ᠯᠢ ᠺᠧ ᠴᠢᠶᠠᠩ ᠢᠲ᠋ᠠᠯᠢ ᠶᠢᠨ ᠶᠡᠷᠦᠩᠬᠡᠢ ᠰᠠᠶᠢᠳ ᠳ᠋ᠧᠯᠠᠵᠢ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/5/20
      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ ᠵᠥᠩ ᠨᠠᠨ ᠬᠠᠶ ᠶᠢᠨ ᠽᠢ ᠭᠤᠸᠠᠩ ᠭᠧ ᠳᠤ ᠢᠲ᠋ᠠᠯᠢ ᠶᠢᠨ ᠶᠡᠷᠦᠩᠬᠡᠶ ᠰᠠᠶᠢᠳ ᠳ᠋ᠧᠯᠠᠵᠢ ᠲᠠᠢ ᠪᠣᠯᠵᠤᠭ᠎ᠠ ᠶᠣᠰᠣᠭᠠᠷ ᠤᠲᠠᠰᠤ ᠪᠠᠷ ᠶᠠᠷᠢᠯᠴᠠᠪᠠ᠃
     ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠢᠲ᠋ᠠᠯᠢ ᠪᠣᠯ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ ᠬᠤᠶᠠᠷ ᠤᠯᠤᠰ ᠤᠨ ᠬᠠᠷᠢᠴᠠᠭ᠎ᠠ ᠭᠦᠨ ᠵᠤᠵᠠᠭᠠᠨ ᠲᠡᠦᠬᠡ ᠶᠢᠨ ᠬᠤᠷᠠᠮᠳᠤᠭᠤᠯᠤᠯ ᠪᠠ ᠪᠠᠲᠤ ᠪᠠᠬᠢ ᠠᠰᠢᠭ ᠲᠤᠰᠠ ᠶᠢᠨ ᠬᠤᠯᠪᠣᠭᠠᠰᠤ ᠲᠠᠢ ᠪᠠᠶᠢᠳᠠᠭ᠃ ᠨᠢᠳᠤᠨᠤᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠬᠤᠯᠪᠣᠭᠠᠯᠠᠨ ᠥᠷᠨᠢᠭᠦᠯᠵᠦ᠂ ᠭᠤᠣᠯᠳᠠᠯᠭ᠎ᠠ ᠲᠠᠢ ᠬᠠᠮᠲᠤᠷᠠᠯᠴᠠᠭᠠᠨ ᠤ ᠲᠦᠷᠦᠯ ᠵᠦᠢᠯ ᠢᠳᠡᠪᠬᠢᠲᠡᠢ ᠠᠬᠢᠴᠠ ᠲᠠᠢ ᠪᠣᠯᠪᠠ᠃ ᠢᠲ᠋ᠠᠯᠢ ᠶᠢᠨ ᠲᠠᠯ᠎ᠠ ᠶᠢᠨ ᠬᠢᠨ ᠲᠠᠢ ᠠᠷᠠᠯᠵᠢᠶᠠᠨ ᠤ ᠪᠡᠯᠡ ᠣᠷᠣᠭᠤᠯᠤᠯᠲᠠ᠂ ᠡᠨᠧᠷᠭᠢ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠠᠬᠢᠭᠤᠯᠬᠤ ᠶᠢ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠵᠥᠪᠰᠢᠶᠡᠷᠡᠨ᠎ᠡ᠃ ᠢᠷᠡᠬᠦ ᠵᠢᠯ ᠤᠨ ᠳᠤᠮᠳᠠᠳᠤ ᠢᠲ᠋ᠠᠯᠢ ᠶᠢᠨ ᠰᠣᠶᠣᠯ ᠵᠢᠭᠤᠯᠴᠢᠯᠠᠯ ᠤᠨ ᠣᠨ ᠢ ᠰᠠᠶᠢᠲᠤᠷ ᠡᠷᠬᠢᠯᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠨ᠎ᠡ᠃ ᠬᠤᠷᠢᠨ ᠤᠯᠤᠰ ᠤᠨ ᠪᠦᠯᠦᠭᠯᠡᠯ ᠤᠨ ᠪᠦᠳᠦᠭᠦᠪᠴᠢ ᠲᠥᠰᠥᠪ ᠤᠨ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠢᠲ᠋ᠠᠯᠢ ᠶᠢᠨ ᠬᠠᠷᠢᠴᠠᠭ᠎ᠠ ᠪᠣᠯᠤᠨ ᠬᠠᠮᠲᠤᠷᠠᠯᠴᠠᠭ᠎ᠠ ᠶᠢᠨ ᠭᠦᠨᠵᠡᠭᠡᠶᠢᠷᠡᠯᠲᠡ ᠨᠢ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠳᠤ ᠠᠰᠢᠭᠲᠠᠢ ᠭᠡᠳᠡᠭ ᠲᠤ ᠪᠠᠲᠤ ᠢᠲᠡᠭᠡᠯ ᠲᠠᠢ ᠪᠠᠶᠢᠨ᠎ᠠ ᠭᠡᠵᠡᠢ᠃
     ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠤᠯᠤᠰ ᠧᠦ᠋ᠷᠣᠫᠠ ᠶᠢᠨ ᠬᠤᠯᠪᠣᠭ᠎ᠠ ᠯᠤᠭ᠎ᠠ ᠶᠢᠨ ᠬᠠᠷᠢᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠪᠦᠯᠬᠦᠮᠳᠡᠯ ᠲᠠᠢ᠂ ᠴᠡᠴᠡᠭᠯᠡᠨ ᠬᠥᠭᠵᠢᠭᠰᠡᠨ ᠧᠦ᠋ᠷᠣᠫᠠ ᠶᠢᠨ ᠬᠤᠯᠪᠣᠭ᠎ᠠ ᠪᠣᠯ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠤᠯᠠᠨ ᠲᠠᠯᠠᠲᠤ ᠦᠵᠡᠯ ᠢ ᠳᠡᠮᠵᠢᠬᠦ᠂ ᠴᠢᠯᠥᠭᠡᠲᠦ ᠠᠷᠠᠯᠵᠢᠶ᠎ᠠ ᠶᠢ ᠠᠬᠢᠭᠤᠯᠬᠤ ᠴᠢᠬᠤᠯᠠ ᠬᠦᠴᠦᠨ ᠮᠥᠨ᠃ ᠬᠤᠶᠠᠷ ᠲᠠᠯ᠎ᠠ ᠪᠠᠷ ᠢᠶᠠᠨ ᠶᠡᠭᠡ ᠴᠢᠭᠯᠡᠯ ᠢ ᠡᠵᠡᠮᠳᠡᠵᠦ᠂ ᠨᠡᠭᠡᠭᠡᠯᠲᠡ ᠬᠢᠬᠦ ᠣᠪᠣᠷ ᠢᠶᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠬᠤ ᠶᠢ ᠪᠠᠷᠢᠮᠲᠠᠯᠠᠵᠤ᠂ ᠬᠠᠷᠢᠯᠴᠠᠨ ᠬᠦᠨᠳᠦᠳᠬᠡᠭᠰᠡᠨ ᠰᠠᠭᠤᠷᠢᠨ ᠳᠡᠭᠡᠷ᠎ᠡ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠨ ᠵᠥᠷᠢᠯᠳᠦᠭᠡᠨ ᠢᠶᠠᠨ ᠰᠢᠢᠳᠪᠦᠷᠢᠯᠡᠬᠦ ᠶᠢ ᠬᠦᠰᠡᠵᠦ ᠪᠠᠶᠢᠨ᠎ᠠ᠃ ᠳᠤᠮᠳᠠᠳᠤ ᠧᠦ᠋ᠷᠣᠫᠠ ᠶᠢᠨ ᠬᠠᠮᠲᠤᠷᠠᠯᠴᠠᠭ᠎ᠠ ᠨᠢ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠳᠤ ᠬᠦᠴᠦᠨ ᠨᠡᠮᠡᠷᠢᠯᠡᠬᠦ ᠪᠣᠯᠤᠨ᠎ᠠ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ ᠳᠤᠮᠳᠠᠳᠤ ᠧᠦ᠋ᠷᠣᠫᠠ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠲᠤ ᠡᠷᠲᠡ ᠡᠳᠦᠷ ᠭᠠᠷ ᠤᠨ ᠦᠰᠦᠭ ᠵᠢᠷᠤᠬᠤ ᠶᠢ ᠠᠬᠢᠭᠤᠯᠪᠠᠯ ᠵᠣᠬᠢᠨ᠎ᠠ᠃ ᠢᠲ᠋ᠠᠯᠢ ᠶᠢᠨ ᠬᠢᠨ ᠧᠦ᠋ᠷᠣᠫᠠ ᠤᠨ ᠬᠤᠯᠪᠣᠭ᠎ᠠ ᠶᠢᠨ ᠴᠢᠬᠤᠯᠠ ᠪᠦᠷᠢᠯᠳᠦᠬᠦᠨ ᠪᠣᠯᠤᠭᠰᠠᠨ ᠤ ᠬᠤᠪᠢ ᠳᠤ᠂ ᠳᠤᠮᠳᠠᠳᠤ ᠧᠦ᠋ᠷᠣᠫᠠ ᠶᠢᠨ ᠬᠠᠷᠢᠴᠠᠭ᠎ᠠ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠳᠤ ᠦᠷᠭᠦᠯᠵᠢᠯᠡᠨ ᠢᠳᠡᠪᠬᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃       ᠳ᠋ᠧᠯᠠᠵᠢ ᠢᠯᠡᠷᠬᠡᠶᠢᠯᠡᠬᠦ ᠳᠤ ᠪᠠᠨ᠂ ᠢᠲ᠋ᠠᠯᠢ ᠶᠢᠨ ᠲᠠᠯ᠎ᠠ ᠶᠢᠨ ᠬᠢᠨ ᠢᠲ᠋ᠠᠯᠢ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ ᠬᠤᠶᠠᠷ ᠲᠠᠯ᠎ᠠ ᠶᠢᠨ ᠴᠢᠬᠤᠯᠠ ᠬᠠᠮᠲᠤᠷᠠᠯᠴᠠᠭᠠᠨ ᠤ ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ ᠬᠤᠶᠠᠷ ᠤᠯᠤᠰ ᠤᠨ ᠡᠨᠧᠷᠭᠢ᠂ ᠠᠭᠠᠷ ᠤᠨ ᠠᠶᠠᠯᠠᠯ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠢᠷᠡᠬᠦ ᠵᠢᠯ ᠤᠨ ᠢᠲ᠋ᠠᠯᠢ ᠳᠤᠮᠳᠠᠳᠤ ᠶᠢᠨ ᠰᠣᠶᠣᠯ ᠵᠢᠭᠤᠯᠴᠢᠯᠠᠯ ᠤᠨ ᠣᠨ ᠢᠶᠠᠷ ᠠᠵᠠ ᠲᠣᠬᠢᠶᠠᠯ ᠪᠣᠯᠭᠠᠨ ᠬᠤᠶᠠᠷ ᠲᠠᠯ᠎ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠤᠨ᠎ᠠ᠃ ᠳᠤᠮᠳᠠᠳᠤ ᠶᠢᠨ ᠲᠠᠯ᠎ᠠ ᠠᠴᠠ ᠢᠲ᠋ᠠᠯᠢ ᠶᠢᠨ ᠲᠠᠯ᠎ᠠ ᠶᠢᠨ  ᠬᠢᠨ ᠤ ᠬᠤᠷᠢᠨ ᠤᠯᠤᠰ ᠤᠨ ᠪᠦᠯᠦᠭᠯᠡᠯ ᠤᠨ ᠲᠡᠷᠢᠭᠦᠯᠡᠭᠴᠢ ᠤᠯᠤᠰ ᠤᠨ ᠠᠵᠢᠯ ᠢ ᠡᠭᠦᠷᠭᠡᠯᠡᠬᠦ ᠶᠢ ᠳᠡᠮᠵᠢᠵᠦ ᠪᠠᠶᠢᠭ᠎ᠠ ᠳᠤ ᠪᠠᠶᠠᠷᠯᠠᠨ ᠲᠠᠯᠠᠷᠬᠠᠵᠤ ᠪᠠᠶᠢᠨ᠎ᠠ᠂ ᠪᠢᠳᠡ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠡᠷᠡᠭ ᠶᠠᠪᠤᠳᠠᠯ ᠤᠨ ᠲᠤᠬᠠᠢ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠶᠢ ᠬᠠᠮᠲᠤ ᠪᠠᠷ ᠠᠬᠢᠭᠤᠯᠤᠨ᠂ ᠪᠦᠬᠦ ᠪᠥᠮᠪᠥᠷᠴᠡᠭ ᠤᠨ ᠠᠵᠤ ᠠᠬᠤᠢ ᠶᠢᠨ ᠰᠡᠷᠭᠦᠯᠲᠡ ᠶᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠨ᠎ᠠ᠃ ᠧᠦ᠋ᠷᠣᠫᠠ ᠳᠤᠮᠳᠠᠳᠤ ᠶᠢᠨ ᠪᠡᠯᠡ ᠣᠷᠣᠭᠤᠯᠤᠯᠲᠠ ᠶᠢᠨ ᠬᠡᠯᠡᠯᠴᠡᠭᠡᠷ ᠪᠣᠯ ᠬᠤᠶᠠᠷ ᠲᠠᠯ᠎ᠠ ᠪᠠᠷ ᠢᠶᠠᠨ ᠲᠤᠬᠢᠷᠠᠯᠴᠠᠭᠰᠠᠠ ᠴᠢᠬᠤᠯᠠ ᠬᠠᠮᠲᠤ ᠶᠢᠨ ᠲᠠᠨᠢᠯᠲᠠ ᠪᠣᠯᠤᠨ᠎ᠠ᠂ ᠢᠲ᠋ᠠᠯᠢ ᠶᠢᠨ ᠲᠠᠯ᠎ᠠ ᠶᠢᠨ ᠬᠢᠨ ᠡᠷᠲᠡ ᠡᠳᠦᠷ ᠶᠠᠷᠢᠯᠴᠠᠭ᠎ᠠ ᠪᠠᠷ ᠳᠠᠮᠵᠢᠨ ᠬᠤᠶᠢᠰᠢᠳᠠ ᠶᠢᠨ ᠠᠬᠢᠴᠠ ᠪᠠᠨ ᠠᠬᠢᠭᠤᠯᠬᠤ ᠶᠢ ᠳᠡᠮᠵᠢᠨ᠎ᠠ ᠭᠡᠵᠡᠢ᠃      ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号