠷᠭᠡᠳᠬᠡᠨ᠎ᠡ᠃ ᠬᠥᠳᠡᠭᠡ ᠲᠣᠰᠬᠤᠨ ᠤ ᠠᠵᠤ ᠦᠢᠯᠡᠰ ᠤᠨ

ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠩ ᠤᠯᠠᠨ ᠠᠵᠢᠯ ᠣᠯᠭᠤᠯᠲᠠ ᠶᠢᠨ ᠲᠣᠬᠢᠶᠠᠯ ᠪᠠ ᠦᠷᠳᠡᠭ

ᠨᠡᠮᠡᠭᠳᠡᠯ ᠤᠨ ᠠᠰᠢᠭ ᠣᠷᠣᠯᠭ᠎ᠠ ᠶᠢ ᠲᠠᠷᠢᠶᠠᠴᠢᠳ ᠲᠤ ᠣᠯᠭᠤᠨ᠎ᠠ᠃ ᠲᠠᠷᠢᠶᠠᠯᠠᠩ ᠬᠢᠭᠡᠳ ᠵᠢᠭᠤᠯᠴᠢᠯᠠᠯ᠂ ᠰᠤᠷᠭᠠᠨ

ᠬᠥᠮᠦᠵᠢᠯ ᠵᠡᠷᠭᠡ ᠶᠢᠨ ᠠᠭᠤᠰᠤᠯᠴᠠᠯ ᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ᠂ ᠲᠤᠰᠬᠠᠶ ᠮᠡᠷᠭᠡᠵᠢᠯ ᠤᠨ

ᠰᠤᠷᠭᠠᠭᠤᠯᠢ ᠲᠡᠭᠦᠰᠦᠭᠰᠡᠳ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠠᠵᠤ ᠦᠢᠯᠡᠳᠪᠦᠷᠢ

ᠬᠤᠳᠠᠯᠳᠤᠭᠠᠨ ᠤ ᠥᠮᠴᠢᠲᠡᠨ ᠵᠡᠷᠭᠡ ᠶᠢᠨ ᠨᠤᠲᠤᠭ ᠲᠤ ᠪᠠᠨ ᠪᠤᠴᠠᠵᠤ ᠠᠳᠠᠯ ᠦᠶ᠋ᠯᠡᠰ ᠴᠣᠭᠴᠠᠯᠠᠬᠤ ᠶᠢ ᠳᠡᠮᠵᠢᠨ᠎ᠡ᠃

ᠲᠦᠷᠪᠡ ᠳᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂

ᠬᠥᠳᠡᠭᠡ ᠲᠣᠰᠬᠤᠨ ᠤ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ

ᠦᠨᠳᠦᠰᠦᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠠᠪᠤ ᠳᠤ᠂ ᠬᠥᠳᠡᠭᠡ ᠲᠣᠰᠬᠤᠨ ᠤ

ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂

ᠨᠡᠶᠢᠭᠡᠮ ᠤᠨ ᠬᠦᠷᠦᠩᠭᠡ ᠶᠢᠨ ᠲᠠᠷᠢᠶᠠᠯᠠᠩ ᠬᠥᠳᠡᠭᠡ ᠲᠣᠰᠬᠤᠨ ᠳᠤ ᠪᠡᠯᠡ ᠣᠷᠣᠭᠤᠯᠬᠤ ᠶᠢ ᠵᠣᠷᠢᠭᠵᠢᠭᠤᠯᠤᠨ᠎ᠠ᠃

ᠵᠢᠷᠭᠤᠭ᠎ᠠ ᠳᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂

ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢᠨ ᠨᠥᠬᠦᠴᠡᠯ ᠢ ᠰᠠᠶᠢᠵᠢᠷᠠᠭᠤᠯᠤᠨ᠎ᠠ ᠭᠡᠵᠡᠢ᠃

    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号