ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢᠶᠠᠨ ᠰᠢᠢᠳᠪᠦᠷᠢᠯᠡᠬᠦ ᠪᠠ ᠬᠥᠭᠵᠢᠬᠦ ᠶᠢ ᠤᠯᠠᠮ ᠨᠢᠭᠡ ᠠᠯᠬᠤᠮ ᠳᠡᠮᠵᠢᠬᠦ ᠵᠡᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/5/28
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ      ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢᠶᠠᠨ ᠰᠢᠢᠳᠪᠦᠷᠢᠯᠡᠬᠦ ᠪᠠ ᠬᠥᠭᠵᠢᠬᠦ ᠶᠢ ᠤᠯᠠᠮ ᠨᠢᠭᠡ ᠠᠯᠬᠤᠮ ᠳᠡᠮᠵᠢᠬᠦ ᠲᠤᠬᠠᠶ ᠪᠠᠶᠢᠷᠢᠯᠠᠭᠤᠯᠪᠠ      ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠴᠢᠩᠭᠠᠳᠬᠠᠬᠤ ᠠᠷᠭ᠎ᠠ ᠶᠢ ᠲᠣᠭᠲᠠᠭᠠᠪᠠ      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 5 ᠳ᠋ᠤᠭᠠᠷ ᠰᠠᠷ᠎ᠠ ᠶᠢᠨ 26 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢᠶᠠᠨ ᠰᠢᠢᠳᠪᠦᠷᠢᠯᠡᠬᠦ ᠪᠠ ᠬᠥᠭᠵᠢᠬᠦ ᠶᠢ ᠤᠯᠠᠮ ᠨᠢᠭᠡ ᠠᠯᠬᠤᠮ ᠳᠡᠮᠵᠢᠬᠦ ᠲᠤᠬᠠᠶ ᠪᠠᠶᠢᠷᠢᠯᠠᠭᠤᠯᠵᠤ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠴᠢᠩᠭᠠᠳᠬᠠᠬᠤ ᠠᠷᠭ᠎ᠠ ᠶᠢ ᠲᠣᠭᠲᠠᠭᠠᠪᠠ᠃      ᠬᠤᠷᠠᠯ ᠠᠴᠠ ᠵᠢᠭᠠᠬᠤ ᠳᠤ ᠪᠠᠨ᠂ ᠬᠡᠮᠵᠢᠶ᠎ᠡ ᠪᠠᠷ ᠶᠡᠭᠡ ᠬᠡᠪᠴᠢᠶ᠎ᠡ ᠪᠠᠷ ᠥᠷᠭᠡᠨ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯ ᠮᠠᠨ ᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ᠂ ᠠᠵᠢᠯ ᠣᠯᠭᠤᠯᠲᠠ ᠶᠢᠨ ᠤᠶᠠᠨ ᠬᠠᠳᠠᠨ ᠴᠢᠨᠠᠷ ᠤᠨ ᠴᠢᠬᠤᠯᠠ ᠲᠤᠯᠭᠠᠭᠤᠷᠢᠯᠠᠯ ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠵᠢᠯ ᠤᠳ ᠲᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠪᠠᠷ ᠳᠡᠮᠵᠢᠨ᠂ ᠢᠯᠠᠩᠭᠤᠶ᠎ᠠ ᠨᠢᠳᠤᠨᠤᠨ ᠵᠢᠯ ᠠᠯᠢ ᠣᠯᠠᠨ ᠬᠦᠴᠢᠷᠳᠡᠯ ᠢ ᠰᠢᠢᠳᠪᠦᠷᠢᠯᠡᠬᠦ ᠲᠦᠭᠡᠮᠡᠯ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠬᠦᠴᠦᠲᠡᠶ ᠠᠬᠢᠭᠤᠯᠤᠭᠰᠠᠨ ᠪᠠᠶᠢᠨ᠎ᠠ᠃ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠤᠯᠤᠰ ᠤᠨ ᠵᠢᠵᠢᠭ ᠪᠢᠴᠢᠯ ᠠᠵᠤ ᠠᠬᠤᠶᠢᠯᠠᠯ ᠤᠨ ᠶᠡᠷᠦᠩᠬᠡᠢ ᠲᠤᠭ᠎ᠠ 4400 ᠲᠦᠮᠡ ᠶᠢ ᠳᠠᠪᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 9500 ᠲᠦᠮᠡ ᠶᠢ ᠳᠠᠪᠠᠵᠤ᠂ ᠮᠠᠨ ᠤ ᠤᠯᠤᠰ ᠤᠨ ᠠᠵᠢᠯ ᠣᠯᠭᠤᠯᠲᠠ ᠶᠢᠨ ᠭᠤᠣᠯ ᠬᠦᠴᠦᠨ ᠪᠣᠯᠪᠠ᠃ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠵᠤ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠦᠢᠯᠡᠳᠪᠦᠷᠢᠯᠡᠯ ᠡᠵᠡᠩᠨᠡᠯᠲᠡ ᠳᠤ ᠮᠥᠨ ᠬᠦ ᠬᠦᠴᠢᠷᠳᠡᠯ ᠲᠤᠯᠭᠠᠷᠠᠵᠤ ᠪᠠᠶᠢᠭ᠎ᠠ ᠪᠣᠯᠬᠤᠷ ᠦᠷᠭᠦᠯᠵᠢᠯᠡᠨ ᠴᠢᠭᠯᠡᠯᠲᠦ ᠴᠢᠨᠠᠷᠲᠠᠶ ᠪᠠᠷ ᠳᠡᠮᠵᠢᠯᠭᠡ ᠪᠠᠨ ᠴᠢᠩᠭᠠᠳᠬᠠᠬᠤ ᠬᠡᠷᠡᠭᠲᠡᠶ᠃ ᠨᠢᠭᠡ ᠳᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠴᠢᠬᠤᠯᠠ ᠪᠦᠬᠦᠢ ᠳᠡᠮᠵᠢᠯᠭᠡ ᠶᠢᠨ ᠡᠷᠴᠢᠮ ᠢ ᠪᠠᠲᠤᠯᠠᠬᠤ ᠬᠡᠷᠡᠭᠲᠡᠢ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢ ᠳᠡᠮᠵᠢᠬᠦ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠡᠷᠴᠢᠮ ᠢ ᠴᠢᠩᠭᠠᠷᠠᠭᠤᠯᠵᠤ᠂ ᠢᠲᠡᠭᠡᠮᠵᠢᠲᠦ ᠵᠢᠭᠡᠯᠡᠯᠭᠡ᠂ ᠬᠠᠮᠤᠭ ᠤᠨ ᠠᠩᠬᠠᠨ ᠤ ᠵᠢᠭᠡᠯᠡᠯᠭᠡ᠂ ᠳᠤᠮᠳᠠ ᠪᠠ ᠣᠷᠳᠣ ᠬᠤᠭᠤᠴᠠᠭᠠᠨ ᠤ ᠵᠢᠭᠡᠯᠡᠯᠭᠡ᠂ ᠡᠬᠡ ᠮᠥᠩᠭᠦ ᠶᠢ ᠪᠤᠴᠠᠭᠠᠬᠤ ᠥᠬᠡᠶ ᠪᠠᠷ ᠦᠷᠭᠦᠯᠵᠢᠯᠡᠨ ᠵᠢᠭᠡᠯᠡᠬᠦ ᠵᠢᠭᠡᠯᠡᠯᠭᠡ ᠵᠡᠷᠭᠡ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠬᠦ ᠶᠢ ᠬᠥᠲᠥᠯᠦᠨ ᠵᠢᠯᠣᠭᠤᠳᠴᠤ᠂ ᠴᠢᠯᠦᠭᠡᠲᠡᠢ ᠵᠢᠭᠡᠯᠡᠵᠦ ᠴᠢᠯᠦᠭᠡᠲᠡᠢ ᠪᠤᠴᠠᠭᠠᠵᠤ ᠪᠣᠯᠬᠤ ᠵᠢᠭᠡᠯᠡᠯᠭᠡ ᠶᠢ ᠳᠡᠯᠭᠡᠷᠡᠭᠦᠯᠬᠦ ᠬᠡᠷᠡᠭᠲᠡᠢ᠃ ᠬᠤᠳᠠᠯᠳᠤᠭᠠᠨ ᠤ ᠭᠤᠪᠢᠭᠤᠯᠭ᠎ᠠ ᠶᠢᠨ ᠲᠡᠮᠳᠡᠭ ᠤᠨ ᠭᠤᠪᠢᠭᠤᠯᠭ᠎ᠠ ᠳᠠᠭᠠᠭᠠᠬᠤ ᠬᠤᠭᠤᠴᠠᠭ᠎ᠠ ᠶᠢ 1 ᠵᠢᠯ ᠪᠠᠶᠢᠭᠰᠠᠨ ᠠᠴᠠ 6 ᠰᠠᠷ᠎ᠠ ᠪᠣᠯᠭᠠᠨ ᠪᠣᠭᠤᠨᠢᠰᠬᠠᠬᠤ ᠶᠢ ᠰᠤᠳᠤᠯᠵᠤ᠂ ᠠᠵᠤ ᠠᠬᠤᠶᠢᠯᠠᠯ ᠤᠨ ᠵᠣᠭᠤᠰ ᠰᠠᠭᠠᠲᠠᠭᠠᠬᠤ ᠳᠠᠷᠤᠯᠲᠠ ᠶᠢ ᠬᠥᠩᠭᠡᠷᠡᠭᠦᠯᠬᠦ ᠬᠡᠷᠡᠭᠲᠡᠢ᠃ ᠬᠤᠶᠠᠷ ᠲᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠴᠤ ᠪᠠᠶᠢᠭᠠᠳ ᠳᠡᠭᠡᠳᠦ ᠤᠷᠤᠰᠬᠠᠯ ᠤᠨ ᠲᠦᠭᠦᠬᠡᠶ ᠮᠠᠲ᠋ᠧᠷᠢᠶᠠᠯ ᠤᠨ ᠦᠨ᠎ᠡ ᠶᠢᠨ ᠥᠰᠥᠯᠲᠡ ᠶᠢᠨ ᠨᠥᠯᠥᠭᠡ ᠶᠢ ᠠᠷᠭᠠᠴᠠᠭᠠᠬᠤ ᠬᠡᠷᠡᠭᠲᠡᠢ᠃ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠪᠠᠶᠢᠭᠤᠯᠬᠤ ᠳᠤ ᠳᠡᠮᠵᠢᠯᠭᠡ ᠦᠵᠡᠭᠦᠯᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷ ᠳᠠᠮᠵᠢᠨ ᠬᠠᠩᠭᠠᠯᠭ᠎ᠠ ᠶᠢᠨ ᠬᠡᠯᠬᠢᠶᠡᠨ ᠤ ᠳᠡᠭᠡᠳᠦ ᠳᠣᠤᠷᠠᠳᠤ ᠤᠷᠤᠰᠬᠠᠯ ᠤᠨ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠶᠢ ᠲᠣᠭᠲᠠᠪᠤᠷᠢᠵᠢᠭᠤᠯᠬᠤ ᠪᠠ ᠦᠢᠯᠡᠳᠪᠦᠷᠢᠯᠡᠯ ᠪᠣᠷᠣᠯᠠᠭᠤᠯᠭ᠎ᠠ ᠶᠢᠨ ᠢᠵᠢ ᠪᠥᠷᠢᠳᠦᠭᠦᠯᠦᠨ ᠬᠠᠮᠵᠢᠯᠴᠠᠬᠤ ᠶᠢ ᠬᠥᠲᠥᠯᠦᠨ ᠵᠢᠯᠣᠭᠤᠳᠴᠤ᠂ ᠬᠠᠩᠭᠠᠯᠭ᠎ᠠ ᠶᠢ ᠪᠠᠲᠤᠯᠠᠨ ᠦᠨ᠎ᠡ ᠶᠢ ᠲᠣᠭᠲᠠᠪᠤᠷᠢᠵᠢᠭᠤᠯᠬᠤ ᠬᠡᠷᠡᠭᠲᠡᠢ᠃ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠭᠰᠠᠨ᠂ ᠦᠨ᠎ᠡ ᠬᠠᠩᠰᠢ ᠶᠢ ᠲᠦᠷᠭᠢᠯᠳᠦᠨ ᠥᠰᠭᠡᠭᠰᠡᠨ ᠵᠡᠷᠭᠡ ᠠᠵᠢᠯᠯᠠᠭ᠎ᠠ ᠳᠤ ᠴᠣᠬᠢᠯᠲᠠ‌ᠥᠭᠬᠦ ᠬᠡᠷᠡᠭᠲᠡᠢ᠃ ᠡᠯ᠎ᠡ ᠭᠠᠵᠠᠷ ᠤᠨ ᠬᠢᠨ ᠲᠣᠭᠲᠠᠭᠠᠯ ᠶᠣᠰᠣᠭᠠᠷ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠨᠥᠬᠦᠪᠥᠷᠢ ᠣᠯᠭᠤᠬᠤ ᠶᠢ ᠳᠡᠮᠵᠢᠬᠦ ᠬᠡᠷᠡᠭᠲᠡᠢ᠃ ᠲᠠᠪᠴᠠᠩ ᠢ ᠰᠢᠮᠳᠠᠭᠤᠯᠤᠨ ᠵᠢᠯᠣᠭᠤᠳᠴᠤ ᠪᠠᠶᠢᠭᠠᠳ ᠬᠡᠲᠦ ᠥᠨᠳᠥᠷ ᠰᠦᠢᠳᠬᠡᠯ ᠬᠤᠷᠢᠶᠠᠬᠤ᠂ ᠬᠤᠪᠢᠳᠠᠨ ᠲᠠᠲᠠᠬᠤ ᠨᠤᠷᠮ᠎ᠠ ᠵᠢᠴᠢ ᠰᠢᠨ᠎ᠡ ᠬᠤᠳᠠᠯᠳᠤᠭᠠᠨ ᠤ ᠡᠷᠦᠬᠡ ᠶᠢᠨ ᠵᠠᠭᠤᠴᠢᠯᠠᠯ ᠤᠨ ᠮᠥᠩᠭᠦ ᠪᠠ ᠲᠠᠨᠢᠯᠴᠠᠭᠤᠯᠬᠤ ᠰᠦᠢᠳᠬᠡᠯ ᠤᠨ ᠬᠠᠷᠢᠴᠠᠯ ᠢ ᠪᠠᠭᠤᠷᠠᠭᠤᠯᠬᠤ ᠬᠡᠷᠡᠭᠲᠡᠢ᠃ ᠭᠤᠷᠪᠠ ᠳᠤ᠂ ᠲᠥᠪ ᠭᠤᠣᠯᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠤᠣᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠢᠭᠡ ᠯᠡ ᠠᠳᠠᠯᠢ ᠪᠠᠷ ᠬᠠᠨᠳᠤᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠭᠠᠳᠠᠭᠤᠷᠴᠢᠯᠠᠬᠤ᠂ ᠲᠡᠳᠡᠨ ᠤ ᠵᠠᠬ᠎ᠠ ᠳᠡᠯᠭᠡᠭᠦᠷ ᠤᠨ ᠠᠵᠤ ᠠᠬᠤᠶ ᠶᠢᠨ ᠠᠵᠢᠯᠯᠠᠭ᠎ᠠ ᠳᠤ ᠣᠷᠣᠯᠴᠠᠬᠤ ᠶᠢ ᠬᠠᠷᠰᠢᠯᠠᠬᠤ ᠲᠦᠷᠦ ᠶᠢᠨ ᠪᠤᠳᠤᠯᠭ᠎ᠠ ᠪᠠ ᠬᠠᠤᠯᠢ ᠲᠣᠭᠲᠠᠭᠠᠯ ᠢ ᠦᠭᠡᠶᠢᠰᠬᠡᠨ ᠬᠦᠴᠦᠨ ᠦᠭᠡᠢ ᠪᠣᠯᠭᠠᠬᠤ ᠬᠡᠷᠡᠭᠲᠡᠢ᠃ ᠭᠠᠭᠴᠠᠭᠠᠷ ᠡᠵᠡᠮᠰᠢᠯ ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠭᠦᠨᠵᠡᠭᠡᠶ ᠠᠬᠢᠭᠤᠯᠵᠤ᠂ ᠳᠠᠪᠠᠭᠤᠯᠢᠭ ᠪᠠᠶᠢᠷᠢ ᠰᠠᠭᠤᠷᠢ ᠲᠠᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠨᠣᠭᠳᠠᠯ ᠬᠤᠪᠢ ᠶᠢ ᠵᠠᠪᠳᠤᠨ ᠡᠵᠡᠯᠡᠬᠦ ᠶᠢᠨ ᠲᠥᠯᠥᠭᠡ ᠮᠠᠭᠤ ᠰᠠᠨᠠᠭᠠᠯᠠᠵᠤ ᠨᠥᠬᠦᠪᠥᠷᠢ ᠥᠭᠬᠦ᠂ ᠳᠣᠣᠷ᠎ᠠ ᠦᠨ᠎ᠡ ᠪᠠᠷ ᠬᠥᠨᠲᠥᠷᠦᠨ ᠪᠣᠷᠣᠯᠠᠭᠤᠯᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠳᠤᠷ᠎ᠠ ᠪᠠᠷ ᠰᠦᠢᠳᠬᠡᠯ ᠬᠤᠷᠢᠶᠠᠬᠤ ᠪᠠ ᠳᠤᠷ᠎ᠠ ᠪᠠᠷ ᠵᠣᠭᠤᠰ ᠲᠣᠷᠭᠠᠬᠤ ᠡᠯ᠎ᠡ ᠵᠦᠢᠯ ᠤᠨ ᠠᠵᠢᠯᠯᠠᠭ᠎ᠠ ᠶᠢ ᠴᠡᠭᠴᠡᠯᠡᠨ ᠵᠠᠰᠠᠬᠤ ᠬᠡᠷᠡᠭᠲᠡᠢ᠃ ᠡᠭᠦᠨ ᠤ ᠬᠠᠮᠲᠤ ᠂ ᠦᠨᠳᠦᠰᠦᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠳᠠᠭᠠᠳᠬᠠᠯ ᠳᠤ ᠣᠷᠣᠯᠴᠠᠬᠤ ᠶᠢ ᠠᠬᠢᠭᠤᠯᠵᠤ᠂ ᠠᠵᠢᠯ ᠣᠯᠤᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠠᠷᠢᠶ᠎ᠠ ᠶᠢᠨ ᠬᠢᠵᠠᠭᠠᠷᠯᠠᠯ ᠢ ᠴᠢᠯᠥᠭᠡᠲᠡᠶ ᠪᠣᠯᠭᠠᠵᠤ᠂ ᠠᠮᠢᠳᠤᠯᠢᠭ ᠢᠶᠠᠷ ᠠᠵᠢᠯ ᠣᠯᠤᠭᠰᠠᠳ ᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠡᠪᠴᠢᠶᠡᠨ ᠳᠤ ᠣᠷᠣᠭᠤᠯᠬᠤ ᠶᠢ ᠬᠠᠶᠢᠨ ᠰᠦᠪᠡᠭᠴᠢᠯᠡᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠪᠣᠯ ᠭᠡᠷ ᠪᠦᠯᠢ ᠨᠢᠭᠡᠪᠦᠷᠢ ᠳᠤ ᠬᠤᠯᠪᠣᠭᠳᠠᠬᠤ ᠬᠠᠮᠤᠭ ᠤᠨ ᠶᠡᠭᠡ ᠣᠯᠠᠨ ᠨᠡᠶᠢᠲᠡ ᠶᠢᠨ ᠨᠡᠷᠡᠳᠬᠦᠨ ᠮᠥᠨ᠂ ᠡᠨᠡ ᠨᠢ ᠵᠠᠰᠠᠭ ᠤᠨ ᠣᠷᠳᠣᠨ ᠤ ᠦᠨᠳᠦᠰᠦᠨ ᠡᠭᠦᠷᠭᠡ ᠬᠠᠷᠢᠭᠤᠴᠠᠯᠭ᠎ᠠ ᠪᠣᠯᠣᠨ᠎ᠠ᠃ ︽ᠬᠤᠶᠠᠷ ᠢ ᠪᠠᠭᠠᠰᠬᠠᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠦ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠲᠠᠯ᠎ᠠ ᠶᠢ ᠴᠢᠩᠭᠠᠳᠬᠠᠬᠤ ᠡᠨᠡ ᠬᠦ ᠪᠦᠬᠦ ᠲᠠᠯ᠎ᠠ ᠳᠤ ᠬᠤᠯᠪᠣᠭᠳᠠᠬᠤ ᠭᠤᠣᠯᠳᠠᠯᠭ᠎ᠠ ᠶᠢ ᠲᠤᠪᠤᠶᠢᠯᠭᠠᠨ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠤᠳᠠ ᠬᠥᠳᠡᠭᠡ ᠪᠠ ᠣᠷᠣᠨ ᠪᠦᠰᠡ ᠶᠢᠨ ᠵᠥᠷᠢᠶ᠎ᠡ ᠶᠢ ᠪᠠᠭᠠᠰᠬᠠᠵᠤ᠂ ᠰᠤᠷᠭᠠᠨ ᠬᠥᠮᠦᠵᠢᠯ ᠤᠨ ᠲᠠᠯ᠎ᠠ ᠪᠠᠷ ᠡᠷᠬᠡ ᠲᠡᠭᠰᠢ ᠪᠠᠶᠢᠬᠤ ᠶᠢ ᠠᠬᠢᠭᠤᠯᠬᠤ ᠬᠡᠷᠡᠭᠲᠡᠢ᠃ ᠨᠢᠭᠡ ᠳᠤ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠷᠣᠯᠭ᠎ᠠ ᠶᠢᠨ ᠪᠠᠲᠤᠯᠠᠭ᠎ᠠ ᠶᠢ ᠬᠠᠤᠯᠢ ᠶᠣᠰᠣᠭᠠᠷ ᠴᠢᠩᠭᠠᠳᠬᠠᠵᠤ᠂ ᠪᠠᠭᠰᠢ ᠶᠢᠨ ᠦᠨᠳᠦᠰᠦᠨ ᠣᠷᠣᠨ ᠰᠠᠭᠤᠴᠠ ᠶᠢ ᠤᠯᠠᠨ ᠠᠷᠭ᠎ᠠ ᠵᠠᠮ ᠢᠶᠠᠷ ᠰᠠᠶᠢᠲᠤᠷ ᠰᠢᠢᠳᠪᠦᠷᠢᠯᠡᠵᠦ᠂ ᠬᠢᠯᠢ ᠬᠢᠵᠠᠭᠠᠷ ᠤᠨ ᠪᠡᠷᠬᠡ ᠪᠣᠶᠢᠳᠠ ᠭᠠᠵᠠᠷ ᠣᠷᠣᠨ ᠤ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ ᠶᠢᠨ ᠲᠦᠷ ᠰᠠᠭᠤᠬᠤ ᠪᠠᠶᠢᠷᠢ ᠶᠢ ᠪᠠᠶᠢᠭᠤᠯᠬᠤ ᠬᠡᠷᠡᠭᠲᠡᠢ᠃ ᠠᠵᠢᠯ ᠤᠨ ᠪᠠᠶᠢᠷᠢ ᠳᠠᠬᠢ ᠪᠣᠯᠪᠠᠰᠤᠷᠠᠯ᠂ ᠰᠤᠷᠤᠯᠭ᠎ᠠ ᠶᠢᠨ ᠨᠠᠮᠲᠠᠷ ᠪᠠ ᠰᠤᠷᠭᠠᠨ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠵᠡᠷᠭᠡ ᠶᠢ ᠳᠤᠮᠳᠠ ᠪᠠ ᠪᠠᠷᠠᠭᠤᠨ ᠬᠡᠰᠡᠭ ᠣᠷᠣᠨ ᠤ ᠬᠥᠳᠡᠭᠡ ᠲᠣᠰᠬᠤᠨ ᠤ ᠪᠠᠭᠰᠢ ᠲᠡᠶᠢᠰᠢ ᠬᠡᠯᠪᠠᠶᠢᠯᠭᠡᠬᠦ ᠬᠡᠷᠡᠭᠲᠡᠶ᠃ ᠬᠤᠶᠠᠷ ᠲᠤ᠂ ᠬᠥᠳᠡᠭᠡ ᠲᠣᠰᠬᠤᠨ ᠤ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠳᠡᠭᠡ ᠲᠣᠰᠬᠤᠨ ᠤ ᠰᠤᠷᠭᠠᠭᠤᠯᠢ ᠶᠢᠨ ᠬᠢᠴᠢᠶᠡᠯ ᠤᠨ ᠭᠡᠷ᠂ ᠪᠠᠶᠢᠷᠢ᠂ ᠬᠤᠭᠤᠯᠠᠨ ᠭᠡᠷ ᠵᠡᠷᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠰᠦᠯᠵᠢᠶᠡᠨ ᠤ ᠪᠡᠯᠡᠳᠬᠡᠮᠵᠢ ᠶᠢ ᠰᠠᠶᠢᠵᠢᠷᠠᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠨᠡᠭᠡᠭᠡᠯᠲᠡ ᠬᠢᠵᠦ ᠬᠠᠮᠲᠤ ᠳᠤ ᠪᠠᠨ ᠬᠦᠷᠲᠡᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ᠃ ᠲᠥᠪ ᠤᠨ ᠡᠳ᠋ ᠤᠨ ᠵᠠᠰᠠᠭ ᠠᠴᠠ ᠡᠨᠡ ᠵᠢᠯ ᠦᠷᠭᠦᠯᠵᠢᠯᠡᠨ 300 ᠳ᠋ᠦᠩᠰᠢᠭᠤᠷ ᠲᠥᠭᠦᠷᠢᠭ ᠤᠨ ᠨᠥᠬᠦᠪᠥᠷᠢ ᠮᠥᠩᠭᠦ ᠲᠣᠬᠢᠷᠠᠭᠤᠯᠵᠤ᠂ ᠳᠤᠮᠳᠠ᠂ ᠪᠠᠷᠠᠭᠤᠨ ᠣᠷᠣᠨ ᠪᠠ ᠵᠡᠭᠦᠨ ᠣᠷᠣᠨ ᠤ ᠬᠡᠰᠡᠭ ᠬᠦᠴᠢᠷᠳᠡᠯᠲᠡᠶ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠭᠤᠣᠯᠳᠠᠯᠭ᠎ᠠ ᠲᠠᠢ ᠪᠠᠷ ᠳᠡᠮᠵᠢᠬᠦ ᠪᠠᠷ ᠪᠣᠢ᠃ ᠮᠤᠵᠢ ᠶᠢᠨ ᠱᠠᠲᠤᠨ ᠤ ᠬᠢᠨ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠬᠥᠭᠵᠢᠭᠡᠳᠦᠶ ᠭᠠᠵᠠᠷ ᠣᠷᠣᠨ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠬᠤᠪᠢᠰᠬᠠᠯ ᠤᠨ ᠬᠠᠭᠤᠴᠢᠨ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠳᠤ ᠦᠵᠡᠭᠦᠯᠬᠦ ᠳᠡᠮᠵᠢᠯᠭᠡ ᠶᠢᠨ ᠡᠷᠴᠢᠮ ᠢᠶᠠᠨ ᠴᠢᠩᠭᠠᠳᠬᠠᠬᠤ ᠬᠡᠷᠡᠭᠲᠡᠶ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号