ᠯᠢ ᠺᠧ ᠴᠢᠶᠠᠩ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠬᠤ ᠳᠤ ᠪᠠᠨ ᠬᠥᠮᠦᠨ ᠤ ᠬᠦᠴᠦᠨ ᠴᠢᠳᠠᠪᠤᠷᠢᠲᠠᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠳᠤ ᠲᠦᠰᠢᠭᠯᠡᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2021/6/1
       ᠯᠢ ᠺᠧ ᠴᠢᠶᠠᠩ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠬᠤ ᠳᠤ ᠪᠠᠨ ᠬᠥᠮᠦᠨ ᠤ ᠬᠦᠴᠦᠨ ᠴᠢᠳᠠᠪᠤᠷᠢᠲᠠᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠳᠤ ᠲᠦᠰᠢᠭᠯᠡᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃      5 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭᠠᠨ ᠤ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠪᠥᠬᠦᠳᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠪᠤᠭᠳᠠᠪᠠ᠃ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠ ᠶᠠᠷᠢᠶ᠎ᠠ ᠲᠠᠯᠪᠢᠪᠠ᠃
     ᠯᠢ ᠺᠧ ᠴᠢᠶᠠᠩ ᠬᠡᠯᠡᠬᠦ ᠳᠤ ᠪᠠᠨ᠂ ᠥᠨᠥᠳᠦᠷ ᠦᠳᠡ ᠶᠢᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠣᠯᠤᠭᠰᠠᠨ ᠲᠡᠦᠬᠡᠲᠦ ᠴᠢᠨᠠᠷᠲᠠᠢ ᠰᠢᠨ᠎ᠡ ᠠᠮᠵᠢᠯᠲᠠ ᠶᠢ ᠰᠢᠰᠲ᠋ᠧᠮ ᠲᠠᠢ ᠳ᠋ᠦᠩᠨᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠨ ᠪᠦᠳᠦᠬᠡᠨ ᠪᠠᠶᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠢᠳᠡ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠡᠢ᠃      ᠯᠢ ᠺᠧ ᠴᠢᠶᠠᠩ ᠵᠢᠭᠠᠬᠤ ᠳᠤ ᠪᠠᠨ᠂ ᠨᠢᠳᠤᠨᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠰᠢ  ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠠᠢ᠃ ᠪᠢᠳᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠢᠨ᠎ᠡ ᠶᠢ ᠡᠭᠦᠳᠬᠦ ᠪᠠ ᠬᠤᠷᠸ᠎ᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ ᠰᠢᠭᠤᠳ ᠬᠠᠨᠳᠤᠭᠤᠯᠵᠤ᠂ ᠤᠯᠤᠰ ᠳᠠᠶᠠᠭᠠᠷ ᠢᠶᠠᠨ ᠰᠢᠷᠭᠠᠭᠤ ᠬᠠᠲᠠᠭᠤᠵᠢᠯᠲᠠᠶ ᠪᠠᠷ ᠴᠢᠷᠮᠠᠶᠢᠭᠰᠠᠨ ᠠᠴᠠ ᠮᠠᠨ ᠤ ᠤᠯᠤᠰ ᠤᠨ ᠠᠵᠤ ᠠᠬᠤᠶ ᠬᠤᠪᠣᠷᠬᠠᠨ ᠲᠣᠬᠢᠶᠠᠯᠳᠤᠬᠤ ᠤᠯᠠᠨ ᠳᠠᠪᠬᠤᠷ ᠲᠠᠭᠠᠷᠢᠯᠳᠠ ᠶᠢᠨ ᠡᠮᠦᠨ᠎ᠡ ᠡᠷᠡᠰ ᠴᠢᠩᠭ᠎ᠠ ᠤᠶᠠᠨ ᠬᠠᠳᠠᠨ ᠴᠢᠨᠠᠷ ᠢᠶᠠᠨ ᠢᠯᠡᠷᠡᠭᠦᠯᠵᠦ᠂ ᠲᠣᠭᠲᠠᠭᠤᠨ ᠰᠡᠷᠭᠦᠯᠲᠡ ᠶᠢ ᠪᠡᠶᠡᠯᠡᠭᠦᠯᠪᠡ᠃ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠬᠦᠴᠢᠷ ᠢ ᠢᠯᠠᠨ ᠪᠣᠭᠤᠮᠲᠠ ᠰᠢᠪᠲᠤᠯᠵᠤ᠂ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠡᠵᠡᠮᠳᠡᠯ᠂ ᠰᠢᠨ᠎ᠡ ᠬᠥᠳᠡᠯᠭᠡᠬᠦ ᠬᠦᠴᠦᠨ ᠤ ᠥᠰᠥᠯᠲᠡ ᠪᠤᠵᠠᠭᠠᠶᠢᠷᠠᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠡᠢ᠃
     ᠯᠢ ᠺᠧ ᠴᠢᠶᠠᠩ ᠬᠡᠯᠡᠬᠦ ᠳᠤ ᠪᠠᠨ᠂ ᠣᠳᠣᠬᠠᠨ ᠳᠤ ᠮᠠᠨ ᠤ ᠤᠯᠤᠰ ᠤᠨ ᠠᠵᠤ ᠠᠬᠤᠶ ᠦᠷᠭᠦᠯᠵᠢᠯᠡᠨ ᠲᠣᠭᠲᠠᠭᠤᠨ ᠤ ᠳᠤᠮᠳᠠ ᠪᠠᠬᠢᠵᠢᠵᠦ᠂ ᠲᠣᠭᠲᠠᠭᠤᠨ ᠤ ᠳᠤᠮᠳᠠ ᠰᠠᠶᠢᠵᠢᠷᠠᠵᠤ ᠪᠠᠶᠢᠨ᠎ᠠ᠃ ᠭᠡᠪᠡᠴᠦ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠵᠤ᠂ ᠲᠣᠭᠲᠠᠭᠤᠨ ᠪᠤᠰᠤ ᠴᠢᠨᠠᠷ ᠨᠡᠮᠡᠭᠳᠡᠵᠦ ᠪᠠᠶᠢᠨ᠎ᠠ᠃ ᠠᠵᠤ ᠠᠬᠤᠶ ᠶᠢᠨ ᠠᠵᠢᠯᠯᠠᠭᠠᠨ ᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠥᠷᠢᠰᠥᠯᠳᠦᠭᠡᠨ ᠳᠤ ᠵᠥᠪ ᠢᠶᠠᠷ ᠬᠠᠨᠳᠤᠵᠤ᠂ ᠮᠠᠨ ᠤ ᠤᠯᠤᠰ ᠤᠨ ᠮᠥᠨ ᠯᠡ ᠳᠡᠯᠡᠬᠡᠶ ᠶᠢᠨ ᠬᠠᠮᠤᠭ ᠤᠨ ᠲᠤᠮᠤ ᠬᠥᠭᠵᠢᠵᠦ ᠪᠠᠶᠢᠭ᠎ᠠ ᠤᠯᠤᠰ ᠪᠣᠯᠬᠤ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠥᠪᠡᠷ ᠤᠨ ᠶᠠᠪᠤᠳᠠᠯ ᠢᠶᠠᠨ ᠬᠦᠴᠦᠯᠡᠨ ᠰᠠᠶᠢᠲᠤᠷ ᠬᠢᠬᠦ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠣᠳᠣᠬᠠᠨ ᠤ ᠪᠠᠶᠢᠳᠠᠯ ᠳᠤ ᠪᠠᠨ ᠰᠠᠭᠤᠷᠢᠯᠠᠵᠤ᠂ ᠠᠯᠤᠰ ᠬᠡᠳᠦ ᠶᠢᠨ ᠬᠠᠷᠠᠯᠲᠠ ᠠᠴᠠ ᠡᠭᠦᠰᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠷᠸ᠎ᠠ ᠲᠥᠷᠥ ᠶᠢᠨ ᠪᠣᠳᠣᠯᠭ᠎ᠠ ᠶᠢᠨ ᠴᠢᠬᠤᠯᠠ ᠪᠥᠬᠦᠶ ᠳᠡᠮᠵᠢᠯᠭᠡ ᠶᠢᠨ ᠡᠷᠴᠢᠮ ᠢ ᠪᠠᠲᠤᠯᠠᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷ ᠥᠷᠭᠡᠨ ᠬᠡᠷᠡᠭᠯᠡᠭᠡᠨ ᠤ ᠲᠠᠸᠠᠷ ᠤᠨ ᠦᠨ᠎ᠡ ᠬᠠᠩᠰᠢ ᠥᠰᠬᠦ ᠵᠡᠷᠭᠡ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠭᠠᠳᠠᠭᠰᠢ ᠨᠡᠭᠡᠭᠡᠯᠲᠡ ᠬᠢᠬᠦ ᠶᠢ ᠬᠠᠷᠢᠯᠴᠠᠨ ᠠᠬᠢᠭᠤᠯᠤᠨ ᠵᠡᠷᠭᠡ ᠪᠠᠷ ᠤᠷᠤᠭᠰᠢᠯᠠᠭᠤᠯᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠢ ᠳᠤ ᠪᠠᠶᠢᠯᠭᠠᠬᠤ ᠪᠠ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠯᠢ ᠺᠧ ᠴᠢᠶᠠᠩ ᠵᠢᠭᠠᠬᠤ ᠳᠤ ᠪᠠᠨ᠂ ᠤᠢᠢᠷ᠎ᠠ ᠶᠢᠨ ᠵᠢᠯ ᠤᠳ ᠠᠴᠠ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠴᠤ᠂ ᠵᠠᠩᠭᠢᠯᠠᠭ᠎ᠠ ᠶᠢᠨ ᠬᠦᠷᠢᠶᠡᠨ ᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠵᠠᠢ᠃ ᠰᠢᠨ᠎ᠡ ᠴᠠᠭ ᠤᠨ ᠪᠠᠶᠢᠳᠠᠯ ᠤᠨ ᠳᠣᠣᠷ᠎ᠠ᠂ ᠮᠠᠨ ᠤ ᠤᠯᠤᠰ ᠤᠨ ᠬᠥᠮᠦᠨ ᠤ ᠬᠦᠴᠦᠨ ᠴᠢᠳᠠᠪᠤᠷᠢᠲᠠᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠰᠠᠭᠤᠷᠢ ᠰᠤᠳᠤᠯᠭᠠᠨ ᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠶᠢ ᠴᠢᠬᠤᠯᠠᠴᠢᠯᠠᠵᠤ᠂ ᠵᠠᠩᠭᠢᠯᠠᠭ᠎ᠠ ᠶᠢᠨ ᠬᠦᠷᠢᠶᠡᠨ ᠳᠤ ᠨᠡᠩ ᠤᠯᠠᠨ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠤᠨ ᠰᠤᠳᠤᠯᠤᠨ ᠬᠥᠭᠵᠢᠭᠦᠯᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠳᠡᠭᠡᠭᠰᠢᠯᠡᠭᠦᠯᠬᠦ ᠵᠡᠷᠭᠡ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠳᠠᠷᠤᠭᠠᠰᠤ ᠶᠢ ᠬᠥᠩᠭᠡᠯᠡᠨ ᠬᠦᠯᠢᠶᠡᠰᠦ ᠶᠢ ᠨᠢ ᠰᠤᠯᠠᠯᠠᠵᠤ᠂ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠢᠯᠠᠩᠭᠤᠶ᠎ᠠ ᠵᠠᠯᠠᠭᠤ ᠴᠢᠳᠠᠪᠤᠷᠢᠲᠠᠨ ᠤ ᠵᠣᠷᠢᠭ ᠰᠢᠭᠤᠳᠤᠨ ᠪᠣᠭᠤᠮᠲᠠ ᠰᠢᠪᠲᠤᠯᠬᠤ ᠶᠢ ᠵᠣᠷᠢᠭᠵᠢᠭᠤᠯᠬᠤ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠡᠭᠡᠭᠡᠯᠳᠡ ᠶᠢᠨ ᠳᠤᠮᠳᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃
     ᠯᠢ ᠺᠧ ᠴᠢᠶᠠᠩ ᠬᠡᠯᠡᠬᠦ ᠳᠤ ᠪᠠᠨ᠂ ᠬᠤᠶᠠᠷ ᠬᠦᠷᠢᠶᠡᠯᠡᠩ ᠤᠨ ᠠᠺᠠᠳᠧᠮᠢᠴᠢ ᠪᠣᠯ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠭᠠᠷᠮᠠᠭᠠᠢ ᠲᠥᠯᠥᠭᠡᠯᠡᠭᠴᠢ ᠮᠥᠨ᠂ ᠤᠯᠠᠨ ᠢᠶᠠᠷ ᠢᠶᠠᠨ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ᠂ ᠴᠢᠳᠠᠪᠤᠷᠢᠲᠠᠨ ᠤ ᠬᠦᠮᠦᠵᠢᠭᠦᠯᠦᠯᠲᠡ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠠᠢ ᠥᠷᠭᠡᠨ ᠢᠶᠠᠷ ᠪᠦᠯᠬᠦᠮᠳᠡᠵᠦ ᠪᠠᠶᠢᠭᠠᠳ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠵᠦ᠂ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠠᠴᠠ ᠥᠷᠭᠡᠨ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠦᠷᠭᠦᠯᠵᠢᠯᠡᠨ ᠬᠠᠯᠠᠮᠵᠢᠯᠠᠨ ᠲᠡᠮᠵᠢᠵᠤ᠂ ᠲᠡᠳᠡᠨ ᠳᠤ ᠨᠡᠩ ᠰᠠᠶᠢᠨ ᠠᠵᠢᠯ ᠠᠮᠢᠳᠤᠷᠠᠯ ᠤᠨ ᠨᠥᠬᠦᠴᠡᠯ ᠢ ᠴᠢᠷᠮᠠᠶᠢᠨ ᠪᠦᠷᠢᠯᠳᠦᠭᠦᠯᠵᠦ ᠥᠭᠬᠦ ᠬᠡᠷᠡᠭᠲᠡᠶ ᠭᠡᠵᠡᠢ᠃      ᠯᠢᠦ ᠾᠧ᠂ ᠼᠤᠤ ᠵᠢᠶᠠᠨ ᠮᠢᠩ᠂ ᠴᠧᠨ ᠵᠦ᠂ ᠳ᠋ᠢᠩ ᠵᠦᠩ ᠯᠢ᠂ ᠦ᠋ ᠸᠧᠢ ᠬᠤᠸᠠ᠂ ᠰᠢᠶᠤᠤ ᠵᠢᠶᠧ᠂ ᠵᠠᠩ ᠴᠢᠩ ᠯᠢ᠂ ᠸᠠᠨ ᠭᠠᠩ ᠪᠣᠯᠤᠨ ᠰᠠᠩ ᠭᠦᠸᠧ ᠸᠧᠢ᠂ ᠰᠦᠩ ᠵᠢᠶᠠᠨ᠂ ᠸᠠᠩ ᡁᠢ ᠵᠧᠨ᠂ ᠬᠠᠨ ᠴᠢ ᠳ᠋ᠧ ᠬᠤᠷᠠᠯ ᠳᠤ ᠣᠷᠣᠯᠴᠠᠪᠠ᠃      ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠬᠤᠶᠠᠷ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭᠠᠨ ᠤ ᠶᠡᠭᠡ ᠬᠤᠷᠠᠯ ᠤᠨ ᠲᠥᠯᠥᠭᠡᠯᠡᠭᠴᠢᠳ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号