ᠯᠢ ᠺᠧ ᠴᠢᠶᠠᠩ᠄ ᠬᠢᠵᠢᠭ ᠤᠨ ᠪᠠᠶᠢᠳᠠᠯ ᠳᠤ ᠦᠷᠭᠦᠯᠵᠢᠯᠡᠨ ᠨᠥᠯᠥᠭᠡᠯᠡᠭᠳᠡᠭᠰᠡᠨ ᠠᠵᠢᠯ ᠲᠥᠷᠥᠯ ᠤᠨ ᠠᠵᠤ ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠬᠡᠷᠡᠭᠲᠡᠶ
ᠨᠡᠶᠢᠲᠡᠯᠡᠭᠰᠡᠨ ᠴᠠᠭ᠄
2021/5/17
     
 
      ᠯᠢ ᠺᠧ ᠴᠢᠶᠠᠩ ᠶᠡᠷᠦᠩᠬᠡᠶ ᠰᠠᠶᠢᠳ 5 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠳᠤ ᠦᠷᠭᠦᠯᠵᠢᠯᠡᠨ ᠨᠥᠯᠥᠭᠡᠯᠡᠭᠳᠡᠭᠰᠡᠨ ᠠᠵᠢᠯ ᠲᠥᠷᠥᠯ ᠤᠨ ᠠᠵᠤ ᠠᠬᠤᠶᠢᠯᠠᠯ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢ ᠪᠠᠶᠢᠷᠢᠯᠠᠭᠤᠯᠤᠨ ᠴᠢᠩᠭᠠᠳᠬᠠᠪᠠ᠃      ᠯᠢ ᠺᠧ ᠴᠢᠶᠠᠩ ᠬᠡᠯᠡᠬᠦ ᠳᠤ ᠪᠠᠨ᠂ ᠣᠳᠣᠬᠠᠨ ᠤ ᠪᠠᠶᠢᠳᠠᠯ ᠳᠣᠣᠷ᠎ᠠ ᠵᠣᠭᠤᠰᠣᠨ ᠤ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠤᠷᠢᠨ ᠳᠤ ᠬᠠᠨᠳᠤᠯᠭᠠᠲᠤ ᠴᠢᠨᠠᠷᠲᠠᠶ ᠪᠠᠷ ᠦᠷᠭᠦᠯᠵᠢᠯᠡᠨ ᠬᠦᠴᠦᠯᠡᠬᠦ ᠬᠡᠷᠡᠭᠲᠡᠶ ᠭᠡᠵᠡᠢ᠃      ᠲᠤᠬᠠᠶ ᠶᠢᠨ ᠡᠳᠦᠷ ᠤᠨ ᠬᠤᠷᠠᠯ ᠠᠴᠠ᠂ ᠨᠢᠭᠡ ᠳᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠬᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠮᠥᠷᠲᠡᠭᠡᠨ ᠭᠦᠢᠴᠡᠳ ᠬᠡᠷᠡᠭᠯᠡᠭᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠵᠢᠴᠢ ᠰᠦᠯᠵᠢᠶᠡᠨ ᠠᠴᠠ ᠭᠠᠳᠠᠭᠤᠷ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠪᠤᠰᠤᠳ ᠠᠵᠢᠯ ᠲᠥᠷᠥᠯ ᠳᠠᠬᠢ ᠬᠠᠨᠳᠤᠯᠭ᠎ᠠ ᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠨ᠎ᠠ᠃ ᠦᠢᠯᠡᠳᠬᠡᠯ ᠤᠨ ᠦᠢᠯᠡᠰ ᠤᠨ ᠲᠡᠰ ᠲᠡᠪᠰᠢᠨ ᠬᠥᠭᠵᠢᠬᠦ ᠳᠤ ᠦᠵᠡᠭᠦᠯᠬᠦ ᠪᠡᠯᠡ ᠲᠤᠬᠢᠷᠠᠭᠤᠯᠭ᠎ᠠ ᠶᠢᠨ ᠳᠡᠮᠵᠢᠯᠭᠡ ᠶᠢ ᠦᠷᠭᠦᠯᠵᠢᠯᠡᠨ ᠰᠠᠶᠢᠲᠤᠷ ᠬᠢᠨ᠎ᠡ᠃      ᠬᠤᠶᠠᠷ ᠲᠤ᠂ ᠵᠢᠵᠢᠭ ᠪᠢᠴᠢᠯ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ ᠶᠢ ᠦᠨᠡᠯᠡᠬᠦ ᠲᠣᠭᠲᠠᠯᠴᠠᠭ᠎ᠠ ᠶᠢ ᠲᠤᠷᠰᠢᠨ ᠪᠠᠶᠢᠭᠤᠯᠵᠤ᠂ ᠪᠠᠯᠠ ᠲᠣᠬᠢᠷᠠᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ 3000 ᠳ᠋ᠦᠩᠰᠢᠭᠤᠷ ᠲᠥᠭᠦᠷᠢᠭ ᠠᠴᠠ ᠳᠡᠭᠡᠭᠰᠢ ᠵᠢᠵᠢᠭ ᠪᠢᠴᠢᠯ ᠠᠵᠤ ᠠᠬᠤᠶᠢᠯᠠᠯ ᠤᠨ ᠲᠤᠰᠬᠠᠶ ᠵᠦᠢᠯ ᠤᠨ ᠮᠥᠩᠭᠦᠨ ᠭᠦᠢᠯᠭᠡᠭᠡᠨ ᠤ ᠵᠢᠭᠡᠯᠡᠯᠭᠡ ᠲᠠᠷᠬᠠᠭᠠᠬᠤ ᠶᠢ ᠳᠡᠮᠵᠢᠨ᠎ᠡ᠃ ᠪᠠᠩᠬᠢ ᠶᠢᠨ ᠦᠢᠯᠡᠰ ᠤᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠪᠠ ᠡᠷᠦᠬᠡ ᠶᠢᠨ ᠲᠤᠭ᠎ᠠ ︽ᠬᠤᠶᠠᠷ ᠢ ᠨᠡᠮᠡᠭᠳᠡᠭᠦᠯᠬᠦ︾ ᠶᠢ ᠦᠨᠡᠨ ᠬᠦ ᠪᠠᠲᠤᠯᠠᠵᠤ᠂ ᠤᠯᠤᠰ ᠤᠨ ᠥᠮᠴᠢᠯᠡᠯᠲᠦ ᠲᠣᠮᠣ ᠬᠡᠯᠪᠡᠷᠢ ᠶᠢᠨ ᠲᠠᠪᠤᠨ ᠬᠤᠳᠠᠯᠳᠤᠭᠠᠨ ᠤ ᠪᠠᠩᠬᠢ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠨᠡᠮᠡᠭᠳᠡᠯ ᠢ 30% ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠠ ᠭᠡᠵᠦ ᠲᠣᠭᠲᠠᠭᠠᠵᠠᠢ᠃      ᠯᠢ ᠺᠧ ᠴᠢᠶᠠᠩ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠬᠤ ᠳᠤ ᠪᠠᠨ᠄ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯ ᠣᠯᠭᠤᠯᠲᠠ ᠳᠤ ᠦᠵᠡᠭᠦᠯᠦᠭᠰᠡᠨ ᠬᠤᠪᠢ ᠨᠡᠮᠡᠷᠢ ᠨᠢ ᠮᠠᠰᠢ ᠢᠯᠡᠷᠬᠡᠢ ᠪᠠᠶᠢᠨ᠎ᠠ︾ ᠭᠡᠵᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠨ ᠤ ᠬᠤᠭᠤᠴᠠᠭᠠᠨ ᠳᠤ 5500 ᠭᠠᠷᠤᠶ ᠲᠦᠮᠡᠨ ᠡᠷᠦᠬᠡ ᠳᠤ ᠬᠦᠷᠴᠦ᠂ ᠣᠲᠣ ᠨᠢᠭᠡᠨᠲᠡ 9000 ᠲᠦᠮᠡᠨ ᠡᠷᠦᠬᠡ ᠶᠢ ᠳᠠᠪᠠᠵᠤ᠂ 2 ᠳ᠋ᠦᠩᠰᠢᠭᠤᠷ ᠭᠠᠷᠤᠶ ᠬᠥᠮᠦᠨ ᠤ ᠠᠵᠢᠯ ᠣᠯᠭᠤᠯᠲᠠ ᠶᠢ ᠳᠠᠶᠢᠴᠢᠯᠠᠭᠰᠠᠨ ᠪᠠᠶᠢᠨ᠎ᠠ᠃      ᠶᠡᠷᠦᠩᠬᠡᠶ ᠰᠠᠶᠢᠳ ᠱᠠᠭᠠᠷᠳᠠᠬᠤ ᠳᠤ ᠪᠠᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ ᠶᠢ ᠦᠨᠡᠯᠡᠬᠦ ᠲᠣᠭᠲᠠᠯᠴᠠᠭ᠎ᠠ ᠶᠢ ᠲᠤᠷᠰᠢᠨ ᠪᠠᠶᠢᠭᠤᠯᠵᠤ᠂ ᠪᠡᠯᠡ ᠲᠣᠬᠢᠷᠠᠭᠤᠯᠬᠤ ᠳᠤ ᠳᠥᠭᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠡᠢ᠃      ᠯᠢ ᠺᠧ ᠴᠢᠶᠠᠩ ᠵᠢᠭᠠᠬᠤ ᠳᠤ ᠪᠠᠨ᠂ ᠣᠳᠣᠬᠠᠨ ᠤ ᠣᠷᠣᠨ ᠪᠦᠰᠡ ᠶᠢᠨ ᠬᠥᠭᠵᠢᠯᠲᠡ ᠳᠤ ᠲᠡᠩᠴᠡᠭᠦᠷᠢ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃      ᠵᠡᠭᠦᠨ ᠬᠡᠰᠡᠭ ᠤᠨ ᠭᠠᠵᠠᠷ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠤᠯᠠᠨ᠂ ᠤᠯᠬᠤ ᠵᠢᠭᠡᠯᠡᠯᠭᠡ ᠨᠢ ᠴᠦ ᠤᠯᠠᠨ᠂ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠬᠠᠷᠢᠴᠠᠩᠭᠤᠶ ᠪᠠᠷ ᠴᠥᠭᠡᠨ ᠪᠠᠶᠢᠵᠤ᠂ ᠤᠯᠬᠤ ᠵᠢᠭᠡᠯᠡᠯᠭᠡ ᠨᠢ ᠴᠦ ᠪᠠᠭ᠎ᠠ ᠪᠠᠶᠢᠳᠠᠭ ᠭᠡᠵᠡᠢ᠃      ᠡᠭᠦᠨ ᠳᠤ ︽ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠤᠷᠢᠨ ᠳᠤ ᠣᠷᠣᠨ ᠪᠦᠰᠡ ᠶᠢᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢ ᠬᠠᠨᠳᠤᠯᠭᠠᠲᠤ ᠴᠢᠨᠠᠷᠲᠠᠶ ᠪᠠᠷ ᠰᠠᠶᠢᠲᠤᠷ ᠬᠢᠵᠦ᠂ ᠬᠠᠮᠢᠶ᠎ᠠ ᠪᠦᠬᠦᠢ ᠣᠷᠣᠨ ᠨᠤᠲᠤᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠪᠣᠯᠤᠨ ᠮᠥᠩᠭᠦᠨ ᠭᠦᠢᠯᠭᠡᠭᠡᠨ ᠤ ᠠᠮᠢ ᠠᠬᠤᠶ ᠪᠠᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ ᠃ ᠮᠥᠩᠭᠦᠨ ᠭᠦᠢᠯᠭᠡᠭᠡᠨ ᠤ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠨᠠᠮᠳᠠᠭᠠᠬᠤ ᠬᠡᠷᠡᠭᠲᠡᠢ︾ ᠭᠡᠵᠡᠢ᠃       ᠯᠢ ᠺᠧ ᠴᠢᠶᠠᠩ ᠱᠠᠭᠠᠷᠳᠠᠬᠤ ᠳᠤ ᠪᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠤᠨ ᠵᠠᠬ᠎ᠠ ᠳᠡᠯᠭᠡᠭᠦᠷ ᠤᠨ ᠬᠤᠪᠢᠷᠠᠯᠲᠠ ᠶᠢ ᠨᠠᠷᠢᠨ ᠨᠢᠭᠲᠠ ᠮᠥᠷᠳᠡᠨ ᠵᠠᠳᠠᠯᠵᠤ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠶᠡᠭᠡ ᠬᠡᠮᠵᠢᠶᠡᠨ ᠤ ᠲᠠᠸᠠᠷ ᠤᠨ ᠦᠨ᠎ᠡ ᠬᠠᠩᠰᠢ ᠶᠢᠨ ᠬᠡᠳᠦ ᠲᠦᠷᠭᠡᠨ ᠥᠰᠬᠦ ᠵᠢᠴᠢ ᠬᠤᠯᠪᠣᠯᠳᠤᠭᠰᠠᠨ ᠨᠥᠯᠥᠭᠡ ᠶᠢ ᠠᠷᠭᠠᠴᠠᠭᠠᠬᠤ ᠬᠡᠷᠡᠭᠲᠡᠶ᠃ ᠵᠣᠭᠤᠰᠣᠨ ᠤ ᠲᠦᠷᠦ ᠶᠢᠨ ᠪᠤᠳᠤᠯᠭ᠎ᠠ ᠬᠢᠭᠡᠳ ᠪᠤᠰᠤᠳ ᠲᠦᠷᠦ ᠶᠢᠨ ᠪᠤᠳᠤᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号