ᠰᠢ ᠶᠢᠨ ᠫᠢᠩ ᠳᠡᠯᠡᠬᠡᠢ ᠶᠢᠨ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/5/28
       5 ᠰᠠᠷ᠎ᠠ ᠶᠢᠨ 26 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠡᠯᠡᠬᠡᠢ ᠶᠢᠨ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃       ᠰᠢ ᠶᠢᠨ ᠫᠢᠩ᠂ ᠳᠡᠯᠡᠬᠡᠢ ᠶᠢᠨ ᠪᠥᠮᠪᠥᠷᠴᠡᠭ ᠪᠣᠯ ᠮᠠᠨ ᠤ ᠬᠠᠮᠲᠤ ᠶᠢᠨ ᠭᠡᠷ ᠣᠷᠣᠨ ᠮᠥᠨ᠃ ᠳᠡᠯᠡᠬᠡᠢ ᠶᠢᠨ ᠡᠯ᠎ᠡ ᠤᠯᠤᠰ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠦᠷᠭᠡᠨ ᠬᠥᠳᠡᠯᠦᠯᠴᠡᠵᠦ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠶ᠎ᠠ᠃ ᠳᠤᠮᠳᠠᠳᠤ ᠤᠯᠤᠰ ᠰᠢᠨ᠎ᠡ ᠶᠢ ᠡᠭᠦᠳᠬᠦ᠂ ᠡᠶ᠎ᠡ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ ᠪᠦᠬᠦ ᠪᠥᠮᠪᠥᠷᠴᠡᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠨ᠎ᠠ᠃ ᠳᠤᠮᠳᠠᠳᠤ ᠤᠯᠤᠰ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠠᠮᠢ ᠠᠬᠤᠢ ᠣᠷᠴᠢᠨ ᠲᠣᠭᠤᠷᠢᠨ ᠢ ᠬᠠᠤᠯᠢ ᠴᠠᠭᠠᠵᠠ ᠪᠠᠷ ᠬᠠᠮᠠᠭᠠᠯᠠᠬᠤ ᠠᠰᠢᠭᠳᠠᠢ ᠲᠤᠷᠰᠢᠯᠭ᠎ᠠ ᠶᠢ ᠬᠤᠷᠠᠮᠳᠤᠭᠤᠯᠪᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ ᠭᠠᠷ ᠬᠤᠯᠪᠣᠨ ᠬᠠᠮᠲᠤᠷᠠᠯᠴᠠᠵᠤ᠂ ᠪᠦᠬᠦ ᠪᠥᠮᠪᠥᠷᠴᠡᠭ ᠤᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠬᠠᠮᠲᠤ ᠪᠠᠷ ᠠᠬᠢᠭᠤᠯᠤᠨ᠎ᠠ ᠭᠡᠵᠤ ᠵᠢᠭᠠᠵᠤ ᠭᠠᠷᠭᠠᠵᠠᠢ᠃ ᠳᠡᠯᠡᠬᠡᠢ ᠶᠢᠨ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠶᠡᠭᠡ ᠬᠤᠷᠠᠯ ᠲᠤᠰ ᠡᠳᠦᠷ ᠶᠦᠨᠨᠠᠨ ᠮᠤᠵᠢ ᠶᠢᠨ ᠺᠦᠨᠮᠢᠩ ᠬᠤᠳᠠ ᠳᠤ ᠡᠬᠢᠯᠡᠵᠤ᠂ ︽ᠬᠠᠤᠯᠢ ᠴᠠᠭᠠᠵᠠ ᠶᠢᠨ ᠦᠢᠯᠡᠳᠦᠯ ᠢ ᠪᠠᠳᠠᠷᠠᠭᠤᠯᠵᠤ ᠠᠮᠢ ᠠᠬᠤᠢ ᠶᠢᠨ ᠪᠣᠯᠪᠠᠰᠤᠨ ᠢ ᠠᠬᠢᠭᠤᠯᠤᠶ᠎ᠠ᠄ ᠳᠡᠯᠡᠬᠡᠢ ᠶᠢᠨ ᠪᠥᠮᠪᠥᠷᠴᠡᠭ ᠤᠨ ᠠᠮᠢ ᠨᠠᠰᠤᠨ ᠤ ᠬᠠᠮᠲᠤ ᠴᠣᠭᠴᠠ ᠶᠢ ᠬᠠᠮᠲᠤ ᠪᠠᠷ ᠪᠠᠶᠢᠭᠤᠯᠰᠤᠭᠠᠢ︾ ᠪᠠᠷ ᠭᠤᠤᠯ ᠰᠡᠳᠦᠪ ᠪᠤᠯᠭᠠᠵᠠᠢ᠃ ᠶᠡᠭᠡ ᠬᠤᠷᠠᠯ ᠢ ᠠᠷᠠᠳ ᠤᠨ ᠳᠡᠭᠡᠳᠦ ᠰᠢᠭᠦᠬᠦ ᠬᠤᠷᠢᠶ᠎ᠠ ᠪᠤᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠷᠴᠢᠨ ᠲᠤᠭᠤᠷᠢᠨ ᠤ ᠲᠥᠯᠥᠪᠵᠢᠭᠦᠯᠭᠡ ᠶᠢᠨ ᠵᠠᠬᠢᠷᠭ᠎ᠠ ᠬᠠᠮᠲᠤᠷᠠᠨ ᠡᠷᠬᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号