5 ᠰᠠᠷ᠎ᠠ ᠶᠢᠨ 21 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠪᠡᠭᠡᠵᠢᠩ ᠳᠤ | ᠸᠢᠳᠢᠣ᠋ ᠬᠡᠯᠪᠡᠷᠢ ᠪᠠᠷ ᠪᠦᠬᠦ ᠪᠥᠮᠪᠥᠷᠴᠡᠭ ᠤᠨ ᠡᠷᠡᠭᠦᠯ ᠮᠡᠨᠳᠦ ᠶᠢᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ | ᠪᠥᠭᠡᠳ ︽ᠭᠠᠷ ᠬᠤᠯᠪᠣᠨ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠴᠣᠭᠴᠠ ᠶᠢ | ᠬᠠᠮᠲᠤ ᠪᠠᠷ ᠪᠦᠳᠦᠬᠡᠨ ᠪᠠᠶᠢᠭᠤᠯᠤᠶ᠎ᠠ︾ ᠭᠡᠬᠦ ᠰᠡᠳᠦᠪ ᠲᠠᠢ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ ᠵᠢᠯ ᠭᠠᠷᠤᠢ ᠶᠢᠨ ᠲᠤᠷᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠳᠠᠬᠢᠨ ᠳᠡᠪᠳᠠᠨ ᠡᠬᠦᠰᠴᠤ᠂ ᠵᠠᠭᠤᠨ ᠵᠢᠯ ᠤᠨ ᠲᠤᠷᠰᠢᠬᠢ ᠡᠨᠡ ᠬᠦ ᠬᠠᠮᠤᠭ ᠤᠨ ᠬᠦᠨᠳᠦ ᠨᠣᠴᠢᠲᠠᠢ | ᠬᠠᠯᠳᠠᠪᠤᠷᠢᠲᠤ ᠡᠪᠡᠳᠴᠢᠨ ᠦᠷᠪᠢᠰᠦᠨ ᠳᠡᠯᠭᠡᠷᠡᠭᠰᠡᠭᠡᠷ ᠪᠠᠶᠢᠨ᠎ᠠ᠃ ᠬᠢᠵᠢᠭ ᠤᠨ ᠪᠠᠶᠢᠳᠠᠯ ᠢ ᠡᠷᠲᠡᠬᠡᠨ ᠢᠯᠠᠨ | ᠳᠠᠪᠠᠵᠤ᠂ ᠠᠵᠤ ᠠᠬᠤᠢ ᠶᠢᠨ ᠨᠡᠮᠡᠭᠳᠡᠯ ᠢ ᠰᠡᠷᠭᠦᠭᠡᠬᠦ ᠪᠣᠯ ᠳᠡᠯᠡᠬᠡᠢ ᠨᠡᠶᠢᠭᠡᠮ ᠤᠨ ᠲᠡᠷᠢᠭᠦᠨ ᠴᠢᠬᠤᠯᠠ ᠡᠭᠦᠷᠭᠡ ᠮᠥᠨ | ᠃ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠬᠦᠨ ᠪᠦᠬᠦ ᠪᠥᠮᠪᠥᠷᠴᠡᠭ ᠤᠨ ᠬᠢᠵᠢᠭ ᠲᠠᠢ ᠲᠡᠮᠡᠴᠡᠬᠦ | ᠬᠠᠮᠲᠤᠷᠠᠯᠴᠠᠭ᠎ᠠ ᠳᠤᠮᠳᠠ ᠬᠠᠷᠢᠭᠤᠴᠠᠯᠭ᠎ᠠ ᠡᠭᠦᠷᠭᠡᠯᠡᠵᠦ᠂ ᠬᠦᠨᠳᠦ ᠶᠡᠭᠡ ᠭᠡᠨᠡᠳᠲᠡ ᠶᠢᠨ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠪᠣᠯᠤᠨ ᠲᠦᠪᠰᠢᠨ ᠢ ᠬᠦᠴᠦᠯᠡᠨ ᠳᠡᠭᠡᠭᠰᠢᠯᠡᠭᠦᠯᠪᠡᠯ | ᠵᠣᠬᠢᠨ᠎ᠠ ᠬᠡᠵᠥ ᠵᠢᠭᠠᠵᠥ ᠭᠠᠷᠭᠠᠪᠠ᠃ | | ᠰᠢ ᠶᠢᠨ ᠫᠢᠩ 5 ᠳᠠᠯ᠎ᠠ ᠶᠢᠨ ᠰᠠᠨᠠᠯ ᠳᠤᠷᠠᠳᠴᠠᠢ᠄ | ᠨᠢᠭᠡᠳᠦᠭᠡᠷ ᠲᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠎ᠠ᠃ | ᠬᠢᠵᠢᠭ ᠲᠠᠢ ᠲᠡᠮᠡᠴᠡᠬᠦ ᠨᠢ ᠠᠷᠠᠳ ᠲᠦᠮᠡᠨ ᠤ ᠲᠥᠯᠥᠭᠡ ᠶᠤᠮ᠂ ᠪᠠᠰᠠ ᠡᠷᠬᠡᠪᠰᠢ ᠠᠷᠠᠳ ᠲᠦᠮᠡᠨ ᠳᠤ ᠲᠦᠰᠢᠭᠯᠡᠬᠦ | ᠬᠡᠷᠡᠭᠲᠡᠢ᠂ ᠡᠷᠬᠡᠪᠰᠢ ᠲᠦᠢᠯ ᠤᠨ ᠶᠡᠭᠡ ᠤᠯᠤᠰ ᠲᠦᠷᠦ ᠶᠢᠨ ᠡᠭᠦᠷᠭᠡᠯᠡᠯ ᠪᠠ ᠰᠥᠰᠥ ᠵᠣᠷᠢᠭ ᠢᠶᠠᠷ᠂ ᠶᠡᠷᠦ | ᠪᠤᠰᠤ ᠶᠢᠨ ᠠᠵᠢᠯᠯᠠᠭ᠎ᠠ ᠪᠠᠷ ᠶᠡᠷᠦ ᠪᠤᠰᠤ ᠶᠢᠨ ᠶᠠᠪᠤᠳᠠᠯ ᠢ ᠠᠷᠭᠠᠴᠠᠭᠠᠵᠤ᠂ ᠬᠥᠮᠦᠨ ᠨᠢᠭᠡᠪᠦᠷᠢ ᠶᠢᠨ ᠠᠮᠢ ᠨᠠᠰᠤᠨ ᠤ | ᠦᠨ᠎ᠡ ᠦᠷᠳᠡᠭ ᠪᠠ ᠨᠡᠷ᠎ᠡ ᠬᠦᠨᠳᠦ ᠶᠢ ᠦᠨᠡᠨ ᠬᠦ ᠬᠦᠨᠳᠦᠳᠬᠡᠵᠦ᠂ ᠠᠷᠠᠳ ᠤᠯᠠᠨ ᠤ ᠠᠮᠢᠳᠤᠷᠠᠯ ᠪᠠᠭ᠎ᠠ | ᠨᠥᠯᠥᠭᠡᠯᠡᠭᠳᠡᠬᠦ᠂ ᠨᠡᠶᠢᠭᠡᠮ ᠤᠨ ᠡᠮᠬᠢ ᠳᠢᠭᠯᠢᠮ ᠶᠡᠷᠦᠩᠬᠡᠢ ᠳᠡᠭᠡᠨ ᠬᠡᠪ ᠤᠨ ᠪᠠᠶᠢᠬᠤ ᠶᠢ ᠪᠠᠲᠤᠯᠠᠪᠠᠯ ᠵᠤᠬᠢᠨ᠎ᠠ᠃ | ᠬᠤᠶᠠᠳᠤᠭᠠᠷ ᠲᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠨᠢᠭᠡᠳᠦᠯᠲᠡᠢ | ᠲᠥᠯᠥᠪᠵᠢᠭᠦᠯᠦᠨ ᠰᠢᠰᠲ᠋ᠧᠮ ᠲᠠᠢ ᠠᠷᠭᠠᠴᠠᠭᠠᠬᠤ ᠶᠢ ᠪᠠᠷᠢᠮᠲᠠᠯᠠᠨ᠎ᠠ᠃ ᠡᠮ ᠤᠨ ᠵᠦᠢᠯ ᠪᠠ ᠡᠮ ᠤᠨ ᠪᠤᠰᠤ ᠵᠦᠢᠯ ᠢ | ᠬᠠᠮᠢᠶᠠᠷᠬᠤ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠵᠦ᠂ ᠪᠠᠶᠢᠩᠭᠤᠵᠢᠭᠤᠯᠤᠨ ᠣᠨᠣᠴᠠᠲᠠᠢ ᠪᠠᠷ | ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠨᠢᠭᠡᠳᠦᠯᠲᠡᠢ ᠲᠥᠯᠥᠪᠵᠢᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠪᠡᠯ ᠵᠤᠬᠢᠨ᠎ᠠ᠃ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠬᠦᠨ ᠬᠠᠷᠢᠭᠤᠴᠠᠯᠭ᠎ᠠ ᠲᠠᠢ ᠪᠦᠬᠦᠢ | ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠠᠪᠴᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠰᠢᠭᠤᠳ ᠰᠢᠯᠤᠭᠤᠨ ᠡᠷᠭᠢᠯᠲᠡ ᠶᠢ ᠬᠠᠮᠠᠭᠠᠯᠠᠵᠤ᠂ ᠬᠥᠭᠵᠢᠵᠦ | ᠪᠠᠶᠢᠭ᠎ᠠ ᠤᠯᠤᠰ ᠢᠯᠠᠩᠭᠤᠶ᠎ᠠ ᠬᠦᠴᠢᠷᠳᠡᠯ ᠣᠨᠴᠠ ᠶᠡᠭᠡ ᠪᠠᠭᠤᠷᠠᠢ ᠤᠯᠤᠰ ᠢ ᠦᠷᠭᠦᠯᠵᠢᠯᠡᠨ ᠳᠡᠮᠵᠢᠪᠡᠯ ᠵᠤᠬᠢᠨ᠎ᠠ᠃ | ᠭᠤᠷᠪᠠᠳᠤᠭᠠᠷ ᠲᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ ᠪᠠᠷᠢᠮᠲᠠᠯᠠᠵᠤ᠂ ᠪᠦᠯᠬᠦᠮᠳᠡᠨ | ᠬᠠᠮᠲᠤᠷᠠᠯᠴᠠᠬᠤ ᠶᠢ ᠰᠠᠨᠠᠭᠠᠴᠢᠯᠠᠨ᠎ᠠ᠃ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ | ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠲᠥᠷᠥᠴᠢᠯᠡᠬᠦ᠂ ᠲᠡᠮᠳᠡᠭ ᠬᠠᠳᠠᠬᠤ᠂ ᠮᠠᠭᠤ ᠨᠡᠷ᠎ᠡ | ᠵᠡᠭᠦᠯᠭᠡᠬᠦ ᠡᠯ᠎ᠡ ᠵᠦᠢᠯ ᠤᠨ ᠭᠤᠷᠢᠳᠠᠯᠭ᠎ᠠ ᠶᠢ ᠡᠷᠡᠰ ᠡᠰᠡᠷᠭᠦᠴᠡᠨ᠎ᠠ᠃ ᠤᠯᠤᠰ ᠲᠥᠷᠥ ᠶᠢᠨ ᠠᠵᠢᠯᠯᠠᠭ᠎ᠠ ᠠᠪᠬᠤ ᠨᠢ | ᠲᠣᠰ ᠤᠯᠤᠰ ᠤᠨ ᠬᠢᠨ ᠤ ᠬᠢᠵᠢᠭ ᠲᠠᠢ ᠲᠡᠮᠡᠴᠡᠬᠦ ᠳᠤ ᠥᠴᠦᠬᠡᠨ ᠴᠦ ᠲᠤᠰᠠ ᠪᠣᠯᠬᠤ ᠥᠬᠡᠶ᠂ ᠵᠥᠪᠬᠡᠨ ᠣᠯᠠᠨ | ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠰᠠᠮᠠᠭᠤᠷᠠᠭᠤᠯᠵᠤ᠂ ᠳᠡᠯᠡᠬᠡᠶ ᠶᠢᠨ ᠡᠯ᠎ᠡ ᠤᠯᠤᠰ ᠤᠨ ᠠᠷᠠᠳ | ᠲᠦᠮᠡᠨ ᠳᠤ ᠨᠠᠩ ᠶᠡᠭᠡ ᠬᠤᠬᠢᠷᠠᠯ ᠤᠴᠠᠷᠠᠭᠤᠯᠬᠤ ᠪᠣᠯᠤᠨ᠎ᠠ᠃ | ᠳᠥᠷᠪᠡᠳᠦᠭᠡᠷ ᠲᠤ᠂ ᠲᠥᠪ ᠭᠤᠣᠯᠴᠢ ᠵᠦᠢ ᠵᠣᠬᠢᠰᠲᠠᠢ ᠪᠠᠶᠢᠬᠤ ᠶᠢ ᠪᠠᠷᠢᠮᠲᠠᠯᠠᠵᠤ᠂ ︽ᠡᠭᠡᠯᠢᠯᠡᠭᠡ ᠶᠢᠨ | ᠵᠠᠭᠠᠭ︾ ᠢ ᠠᠨᠠᠭᠠᠨ᠎ᠠ᠃ ︽ᠸᠠᠺᠼᠢᠨ ᠤ ᠦᠨᠳᠦᠰᠦᠲᠡᠨ ᠤ ᠦᠵᠡᠯ︾ ᠢ ᠲᠠᠶᠠᠭᠳᠠᠵᠤ᠂ ᠸᠠᠺᠼᠢᠨ ᠤ | ᠦᠢᠯᠡᠳᠪᠦᠷᠢᠯᠡᠯ ᠤᠨ ᠴᠢᠳᠠᠪᠤᠷᠢ ᠪᠣᠯᠤᠨ ᠬᠤᠪᠢᠶᠠᠷᠢᠯᠠᠯᠲᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ | ᠬᠥᠭᠵᠢᠵᠦ ᠪᠠᠶᠢᠭ᠎ᠠ ᠤᠯᠤᠰ ᠤᠳ ᠤᠨ ᠬᠦᠷᠦᠯᠴᠠᠬᠦ᠋ᠢᠴᠡ ᠴᠢᠨᠠᠷ ᠪᠣᠯᠤᠨ ᠡᠭᠦᠷᠭᠡᠯᠡᠵᠦ ᠪᠣᠯᠬᠤ ᠴᠢᠨᠠᠷ ᠢ | ᠴᠢᠩᠭᠠᠳᠬᠠᠨ᠎ᠠ᠃ ᠸᠠᠺᠼᠢᠨ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠲᠣᠮᠣ ᠤᠯᠤᠰ ᠬᠠᠷᠢᠭᠤᠴᠠᠯᠭ᠎ᠠ ᠪᠠᠨ | ᠡᠭᠦᠷᠭᠡᠯᠡᠵᠦ᠂ ᠪᠠᠴᠢᠮ ᠬᠡᠷᠡᠭᠴᠡᠭᠡ ᠲᠠᠢ ᠪᠦᠬᠦᠢ ᠬᠥᠭᠵᠢᠵᠦ ᠪᠠᠶᠢᠭ᠎ᠠ ᠤᠯᠤᠰ ᠲᠤ ᠸᠠᠺᠼᠢᠨ ᠢ ᠢᠯᠡᠭᠦᠬᠡᠨ ᠬᠠᠩᠭᠠᠨ᠎ᠠ | ᠃ ᠤᠯᠠᠨ ᠲᠠᠯᠠᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠥᠭᠵᠢᠵᠦ ᠪᠠᠶᠢᠭ᠎ᠠ ᠤᠯᠤᠰ ᠤᠳ ᠤᠨ ᠸᠠᠺᠼᠢᠨ | ᠬᠤᠳᠠᠯᠳᠤᠨ ᠠᠪᠬᠤ ᠳᠤ ᠪᠡᠯᠡ ᠬᠤᠷᠠᠮᠳᠤᠭᠤᠯᠬᠤ ᠳᠡᠮᠵᠢᠯᠭᠡ ᠦᠵᠡᠭᠦᠯᠪᠡᠯ ᠵᠣᠬᠢᠨ᠎ᠠ᠃ ᠳᠡᠯᠡᠬᠡᠢ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ | ᠬᠡᠷᠡᠭᠵᠢᠭᠦᠯᠬᠦ ᠲᠥᠯᠥᠪᠯᠡᠭᠡ︾ ᠶᠢ ᠲᠦᠷᠭᠡᠳᠬᠡᠨ ᠠᠬᠢᠭᠤᠯᠪᠠᠯ ᠵᠤᠬᠢᠨ᠎ᠠ᠃ | ᠲᠠᠪᠤᠳᠤᠭᠠᠷ ᠲᠤ᠂ ᠦᠡᠭᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠ | ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠩᠭᠠᠳᠬᠠᠨ ᠪᠠᠳᠠᠷᠠᠭᠤᠯᠵᠤ᠂ | ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠨ᠂ ᠬᠥᠭᠵᠢᠵᠦ ᠪᠠᠶᠢᠭ᠎ᠠ | ᠤᠯᠤᠰ ᠤᠨ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠨᠡᠩ ᠰᠠᠶᠢᠨ ᠲᠤᠰᠬᠠᠨ᠎ᠠ᠃ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ᠂ ᠬᠦᠨᠳᠦ ᠶᠡᠭᠡ ᠬᠢᠵᠢᠭ ᠤᠨ | ᠪᠠᠶᠢᠳᠠᠯ ᠢ ᠠᠪᠤᠷᠠᠨ ᠵᠠᠰᠠᠬᠤ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ ᠪᠠ | ᠪᠠᠲᠤᠯᠠᠬᠤ ᠴᠢᠳᠠᠪᠤᠷᠢ᠂ ᠬᠤᠳᠠᠯ ᠬᠠᠭᠤᠷᠮᠠᠭ ᠮᠡᠳᠡᠭᠡ ᠵᠠᠩᠭᠢ ᠳᠤ ᠴᠣᠬᠢᠯᠲᠠ ᠥᠭᠬᠦ ᠴᠢᠳᠠᠪᠤᠷᠢ᠂ ᠬᠥᠭᠵᠢᠵᠦ | ᠪᠠᠶᠢᠭ᠎ᠠ ᠤᠯᠤᠰ ᠲᠤ ᠳᠡᠮᠵᠢᠯᠭᠡ ᠬᠠᠩᠭᠠᠬᠤ ᠴᠢᠳᠠᠪᠤᠷᠢ ᠶᠢ ᠳᠡᠬᠡᠭᠰᠢᠯᠡᠬᠦᠯᠤᠨᠡ᠃ | ᠪᠦᠬᠦ ᠪᠥᠮᠪᠥᠷᠴᠡᠭ ᠤᠨ ᠪᠦᠯᠬᠦᠮᠳᠡᠨ ᠬᠢᠵᠢᠭ ᠲᠠᠢ ᠲᠡᠮᠡᠴᠡᠬᠦ ᠶᠢ ᠦᠷᠭᠦᠯᠵᠢᠯᠡᠨ ᠳᠡᠮᠵᠢᠬᠦ ᠶᠢᠨ ᠲᠥᠯᠥᠭᠡ᠂ | ᠰᠢ ᠶᠢᠨ ᠫᠢᠩ᠄ | — ᠳᠤᠮᠳᠠᠳᠤ ᠤᠯᠤᠰ ᠢᠷᠡᠬᠦ 3 ᠵᠢᠯ ᠤᠨ ᠳᠣᠲᠣᠷ᠎ᠠ ᠲᠠᠬᠢᠨ 30 ᠳ᠋ᠦᠩᠰᠢᠭᠤᠷ ᠳ᠋ᠣᠯᠯᠠᠷ ᠤᠨ ᠤᠯᠠᠨ | ᠤᠯᠤᠰ ᠤᠨ ᠲᠤᠰᠠᠯᠠᠮᠵᠢ ᠬᠠᠩᠭᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠢᠵᠢᠭ ᠲᠠᠢ ᠲᠡᠮᠡᠴᠡᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠪᠠᠨ ᠰᠡᠷᠭᠦᠭᠡᠬᠦ ᠶᠢ ᠳᠡᠮᠵᠢᠬᠦ ᠳᠤ ᠬᠡᠷᠡᠭᠯᠡᠨ᠎ᠡ᠃ | — ᠳᠤᠮᠳᠠᠳᠤ ᠤᠯᠤᠰ ᠨᠢᠭᠡᠨᠲᠡ ᠪᠥᠬᠦ ᠳᠡᠯᠡᠬᠡᠶ ᠳᠤ 3 ᠳ᠋ᠦᠩᠰᠢᠭᠤᠷ ᠸᠠᠺᠼᠢᠨ ᠬᠠᠩᠭᠠᠪᠠ᠂ ᠴᠢᠳᠠᠯ ᠤᠨ | ᠬᠢᠷᠢ ᠪᠠᠷ ᠢᠶᠠᠨ ᠭᠠᠳᠠᠭᠠᠳᠤ ᠳᠤ ᠨᠠᠩ ᠣᠯᠠᠨ ᠸᠠᠺᠼᠢᠨ ᠬᠠᠩᠭᠠᠨ᠎ᠠ᠃ | — ᠳᠤᠮᠳᠠᠳᠤ ᠤᠯᠤᠰ ᠲᠣᠰ ᠤᠯᠤᠰ ᠤᠨ ᠢᠶᠠᠨ ᠸᠠᠺᠼᠢᠨ ᠤ ᠠᠵᠤ ᠠᠬᠤᠶᠢᠯᠠᠯ ᠤᠨ ᠬᠥᠭᠵᠢᠵᠦ ᠪᠠᠶᠢᠭ᠎ᠠ | ᠤᠯᠤᠰ ᠲᠤ ᠮᠡᠷᠭᠡᠵᠢᠯ ᠢᠶᠠᠨ ᠰᠢᠯᠵᠢᠭᠦᠯᠦᠨ ᠥᠭᠴᠦ᠂ ᠬᠠᠮᠲᠤᠷᠠᠨ ᠦᠢᠯᠡᠳᠪᠦᠷᠢᠯᠡᠬᠦ ᠶᠢ ᠳᠡᠮᠵᠢᠨ᠎ᠡ᠃ | — ᠳᠤᠮᠳᠠᠳᠤ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠮᠡᠳᠡᠯᠭᠡ ᠶᠢᠨ | ᠥᠮᠴᠢᠯᠡᠯ ᠤᠨ ᠡᠷᠬᠡ ᠶᠢᠨ ᠬᠡᠯᠲᠦᠷᠢᠭᠦᠯᠦᠯ ᠢ ᠳᠡᠮᠵᠢᠨ᠎ᠡ ᠭᠡᠵᠦ ᠨᠡᠶᠢᠲᠡᠯᠡᠭᠰᠡᠨ ᠪᠥᠭᠡᠳ ᠳᠡᠯᠡᠬᠡᠶ ᠶᠢᠨ ᠠᠷᠠᠯᠵᠢᠶᠠᠨ ᠤ | ᠵᠣᠬᠢᠶᠠᠨ ᠪᠠᠶᠢᠭᠤᠯᠤᠯᠲᠠ ᠵᠡᠷᠭᠡ ᠣᠯᠠᠨ ᠤᠯᠤᠰ ᠤᠨ ᠪᠠᠶᠢᠭᠤᠯᠤᠮᠵᠢ ᠶᠢᠨ ᠡᠷᠲᠡᠬᠡᠨ ᠡᠭᠦᠨ ᠤ ᠲᠤᠬᠠᠶ ᠲᠣᠭᠲᠠᠭᠠᠯ | ᠭᠠᠷᠭᠠᠬᠤ ᠶᠢ ᠳᠡᠮᠵᠢᠨ᠎ᠡ᠃ | — ᠳᠤᠮᠳᠠᠳᠤ ᠤᠯᠤᠰ ᠸᠠᠺᠼᠢᠨ ᠤ ᠬᠠᠮᠲᠤᠷᠠᠯᠴᠠᠭᠠᠨ ᠤ ᠣᠯᠠᠨ ᠤᠯᠤᠰ ᠤᠨ ᠶᠠᠷᠢᠶᠠᠨ ᠤ ᠲᠠᠪᠴᠠᠩ | ᠪᠠᠶᠢᠭᠤᠯᠵᠥ᠂ ᠸᠠᠺᠼᠢᠨ ᠦᠢᠯᠡᠳᠪᠦᠷᠢᠯᠡᠵᠦ ᠰᠤᠳᠤᠯᠤᠨ ᠨᠡᠭᠡᠭᠡᠬᠦ ᠤᠯᠤᠰ᠂ ᠠᠵᠤ ᠠᠬᠤᠶᠢᠯᠠᠯ᠂ ᠠᠰᠢᠭ | ᠲᠤᠰᠠ ᠶᠢᠨ ᠬᠤᠯᠪᠣᠭᠳᠠᠯ ᠪᠥᠬᠦᠶ ᠲᠠᠯ᠎ᠠ ᠶᠢᠨ ᠬᠢᠨ ᠪᠥᠬᠦ ᠪᠥᠮᠪᠥᠷᠴᠡᠭ ᠤᠨ ᠸᠠᠺᠼᠢᠨ ᠤ ᠡᠷᠬᠡ ᠲᠡᠭᠰᠢ ᠵᠦᠶ | ᠵᠣᠬᠢᠰᠲᠠᠶ ᠬᠤᠪᠢᠶᠠᠷᠢᠯᠠᠯᠲᠠ ᠶᠢ ᠬᠡᠷᠬᠢᠨ ᠠᠬᠢᠭᠤᠯᠬᠤ ᠲᠤᠬᠠᠶ ᠬᠠᠮᠲᠤ ᠪᠠᠷ ᠰᠤᠳᠤᠯᠤᠨ ᠶᠠᠷᠢᠯᠴᠠᠬᠤ ᠶᠢ | ᠰᠠᠨᠠᠭᠠᠴᠢᠯᠠᠨ᠎ᠠ ᠬᠡᠵᠥ ᠨᠡᠶᠢᠳᠡᠯᠡᠪᠡ᠃ | ᠰᠢ ᠶᠢᠨ ᠫᠢᠩ ᠬᠠᠮᠤᠭ ᠤᠨ ᠰᠡᠭᠦᠯ ᠳᠤ᠂ ᠪᠢᠳᠡ ᠭᠠᠷ ᠬᠤᠯᠪᠣᠨ ᠮᠥᠷᠥ ᠵᠡᠷᠭᠡᠴᠡᠨ ᠤᠷᠤᠭᠰᠢᠯᠠᠵᠤ᠂ ᠬᠥᠮᠦᠨ | ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠴᠣᠭᠴᠠ ᠶᠢ ᠪᠠᠶᠢᠭᠤᠯᠬᠤ ᠶᠢ ᠬᠠᠮᠲᠤ ᠪᠠᠷ | ᠠᠬᠢᠭᠤᠯᠵᠤ᠂ ᠬᠥᠮᠦᠨ ᠲᠥᠷᠥᠯᠬᠢᠲᠡᠨ ᠤ ᠡᠷᠡᠭᠦᠯ ᠮᠡᠨᠳᠦ ᠶᠢᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠰᠠᠬᠢᠨ | ᠬᠠᠮᠠᠭᠠᠯᠠᠶ᠎ᠠ︕ ᠬᠡᠵᠥ ᠴᠢᠬᠤᠯᠠᠴᠢᠯᠠᠪᠠ᠃ | ᠪᠦᠬᠦ ᠪᠥᠮᠪᠥᠷᠴᠡᠭ ᠤᠨ ᠡᠷᠡᠭᠦᠯ ᠮᠡᠨᠳᠦ ᠶᠢᠨ ᠲᠦᠷᠦᠭᠦᠴᠦᠳ ᠤᠨ ᠬᠤᠷᠠᠯ ᠢ ᠬᠤᠷᠢᠨ ᠤᠯᠤᠰ ᠤᠨ | ᠪᠦᠯᠦᠭᠯᠡᠯ ᠤᠨ ᠲᠡᠷᠢᠭᠦᠯᠡᠭᠴᠢ ᠤᠯᠤᠰ ᠪᠤᠯᠬᠤ ᠢᠲ᠋ᠠᠯᠢ ᠪᠣᠯᠤᠨ ᠧᠦ᠋ᠷᠣᠫᠠ ᠲᠢᠪ ᠤᠨ ᠤᠯᠤᠰ ᠤᠳ ᠤᠨ | ᠬᠤᠯᠪᠣᠭᠠᠨ ᠤ ᠵᠥᠪᠯᠡᠯ ᠠᠴᠠ ᠬᠠᠮᠲᠤᠷᠠᠨ ᠰᠠᠨᠠᠭᠠᠴᠢᠯᠠᠵᠥ ᠡᠷᠬᠢᠯᠡᠪᠡ᠃ ᠬᠤᠷᠠᠯ ᠨᠢ ᠸᠢᠳᠢᠣ᠋ ᠬᠡᠯᠪᠡᠷᠢ ᠪᠠᠷ ᠶᠠᠪᠤᠭᠳᠠᠵᠤ | ᠂ ᠭᠤᠤᠯᠳᠠᠭᠤ ᠬᠠᠮᠲᠤᠷᠠᠯᠴᠠᠵᠤ ᠬᠢᠵᠢᠭ ᠤᠨ ᠪᠠᠶᠢᠳᠠᠯ ᠢ ᠠᠷᠭᠠᠴᠠᠭᠠᠬᠤ᠂ ᠬᠤᠶᠢᠰᠢᠳᠠ ᠶᠢᠨ ᠶᠡᠭᠡ ᠪᠠᠷ ᠳᠡᠯᠭᠡᠷᠡᠬᠦ ᠶᠢ | ᠰᠡᠷᠭᠡᠶᠢᠯᠡᠬᠦ ᠶᠢ ᠴᠢᠩᠭᠠᠳᠬᠠᠬᠤ ᠵᠡᠷᠭᠡ ᠠᠰᠠᠭᠤᠳᠠᠯ ᠢ ᠶᠠᠷᠢᠯᠴᠠᠪᠠ᠃ ᠲᠦᠷᠦᠭᠦᠴᠤᠳ ᠤᠨ ᠬᠤᠷᠠᠯ ᠠᠴᠠ ︽ | ᠷᠤᠮᠠ ᠶᠢᠨ ᠲᠤᠩᠬᠠᠭ︾ ᠢ ᠨᠡᠶᠢᠳᠡᠯᠡᠵᠦ᠂ ᠬᠤᠷᠢᠨ ᠤᠯᠤᠰ ᠤᠨ ᠪᠦᠯᠦᠭᠯᠡᠯ ᠤᠨ ᠬᠢᠨ ᠪᠦᠯᠬᠦᠮᠳᠡᠯ ᠢᠶᠠᠨ | ᠴᠢᠩᠭᠠᠳᠬᠠᠵᠤ᠂ ᠬᠠᠮᠳᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨᠴᠢ ᠪᠠᠷ ᠲᠦᠷᠦ ᠶᠢᠨ ᠪᠤᠳᠤᠯᠭ᠎ᠠ | ᠬᠡᠷᠡᠭᠵᠢᠭᠦᠯᠵᠦ᠂ ᠠᠷᠠᠳ ᠲᠦᠮᠡᠨ ᠢ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠭᠤᠤᠯᠯᠠᠬᠤ ᠪᠠᠶᠢᠷᠢᠨ ᠳᠤ | ᠲᠠᠯᠪᠢᠵᠤ᠂ ᠮᠦᠩᠭᠦᠨ ᠭᠦᠢᠯᠭᠡᠭᠡ᠂ ᠸᠠᠺᠼᠢᠨ ᠵᠡᠷᠭᠡ ᠲᠠᠯ᠎ᠠ ᠪᠠᠷ ᠬᠦᠭᠵᠢᠭᠡᠳᠦᠢ ᠤᠯᠤᠰ ᠲᠤ ᠦᠵᠡᠭᠦᠯᠬᠦ | ᠳᠡᠮᠵᠢᠯᠭᠡ ᠪᠠᠨ ᠨᠡᠮᠡᠭᠳᠡᠭᠦᠯᠦᠨ᠎ᠠ ᠭᠡᠵᠦ ᠳᠠᠬᠢᠨᠳᠠ ᠢᠯᠡᠷᠬᠡᠶᠢᠯᠡᠪᠡ᠃ |