ᠰᠢ ᠶᠢᠨ ᠫᠢᠩ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠳᠤ ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ
ᠨᠡᠶᠢᠲᠡᠯᠡᠭᠰᠡᠨ ᠴᠠᠭ᠄
2021/11/9
     ᠳᠤᠮᠳᠠᠳᠤ ᠤᠯᠤᠰ ᠡᠷᠡᠰ ᠭᠤᠶᠢᠪᠢᠰᠢ ᠦᠭᠡᠢ ᠪᠠᠷ ᠵᠢᠩᠬᠢᠨᠢ ᠤᠯᠠᠨ ᠲᠠᠯᠠᠲᠤ ᠦᠵᠡᠯ ᠢ ᠬᠠᠮᠠᠭᠠᠯᠠᠵᠤ᠂ ᠡᠷᠡᠰ ᠭᠤᠶᠢᠪᠢᠰᠢ ᠦᠭᠡᠢ ᠪᠠᠷ ᠳᠡᠯᠡᠬᠡᠢ ᠳ᠋ᠠᠬᠢᠨ ᠯᠤᠭ᠎ᠠ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠡᠷᠡᠰ ᠭᠤᠶᠢᠪᠢᠰᠢ ᠦᠭᠡᠢ ᠪᠠᠷ ᠥᠨᠳᠥᠷ ᠲᠦᠪᠰᠢᠨ ᠪᠦᠬᠦᠢ ᠨᠡᠭᠡᠭᠡᠯᠳᠠ ᠶᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠳᠡᠯᠡᠬᠡᠢ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ

    11 ᠰᠠᠷ᠎ᠠ ᠶᠢᠨ 4 ᠤ ᠤᠷᠤᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠸᠢᠳᠢᠣ᠋ ᠬᠡᠯᠪᠡᠷᠢ ᠪᠠᠷ

ᠲᠦᠷᠪᠠᠳᠤᠭᠡᠷ ᠬᠤᠭᠤᠴᠠᠭᠠᠨ ᠤ ᠲᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ

ᠦᠵᠡᠰᠭᠦᠯᠡᠩ ᠤᠨ ᠴᠤᠬᠯᠠᠭᠠᠨ ᠤ ᠡᠬᠢᠯᠡᠯᠳᠠ ᠶᠢᠨ ᠶᠤᠰᠤᠯᠠᠯ ᠳᠤ ᠤᠷᠤᠯᠴᠠᠬᠰᠡᠨ ᠪᠦᠭᠡᠳ ︽ᠨᠡᠭᠡᠭᠡᠯᠳᠠ ᠶᠢᠨ

ᠤᠷᠢᠬᠠᠨ ᠰᠠᠯᠬᠢ ᠪᠠᠷ ᠲᠠᠯᠠᠭᠡᠢ ᠳ᠋ᠠᠬᠢᠨ ᠢ ᠲᠤᠯᠠᠭᠠᠴᠠᠭᠤᠯᠤᠶ᠎ᠡ︾ ᠭᠡᠬᠦ ᠰᠡᠳᠦᠪ ᠢᠶᠠᠷ ᠭᠤᠤᠯ ᠵᠤᠷᠢᠯᠳᠠᠳᠤ ᠶᠠᠷᠢᠶ᠎ᠡ

ᠢᠯᠡᠳᠭᠡᠯ ᠬᠢᠵᠤ ᠪᠠᠶᠢᠭ᠎ᠠ ᠨᠢ᠃

    ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠳᠡᠷᠯᠡᠪᠡ

    11 ᠰᠠᠷ᠎ᠠ ᠶᠢᠨ 4 ᠤ ᠤᠷᠤᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠸᠢᠳᠢᠣ᠋ ᠬᠡᠯᠪᠡᠷᠢ ᠪᠠᠷ

ᠲᠦᠷᠪᠠᠳᠤᠭᠡᠷ ᠬᠤᠭᠤᠴᠠᠭᠠᠨ ᠤ ᠲᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ

ᠦᠵᠡᠰᠬᠦᠯᠡᠩ ᠤᠨ ᠴᠤᠬᠯᠠᠭᠠᠨ ᠳᠤ ᠤᠷᠤᠯᠴᠠᠬᠰᠡᠨ ᠪᠦᠭᠡᠳ ︽ᠨᠡᠭᠡᠭᠡᠯᠳᠠ ᠶᠢᠨ ᠤᠷᠢᠬᠠᠨ ᠰᠠᠯᠬᠢ ᠪᠠᠷ ᠲᠠᠯᠠᠭᠡᠢ

ᠳ᠋ᠠᠬᠢᠨ ᠢ ᠲᠤᠯᠠᠭᠠᠴᠠᠭᠤᠯᠤᠶ᠎ᠡ︾ ᠭᠡᠬᠦ ᠭᠤᠤᠯ ᠵᠤᠷᠢᠯᠳᠠᠳᠤ ᠶᠠᠷᠢᠶ᠎ᠡ ᠢᠯᠡᠳᠭᠡᠯ ᠬᠢᠵᠤ ᠪᠠᠶᠢᠭ᠎ᠠ ᠨᠢ᠃

    ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠶᠠᠩ ᠰᠡᠬᠦᠳᠡᠷᠯᠡᠪᠡ

    ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 4 ᠤ ᠴᠠᠬᠢᠯᠭᠠᠨ ᠮᠡᠳᠡᠭᠡ 11 ᠰᠠᠷ᠎ᠠ ᠶᠢᠨ 4 ᠤ

ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠳᠢᠣ᠋ ᠬᠡᠯᠪᠡᠷᠢ ᠪᠠᠷ ᠳᠥᠷᠪᠡᠳᠦᠭᠡᠷ ᠬᠤᠭᠤᠴᠠᠭᠠᠨ ᠤ

ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠤ

ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ︽ᠨᠡᠭᠡᠭᠡᠯᠳᠡ ᠶᠢᠨ ᠤᠷᠢᠬᠠᠨ ᠰᠠᠯᠬᠢ ᠪᠠᠷ ᠳᠡᠯᠡᠬᠡᠢ

ᠳ᠋ᠠᠬᠢᠨ ᠢ ᠳᠤᠯᠠᠭᠠᠴᠠᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ᠃

    ᠰᠢ ᠶᠢᠨ ᠫᠢᠩ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ

ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠭᠰᠠᠨ ᠬᠦᠨᠳᠦᠲᠦ ᠵᠣᠴᠢᠳ᠂ ᠰᠢᠨ᠎ᠡ ᠬᠠᠭᠤᠴᠢᠨ

ᠨᠠᠶᠢᠵᠠ ᠨᠠᠷ ᠲᠠᠢ ᠪᠠᠨ ︽ᠡᠬᠦᠯᠡᠨ︾ ᠵᠤᠯᠭᠠᠯᠳᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠳᠤᠮᠳᠠᠳᠤ ᠤᠯᠤᠰ

ᠲᠡᠦᠬᠡᠨ ᠠᠴᠠ ᠠᠪᠤᠭᠠᠳ ︽ᠦᠭᠡ ᠢᠨᠤ ᠢᠲᠡᠭᠡᠮᠵᠢᠲᠡᠢ᠂ ᠦᠢᠯᠡ ᠢᠨᠤ ᠦᠷ᠎ᠡ ᠲᠠᠢ︾ ᠪᠠᠶᠢᠳᠠᠭ᠃ ᠪᠢ

ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠳᠡᠭᠡᠷ᠎ᠡ

ᠵᠠᠷᠯᠠᠭᠰᠠᠨ ᠨᠡᠭᠡᠭᠡᠯᠲᠡ ᠶᠢ ᠥᠷᠭᠡᠳᠭᠡᠬᠦ ᠠᠷᠭ᠎ᠠ ᠬᠡᠮᠵᠢᠶ᠎ᠡ ᠶᠢ ᠨᠢᠭᠡᠨᠲᠡ ᠦᠨᠳᠦᠰᠦᠨ ᠳᠡᠭᠡᠨ ᠨᠠᠶᠢᠳᠠᠪᠤᠷᠢᠵᠢᠭᠤᠯᠪᠠ᠃

ᠳᠤᠮᠳᠠᠳᠤ ᠤᠯᠤᠰ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠨᠥᠯᠥᠭᠡ ᠶᠢ ᠢᠯᠠᠨ ᠳᠠᠪᠠᠵᠤ᠂

ᠭᠠᠳᠠᠭᠠᠳᠤ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠥ᠂ ᠨᠢᠳᠤᠨᠤᠨ ᠤ ᠪᠦᠬᠦ ᠪᠥᠮᠪᠥᠷᠴᠡᠭ ᠤᠨ

ᠪᠠᠷᠠᠭᠠᠨ ᠤ ᠠᠷᠠᠯᠵᠢᠶᠠᠨ ᠤ ᠡᠶᠡᠷᠭᠦ ᠨᠡᠮᠡᠭᠳᠡᠯ ᠢ ᠪᠡᠶᠡᠯᠡᠭᠦᠯᠦᠭᠰᠡᠨ ᠴᠤᠷ ᠤᠨ ᠭᠠᠭᠴᠠ ᠭᠤᠣᠯ ᠪᠣᠯᠬᠤ ᠠᠵᠤ

ᠠᠬᠤᠢ ᠶᠢᠨ ᠴᠣᠭᠴᠠ ᠪᠠᠶᠢᠵᠦ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ

ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢ ᠠᠬᠢᠭᠤᠯᠬᠤ ᠳᠤ

ᠴᠢᠬᠤᠯᠠ ᠬᠤᠪᠢ ᠨᠡᠮᠡᠷᠢ ᠦᠵᠡᠭᠦᠯᠪᠡ᠃ ᠣᠳᠣᠬᠠᠨ ᠳᠤ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ

ᠤᠷᠤᠰᠬᠠᠯ ᠳᠤ ᠤᠴᠠᠷᠠᠵᠤ ᠪᠠᠶᠢᠨ᠎ᠠ᠃ ᠤᠷᠤᠰᠬᠠᠯ ᠰᠦᠷᠦᠨ ᠣᠩᠭᠤᠴᠠ ᠰᠡᠯᠢᠬᠦ ᠳᠤ ᠤᠷᠤᠭᠰᠢᠯᠠᠬᠤ ᠦᠭᠡᠢ ᠪᠣᠯ

ᠤᠬᠤᠷᠢᠨ᠎ᠠ᠃ ᠪᠢᠳᠠ ᠠᠵᠤ ᠠᠬᠤᠢ ᠶᠢᠨ ᠳᠡᠯᠡᠬᠡᠶᠢᠵᠢᠯᠲᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠵᠦ᠂

ᠳᠡᠯᠡᠬᠡᠢ ᠶᠢᠨ ᠡᠯ᠎ᠡ ᠤᠯᠤᠰ ᠤᠨ ᠨᠡᠭᠡᠭᠡᠯᠳᠠ ᠪᠠᠨ ᠥᠷᠭᠡᠳᠭᠡᠬᠦ ᠶᠢ ᠲᠡᠮᠵᠢᠵᠤ᠂ ᠭᠠᠭᠴᠠ ᠲᠠᠯᠠᠲᠤ ᠦᠵᠡᠯ᠂

ᠬᠠᠮᠠᠭᠠᠯᠠᠬᠤ ᠦᠵᠡᠯ ᠢ ᠡᠰᠡᠷᠭᠦᠴᠡᠵᠦ᠂ ᠬᠥᠮᠦᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠲᠡᠶᠢᠰᠢ

ᠤᠷᠤᠭᠰᠢᠯᠠᠬᠤ ᠶᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃

    ᠰᠢ ᠶᠢᠨ ᠫᠢᠩ᠂ ᠨᠡᠬᠡᠬᠡᠯᠳᠡ ᠬᠢᠬᠦ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠢᠯᠡ ᠲᠣᠳᠣ ᠢᠯᠭᠠᠬᠤ

ᠳᠡᠮᠳᠡᠭ ᠮᠥᠨ᠃ ᠡᠨᠡ ᠵᠢᠯ ᠪᠣᠯ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ

ᠤᠷᠤᠭᠰᠠᠨ 20 ᠵᠢᠯ ᠤᠨ ᠤᠢ ᠪᠣᠯᠤᠨ᠎ᠠ᠃ 20 ᠵᠢᠯ ᠤᠨ ᠲᠤᠷᠰᠢ᠂ ᠳᠤᠮᠳᠠᠳᠤ ᠤᠯᠤᠰ ᠳᠡᠯᠡᠬᠡᠶ ᠶᠢᠨ

ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠠᠮᠠᠯᠠᠯᠲᠠ ᠪᠠᠨ ᠪᠥᠬᠦ ᠲᠠᠯ᠎ᠠ ᠪᠠᠷ ᠭᠦᠶᠴᠡᠳᠭᠡᠵᠦ᠂

ᠨᠡᠭᠡᠭᠡᠯᠲᠡ ᠪᠠᠨ ᠲᠠᠰᠤᠷᠠᠯᠲᠠ ᠥᠬᠡᠶ ᠥᠷᠭᠡᠳᠭᠡᠨ᠂ ᠳᠤᠮᠳᠠᠳᠤ ᠤᠯᠤᠰ ᠤᠨ ᠬᠥᠭᠵᠢᠯᠲᠡ ᠶᠢᠨ ᠰᠦᠷ ᠳᠠᠯᠠᠶᠢᠴᠠᠲᠠᠶ

ᠦᠷᠨᠢᠯᠳᠡ ᠶᠢ ᠭᠠᠷᠭᠠᠭᠰᠠᠨ ᠪᠥᠭᠡᠳ ᠳᠡᠯᠡᠬᠡᠶ ᠶᠢᠨ ᠠᠵᠤ ᠠᠬᠤᠶ ᠶᠢᠨ ᠠᠮᠢᠵᠢᠷᠠᠯ ᠤᠨ ᠬᠦᠴᠤᠨ ᠢ ᠬᠥᠭᠵᠢᠭᠡᠪᠡ᠃

ᠡᠨᠡ 20 ᠵᠢᠯ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠡᠬᠡᠬᠡᠯᠳᠡ

ᠬᠢᠭᠰᠡᠨ 20 ᠵᠢᠯ ᠮᠥᠨ᠂ ᠳᠤᠮᠳᠠᠳᠤ ᠤᠯᠤᠰ ᠤᠨ ᠠᠵᠠ ᠲᠣᠬᠢᠶᠠᠯ ᠢ ᠡᠵᠡᠮᠳᠡᠵᠦ᠂ ᠥᠷᠢᠰᠥᠯᠳᠦᠭᠡᠨ ᠢ

ᠤᠭᠲᠤᠭᠰᠠᠨ 20 ᠵᠢᠯ ᠮᠥᠨ᠂ ᠳᠤᠮᠳᠠᠳᠤ ᠤᠯᠤᠰ ᠤᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂

ᠳᠡᠯᠡᠬᠡᠢ ᠳ᠋ᠠᠬᠢᠨ ᠳᠤ ᠪᠤᠶᠠᠨ ᠦᠢᠯᠡᠳᠦᠭᠰᠡᠨ 20 ᠵᠢᠯ ᠮᠥᠨ᠃ ᠡᠨᠡ 20 ᠵᠢᠯ ᠤᠨ ᠲᠤᠷᠰᠢᠬᠢ ᠳᠤᠮᠳᠠᠳᠤ

ᠤᠯᠤᠰ ᠤᠨ ᠬᠥᠭᠵᠢᠯᠲᠡ ᠲᠠᠪᠰᠢᠯᠳᠠ ᠪᠣᠯ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠤᠯᠤᠰ ᠤᠨ ᠡᠪ

ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠰ

ᠬᠠᠳᠠᠭᠤ ᠲᠡᠮᠡᠴᠡᠵᠦ ᠪᠠᠶᠢᠭᠠᠳ ᠣᠯᠤᠭᠰᠠᠨ ᠠᠮᠵᠢᠯᠲᠠ ᠮᠥᠨ᠂ ᠪᠠᠰᠠ ᠴᠤ ᠳᠤᠮᠳᠠᠳᠤ ᠤᠯᠤᠰ ᠤᠨ

ᠰᠠᠨᠠᠭᠠᠴᠢᠯᠠᠭ᠎ᠠ ᠠᠴᠠ ᠪᠠᠨ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠷᠢᠯᠴᠠᠨ ᠠᠰᠢᠭ

ᠬᠦᠷᠳᠡᠬᠦ ᠶᠢ ᠦᠢᠯᠡᠳᠦᠯᠭᠡᠵᠢᠭᠦᠯᠦᠭᠰᠡᠨ ᠤ ᠦᠷ᠎ᠡ ᠳ᠋ᠦᠩ ᠮᠥᠨ᠃ ᠡᠨᠡ ᠬᠦ ᠲᠡᠦᠬᠡᠨ ᠠᠬᠢᠴᠠ ᠳᠤ ᠣᠷᠣᠯᠴᠠᠵᠦ

ᠭᠡᠷᠡᠴᠢᠯᠡᠭᠰᠡᠨ᠂ ᠳᠤᠮᠳᠠᠳᠤ ᠤᠯᠤᠰ ᠤᠨ ᠨᠡᠭᠡᠭᠡᠯᠲᠡᠲᠦ ᠬᠥᠭᠵᠢᠯᠲᠡ ᠶᠢ ᠳᠡᠮᠵᠢᠭᠰᠡᠨ ᠤᠯᠤᠰ ᠤᠨ ᠳᠣᠲᠣᠭᠠᠳᠤ

ᠭᠠᠳᠠᠭᠠᠳᠤ ᠶᠢᠨ ᠡᠯ᠎ᠡ ᠡᠲᠡᠭᠡᠳ ᠤᠨ ᠬᠥᠮᠦᠰ ᠲᠤ ᠪᠢ ᠳᠤᠷᠠᠲᠠᠶ᠎ᠠ ᠴᠢᠩ ᠰᠡᠳᠭᠢᠯ ᠤᠨ ᠲᠠᠯᠠᠷᠬᠠᠯ ᠢᠶᠠᠨ

ᠲᠡᠪᠰᠢᠭᠦᠯᠦᠶ᠎ᠠ ᠭᠡᠵᠤ ᠴᠢᠬᠤᠯᠠᠴᠢᠯᠠᠪᠠ᠃

    ᠰᠢ ᠶᠢᠨ ᠫᠢᠩ᠂ ︽ᠦᠵᠡᠭᠳᠡᠯ ᠠᠴᠠ ᠮᠦᠨ ᠴᠢᠨᠠᠷ ᠢ ᠲᠠᠨᠢᠮᠤᠢ᠂ ᠥᠩᠭᠡᠷᠡᠭᠰᠡᠨ ᠤ ᠬᠢ ᠠᠴᠠ ᠢᠷᠠᠭᠡᠳᠤᠢ ᠶᠢ

ᠮᠡᠳᠡᠮᠤᠢ︾᠃ ᠨᠢᠭᠡ ᠤᠯᠤᠰ᠂ ᠨᠢᠭᠡ ᠦᠨᠳᠦᠰᠦᠲᠡᠨ ᠬᠥᠭᠵᠢᠨ ᠮᠠᠨᠳᠤᠬᠤ ᠭᠡᠪᠡᠯ ᠡᠷᠬᠡᠪᠰᠢ ᠲᠡᠦᠬᠡ ᠶᠢᠨ

ᠤᠷᠤᠭᠰᠢᠯᠠᠯᠲᠠ ᠶᠢᠨ ᠯᠣᠭᠢᠭ ᠳᠤᠮᠳᠠ ᠤᠷᠤᠭᠰᠢᠯᠠᠵᠤ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠳᠤᠮᠳᠠ

ᠬᠥᠭᠵᠢᠬᠦ ᠬᠡᠷᠡᠭᠲᠡᠢ᠃ ᠳᠤᠮᠳᠠᠳᠤ ᠤᠯᠤᠰ ᠤᠨ ᠥᠨᠳᠥᠷ ᠲᠦᠪᠰᠢᠨ ᠪᠦᠬᠦᠢ ᠨᠡᠭᠡᠭᠡᠯᠳᠠ ᠪᠠᠨ ᠥᠷᠭᠡᠳᠭᠡᠬᠦ ᠡᠷᠴᠢ

ᠵᠣᠷᠢᠭ ᠬᠤᠪᠢᠷᠠᠬᠤ ᠦᠭᠡᠢ᠂ ᠳᠡᠯᠡᠬᠡᠢ ᠳ᠋ᠠᠬᠢᠨ ᠯᠤᠭ᠎ᠠ ᠬᠥᠭᠵᠢᠯᠲᠡ ᠶᠢᠨ ᠠᠵᠠ ᠲᠣᠬᠢᠶᠠᠯ ᠢ ᠬᠤᠪᠢᠶᠠᠯᠴᠠᠬᠤ ᠡᠷᠴᠢ

