ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠤᠯ ᠠᠶᠢᠮᠠᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2021/3/4
     3 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠤᠯ ᠠᠶᠢᠮᠠᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠰᠢᠯᠢ ᠶᠢᠨ ᠬᠤᠲᠠ ᠳᠤ ᠦᠪᠡᠳᠡᠭᠰᠢ ᠶᠡᠬᠡᠪᠡᠷ ᠡᠬᠢᠯᠡᠪᠡ᠃      ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠤᠯ ᠠᠶᠢᠮᠠᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠳᠤ ᠨᠡᠶᠢᠲᠡ 176 ᠭᠡᠰᠢᠭᠦᠨ ᠲᠠᠢ ᠪᠠᠶᠢᠵᠦ᠂ 156 ᠭᠡᠰᠢᠭᠦᠨ ᠬᠤᠷᠠᠯ ᠳᠤ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ      ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠡᠴᠡᠨᠪᠢᠯᠢᠭ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠤᠯ ᠠᠶᠢᠮᠠᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠣᠣ ᠳ᠋ᠧ ᠶᠦᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠰᠦᠨ ᡁᠢ ᠴᠢᠶᠠᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠵᠣᠣ ᠱᠧᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠤᠣ ᠰᠢᠶᠤᠤ ᠮᠸᠡᠭ᠂ ᠪᠠᠶ ᠯᠢ ᠰᠢᠶᠠ᠂ ᠪᠤᠷᠤᠬᠦᠦ᠂ ᠭᠦᠸᠧ ᡁᠢ ᠴᠢᠶᠠᠩ᠂ ᠬᠠᠰᠪᠠᠶᠠᠷ᠂ ᠨᠠᠷᠢᠨ ᠪᠢᠴᠢᠭ ᠤᠨ ᠳᠠᠷᠤᠭ᠎ᠠ ᠰᠦᠨ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠶ ᠯᠢ ᠰᠢᠶᠠ ᠶᠡᠭᠡ ᠬᠤᠷᠠᠯ ᠢ ᠡᠷᠭᠢᠯᠡᠪᠡ᠃      ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠦᠸᠧ ᠴᠢᠩ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠶᠦᠩ ᠮᠢᠩ ᠵᠡᠷᠭᠡ ᠨᠠᠮ ᠵᠠᠰᠠᠭ ᠴᠡᠷᠢᠭ ᠤᠨ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃       ᠰᠡᠴᠡᠨᠪᠢᠯᠢᠭ ᠮᠡᠳᠡᠭᠦᠯᠦᠯᠲᠡ ᠳᠡᠭᠡᠨ ᠵᠢᠭᠠᠬᠤ ᠳᠠᠭᠠᠨ᠂ 2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠭᠤᠤᠯ ᠲᠡᠩᠭᠡᠯᠢᠭ᠂ ᠭᠤᠤᠯ ᠰᠢᠵᠢᠮ ᠪᠠ ᠭᠤᠤᠯ ᠭᠤᠭᠴᠤᠭ᠎ᠠ ᠶᠢ ᠪᠠᠲᠤ ᠡᠵᠡᠮᠳᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠵᠠᠰᠠᠭ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ ᠪᠠᠨ ᠨᠠᠩ ᠳᠤᠪᠤᠶᠢᠯᠭᠠᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠷ᠎ᠡ ᠪᠦᠲᠦᠮᠵᠢ ᠨᠠᠩ ᠢᠯᠡᠷᠬᠡᠢ ᠪᠤᠯᠵᠦ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ ᠤᠳᠤᠷᠢᠳᠤᠮᠵᠢ ᠨᠠᠩ ᠢᠯᠡ ᠲᠣᠳᠣ ᠪᠣᠯᠵᠠᠶ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤᠮᠳᠠ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠪᠠ︔ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠠᠷᠠᠳᠴᠢᠯᠠᠯ ᠤᠨ ᠲᠠᠯ᠎ᠠ ᠪᠠᠷ ᠵᠥᠪᠯᠡᠬᠦ ᠰᠢᠨ᠎ᠡ ᠠᠬᠢᠴᠠ ᠲᠠᠢ ᠪᠣᠯᠪᠠ︔ ᠬᠤᠣᠰ ᠴᠢᠭᠯᠡᠯ ᠢᠶᠠᠷ ᠬᠦᠴᠦᠯᠡᠬᠦ ᠶᠢ ᠴᠢᠬᠤᠯᠠᠴᠢᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠵᠠᠢ︔ ᠰᠠᠭᠤᠷᠢ ᠪᠠᠨ ᠴᠢᠩᠭᠠᠳᠬᠠᠨ ᠦᠨᠳᠦᠰᠦ ᠪᠠᠨ ᠪᠠᠬᠢᠵᠢᠭᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠮᠠᠨ ᠤ ᠠᠶᠢᠮᠠᠭ ᠤᠨ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠠᠢ ᠭᠡᠪᠡ᠃      ᠰᠡᠴᠡᠨᠪᠢᠯᠢᠭ ᠴᠢᠬᠤᠯᠠᠴᠢᠯᠠᠬᠤ ᠳᠠᠭᠠᠨ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠠᠶᠢᠵᠦ᠂ ᠮᠥᠨ ᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠵᠢᠯ ᠪᠣᠯᠤᠨ᠎ᠠ᠂ ᠪᠦᠬᠦ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠦ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠡᠪ ᠨᠢᠭᠡᠳᠤᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠪᠠᠨ ᠨᠡᠩ ᠰᠠᠶᠢᠨ ᠭᠦᠢᠴᠡᠳᠭᠡᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠲᠠᠢ ᠨᠢᠭᠲᠠ ᠤᠶᠠᠯᠳᠤᠭᠤᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠦ᠂ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠨ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠳᠠᠪᠤᠷᠢ ᠪᠠ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠮᠠᠨ ᠤ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠰᠠᠶᠢᠲᠤᠷ ᠡᠬᠢᠯᠡᠭᠦᠯᠬᠦ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠠᠢ ᠭᠡᠪᠡ᠃      ᠰᠡᠴᠡᠨᠪᠢᠯᠢᠭ ᠴᠢᠬᠤᠯᠠᠴᠢᠯᠠᠬᠤ ᠳᠠᠭᠠᠨ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠶᠢ ᠡᠵᠡᠮᠳᠡᠵᠦ᠂ ᠤᠨᠤᠯ ᠢᠶᠠᠷ ᠵᠡᠪᠰᠡᠭᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠡᠪ ᠨᠢᠭᠡᠳᠤᠯ ᠪᠠ ᠠᠷᠠᠳᠴᠢᠯᠠᠯ ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠡᠭᠦᠷᠭᠡ ᠴᠢᠳᠠᠪᠬᠢ ᠪᠠᠨ ᠭᠦᠢᠴᠡᠳᠬᠡᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤᠮᠳᠠ ᠰᠢᠨ᠎ᠡ ᠬᠠᠮᠲᠤᠷᠠᠯ ᠤᠨ ᠬᠦᠴᠦᠨ ᠢ ᠬᠤᠷᠠᠮᠳᠤᠭᠤᠯᠬᠤ ᠬᠡᠷᠡᠭᠲᠡᠢ᠃ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠪᠴᠢᠲᠠᠢ  ᠪᠠᠷ ᠵᠠᠰᠠᠭ ᠤᠨ ᠶᠠᠪᠤᠳᠠᠯ ᠢ ᠵᠥᠪᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠬᠦᠴᠦᠨ ᠨᠡᠮᠡᠷᠢᠯᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠴᠠᠭᠠᠷᠠᠭᠰᠠᠨ ᠤᠯᠤᠰ ᠲᠦᠷᠦ ᠶᠢᠨ ᠵᠥᠪᠯᠡᠯᠭᠡᠨ ᠤ ᠺᠠᠳ᠋ᠷ ᠤᠨ ᠡᠩᠨᠡᠭᠡ ᠶᠢ ᠪᠠᠶᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠲᠠᠯ᠎ᠠ ᠪᠠᠷ ᠰᠢᠨ᠎ᠡ ᠳᠠᠪᠠᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠠᠶᠢᠮᠠᠭ ᠤᠨ ᠳᠡᠳ᠋ ᠳᠠᠷᠤᠭ᠎ᠠ ᠾᠧᠦ ᡁᠢ ᠮᠢᠨ ᠵᠠᠬᠢᠷᠭ᠎ᠠ ᠶᠢ ᠲᠥᠯᠥᠭᠡᠯᠡᠨ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠢ ᠮᠡᠳᠡᠭᠳᠡᠪᠡ᠃      ᠬᠤᠷᠠᠯ ᠠᠴᠠ ᠪᠠᠰᠠ ᠤᠯᠤᠰ ᠲᠥᠷᠥ ᠶᠢᠨ ᠵᠥᠪᠯᠡᠯᠭᠡᠨ ᠤ ᠰᠢᠯᠢ ᠶᠢᠨ ᠭᠤᠤᠯ ᠠᠶᠢᠮᠠᠭ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠤᠨ ᠵᠥᠪᠯᠡᠬᠦ ᠵᠦᠢᠯᠡᠰ ᠢ ᠬᠢᠨᠠᠨ ᠵᠥᠪᠯᠡᠵᠦ ᠪᠠᠲᠤᠯᠠᠪᠠ︔ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠪᠢᠴᠢᠭ ᠤᠨ ᠬᠡᠯᠪᠡᠷᠢ ᠪᠠᠷ ᠤᠯᠠᠮᠵᠢᠯᠠᠪᠠ︔ 4 ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠶᠡᠭᠡ ᠬᠤᠷᠠᠯ ᠳᠡᠭᠡᠷ᠎ᠡ ᠶᠠᠷᠢᠶ᠎ᠠ ᠢᠯᠡᠳᠭᠡᠯ ᠲᠠᠯᠪᠢᠪᠠ᠃      ᠰᠢᠯᠢ ᠶᠢᠨ ᠭᠤᠣᠯ ᠠᠶᠢᠮᠠᠭ ᠲᠤ ᠰᠠᠭᠤᠭ᠎ᠠ ᠬᠡᠰᠡᠭ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠷᠢᠯᠭ᠎ᠠ ᠪᠠᠷ ᠬᠤᠷᠠᠯ ᠳᠤ ᠣᠷᠣᠯᠴᠠᠵᠤ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号