ᠠᠵᠢᠯ ᠤᠨ ᠬᠡᠷᠡᠭᠴᠡᠭᠡ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ | ᠵᠠᠰᠠᠭ ᠣᠯᠠᠨ ᠲᠦᠮᠡᠨ ᠤ ᠪᠠᠶᠢᠭᠤᠯᠭ᠎ᠠ ᠶᠢᠨ 2021 ᠣᠨ ᠤ ᠠᠯᠪᠠᠲᠠᠨ ᠰᠢᠯᠭᠠᠨ ᠡᠯᠰᠡᠬᠦ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠠᠷ ᠲᠣᠭᠲᠠᠪᠠ᠃ ᠠᠵᠢᠯᠲᠠᠨ ᠡᠯᠰᠡᠬᠦ ᠰᠢᠯᠭᠠᠯᠲᠠ ᠶᠢᠨ ᠲᠣᠪᠴᠢ ᠲᠦᠷᠢᠮ ᠪᠠ | ᠠᠵᠢᠯ ᠤᠨ ᠪᠠᠶᠢᠷᠢ ᠶᠢᠨ ᠨᠠᠷᠢᠨ ᠪᠠᠶᠢᠳᠠᠯ ᠢ ᠣᠶᠢᠷ᠎ᠠ ᠳᠤ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ | ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http://www.impta.com︶ ᠳᠡᠭᠡᠷ᠎ᠡ ᠨᠡᠶᠢᠲᠡᠯᠡᠬᠦ | ᠪᠠᠷ ᠪᠠᠶᠢᠨ᠎ᠠ᠃ ᠨᠡᠷ᠎ᠡ ᠮᠡᠳᠡᠭᠦᠯᠦᠭᠴᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ | ᠵᠠᠩᠭᠢ ᠶᠢᠨ ᠰᠦᠯᠵᠢᠶ᠎ᠡ ᠶᠢ ᠠᠩᠬᠠᠷᠴᠤ᠂ ᠲᠣᠰ ᠰᠦᠯᠵᠢᠶᠡᠨ ᠳᠤ ᠭᠠᠷᠴᠤ ᠨᠡᠷ᠎ᠡ ᠮᠡᠳᠡᠭᠦᠯᠦᠭᠡᠷᠡᠶ᠃ ᠨᠡᠷ᠎ᠡ ᠮᠡᠳᠡᠭᠦᠯᠬᠦ | ᠴᠠᠭ ᠢ 3 ᠰᠠᠷ᠎ᠠ ᠶᠢᠨ 2 ᠤᠨ ᠡᠳᠦᠷ ᠤᠨ 9᠄ 00 ᠴᠠᠭ ᠠᠴᠠ 3 ᠰᠠᠷ᠎ᠠ ᠶᠢᠨ 8 ᠤ ᠡᠳᠦᠷ ᠤᠨ 17᠄ 00 ᠴᠠᠭ | ᠭᠡᠵᠦ ᠠᠩᠬ᠎ᠠ ᠠᠯᠬᠤᠮ ᠲᠣᠭᠲᠠᠭᠠᠪᠠ᠃ ᠪᠢᠷ ᠤᠨ ᠰᠢᠯᠭᠠᠯᠲᠠ ᠶᠢᠨ ᠴᠠᠭ ᠢ 3 ᠰᠠᠷ᠎ᠠ ᠶᠢᠨ 27 ᠤ ᠡᠳᠦᠷ ᠭᠡᠵᠦ | ᠠᠩᠬ᠎ᠠ ᠠᠯᠬᠤᠮ ᠲᠣᠭᠲᠠᠭᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶ᠎ᠠ |