ᠵᠣᠷᠢᠭ ᠬᠤᠪᠢᠷᠠᠬᠤ ᠦᠭᠡᠢ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂

ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ

ᠠᠬᠢᠭᠤᠯᠬᠤ ᠡᠷᠴᠢ ᠵᠣᠷᠢᠭ ᠬᠤᠪᠢᠷᠠᠬᠤ ᠦᠭᠡᠢ ᠶᠤᠮ ᠭᠡᠵᠤ ᠴᠢᠬᠤᠯᠠᠴᠢᠯᠠᠪᠠ᠃

    ᠨᠢᠭᠡᠳᠦᠭᠡᠷ ᠲᠤ᠂ ᠳᠤᠮᠳᠠᠳᠤ ᠤᠯᠤᠰ ᠡᠷᠡᠰ ᠭᠤᠶᠢᠪᠢᠰᠢ ᠦᠭᠡᠢ ᠪᠠᠷ ᠵᠢᠩᠬᠢᠨᠢ ᠤᠯᠠᠨ ᠲᠠᠯᠠᠲᠤ ᠦᠵᠡᠯ ᠢ

ᠬᠠᠮᠠᠭᠠᠯᠠᠨ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ

ᠠᠷᠠᠯᠵᠢᠶᠠᠨ ᠤ ᠪᠠᠶᠢᠭᠤᠯᠤᠯ ᠪᠣᠯ ᠤᠯᠠᠨ ᠤᠯᠤᠰ ᠤᠨ ᠠᠷᠠᠯᠵᠢᠶᠠᠨ ᠤ ᠰᠠᠭᠤᠷᠢ ᠴᠢᠯᠠᠭᠤ ᠮᠥᠨ᠃ ᠳᠤᠮᠳᠠᠳᠤ ᠤᠯᠤᠰ

ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠵᠥᠪ ᠴᠢᠭᠯᠡᠯ ᠢᠶᠠᠷ ᠬᠥᠭᠵᠢᠬᠦ ᠶᠢ

ᠲᠡᠮᠵᠢᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠤᠨ ᠪᠠᠭᠲᠠᠭᠠᠮᠵᠢᠲᠤ ᠴᠢᠨᠠᠷᠲᠠᠢ ᠬᠥᠭᠵᠢᠯᠲᠡ ᠶᠢ ᠲᠡᠮᠵᠢᠵᠤ᠂

ᠬᠥᠭᠵᠢᠵᠦ ᠪᠠᠶᠢᠭ᠎ᠠ ᠪᠦᠷᠢᠯᠳᠦᠬᠦᠨ ᠤ ᠬᠠᠤᠯᠢ ᠶᠣᠰᠣᠨ ᠤ ᠡᠷᠬᠡ ᠠᠰᠢᠭ ᠢ ᠲᠡᠮᠵᠢᠨ᠎ᠠ᠃ ᠳᠤᠮᠳᠠᠳᠤ ᠤᠯᠤᠰ

ᠢᠳᠡᠪᠬᠢᠲᠡᠢ ᠨᠡᠭᠡᠭᠡᠯᠲᠡᠲᠦ ᠣᠪᠣᠷ ᠢᠶᠠᠷ ᠲᠣᠭᠠᠴᠢᠯᠠᠭᠰᠠᠨ ᠠᠵᠤ ᠠᠬᠤᠢ᠂ ᠠᠷᠠᠯᠵᠢᠶ᠎ᠠ ᠪᠣᠯᠤᠨ ᠣᠷᠴᠢᠨ ᠲᠣᠭᠤᠷᠢᠨ᠂

ᠠᠵᠤ ᠦᠢᠯᠡᠰ ᠤᠨ ᠨᠥᠬᠦᠪᠥᠷᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠵᠥᠪᠯᠡᠬᠦ ᠰᠡᠳᠦᠪ ᠤᠨ

ᠬᠡᠯᠡᠯᠴᠡᠭᠡ ᠳᠤ ᠣᠷᠣᠯᠴᠠᠵᠤ᠂ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢᠨ ᠤᠯᠠᠨ ᠤᠯᠤᠰ ᠤᠨ ᠲᠦᠷᠢᠮ ᠢ

ᠲᠣᠭᠲᠠᠭᠠᠬᠤ ᠭᠤᠣᠯ ᠠᠷᠭ᠎ᠠ ᠵᠠᠮ ᠪᠠᠶᠢᠷᠢ ᠰᠠᠭᠤᠷᠢ ᠶᠢ ᠬᠠᠮᠠᠭᠠᠯᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ

ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠨ᠎ᠠ᠃

    ᠬᠤᠶᠠᠳᠤᠭᠠᠷ ᠲᠤ᠂ ᠳᠤᠮᠳᠠᠳᠤ ᠤᠯᠤᠰ ᠡᠷᠡᠰ ᠭᠤᠶᠢᠪᠢᠰᠢ ᠦᠭᠡᠢ ᠪᠠᠷ ᠳᠡᠯᠡᠬᠡᠢ ᠳ᠋ᠠᠬᠢᠨ ᠯᠤᠭ᠎ᠠ ᠵᠠᠬ᠎ᠠ

ᠳᠡᠯᠭᠡᠭᠦᠷ ᠤᠨ ᠠᠵᠠ ᠲᠣᠬᠢᠶᠠᠯ ᠢ ᠬᠠᠮᠲᠤ ᠪᠠᠷ ᠡᠳ᠋ᠯᠡᠨ᠎ᠡ᠃ ᠳᠤᠮᠳᠠᠳᠤ ᠤᠯᠤᠰ ᠭᠠᠳᠠᠭᠠᠳᠤ ᠣᠷᠣᠭᠤᠯᠤᠯᠲᠠ ᠶᠢ

ᠥᠷᠭᠡᠳᠭᠡᠬᠦ ᠶᠢ ᠨᠠᠩ ᠴᠢᠬᠤᠯᠠᠴᠢᠯᠠᠵᠤ᠂ ᠠᠷᠠᠯᠵᠢᠶᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠭᠠᠳᠠᠭᠠᠳᠤ

ᠣᠷᠣᠭᠤᠯᠤᠯᠲᠠ ᠶᠢᠨ ᠠᠷᠠᠯᠵᠢᠶ᠎ᠠ ᠶᠢ ᠠᠬᠢᠭᠤᠯᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠨᠠᠮᠠᠨ

ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠪᠣᠷᠣᠯᠠᠭᠤᠯᠬᠤ ᠭᠠᠳᠠᠭᠠᠳᠤ ᠠᠴᠠ

ᠣᠷᠣᠭᠤᠯᠤᠭᠰᠠᠨ ᠲᠠᠸᠠᠷ ᠤᠨ ᠨᠠᠷᠢᠨ ᠲᠠᠩᠰᠠ ᠶᠢ ᠰᠢᠯᠢᠳᠡᠭᠵᠢᠭᠦᠯᠵᠦ᠂ ᠬᠢᠯᠢ ᠶᠢᠨ ᠠᠷᠠᠳ ᠤᠨ ᠬᠠᠷᠢᠯᠴᠠᠨ

ᠠᠷᠠᠯᠵᠢᠶᠠᠯᠠᠬᠤ ᠵᠠᠬ᠎ᠠ ᠲᠡᠯᠭᠡᠭᠦᠷ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠪᠣᠳᠠᠲᠠᠶ

ᠡᠳ᠋ᠰᠢᠭᠦᠯᠬᠦ ᠶᠢ ᠠᠬᠢᠭᠤᠯᠵᠤ᠂ ᠡᠷᠬᠢᠨ ᠲᠣᠭᠤᠷᠢᠨ ᠤ ᠤᠯᠤᠰ ᠠᠴᠠ ᠣᠷᠣᠭᠤᠯᠬᠤ ᠶᠢ ᠨᠡᠮᠡᠭᠳᠡᠭᠦᠯᠦᠨ᠎ᠡ᠃ ᠳᠤᠮᠳᠠᠳᠤ

ᠤᠯᠤᠰ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠤᠭᠴᠠᠵᠢᠭᠤᠯᠬᠤ ᠶᠢ ᠠᠬᠢᠭᠤᠯᠵᠤ᠂ ᠤᠯᠠᠨ ᠤᠯᠤᠰ ᠤᠨ

ᠬᠡᠷᠡᠭᠯᠡᠭᠡᠨ ᠤ ᠲᠥᠪ ᠬᠤᠳᠠ ᠶᠢ ᠲᠦᠷᠭᠡᠨ ᠪᠠᠶᠢᠭᠤᠯᠵᠤ᠂ ︽ᠲᠣᠷᠭᠠᠨ ᠵᠠᠮ ᠤᠨ ᠡᠯᠧᠺᠲᠷᠣᠨ ᠬᠤᠳᠠᠯᠳᠤᠭ᠎ᠠ︾ ᠶᠢ

ᠬᠥᠭᠵᠢᠭᠦᠯᠵᠦ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠵᠤ᠂ ᠬᠢᠯᠢ

ᠠᠯᠤᠰᠯᠠᠭᠰᠠᠨ ᠡᠳ᠋ ᠪᠠᠷᠠᠭᠠᠨ ᠤ ᠭᠦᠢᠯᠭᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃

    ᠭᠤᠷᠪᠠᠳᠤᠭᠠᠷ ᠲᠤ᠂ ᠳᠤᠮᠳᠠᠳᠤ ᠤᠯᠤᠰ ᠡᠷᠡᠰ ᠭᠤᠶᠢᠪᠢᠰᠢ ᠦᠭᠡᠢ ᠪᠠᠷ ᠥᠨᠳᠥᠷ ᠲᠦᠪᠰᠢᠨ ᠪᠦᠬᠦᠢ

ᠨᠡᠭᠡᠭᠡᠯᠳᠠ ᠶᠢ ᠠᠬᠢᠭᠤᠯᠤᠨ᠎ᠠ᠃ ᠳᠤᠮᠳᠠᠳᠤ ᠤᠯᠤᠰ ᠭᠠᠳᠠᠭᠠᠳᠤ ᠪᠡᠯᠡ ᠶᠢ ᠵᠦᠪᠰᠢᠶᠡᠷᠡᠨ ᠤᠷᠤᠭᠤᠯᠬᠤ ᠨᠠᠵᠠᠭᠠᠢ

ᠲᠠᠯ᠎ᠠ ᠶᠢᠨ ᠨᠠᠷᠢᠨ ᠲᠠᠩᠰᠠ ᠶᠢ ᠴᠢᠨᠠᠭᠰᠢᠳᠠ ᠪᠠᠭᠠᠰᠬᠠᠵᠤ᠂ ᠴᠠᠬᠢᠯᠭᠠᠨ ᠬᠤᠯᠪᠣᠭ᠎ᠠ᠂ ᠡᠮ ᠡᠮᠨᠡᠯᠭᠡ ᠵᠡᠷᠭᠡ

ᠦᠢᠯᠡᠴᠢᠯᠡᠭᠡᠨ ᠤ ᠦᠢᠯᠡᠰ ᠤᠨ ᠬᠦᠷᠢᠶᠡᠨ ᠤ ᠨᠡᠭᠡᠭᠡᠯᠳᠠ ᠶᠢ ᠡᠮᠬᠢ ᠵᠢᠷᠤᠮ ᠲᠠᠢ ᠥᠷᠭᠡᠳᠭᠡᠵᠦ᠂ ︽ᠭᠠᠳᠠᠭᠠᠳᠤ ᠶᠢᠨ

ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ︾ ᠲᠤ ᠵᠠᠰᠠᠪᠤᠷᠢ

ᠣᠷᠣᠭᠤᠯᠤᠨ ᠥᠷᠭᠡᠳᠭᠡᠵᠦ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠢᠯᠢ ᠠᠯᠤᠰᠯᠠᠭᠰᠠᠨ

ᠦᠢᠯᠡᠴᠢᠯᠡᠭᠡᠨ ᠤ ᠠᠷᠠᠯᠵᠢᠶᠠᠨ ᠤ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠨᠡᠶᠢᠲᠡᠯᠡᠨ᠎ᠡ᠃ ᠳᠤᠮᠳᠠᠳᠤ ᠤᠯᠤᠰ

ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠲᠣᠭᠠᠴᠢᠯᠠᠭᠰᠠᠨ ᠠᠵᠤ ᠠᠬᠤᠢ ᠵᠡᠷᠭᠡ ᠤᠯᠠᠨ

ᠤᠯᠤᠰ ᠤᠨ ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ︽ᠨᠣᠮᠣᠬᠠᠨ ᠳᠠᠯᠠᠢ ᠠᠯᠤᠰᠯᠠᠭᠰᠠᠨ ᠬᠠᠨᠢᠲᠠᠨ ᠤ

ᠬᠠᠷᠢᠯᠴᠠᠭ᠎ᠠ ᠳᠤ ᠪᠥᠬᠦ ᠲᠠᠯ᠎ᠠ ᠪᠠᠷ ᠤᠷᠤᠯᠴᠠᠬᠤ ᠬᠡᠯᠡᠯᠴᠡᠭᠡᠷ︾᠂ ︽ᠲᠣᠭᠠᠴᠢᠯᠠᠭᠰᠠᠨ ᠠᠵᠤ ᠠᠬᠤᠢ ᠶᠢᠨ

ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠣᠯᠴᠠᠬᠤ ᠶᠢ ᠢᠳᠡᠪᠬᠢᠲᠡᠢ ᠠᠬᠢᠭᠤᠯᠤᠨ᠎ᠠ᠃

    ᠳᠥᠷᠪᠡᠳᠦᠭᠡᠷ ᠲᠤ᠂ ᠳᠤᠮᠳᠠᠳᠤ ᠤᠯᠤᠰ ᠡᠷᠡᠰ ᠭᠤᠶᠢᠪᠢᠰᠢ ᠦᠭᠡᠢ ᠪᠠᠷ ᠳᠡᠯᠡᠬᠡᠢ ᠶᠢᠨ ᠬᠠᠮᠲᠤ ᠶᠢᠨ ᠠᠰᠢᠭ

ᠲᠤᠰᠠ ᠶᠢ ᠬᠠᠮᠠᠭᠠᠯᠠᠨ᠎ᠠ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠳᠡᠯᠡᠬᠡᠢ ᠶᠢᠨ

ᠠᠷᠠᠯᠵᠢᠶᠠᠨ ᠤ ᠵᠣᠬᠢᠶᠠᠨ ᠪᠠᠶᠢᠭᠤᠯᠤᠯᠲᠠ᠂ ᠬᠤᠷᠢᠨ ᠤᠯᠤᠰ ᠤᠨ ᠪᠥᠯᠥᠭᠯᠡᠯ᠂ ᠠᠽᠢᠶ᠎ᠠ ᠲᠢᠪ ᠨᠣᠮᠣᠬᠠᠨ ᠳᠠᠯᠠᠢ ᠶᠢᠨ

ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠱᠠᠩᠬᠠᠢ ᠶᠢᠨ ᠬᠠᠮᠲᠤᠷᠠᠯᠴᠠᠭᠠᠨ ᠤ

ᠵᠣᠬᠢᠶᠠᠨ ᠪᠠᠶᠢᠭᠤᠯᠤᠯᠲᠠ ᠵᠡᠷᠭᠡ ᠲᠣᠭᠲᠠᠴᠠ ᠶᠢᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠠᠷᠠᠯᠵᠢᠶ᠎ᠠ ᠪᠠ

ᠪᠡᠯᠡ ᠣᠷᠣᠭᠤᠯᠤᠯᠲᠠ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠵᠡᠷᠭᠡ

ᠬᠦᠷᠢᠶᠡᠨ ᠤ ᠵᠥᠪᠯᠡᠬᠦ ᠰᠡᠳᠦᠪ ᠢ ᠰᠤᠳᠤᠯᠤᠨ ᠶᠠᠷᠢᠯᠴᠠᠬᠤ ᠶᠢ ᠴᠢᠩᠭᠠᠳᠬᠠᠵᠤ᠂ ᠸᠠᠺᠼᠢᠨ ᠵᠡᠷᠭᠡ ᠵᠠᠩᠭᠢᠯᠠᠭ᠎ᠠ ᠶᠢᠨ

