ᠬᠠᠮᠤᠭ ᠤᠨ ᠰᠢᠨ᠎ᠡ ᠨᠠᠷᠢᠨ ᠲᠤᠬᠳᠠᠭᠠᠯ᠄ ᠰᠦᠢᠳᠭᠡᠯ ᠬᠤᠷᠢᠶᠠᠬᠤ ᠥᠬᠡᠶ︕
ᠨᠡᠶᠢᠲᠡᠯᠡᠭᠰᠡᠨ ᠴᠠᠭ᠄
2021/4/1
     2021 ᠤᠨ ᠤ ᠬᠠᠩᠰᠢ ᠶᠢᠨ ᠡᠳᠦᠷ ᠲᠦᠷᠭᠡᠨ ᠤ ᠵᠠᠰᠠᠮᠠᠯ ᠵᠠᠮ ᠠᠴᠠ ᠰᠦᠢᠳᠭᠡᠯ ᠬᠤᠷᠢᠶᠠᠬᠤ ᠪᠤᠯ ᠤᠤ︖ ︽ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠲᠤ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠠᠴᠠ ᠵᠠᠮ ᠤᠨ ᠰᠦᠢᠳᠭᠡᠯ ᠥᠯᠥ ᠬᠤᠷᠢᠶᠠᠬᠤ ᠲᠤᠬᠠᠢ ᠬᠡᠷᠡᠭᠵᠢᠭᠦᠯᠬᠦ ᠲᠥᠰᠦᠯ︾ ᠢ ᠦᠨᠳᠦᠰᠦᠯᠡᠪᠡᠯ ᠂ ᠰᠦᠢᠳᠭᠡᠯ ᠬᠤᠷᠢᠶᠠᠳᠠᠭ ᠵᠠᠰᠠᠮᠠᠯ ᠵᠠᠮ ᠠᠴᠠ ᠰᠦᠢᠳᠭᠡᠯ ᠥᠯᠥ ᠬᠤᠷᠢᠶᠠᠬᠤ ᠴᠠᠭ ᠨᠢ ᠴᠠᠭᠠᠨ ᠰᠠᠷ᠎ᠠ᠂ ᠬᠠᠩᠰᠢ ᠶᠢᠨ ᠡᠳᠦᠷ᠂ ᠬᠥᠳᠡᠯᠮᠦᠷᠢᠴᠢᠳ ᠤᠨ ᠪᠠᠶᠠᠷ᠂ ᠤᠯᠤᠰ ᠤᠨ ᠪᠠᠶᠠᠷ ᠤᠨ ᠡᠳᠦᠷ᠂ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠵᠢᠴᠢ ᠲᠤᠬᠠᠶ ᠶᠢᠨ ᠵᠢᠯ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠤᠨ ᠲᠡᠭᠡᠷ᠎ᠡ ᠠᠮᠠᠷᠠᠯᠲᠠ ᠶᠢᠨ ᠡᠳᠦᠷ ᠢᠶᠠᠨ ᠨᠡᠮᠡᠵᠦ ᠵᠠᠯᠭᠠᠯᠳᠤᠭᠤᠯᠤᠨ ᠠᠮᠠᠷᠠᠵᠣ ᠪᠣᠯᠣᠨ᠎ᠠ ᠬᠡᠪᠡ᠃ ᠡᠭᠦᠨ ᠠᠴᠠ ᠭᠠᠳᠠᠨ᠎ᠠ᠂ ᠨᠢᠳᠤᠨᠤᠨ ᠤ ᠬᠢ ᠲᠠᠢ ᠬᠠᠷᠢᠴᠠᠭᠤᠯᠪᠠᠯ᠂ ᠤᠯᠤᠰ ᠤᠨ ᠳᠣᠲᠣᠭᠠᠳᠤ ᠶᠢᠨ ᠲᠦᠷᠭᠡᠨ ᠤ ᠵᠠᠰᠠᠮᠠᠯ ᠵᠠᠮ ᠢᠶᠠᠷ ᠨᠡᠪᠲᠡᠷᠡᠬᠦ ᠠᠷᠭ᠎ᠠ ᠬᠡᠯᠪᠡᠷᠢ ᠳᠤ ᠪᠠᠰᠠ ᠡᠳᠦᠶ ᠲᠡᠳᠦᠶ ᠬᠤᠪᠢᠷᠠᠯᠲᠠ ᠭᠠᠷᠴᠠᠶ᠂ ᠡᠭᠦᠨ ᠢ ᠲᠡᠷᠭᠡᠨ ᠤ ᠵᠢᠯᠤᠭᠤᠴᠢ ᠨᠠᠷ ᠠᠩᠬᠠᠷᠤᠯ ᠳᠠᠭᠠᠨ ᠠᠪᠤᠭᠠᠷᠠᠢ᠃ ᠮᠤᠵᠢ ᠶᠢᠨ ᠵᠠᠭᠠᠭ ᠤᠨ ᠰᠦᠢᠳᠭᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠵᠤ᠂ ᠴᠠᠬ ᠬᠤᠭᠤᠴᠠᠭ᠎ᠠ ᠬᠤᠪᠢᠶᠠᠵᠤ ᠰᠦᠢᠳᠭᠡᠯ ᠪᠤᠳᠤᠨ᠎ᠠ᠂ ᠨᠢᠳᠤᠨᠤᠨ ᠤ ᠵᠢᠯ ᠤᠨ ᠡᠬᠢᠨ ᠠᠴᠠ ᠡᠬᠢᠯᠡᠨ ᠲᠦᠷᠭᠡᠨ ᠤ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠵᠤ᠂ ETC ᠪᠠᠷ ᠰᠦᠢᠳᠭᠡᠯ ᠬᠤᠷᠢᠶᠠᠬᠤ ᠠᠷᠭ᠎ᠠ ᠶᠢ ᠠᠪᠴᠤ᠂ ᠲᠡᠷᠭᠡ ᠪᠠᠨ ᠵᠣᠭᠰᠣᠭᠠᠬᠤ ᠥᠬᠡᠶ ᠪᠠᠷ ᠮᠤᠵᠢ ᠠᠯᠤᠰᠯᠠᠨ ᠲᠡᠷᠭᠡ ᠵᠢᠯᠣᠭᠤᠳᠤᠨ ᠭᠠᠷᠴᠤ ᠪᠤᠯᠬᠤ ᠪᠤᠯᠭᠠᠪᠠ᠃ ᠡᠭᠦᠨ ᠤ ᠬᠠᠮᠲᠤ᠂ ︽ᠴᠠᠬ ᠬᠤᠭᠤᠴᠠᠭ᠎ᠠ ᠬᠤᠪᠢᠶᠠᠵᠤ ᠰᠦᠢᠳᠭᠡᠯ ᠪᠤᠳᠤᠬᠤ︾ ᠶᠢ ᠰᠦᠢᠳᠭᠡᠯ ᠬᠤᠷᠢᠶᠠᠬᠤ ᠰᠢᠨ᠎ᠡ ᠠᠷᠭ᠎ᠠ ᠮᠠᠶ᠋ᠢᠭ ᠪᠣᠯᠭᠠᠵᠤ᠂ ᠠᠶᠠᠯᠠᠬᠰᠠᠨ ᠵᠠᠮ ᠤᠨ ᠤᠷᠳᠤ ᠪᠠᠷ ᠨᠢ ᠰᠦᠢᠳᠭᠡᠯ ᠬᠤᠷᠢᠶᠠᠵᠤ᠂ ᠢᠯᠡᠭᠦᠦ ᠠᠶᠠᠯᠠᠪᠠᠯ ᠢᠯᠡᠭᠦᠦ ᠬᠤᠷᠢᠶᠠᠵᠤ᠂ ᠰᠦᠢᠳᠭᠡᠯ ᠪᠤᠳᠤᠬᠤ ᠪᠦᠬᠦᠯᠢ ᠴᠣᠭᠴᠠ ᠶᠢ ᠨᠢ ᠨᠠᠩ ᠣᠨᠣᠪᠴᠢᠲᠠᠶ ᠪᠣᠯᠭᠠᠪᠡ᠃ ᠭᠡᠪᠡᠴᠦ ᠠᠩᠬᠠᠷᠤᠭᠤᠰᠢᠲᠠᠶ ᠨᠢ᠂ ᠰᠦᠢᠳᠭᠡᠯ ᠦᠯᠦ ᠬᠤᠷᠢᠶᠠᠬᠤ ᠴᠠᠭ ᠬᠤᠭᠤᠴᠠᠭᠠᠨ ᠳᠤ ᠲᠦᠷᠭᠡᠨ ᠤ ᠵᠠᠰᠠᠮᠠᠯ ᠵᠠᠮ ᠳᠤ ᠭᠠᠷᠤᠭᠰᠠᠨ ᠡᠰᠡᠬᠦ ᠬᠠᠮᠢᠶ᠎ᠠ ᠥᠬᠡᠶ᠂ ᠰᠦᠢᠳᠭᠡᠯ ᠦᠯᠦ ᠬᠤᠷᠢᠶᠠᠬᠤ ᠴᠠᠬ ᠬᠤᠭᠤᠴᠠᠭᠠᠨ ᠳᠤ ᠲᠦᠷᠭᠡᠨ ᠤ ᠵᠠᠰᠠᠮᠠᠯ ᠵᠠᠮ ᠠᠴᠠ ᠪᠠᠭᠤᠳᠠᠭ ᠯᠠ ᠶᠤᠮ ᠪᠣᠯ ᠴᠥᠮ ᠰᠦᠢᠳᠭᠡᠯ ᠬᠤᠷᠢᠶᠠᠬᠤ ᠥᠬᠡᠶ᠃ ᠭᠡᠪᠡᠴᠦ ᠰᠦᠢᠳᠭᠡᠯ ᠦᠯᠦ ᠬᠤᠷᠢᠶᠠᠬᠤ ᠴᠠᠭ ᠬᠤᠭᠤᠴᠠᠭᠠᠨ ᠠᠴᠠ ᠬᠡᠲᠦᠷᠡᠭᠡᠳ ᠲᠦᠷᠭᠡᠨ ᠤ ᠵᠠᠰᠠᠮᠠᠯ ᠵᠠᠮ ᠠᠴᠠ ᠪᠠᠭᠤᠬᠤ ᠳᠤ ᠬᠦᠷᠪᠡᠯ ᠲᠠᠷᠤᠢ ᠪᠥᠬᠦ ᠵᠠᠮ ᠤᠨ ᠰᠦᠢᠳᠭᠡᠯ ᠬᠤᠷᠢᠶᠠᠵᠤ ᠂ ᠴᠠᠬ ᠬᠤᠭᠤᠴᠠᠭ᠎ᠠ ᠬᠤᠪᠢᠶᠠᠵᠤ ᠰᠦᠢᠳᠭᠡᠯ ᠪᠤᠳᠤᠵᠤ ᠦᠭᠭᠦ ᠥᠬᠡᠶ᠃ 8 ᠰᠠᠭᠤᠳᠠᠯ ᠲᠠᠢ ᠪᠠ 9 ᠰᠠᠭᠤᠳᠠᠯ ᠲᠠᠢ ᠮᠠᠰᠢᠨ ᠲᠡᠷᠭᠡ ᠶᠢ ᠨᠢᠭᠡᠳᠦᠭᠡᠷ ᠲᠥᠷᠥᠯ ᠤᠨ ᠮᠠᠰᠢᠨ ᠲᠡᠷᠭᠡᠨ ᠳᠤ ᠤᠷᠤᠭᠤᠯᠪᠠ᠂ 8 ᠰᠠᠭᠤᠳᠠᠯ ᠲᠠᠢ ᠪᠠ 9 ᠰᠠᠭᠤᠳᠠᠯ ᠲᠠᠢ ᠮᠠᠰᠢᠨ ᠲᠡᠷᠭᠡ ᠶᠢ ᠨᠢᠭᠡᠳᠦᠭᠡᠷ ᠲᠥᠷᠥᠯ ᠤᠨ ᠮᠠᠰᠢᠨ ᠲᠡᠷᠭᠡᠨ ᠳᠤ ᠤᠷᠤᠭᠤᠯᠤᠬᠰᠠᠨ ᠤ ᠳᠠᠷᠠᠭ᠎ᠠ᠂ ᠲᠦᠷᠭᠡᠨ ᠤ ᠵᠠᠰᠠᠮᠠᠯ ᠵᠠᠮ ᠤᠨ ᠲᠤᠰᠢᠶᠠᠬᠤ ᠰᠦᠢᠳᠭᠡᠯ ᠨᠢ ᠢᠯᠡᠳᠲᠡ ᠪᠠᠭᠠᠰᠤᠨ᠎ᠠ᠃ ᠭᠡᠪᠡᠴᠦ᠂ ᠣᠳᠣᠬᠠᠨ ᠳᠤ ᠲᠦᠷᠭᠡᠨ ᠤ ᠵᠠᠰᠠᠮᠠᠯ ᠵᠠᠮ ᠤᠨ ᠰᠦᠢᠳᠭᠡᠯ ᠥᠯᠥ ᠬᠤᠷᠢᠶᠠᠬᠤ ᠲᠥᠷᠥ ᠶᠢᠨ ᠪᠣᠳᠣᠯᠭ᠎ᠠ ᠶᠢ 7 ᠠᠴᠠ ᠳᠣᠷᠣᠭᠰᠢᠬᠢ ᠰᠠᠭᠤᠳᠠᠯ ᠲᠠᠢ ᠲᠡᠷᠭᠡ ᠬᠥᠰᠬᠡ ᠳᠤ ᠯᠡ ᠬᠡᠷᠡᠭᠵᠢᠭᠦᠯᠦᠨ᠎ᠡ᠃ ᠬᠡᠬᠦ ᠳᠡᠭᠡᠨ 8 - 9 ᠰᠠᠭᠤᠳᠠᠯ ᠲᠠᠢ ᠮᠠᠰᠢᠨ ᠲᠡᠷᠭᠡ ᠨᠢ ᠮᠥᠨ ᠯᠡ ᠪᠠᠶᠠᠷ ᠳᠤᠷᠠᠰᠬᠠᠯ ᠤᠨ ᠡᠳᠦᠷ ᠲᠦᠷᠭᠡᠨ ᠤ ᠵᠠᠰᠠᠮᠠᠯ ᠵᠠᠮ ᠤᠨ ᠰᠦᠢᠳᠭᠡᠯ ᠦᠯᠦ ᠬᠤᠷᠢᠶᠠᠬᠤ ᠲᠥᠷᠥ ᠶᠢᠨ ᠪᠣᠳᠣᠯᠭ᠎ᠠ ᠶᠢ ᠭᠥᠷᠳᠡᠵᠦ ᠳᠡᠶᠢᠯᠬᠦ ᠥᠬᠡᠶ ᠶᠤᠮ᠃      ᠥᠨᠥ ᠵᠢᠯ ᠤᠨ ᠬᠠᠩᠰᠢ ᠶᠢᠨ ᠡᠳᠦᠷ ᠲᠤ ᠲᠠᠬᠢᠯᠭ᠎ᠠ ᠬᠢᠵᠦ ᠪᠤᠯᠤᠨ᠎ᠠ ᠤᠤ︖      ᠠᠷᠠᠳ ᠤᠨ ᠶᠠᠪᠤᠳᠠᠯ ᠤᠨ ᠶᠠᠮᠤᠨ ᠮᠡᠳᠡᠭᠳᠡᠯ ᠨᠡᠶᠢᠲᠡᠯᠡᠵᠦ᠄ ᠬᠠᠩᠰᠢ ᠶᠢᠨ ᠡᠳᠦᠷ ᠤᠨ ᠬᠤᠭᠤᠴᠠᠭᠠᠨ ᠳᠤ ᠲᠤᠬᠠᠶ ᠶᠢᠨ ᠲᠠᠯᠠᠪᠠᠶ ᠶᠢᠨ ᠲᠠᠬᠢᠯᠭ᠎ᠠ ᠶᠢᠨ ᠦᠢᠯᠡᠴᠢᠯᠡᠭᠡ ᠬᠠᠨᠭ᠍ᠭᠠᠬᠤ ᠭᠠᠵᠠᠷ ᠣᠷᠣᠨ ᠨᠢ ᠤᠷᠢᠳᠴᠢᠯᠠᠨ ᠪᠣᠯᠵᠣᠬᠤ ᠣᠷᠭᠢᠯ ᠤᠨ ᠬᠤᠭᠤᠴᠠᠭ᠎ᠠ ᠶᠢ ᠵᠥᠷᠢᠭᠦᠯᠬᠦ᠂ ᠬᠦᠮᠦᠨ ᠤ ᠴᠤᠪᠤᠭ᠎ᠠ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠲᠠᠬᠢᠯᠭ᠎ᠠ ᠳᠤ ᠣᠷᠣᠯᠴᠠᠬᠤ ᠬᠦᠮᠦᠰ ᠤᠪᠤᠭᠠᠷᠠᠬᠤ ᠶᠢ ᠠᠯᠢ ᠴᠢᠳᠠᠬᠤ ᠪᠠᠷ ᠬᠢᠵᠠᠭᠠᠷᠯᠠᠨ᠂ ᠲᠠᠬᠢᠯᠭ᠎ᠠ ᠶᠢᠨ ᠲᠤᠬᠠᠶ ᠶᠢᠨ ᠲᠠᠯᠠᠪᠠᠶ ᠶᠢᠨ ᠬᠥᠮᠦᠰ ᠤᠨ ᠴᠤᠭᠯᠠᠷᠠᠯ ᠢ ᠪᠠᠭᠠᠰᠬᠠᠬᠤ ᠶᠢᠨ ᠬᠠᠮᠲᠤ ᠲᠠᠬᠢᠯᠭ᠎ᠠ ᠶᠢᠨ ᠲᠠᠯᠠᠪᠤᠷ ᠢ ᠴᠡᠪᠡᠷᠯᠡᠨ ᠠᠷᠢᠭᠤᠳᠬᠠᠬᠤ᠂ ᠲᠠᠬᠢᠯᠭ᠎ᠠ ᠳᠤ ᠣᠷᠣᠯᠴᠠᠬᠤ ᠬᠦᠮᠦᠰ ᠤᠨ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ ᠵᠡᠭᠦᠬᠦ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢ ᠰᠢᠯᠭᠠᠨ ᠪᠠᠶᠢᠴᠠᠭᠠᠬᠤ ᠵᠡᠷᠭᠡ ᠰᠡᠷᠭᠡᠶᠢᠯᠡᠨ ᠬᠤᠷᠢᠬᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ︔ ᠲᠤᠬᠠᠶ ᠶᠢᠨ ᠲᠠᠯᠠᠪᠠᠶ ᠶᠢᠨ ᠲᠠᠬᠢᠯᠭ᠎ᠠ ᠶᠢᠨ ᠦᠢᠯᠡᠴᠢᠯᠡᠭᠡ ᠬᠠᠨᠭ᠍ᠭᠠᠬᠤ ᠶᠢ ᠲᠦᠷ ᠵᠣᠭᠰᠣᠭᠠᠭᠰᠠᠨ ᠭᠠᠵᠠᠷ ᠣᠷᠣᠨ ᠨᠤᠭᠤᠳ ᠨᠢ ᠦᠢᠯᠡᠴᠢᠯᠡᠭᠡ ᠶᠢᠨ ᠵᠠᠭᠪᠤᠷ ᠢᠶᠠᠨ ᠢᠳᠡᠪᠬᠢᠲᠡᠶ ᠪᠠᠷ ᠰᠢᠨᠡᠴᠢᠯᠡᠵᠦ᠂ ᠰᠦᠯᠵᠢᠶ᠎ᠡ ᠪᠠᠷ ᠲᠠᠬᠢᠯᠭ᠎ᠠ ᠬᠢᠬᠦ᠂ ᠣᠷᠣᠯᠠᠨ ᠲᠠᠬᠢᠯᠭ᠎ᠠ ᠬᠢᠬᠦ᠂ ᠡᠭᠦᠯᠡᠨ ᠲᠠᠬᠢᠯᠭ᠎ᠠ ᠬᠢᠬᠦ ᠵᠡᠷᠭᠡ ᠠᠷᠠᠳ ᠲᠤ ᠲᠥᠬᠦᠮ ᠦᠵᠡᠭᠦᠯᠬᠦ᠂ ᠣᠶᠤᠨᠴᠢ ᠦᠢᠯᠡᠴᠢᠯᠡᠭᠡ ᠶᠢ ᠬᠠᠩᠭᠠᠬᠤ ᠬᠡᠷᠡᠭᠲᠡᠶ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号