ᠡᠮᠴᠢᠯᠡᠭᠡᠨ ᠤ ᠡᠳ᠋ ᠪᠣᠳᠠᠰ ᠢ ᠪᠦᠬᠦ ᠪᠥᠮᠪᠥᠷᠴᠡᠭ ᠤᠨ ᠬᠡᠪᠴᠢᠶᠡᠨ ᠳᠤ ᠡᠷᠬᠡ ᠲᠡᠭᠰᠢ ᠪᠠᠷ ᠬᠤᠪᠢᠶᠠᠷᠢᠯᠠᠬᠤ ᠪᠠ

ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ ᠶᠢ ᠳᠡᠮᠵᠢᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ

ᠰᠠᠶᠢᠲᠠᠢ ᠪᠦᠳᠦᠭᠡᠨ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠠᠭᠤᠷ ᠠᠮᠢᠰᠬᠤᠯ ᠤᠨ ᠬᠤᠪᠢᠷᠠᠯᠲᠠ ᠶᠢ

ᠠᠷᠭᠠᠴᠠᠭᠠᠬᠤ ᠳᠤ ᠢᠳᠡᠪᠬᠢᠲᠡᠢ ᠣᠷᠣᠯᠴᠠᠵᠤ᠂ ᠪᠦᠬᠦ ᠪᠥᠮᠪᠥᠷᠴᠡᠭ ᠤᠨ ᠠᠮᠤ ᠪᠤᠳᠠᠭᠠᠨ ᠤ ᠠᠮᠤᠷ ᠲᠦᠪᠰᠢᠨ ᠪᠠ

ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠵᠤ᠂ ᠡᠮᠦᠨᠡᠳᠡᠬᠢ ᠨᠢ ᠡᠮᠦᠨᠡᠳᠡᠬᠢ ᠲᠠᠢ ᠪᠠᠨ ᠬᠠᠮᠲᠤᠷᠠᠯᠴᠠᠬᠤ ᠪᠣᠷᠣ

ᠲᠥᠯᠥᠪ ᠤᠨ ᠳᠣᠲᠣᠷ᠎ᠠ ᠪᠤᠰᠤᠳ ᠬᠥᠭᠵᠢᠵᠦ ᠪᠠᠶᠢᠭ᠎ᠠ ᠤᠯᠤᠰ ᠲᠤ ᠦᠷᠭᠦᠯᠵᠢᠯᠡᠨ ᠨᠡᠩ ᠤᠯᠠᠨ ᠲᠤᠰᠠᠯᠠᠮᠵᠢ

ᠬᠠᠩᠭᠠᠨ᠎ᠠ᠃

    ᠰᠢ ᠶᠢᠨ ᠫᠢᠩ ᠬᠠᠮᠤᠭ ᠤᠨ ᠡᠴᠤᠰ ᠲᠤ᠂ ︽ᠤᠯᠠᠨ ᠤ ᠬᠦᠴᠦᠨ ᠳᠤ ᠤᠪᠤᠭ᠎ᠠ ᠪᠤᠰᠤᠨ᠎ᠠ︾᠃ ᠰᠢᠨ᠎ᠡ

ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠦᠯᠦᠭᠡ ᠬᠠᠷᠠᠬᠠᠨ ᠠᠷᠢᠯᠤᠭᠠᠳᠤᠢ᠂

ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢᠨ ᠢᠷᠡᠬᠡᠲᠤᠢ ᠶᠢᠨ ᠵᠠᠮ ᠡᠩᠬᠦᠯ ᠳᠤᠩᠬᠤᠯ ᠲᠠᠢ ᠪᠠᠶᠢᠵᠤ᠂ ᠡᠯ᠎ᠡ

ᠤᠯᠤᠰ ᠤᠨ ᠠᠷᠠᠳ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠴᠠᠭ ᠤᠨ ᠪᠡᠷᠬᠡ ᠶᠢ ᠬᠠᠮᠲᠤ ᠪᠠᠷ

ᠲᠤᠭᠤᠯᠬᠤ ᠶᠢ ᠨᠠᠩ ᠢᠯᠡᠬᠦᠤ ᠱᠠᠭᠠᠷᠲᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ

ᠬᠠᠮᠲᠤ ᠪᠠᠷ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠬᠠᠮᠲᠤ ᠪᠠᠷ ᠪᠠᠶᠢᠭᠤᠯᠵᠤ᠂ ᠨᠡᠭᠡᠭᠡᠯᠲᠡ ᠶᠢᠨ

ᠤᠷᠢᠬᠠᠨ ᠰᠠᠯᠬᠢ ᠪᠠᠷ ᠳᠡᠯᠡᠬᠡᠢ ᠳ᠋ᠠᠬᠢᠨ ᠢ ᠳᠤᠯᠠᠭᠠᠴᠠᠭᠤᠯᠤᠨ᠎ᠠ ᠭᠡᠵᠦ ᠴᠢᠬᠤᠯᠠᠴᠢᠯᠠᠪᠠ︕

 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号